ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠶ᠎ᠠ︾ ᠭᠡᠬᠦ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ ︵9 ᠳ᠋ᠤᠭᠡᠷ ᠲᠠᠯᠠᠪᠤᠷ︱ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠤᠰᠬᠠᠢ ᠲᠠᠯᠠᠪᠤᠷ︶
ᠨᠡᠶᠢᠲᠡᠯᠡᠭᠰᠡᠨ ᠴᠠᠭ᠄
2023/6/21
W020231027370121561332.jpg
       2023 ᠣᠨ ᠤ 6 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠶ᠎ᠠ︾ ᠭᠡᠬᠦ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ ︵9 ᠳ᠋ᠤᠭᠡᠷ ᠲᠠᠯᠠᠪᠠᠶ ︱ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠤᠰᠬᠠᠢ ᠲᠠᠯᠠᠪᠠᠶ︶᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠭᠤᠣᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠦᠷᠦᠰᠦ ᠰᠢᠷᠣᠢ ᠪᠣᠷᠳᠣᠭᠤᠷ ᠤᠨ ᠭᠠᠵᠠᠷ ᠤᠨ ᠬᠠᠷᠢᠭᠤᠴᠠᠯᠭᠠᠲᠠᠨ ᠨᠥᠬᠦᠳ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃             ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ            ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠡᠮᠵᠢᠶ᠎ᠡ ᠶᠡᠭᠡ ᠴᠢᠨᠠᠷ ᠰᠢᠯᠢᠳᠡᠭ ᠪᠦᠲᠦᠭᠡᠨ             ᠪᠠᠶᠢᠭᠤᠯᠤᠶ᠎ᠠ︾ ᠭᠡᠬᠦ ᠰᠣᠨᠢᠨ ᠮᠡᠳᠡᠭᠡ ᠨᠡᠶᠢᠲᠡᠯᠡᠬᠦ ᠦᠭᠡ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ            ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ            ᠳᠤᠭᠤᠶᠢᠯᠠᠩ ᠤᠨ ᠳᠡᠳ᠋ ᠳᠠᠷᠤᠭ᠎ᠠ ᠦ᠋ ᠰᠢᠶᠠᠩ ᠯᠢᠶᠠᠩ      ᠠᠪᠠᠭ᠋ᠠᠢ ᠨᠠᠷ ᠂ ᠠᠪᠤᠭᠠᠢ ᠨᠠᠷ ᠂ ᠰᠤᠷᠪᠤᠯᠵᠢᠯᠠᠭᠴᠢ ᠨᠠᠶᠢᠵᠠ ᠨᠠᠷ ᠠ ᠂ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ ᠥᠨᠥᠳᠥᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠮᠡᠳᠡᠭᠳᠡᠭᠰᠡᠨ ᠳᠡᠭᠡᠨ ᠮᠠᠰᠢ ᠪᠠᠶᠠᠷᠲᠠᠢ ᠪᠠᠶᠢᠨ᠎ᠠ᠃ ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠡᠮᠦᠨ᠎ᠡ ᠠᠴᠠ᠂ ᠣᠷᠳᠣ ᠬᠤᠭᠤᠴᠠᠭᠠᠨ ᠤ ᠲᠤᠷᠰᠢ ᠥᠪᠡᠷᠲᠡᠭᠡᠨ ᠵᠠᠰᠠᠬᠤ ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠵᠠᠭᠤᠴᠢᠯᠠᠭᠤᠷ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠮᠥᠨ ᠴᠦ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠮ᠎ᠠ ᠬᠡᠷᠡᠭᠴᠡᠭᠡ ᠮᠥᠨ᠂ ᠨᠠᠩ ᠴᠤ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢᠨ ᠪᠣᠳᠠᠲᠤ ᠬᠡᠷᠡᠭᠴᠡᠭᠡ ᠮᠥᠨ᠃ ᠡᠨᠡ ᠵᠢᠯ ᠠᠴᠠ ᠨᠠᠭᠠᠰᠢ ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ︾ ᠦᠨᠳᠦᠰᠦᠨ ᠵᠠᠷᠴᠢᠮ ᠢ ᠪᠠᠷᠢᠮᠲᠠᠯᠠᠨ᠂ ︽ ᠲᠠᠷᠢᠶᠠᠨ ᠭᠠᠵᠠᠷ᠂ ᠤᠰᠤ᠂ ᠦᠷ᠎ᠡ ︾ ᠪᠠ ︽ᠠᠮᠤ ᠪᠤᠳᠠᠭ᠎ᠠ᠂ ᠮᠢᠬ᠎ᠠ᠂ ᠰᠦ ︾ 6 ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠨᠢᠭᠡ ᠰᠠᠭᠤᠷᠢ ᠶᠢ ᠪᠠᠬᠢᠵᠢᠭᠦᠯᠵᠦ᠂ ᠲᠠᠪᠤᠨ ᠶᠡᠭᠡ ᠰᠢᠰᠲ᠋ᠧᠮᠵᠢ ᠶᠢ ᠬᠦᠴᠦᠷᠬᠡᠭᠵᠢᠭᠦᠯᠬᠦ︾ ᠪᠠᠷ ᠬᠦᠴᠦᠯᠡᠨ ᠴᠢᠷᠮᠠᠶᠢᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ ᠣᠳᠣᠬᠠᠨ ᠳᠤ ᠂ ᠡᠯ᠎ᠡ ᠵᠦᠢᠯ ᠤᠨ ᠣᠨ ᠤ ᠭᠤᠣᠯᠳᠠᠯᠭ᠎ᠠ ᠲᠠᠢ ᠠᠵᠢᠯ ᠤᠨ ᠪᠡᠶᠡᠯᠡᠭᠦᠯᠦᠭᠰᠡᠨ ᠴᠠᠭ ᠨᠢ ᠬᠠᠭᠠᠰ ᠠᠴᠠ ᠬᠡᠲᠦᠷᠡᠵᠦ ᠂ ᠡᠭᠦᠷᠭᠡ ᠨᠢ ᠬᠠᠭᠠᠰ ᠠᠴᠠ ᠬᠡᠲᠦᠷᠡᠭᠰᠡᠨ ᠪᠠᠶᠢᠨ᠎ᠠ ᠃ ᠳᠣᠣᠷ᠎ᠠ ᠪᠢ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠲᠣᠪᠴᠢ ᠲᠠᠨᠢᠯᠴᠠᠭᠤᠯᠤᠶ᠎ᠠ ᠃      ᠨᠢᠭᠡ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠪᠠᠲᠤ ᠪᠠᠬᠢ ᠪᠠᠷᠢᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ      ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠥᠪᠥᠷ ᠮᠣᠩᠭᠤᠯ ᠰᠠᠭᠤᠷᠢ ᠲᠠᠢ᠂ ᠳᠠᠯᠳᠠ ᠬᠦᠴᠦᠨ ᠲᠠᠢ᠃ ᠮᠠᠨ ᠤ ᠣᠷᠣᠨ ᠲᠠᠷᠢᠶᠠᠨ ᠭᠠᠵᠠᠷ ᠤᠨ ᠲᠠᠯᠠᠪᠠᠶ ᠶᠢ ᠪᠠᠲᠤᠯᠠᠬᠤ ᠶᠢᠨ ᠵᠡᠷᠭᠡ ᠳᠤ ᠲᠠᠷᠢᠶᠠᠨ ᠭᠠᠵᠠᠷ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ ᠃      ᠨᠢᠭᠡᠳᠦᠭᠡᠷ ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ ᠡᠨᠡ ᠵᠢᠯ᠂ ᠪᠥᠬᠦ ᠣᠷᠣᠨ ᠳᠤ 59 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠡᠭᠦᠷᠭᠡ ᠶᠢᠨ ᠨᠡᠷᠡᠰ ᠤᠨ ᠵᠢᠭᠰᠠᠭᠠᠯᠲᠠ ᠳᠤ ᠪᠥᠬᠦ ᠤᠯᠤᠰ ᠤᠨ 11 ᠳ᠋ᠤᠭᠡᠷ ᠨᠡᠷᠡᠰ ᠠᠴᠠ 7 ᠳ᠋ᠤᠭᠠᠷ ᠲᠤ ᠣᠷᠣᠵᠤ᠂ ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠠ ᠬᠢᠩᠭᠠᠨ ᠠᠶᠢᠮᠠᠭ ᠤᠨ ᠵᠠᠯᠠᠶᠢᠳ ᠬᠤᠰᠢᠭᠤ ᠤᠯᠤᠰ ᠤᠨ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠤᠯᠠᠭᠠᠨᠴᠠᠪ ᠬᠤᠲᠠ ᠶᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠳᠥᠷᠪᠡᠨ ᠱᠠᠲᠤ ᠪᠠᠷ ᠬᠠᠮᠲᠤ ᠪᠠᠷ ᠪᠠᠶᠢᠭᠤᠯᠬᠤ︾ ᠵᠢᠱᠢᠶ᠎ᠡ ᠦᠵᠡᠭᠦᠯᠬᠦ ᠴᠡᠭ ᠢᠶᠠᠷ ᠲᠣᠭᠲᠠᠭᠠᠬᠤ ᠪᠠᠷ ᠢᠳᠡᠪᠬᠢᠲᠡᠢ ᠴᠢᠷᠮᠠᠶᠢᠨ᠎ᠠ᠃ ᠤᠯᠠᠭᠠᠨᠬᠠᠳᠠ ᠬᠤᠲᠠ ᠶᠢᠨ ᠨᠡᠶᠢᠲᠡᠯᠢᠭ ᠬᠠᠭᠤᠷᠠᠢ ᠲᠠᠷᠢᠶᠠᠯᠠᠭ᠎ᠠ ᠶᠢᠨ ᠲᠣᠭᠤᠷᠢᠭ ᠲᠤ ︽ᠬᠥᠲᠥᠯ ᠢ ᠱᠠᠲᠤ ᠪᠣᠯᠭᠠᠨ ᠥᠭᠡᠷᠡᠴᠢᠯᠡᠬᠦ︾ ᠵᠠᠭᠪᠤᠷ ᠢ 2.0 ᠪᠠᠷ ᠬᠡᠷᠡᠭᠵᠢᠭᠦᠯᠪᠡ ᠃ ᠪᠢᠳᠡ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨ᠎ᠡ ᠪᠠᠷ ᠪᠠᠶᠢᠭᠤᠯᠬᠤ︾ ᠴᠡᠭᠴᠡᠯᠡᠨ ᠵᠠᠰᠠᠬᠤ ᠵᠠᠭᠪᠤᠷ ᠢ ᠶᠡᠬᠡᠪᠡᠷ ᠬᠡᠷᠡᠭᠵᠢᠭᠦᠯᠵᠦ᠂ ᠬᠠᠷᠠᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠦᠷᠭᠡᠳᠬᠡᠨ ᠠᠬᠢᠭᠤᠯᠵᠤ᠂ ᠡᠷᠲᠡ ᠪᠠᠶᠢᠭᠤᠯᠵᠤ᠂ ᠡᠷᠲᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠨᠢᠭᠡᠨᠲᠡ 204 ᠲᠦᠮᠡᠨ ᠮᠦ ᠶᠢ ᠠᠰᠢᠭᠯᠠᠯᠲᠠ ᠳᠤ ᠣᠷᠣᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 4.1 ᠳ᠋ᠦᠩᠰᠢᠭᠤᠷ ᠵᠢᠩ ᠳᠡᠭᠡᠭᠰᠢᠯᠡᠭᠦᠯᠵᠦ ᠪᠣᠯᠣᠨ᠎ᠠ᠃      ᠬᠤᠶᠠᠳᠤᠭᠠᠷ ᠲᠤ᠂ ᠲᠦᠭᠦᠭᠡᠷᠦᠮᠵᠢᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠳᠠ ᠶᠢ  ᠠᠬᠢᠭᠤᠯᠪᠠ᠃ ︽ ᠲᠦᠭᠦᠭᠡᠷᠦᠮᠵᠢᠲᠤ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ︾ ᠪᠠ ︽ᠠᠯᠠᠰᠢᠨ ᠦᠬᠡᠷ ᠠᠯᠠᠰᠢᠨ ᠬᠤᠨᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠯᠠᠪᠠᠶ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠰᠤᠳᠤᠯᠤᠨ ᠲᠣᠭᠲᠠᠭᠠᠵᠤ᠂ 20 ᠲᠦᠮᠡᠨ ᠮᠦ ᠲᠦᠭᠦᠭᠡᠷᠦᠮᠵᠢᠲᠤ ᠲᠠᠷᠢᠶᠠᠯᠠᠩ ᠤᠨ ᠰᠢᠨ᠎ᠡ ᠪᠠᠷ ᠨᠡᠮᠡᠭᠳᠡᠭᠦᠯᠬᠦ ᠡᠭᠦᠷᠭᠡ ᠶᠢ ᠪᠦᠬᠦᠨ ᠢ ᠨᠠᠶᠢᠳᠠᠪᠤᠷᠢᠵᠢᠭᠤᠯᠤᠨ᠂ ᠨᠢᠭᠡᠨᠲᠡ 9.1 ᠲᠦᠮᠡᠨ ᠮᠦ ᠠᠵᠢᠯ ᠡᠬᠢᠯᠡᠭᠦᠯᠵᠦ᠂ ᠢᠳᠡᠰᠢᠨ ᠨᠣᠭᠤᠭ᠎ᠠ ᠵᠢᠴᠢ ᠴᠡᠴᠡᠭ᠂ ᠵᠢᠮᠢᠰ᠂ ᠪᠠᠺᠲ᠋ᠧᠷᠢ᠂ ᠡᠮ ᠵᠡᠷᠭᠡ ᠠᠵᠤ ᠦᠢᠯᠡᠰ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠨᠢᠭᠡ ᠪᠦᠯᠦᠭ ᠬᠠᠭᠤᠴᠢᠷᠠᠭᠰᠠᠨ ᠲᠦᠭᠦᠭᠡᠷᠦᠮᠵᠢᠲᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠥᠪᠯᠡᠷᠡᠭᠦᠯᠦᠨ ᠵᠠᠯᠭᠠᠯᠳᠤᠭ᠎ᠠ ᠪᠠᠷ ᠲᠦᠯᠬᠢᠨ ᠠᠬᠢᠭᠤᠯᠪᠠ᠃ ᠵᠧᠵᠢᠶᠠᠩ ᠤᠨ ᠰᠧ ᠸᠧᠢ ᠂  ᠭᠦᠸᠧ ᠨᠧᠩ ᠱᠧᠨ ᠳ᠋ᠦᠩ ᠪᠦᠯᠦᠭᠯᠡᠯ ᠢ ᠣᠷᠣᠭᠤᠯᠤᠨ ᠠᠪᠴᠢᠷᠠᠵᠤ ᠳᠡᠭᠡᠳᠦ ᠲᠡᠰ ᠤᠨ ᠲᠥᠬᠦᠭᠡᠷᠦᠮᠵᠢᠲᠦ ᠲᠠᠷᠢᠶᠠᠯᠠᠩ ᠢ ᠪᠦᠲᠦᠭᠡᠨ ᠪᠠᠶᠢᠭᠤᠯᠵᠤ ᠂ ᠪᠡᠭᠡᠵᠢᠩ ᠤᠨ ᠬᠤᠩ ᠹᠦ᠋ ᠪᠦᠯᠦᠭᠯᠡᠯ ᠤᠨ 75 ᠲᠦᠮᠡᠨ ᠲᠡᠭᠰᠢ ᠳᠥᠷᠪᠡᠯᠵᠢᠨ ᠣᠶᠤᠨᠲᠤ ᠬᠦᠯᠡᠮᠵᠢ ᠪᠠᠶᠢᠭᠤᠯᠬᠤ ᠶᠢ ᠲᠡᠮᠵᠢᠪᠡ ᠃ ᠵᠢᠯ ᠤᠨ ᠡᠴᠦᠰ ᠪᠣᠯᠬᠤ ᠳᠤ ᠲᠦᠭᠦᠭᠡᠷᠦᠮᠵᠢᠲᠤ ᠲᠠᠷᠢᠶᠠᠯᠠᠩ ᠤᠨ ᠲᠠᠯᠠᠪᠠᠶ ᠶᠢ 230 ᠲᠦᠮᠡᠨ ᠮᠦ ᠠᠴᠠ ᠳᠡᠭᠡᠭᠰᠢ ᠳᠤ ᠬᠦᠷᠦᠭᠦᠯᠵᠦ᠂ ᠪᠥᠬᠦ ᠣᠷᠣᠨ ᠤ ︽ᠢᠳᠡᠰᠢᠨ ᠨᠣᠭᠤᠭ᠎ᠠ︾ ᠳᠤ ᠪᠠᠲᠤ ᠪᠠᠬᠢ ᠪᠠᠲᠤᠯᠠᠭ᠎ᠠ ᠬᠠᠩᠭᠠᠪᠠ ᠃ ᠪᠥᠬᠦ ᠣᠷᠣᠨ ᠳᠤ 600 ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠬᠡᠷᠡᠭᠵᠢᠭᠦᠯᠵᠦ᠂ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠶ ᠶᠢ 800 ᠡᠭᠦᠳᠦᠨ ᠪᠠᠶᠢᠭᠤᠯᠵᠤ᠂ ᠣᠲᠣ ᠦᠶ᠎ᠡ ᠶᠢᠨ ᠲᠦᠭᠦᠭᠡᠷᠦᠮᠵᠢᠲᠤ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ ᠃      ᠭᠤᠷᠪᠠᠳᠤᠭᠠᠷ ᠲᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ ᠪᠦᠬᠦ ᠣᠷᠣᠨ ᠳᠤ 3.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠵᠠᠩᠭᠢᠯᠠᠭ᠎ᠠ ᠶᠢᠨ ᠴᠡᠭ ᠤᠨ ᠪᠠᠶᠢᠷᠢᠯᠠᠭᠤᠯᠤᠯᠲᠠ᠂ ᠦᠢᠯᠡᠴᠢᠯᠡᠭᠡᠨ ᠤ ᠲᠣᠣᠷ ᠰᠦᠯᠵᠢᠶ᠎ᠡ ᠪᠠ ᠲᠤᠯᠭᠠᠭᠤᠷᠢᠯᠠᠬᠤ ᠰᠢᠰᠲ᠋ᠧᠮ ᠤᠨ 34 ᠲᠥᠷᠥᠯ ᠵᠦᠢᠯ ᠢ ᠬᠡᠷᠡᠭᠵᠢᠭᠦᠯᠵᠦ᠂ ᠪᠠᠶᠠᠨᠨᠠᠭᠤᠷ᠂ ᠬᠥᠬᠡᠬᠤᠲᠠ᠂ ᠲᠦᠩᠯᠢᠶᠣᠣ ᠶᠢᠨ ᠤᠯᠤᠰ ᠤᠨ ᠨᠢᠷᠤᠭᠤᠪᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠲᠦᠷᠭᠡᠳᠬᠡᠨ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠴᠦᠰ ᠤᠨ ᠬᠥᠯᠳᠡᠭᠡᠵᠦ ᠬᠡᠯᠬᠢᠶᠡᠵᠢᠭᠦᠯᠬᠦ ᠲᠦᠭᠦᠭᠡᠷᠦᠮᠵᠢ ᠶᠢᠨ ᠬᠡᠷᠡᠭᠯᠡᠯᠲᠡ ᠪᠠ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠭᠤᠯᠬᠤ ᠶᠢ ᠠᠬᠢᠭᠤᠯᠤᠨ᠂ ᠮᠠᠨ ᠤ ᠣᠷᠣᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠴᠤᠷᠠᠭᠯᠠᠨ ᠨᠥᠯᠥᠭᠡᠯᠡᠬᠦ ᠴᠢᠳᠠᠪᠤᠷᠢ ᠪᠠ ᠬᠠᠩᠭᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ  ᠲᠡᠭᠡᠭᠰᠢᠯᠡᠭᠦᠯᠪᠡ ᠃ 1015 ᠭᠠᠴᠠᠭ᠎ᠠ ᠲᠣᠰᠬᠤᠨ ᠤ ᠢᠯᠡᠭᠡᠵᠦ ᠬᠦᠷᠭᠡᠬᠦ ᠪᠠᠷᠠᠭᠠᠨ ᠤ ᠭᠦᠢᠯᠭᠡᠭᠡᠨ ᠤ ᠴᠡᠭ ᠢ ᠠᠰᠢᠭᠯᠠᠯᠲᠠ ᠳᠤ ᠣᠷᠣᠭᠤᠯᠵᠤ᠂ ᠭᠠᠴᠠᠭ᠎ᠠ ᠲᠣᠰᠬᠤᠨ ᠤ ᠢᠯᠡᠭᠡᠵᠦ ᠬᠦᠷᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢ 5256 ᠪᠠᠶᠢᠭᠤᠯᠪᠠ᠃      ᠬᠤᠶᠠᠷ ᠂ ᠲᠤᠭ᠎ᠠ ᠬᠡᠮᠵᠢᠶ᠎ᠡ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠪᠠ      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠪᠣᠯ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠳ ᠤᠨ ᠠᠵᠢᠯ ᠤᠨ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ︽ᠲᠣᠮᠣ ᠤᠯᠤᠰ︾ ᠢ ᠢᠮᠠᠭᠲᠠ ᠪᠠᠲᠤ ᠴᠡᠭᠡᠵᠢᠯᠡᠵᠦ᠂ ︽ᠲᠣᠮᠣ ᠢᠳᠡᠭᠡᠨ ᠤ ᠦᠵᠡᠯᠲᠡ︾ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠠᠮᠤ ᠪᠤᠳᠠᠭ᠎ᠠ᠂ ᠮᠢᠬ᠎ᠠ᠂ ᠰᠦ ᠂ ᠡᠪᠡᠰᠦ ᠵᠡᠷᠭᠡ 4 ᠲᠠᠯ᠎ᠠ ᠪᠠᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠦᠨᠡᠨ ᠬᠦ  ᠪᠠᠳᠤᠯᠠᠪᠠ ᠃      ᠨᠢᠭᠡᠳᠦᠭᠡᠷ ᠲᠤ ᠂ ᠠᠮᠤ ᠪᠤᠳᠠᠭ᠎ᠠ ᠶᠢ ᠢᠯᠡᠭᠦᠦ ᠨᠡᠮᠡᠭᠳᠡᠭᠦᠯᠦᠨ᠎ᠡ ᠃ ᠠᠮᠤ ᠪᠤᠳᠠᠭ᠎ᠠ ᠲᠠᠷᠢᠬᠤ ᠶᠢ ᠳᠡᠮᠵᠢᠬᠦ ᠳᠣᠬᠢᠶ᠎ᠠ ᠶᠢ ᠢᠳᠡᠪᠬᠢᠲᠡᠢ ᠪᠠᠷ ᠲᠠᠷᠬᠠᠭᠠᠵᠤ ᠂ ᠤᠯᠤᠰ ᠤᠨ ᠲᠠᠷᠢᠶᠠᠨ ᠭᠠᠵᠠᠷ ᠪᠠ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠂ ᠦᠢᠯᠡᠳᠪᠦᠷᠢᠯᠡᠭᠴᠢ ᠶᠢᠨ ᠨᠥᠬᠦᠪᠦᠷᠢ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠨᠥᠬᠦᠪᠦᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠪᠡᠯᠡ ᠮᠥᠩᠭᠦ ᠶᠢ 159.6 ᠳ᠋ᠦᠩᠰᠢᠭᠤᠷ ᠲᠥᠭᠦᠷᠢᠭ ᠴᠠᠭ ᠲᠤᠬᠠᠢ ᠳᠤᠨᠢ ᠰᠠᠯᠭᠠᠨ ᠪᠠᠭᠤᠯᠭᠠᠵᠤ ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠲᠠᠶᠢᠴᠢᠯᠠᠪᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠯ᠎ᠡ ᠠᠶᠢᠮᠠᠭ ᠬᠤᠲᠠ ᠲᠠᠢ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠥᠭᠡᠳ ᠠᠮᠤ ᠪᠤᠳᠠᠭᠠᠨ ᠤ ᠦᠢᠯᠡᠳᠪᠦᠷᠢᠯᠡᠯ ᠢ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠲᠦᠮᠵᠢᠲᠡᠶ ᠪᠣᠳᠠᠲᠠᠶᠢᠵᠢᠭᠤᠯᠪᠠ᠃ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠳᠠᠯ ᠦᠭᠡᠢ ᠳᠠᠭᠤᠰᠴᠤ᠂ ᠪᠥᠬᠦ ᠣᠷᠣᠨ ᠤ ᠠᠮᠤ ᠪᠤᠳᠠᠭᠠᠨ ᠤ ᠲᠠᠷᠢᠶᠠᠯᠠᠭ᠎ᠠ ᠶᠢᠨ ᠲᠠᠯᠠᠪᠠᠶ᠂ ᠰᠢᠷ᠎ᠠ ᠪᠤᠷᠴᠠᠭ ᠳᠠᠷᠢᠬᠤ ᠲᠠᠯᠠᠪᠠᠶ ᠴᠥᠮ ᠤᠯᠤᠰ ᠠᠴᠠ ᠪᠠᠭᠤᠯᠭᠠᠭᠰᠠᠨ ᠡᠭᠦᠷᠭᠡ ᠶᠢ ᠪᠡᠶᠡᠯᠡᠭᠦᠯᠵᠦ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠰᠠᠭᠤᠷᠢ ᠲᠠᠯᠪᠢᠪᠠ ᠃ ᠡᠯ᠎ᠡ ᠲᠥᠷᠥᠯ ᠤᠨ ᠪᠡᠯᠡ ᠮᠥᠩᠭᠦ ᠶᠢ 5 ᠳ᠋ᠦᠩᠰᠢᠭᠤᠷ ᠭᠠᠷᠤᠢ ᠲᠥᠭᠦᠷᠢᠭ ᠡᠮᠬᠢᠯᠡᠨ ᠨᠡᠶᠢᠯᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠤᠰᠤᠨ ᠲᠤᠲᠤᠷᠭ᠎ᠠ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠪᠠᠷ ᠭᠤᠣᠯᠳᠠᠯᠭ᠎ᠠ ᠪᠣᠯᠭᠠᠵᠤ᠂ ᠰᠠᠶᠢᠨ ᠲᠠᠷᠢᠶ᠎ᠠ ᠶᠢ ᠪᠠᠶᠢᠭᠤᠯᠵᠤ᠂ ᠰᠠᠶᠢᠨ ᠦᠷ᠎ᠡ ᠶᠢ ᠰᠣᠩᠭᠤᠵᠤ᠂ ᠰᠠᠶᠢᠨ ᠮᠡᠷᠭᠡᠵᠢᠯ ᠢ ᠳᠡᠯᠭᠡᠷᠡᠭᠦᠯᠵᠦ᠂ ᠰᠠᠶᠢᠨ ᠲᠣᠬᠢᠶᠠᠯ ᠲᠣᠬᠢᠷᠠᠭᠤᠯᠵᠤ᠂ ᠰᠠᠶᠢᠨ ᠳᠦᠷᠢᠮ ᠢ ᠪᠤᠶ ᠪᠣᠯᠭᠠᠵᠤ᠂ ᠲᠣᠨ ᠠᠮᠤ ᠶᠢᠨ ᠲᠠᠷᠢᠶ᠎ᠠ ᠶᠢ ᠡᠭᠦᠳᠦᠨ ᠪᠠᠶᠢᠭᠤᠯᠬᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ︽ᠭᠤᠷᠪᠠᠨ ᠶᠡᠭᠡ ᠢᠨᠵᠧᠨᠧᠷᠢᠩ︾ ᠢ ᠥᠷᠨᠢᠭᠦᠯᠵᠦ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠠᠩᠭᠢᠨ ᠬᠤᠶᠢᠲᠤ ᠬᠤᠰᠢᠭᠤ᠂ ᠵᠠᠯᠠᠶᠢᠳ ᠬᠤᠰᠢᠭᠤ ᠵᠡᠷᠭᠡ 3 ᠬᠤᠰᠢᠭᠤ ᠰᠢᠶᠠᠨ ᠳᠤ ᠤᠯᠤᠰ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠠᠮᠵᠢᠯᠲᠠ ᠲᠠᠢ ᠲᠡᠮᠡᠴᠡᠨ ᠣᠯᠵᠤ᠂ ᠡᠷᠳᠡᠨᠢ ᠰᠢᠰᠢ ᠶᠢ ᠨᠢᠭᠲᠠ ᠳᠠᠷᠢᠬᠤ ᠵᠡᠷᠭᠡ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠢ ᠶᠡᠬᠡᠪᠡᠷ ᠳᠡᠯᠭᠡᠷᠡᠭᠦᠯᠦᠨ᠂ ᠨᠡᠶᠢᠲᠡ 500 ᠲᠦᠮᠡᠨ ᠮᠦ ᠶᠢᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠶᠡᠭᠡ ᠬᠡᠪᠴᠢᠶ᠎ᠡ ᠪᠠᠷ ᠲᠡᠩᠴᠡᠭᠦᠷᠢᠲᠡᠢ ᠤᠨᠠᠯᠲᠠ ᠬᠤᠷᠢᠶᠠᠬᠤ ᠶᠢ ᠲᠠᠶᠢᠴᠢᠯᠠᠨ ᠲᠠᠭᠠᠭᠤᠯᠪᠠ ᠃      ᠬᠤᠶᠠᠳᠤᠭᠠᠷ ᠲᠤ ᠂ ᠮᠢᠬ᠎ᠠ ᠶᠢ ᠢᠯᠡᠭᠦᠦ ᠨᠡᠮᠡᠭᠳᠡᠭᠦᠯᠪᠡ ᠃ ︽ᠳᠠᠪᠠᠭᠤᠯᠢᠭ ᠢ ᠲᠣᠭᠲᠠᠪᠤᠷᠢᠵᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ︾ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠂ ᠠᠯᠠᠰᠢᠨ ᠬᠤᠨᠢᠨ ᠤ ᠰᠠᠶᠢᠨ ᠡᠭᠦᠯᠳᠡᠷ ᠤᠨ ᠨᠥᠬᠦᠪᠦᠷᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠯᠠᠰᠢᠨ ᠦᠬᠡᠷ ᠤᠨ ᠲᠤᠭ᠎ᠠ ᠶᠢ 56 ᠲᠦᠮᠡ ᠨᠡᠮᠡᠭᠳᠡᠭᠦᠯᠦᠨ᠂ 715 ᠲᠦᠮᠡ ᠳᠤ ᠬᠦᠷᠭᠡᠵᠦ᠂ ᠠᠯᠠᠰᠢᠨ ᠬᠤᠨᠢᠨ ᠤ ᠲᠤᠭ᠎ᠠ ᠶᠢ 6000 ᠲᠦᠮᠡ ᠣᠷᠴᠢᠮ ᠳᠤ ᠲᠣᠭᠲᠠᠪᠤᠷᠢᠵᠢᠭᠤᠯᠤᠨ᠂ ᠦᠬᠡᠷ ᠤᠨ ᠮᠢᠬ᠎ᠠ ᠬᠤᠨᠢᠨ ᠮᠢᠬᠠᠨ ᠤ ᠭᠠᠷᠤᠯᠲᠠ ᠶᠢ ᠪᠥᠬᠦ ᠤᠯᠤᠰ ᠤᠨ ᠨᠢᠭᠡᠳᠦᠭᠡᠷ ᠲᠤ ᠯᠠᠪᠳᠠᠭᠤᠨ ᠢᠶᠠᠷ ᠣᠷᠣᠭᠤᠯᠵᠤ᠂ ᠦᠬᠡᠷ ᠬᠤᠨᠢ ᠲᠡᠵᠢᠭᠡᠨ ᠦᠷᠡᠵᠢᠭᠦᠯᠬᠦ ᠲᠣᠮᠣ ᠣᠷᠣᠨ ᠤ ᠳᠠᠪᠠᠭᠤᠯᠢᠭ ᠢ ᠨᠠᠩ ᠪᠠᠬᠢᠵᠢᠭᠦᠯᠪᠡ ᠃ ᠡᠭᠦᠨ ᠤ ᠬᠠᠮᠲᠤ᠂ ᠳᠤᠲᠠᠭᠤᠳᠠᠯ ᠢ ᠨᠥᠬᠦᠪᠦᠷᠢᠯᠡᠬᠦ᠂ ᠳᠠᠯᠳᠠ ᠬᠦᠴᠦᠨ ᠢ ᠠᠭᠤᠳᠠᠯᠬᠤ ᠪᠠᠷ ᠳᠠᠮᠵᠢᠭᠤᠯᠤᠨ᠂ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠶᠢ ᠴᠢᠩᠭᠠᠷᠠᠭᠤᠯᠵᠤ᠂ ᠭᠠᠭ᠋ᠠᠢ ᠲᠡᠵᠢᠭᠡᠬᠦ ᠬᠡᠪᠴᠢᠶᠡᠲᠦ ᠲᠠᠯᠠᠪᠠᠶ ᠶᠢ 1200 ᠠᠴᠠ ᠳᠡᠭᠡᠭᠰᠢ ᠳᠤ ᠬᠦᠷᠦᠭᠦᠯᠦᠨ᠂ ᠦᠷᠡᠵᠢᠬᠦ ᠮᠡᠭᠡᠵᠢ ᠶᠢᠨ ᠲᠤᠭ᠎ᠠ ᠲᠣᠯᠣᠭᠠᠢ ᠶᠢ 56.3 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠵᠢᠭᠦᠷᠲᠡᠨ ᠤ ᠮᠢᠬᠠᠨ ᠤ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠠᠭᠤᠳᠠᠯᠵᠤ᠂ ᠪᠥᠬᠦ ᠵᠢᠯ ᠤᠨ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 300 ᠲᠦᠮᠡᠨ ᠲᠣᠨ  ᠠᠴᠠ ᠳᠠᠪᠠᠭᠤᠯᠬᠤ ᠶᠢ ᠦᠨᠡᠨᠬᠦ ᠪᠠᠳᠤᠯᠠᠪᠠ ᠃      ᠭᠤᠷᠪᠠᠳᠤᠭᠠᠷ ᠲᠤ ᠂ ᠰᠦ ᠶᠢᠨ ᠭᠠᠷᠤᠯᠳᠠ ᠶᠢ ᠢᠯᠡᠭᠦᠦ ᠨᠡᠮᠡᠭᠳᠡᠭᠦᠯᠪᠡ ᠃ ︽ᠡᠪᠡᠰᠦᠨ ᠤ ᠢᠷᠡᠯᠲᠡ︾ ︽ᠡᠭᠦᠯᠳᠡᠷ ᠤᠨ ᠢᠷᠡᠯᠲᠡ︾ ︽ ᠰᠦ ᠶᠢᠨ ᠢᠷᠡᠯᠲᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠦ ᠶᠢᠨ ᠦᠢᠯᠡᠰ ᠤᠨ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠤᠨ᠂ ᠤᠯᠤᠰ ᠲᠠᠭᠠᠨ ᠦᠢᠯᠡᠳᠪᠦᠷᠢᠯᠡᠭᠰᠡᠨ ᠴᠠᠷᠭᠠᠰᠤ ᠶᠢᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠰᠠᠭᠠᠯᠢ ᠶᠢᠨ ᠦᠨᠢᠶᠡᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢ ᠡᠭᠦᠳᠦᠨ ᠪᠠᠶᠢᠭᠤᠯᠬᠤ ᠪᠠ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠠᠵᠢᠯ ᠢ ᠥᠷᠨᠢᠭᠦᠯᠵᠦ᠂ 1.65 ᠲᠦᠮᠡᠨ ᠬᠦᠪᠦᠷᠡᠯ ᠢ ᠪᠡᠯᠭᠡ ᠶᠢᠨ ᠡᠵᠡᠮᠳᠡᠯ ᠲᠠᠢ ᠬᠡᠷᠡᠭᠯᠡᠬᠦ ᠶᠢ ᠲᠡᠯᠭᠡᠷᠡᠭᠦᠯᠪᠡ ᠃ ᠰᠦ ᠶᠢᠨ ᠦᠢᠯᠡᠰ ᠤᠨ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ︽ᠲᠠᠰ ᠳᠡᠪᠰᠢᠭᠦᠯᠬᠦ︾ ᠶᠢ ᠲᠣᠭᠲᠠᠭᠠᠵᠤ᠂ ᠴᠢᠨᠠᠷ ᠰᠠᠶᠢᠲᠠᠢ ᠴᠠᠷᠭᠠᠰᠤ ᠶᠢᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 1000 ᠲᠥᠭᠦᠷᠢᠭ ᠬᠦᠷᠲᠡᠯ᠎ᠡ ᠳᠡᠭᠡᠭᠰᠢᠯᠡᠭᠦᠯᠵᠦ᠂ 3000 ᠲᠣᠯᠣᠭᠠᠢ   ᠠᠴᠠ ᠳᠡᠭᠡᠭᠰᠢᠬᠢ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ 16 ᠰᠢᠨ᠎ᠡ ᠪᠠᠷ ᠪᠠᠶᠢᠭᠤᠯᠬᠤ ᠶᠢ ᠦᠨᠡᠨᠬᠦ ᠪᠠᠲᠤᠯᠠᠵᠤ᠂ ︽ᠨᠢᠭᠡ ᠲᠠᠯᠠᠪᠤᠷ ᠨᠢᠭᠡ ᠲᠦᠷᠦ ᠶᠢᠨ ᠪᠣᠳᠣᠯᠭ᠎ᠠ︾ ᠪᠠᠷ 58 ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠪᠠ ᠃ ᠢᠯᠢ ᠶᠢᠨ ᠣᠲᠣ ᠦᠶ᠎ᠡ ᠶᠢᠨ ᠣᠶᠤᠨᠲᠤ ᠵᠢᠶᠠᠨ ᠺᠠᠩ ᠭᠦ᠋ ᠂ ᠮᠧᠩ ᠨᠢᠦ ᠳᠤᠮᠳᠠᠳᠤ ᠤᠯᠤᠰ ᠤᠨ ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 8 ᠰᠦᠨ ᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠰᠢᠶᠠᠨ ᠢᠶᠠᠷ ᠠᠬᠢᠭᠤᠯᠬᠤ ᠪᠠ 100 ᠣᠷᠣᠨ ᠨᠤᠲᠤᠭ ᠤᠨ ᠣᠨᠴᠠᠯᠢᠭ ᠲᠠᠢ ᠴᠠᠭᠠᠨ ᠢᠳᠡᠭᠡᠨ ᠪᠣᠯᠪᠠᠰᠤᠷᠠᠭᠤᠯᠬᠤ ᠪᠠᠷᠢᠮᠵᠢᠶᠠᠵᠢᠭᠤᠯᠤᠭᠰᠠᠨ ᠲᠤᠷᠰᠢᠯᠲᠠ ᠶᠢ ᠬᠡᠷᠡᠭᠵᠢᠭᠦᠯᠪᠡ ᠃ ᠮᠠᠨ ᠤ ᠣᠷᠣᠨ ᠤ ᠪᠣᠳᠠᠲᠠᠢ ᠳᠤ ᠨᠡᠶᠢᠴᠡᠭᠰᠡᠨ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠣᠯ ᠴᠣᠭᠴᠠ ᠶᠢᠨ ᠠᠰᠢᠭ ᠲᠤᠰᠠ ᠶᠢ ᠬᠠᠮᠠᠭᠠᠯᠠᠪᠠ ᠃ ᠪᠥᠬᠦ ᠵᠢᠯ ᠳᠤ ᠰᠠᠭᠠᠯᠢ ᠶᠢᠨ ᠦᠨᠢᠶ᠎ᠡ ᠶᠢ 170 ᠲᠦᠮᠡ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠦᠨᠢᠶᠡᠨ ᠰᠦ ᠶᠢᠨ ᠭᠠᠷᠤᠯᠲᠠ ᠶᠢ 785 ᠲᠦᠮᠡᠨ ᠲᠣᠨ ᠳᠤ ᠬᠦᠷᠦᠭᠦᠯᠦᠨ᠎ᠡ᠃      ᠭᠤᠷᠪᠠ ᠂ ᠬᠡᠯᠬᠢᠶ᠎ᠡ ᠶᠢ ᠴᠢᠩᠭᠠᠳᠬᠠᠵᠤ ᠤᠷᠳᠤᠳᠬᠠᠵᠤ ᠨᠦᠬᠦᠪᠦᠷᠢᠯᠡᠵᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠪᠠ      ᠬᠡᠯᠬᠢᠶᠡᠵᠢᠭᠰᠡᠨ ᠰᠡᠳᠬᠢᠬᠦᠢ᠂ ᠠᠵᠤ ᠦᠢᠯᠡᠳᠪᠦᠷᠢᠵᠢᠭᠰᠡᠨ ᠰᠡᠳᠬᠢᠬᠦᠢ ᠶᠢ ᠪᠣᠶ ᠪᠣᠯᠭᠠᠵᠤ᠂ ᠳᠠᠭᠠᠭᠤᠯᠤᠭᠴᠢ ᠠᠵᠤ ᠠᠬᠤᠶᠢᠯᠠᠯ ᠪᠠ ᠬᠡᠯᠬᠢᠶᠡᠵᠢᠭᠰᠡᠨ ᠠᠵᠤ ᠠᠬᠤᠶᠢᠯᠠᠯ ᠢ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠵᠤ᠂ ᠡᠷᠳᠡᠨᠢ ᠰᠢᠰᠢ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠤᠤᠯᠤᠭᠤᠷ ᠂ ᠲᠥᠮᠥᠰᠥ᠂ ᠲᠡᠵᠢᠭᠡᠯ ᠡᠪᠡᠰᠦ ᠵᠡᠷᠭᠡ 7 ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠬᠤᠪᠢᠰᠬᠠᠵᠦ ᠥᠷᠲᠡᠭ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠶᠢᠴᠢᠯᠠᠪᠠ ᠃      ᠨᠢᠭᠡᠳᠦᠭᠡᠷ ᠲᠤ ᠂ ᠠᠵᠤ ᠠᠬᠤᠶᠢᠯᠠᠯ ᠢ ᠤᠷᠲᠤᠳᠬᠠᠨ ᠪᠣᠶᠢᠵᠢᠭᠤᠯᠬᠤ ᠬᠡᠯᠬᠢᠶ᠎ᠡ ᠶᠢ ᠠᠳᠬᠤᠪᠠ ᠃ ᠰᠢᠨ᠎ᠡ ᠪᠠᠷ ᠨᠤᠲᠠᠯᠠᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠳᠠᠭᠠᠭᠤᠯᠤᠭᠴᠢ ᠠᠵᠤ ᠠᠬᠤᠶᠢᠯᠠᠯ 149 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠳᠠᠭᠠᠭᠤᠯᠤᠭᠴᠢ ᠠᠵᠤ ᠠᠬᠤᠶᠢᠯᠠᠯ 770 ᠪᠠᠶᠢᠵᠤ ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ 711᠂ ᠤᠯᠤᠰ ᠤᠨ ᠲᠠᠰ ᠤᠨ ᠠᠵᠤ ᠠᠬᠤᠶᠢᠯᠠᠯ 59 ᠪᠣᠯᠤᠨ᠎ᠠ ᠃ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠴᠢ ᠱᠢ  ᠰᠦ ᠶᠢᠨ ᠦᠢᠯᠡᠰ ᠪᠠ ᠶᠠᠨ ᠬᠥ᠋ ᠹᠠᠩ ᠤᠨ ᠠᠮᠧᠷᠢᠺᠠ ᠳᠤ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠂ ᠡᠭᠦᠨ ᠳᠤ ᠶᠠᠨ ᠬᠥ᠋ ᠹᠠᠩ ᠤᠨ  ᠬᠢᠨ ᠨᠢᠭᠡᠨᠲᠡ ᠫᠠᠶᠢᠰᠠ ᠡᠯᠭᠦᠨ ᠠᠷᠠᠯᠵᠢᠶᠠᠯᠠᠪᠠ᠃ ᠤᠯᠤᠰ ᠤᠨ ᠪᠡᠯᠡ ᠮᠥᠩᠭᠦ ᠶᠢ 8.2 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠰᠦ ᠶᠢᠨ ᠦᠢᠯᠡᠰ᠂ ᠲᠥᠮᠥᠰᠥ ᠵᠡᠷᠭᠡ 2 ᠤᠯᠤᠰ ᠤᠨ ᠲᠠᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠰᠢᠨ᠎ᠡ ᠪᠠᠷ ᠡᠭᠦᠳᠦᠨ ᠪᠠᠶᠢᠭᠤᠯᠵᠤ᠂ ᠬᠤᠷᠢᠨᠭᠡᠷ ᠰᠢᠶᠠᠨ᠂ ᠳᠠᠷᠬᠠᠨ ᠮᠣᠣᠮᠢᠩᠭᠠᠨ ᠬᠤᠯᠪᠤᠭᠠᠲᠤ ᠬᠤᠰᠢᠭᠤ᠂ ᠬᠠᠩᠭᠢᠨ ᠬᠤᠶᠢᠲᠤ ᠬᠤᠰᠢᠭᠤ 3 ᠤᠯᠤᠰ ᠤᠨ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠪᠠ 8 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ ᠡᠭᠦᠳᠦᠨ ᠪᠠᠶᠢᠭᠤᠯᠵᠤ᠂ ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠶᠢ ᠪᠥᠬᠦ ᠤᠯᠤᠰ ᠤᠨ ᠨᠢᠭᠡᠳᠦᠭᠡᠷ ᠲᠤ ᠤᠷᠤᠵᠠᠢ ᠃ ︽ ᠬᠤᠶᠠᠷ ᠢ ᠬᠤᠯᠪᠣᠵᠤ ᠭᠤᠷᠪᠠ ᠶᠢ ᠳᠠᠭᠠᠭᠤᠯᠵᠤ ᠨᠢᠭᠡ ᠶᠢ ᠳᠠᠶᠢᠴᠢᠯᠠᠬᠤ ︾ ᠪᠠᠷ ᠳᠠᠮᠵᠢᠭᠤᠯᠤᠨ ᠂ ᠰᠤᠳᠤᠯᠤᠨ ᠨᠡᠭᠡᠭᠡᠬᠦ ᠂ ᠪᠣᠯᠪᠠᠰᠤᠷᠠᠭᠤᠯᠬᠤ ᠂ ᠨᠡᠷᠡᠲᠦ ᠲᠡᠮᠳᠡᠭ ᠵᠡᠷᠭᠡ ᠵᠠᠩᠭᠢᠯᠠᠭ᠎ᠠ ᠶᠢᠨ ᠳᠤᠲᠠᠭᠤᠳᠠᠯ ᠢ ᠨᠥᠬᠦᠪᠦᠷᠢᠯᠡᠵᠦ ᠂ ᠨᠢᠭᠡᠳᠦᠭᠡᠷ ᠠᠵᠤ ᠦᠢᠯᠡᠰ ᠢ ᠤᠷᠲᠤᠳᠬᠠᠬᠤ᠂ ᠬᠤᠶᠠᠳᠤᠭᠠᠷ ᠠᠵᠤ ᠦᠢᠯᠡᠰ ᠤᠨ ᠬᠤᠶᠠᠷ ᠲᠦᠷᠦᠭᠦᠦ ᠶᠢ ᠵᠠᠯᠭᠠᠬᠤ ᠂ ᠭᠤᠷᠪᠠᠳᠤᠭᠠᠷ ᠠᠵᠤ ᠦᠢᠯᠡᠰ ᠢ ᠳᠡᠭᠡᠳᠦ ᠲᠦᠪᠰᠢᠨ ᠳᠤ ᠬᠦᠷᠭᠡᠬᠦ ᠶᠢ ᠠᠬᠢᠭᠤᠯᠪᠠ ᠃      ᠬᠤᠶᠠᠳᠤᠭᠠᠷ ᠲᠤ ᠂ ᠨᠠᠷᠢᠯᠢᠭ ᠪᠣᠯᠪᠠᠰᠤᠷᠠᠭᠤᠯᠬᠤ ᠠᠵᠢᠯ ᠢ ᠠᠳᠬᠤᠪᠠ ᠃ ᠶᠡᠭᠡ ᠶᠢ ᠤᠷᠢᠨ ᠬᠦᠴᠦᠷᠬᠡᠭ ᠢ ᠣᠷᠤᠭᠤᠯᠬᠤ ᠂ ᠰᠢᠨ᠎ᠡ ᠶᠢ ᠡᠯᠰᠡᠨ ᠰᠢᠯᠢᠳᠡᠭ ᠢ ᠣᠷᠣᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠴᠢᠳᠠᠪᠤᠷᠢ ᠶᠢᠨ ᠲᠠᠰ ᠢᠶᠠᠷ ᠥᠨᠳᠥᠷ᠂ ᠬᠡᠪᠴᠢᠶ᠎ᠡ ᠪᠠᠷ ᠶᠡᠭᠡ᠂ ᠨᠥᠯᠥᠭᠡᠯᠡᠨ ᠳᠠᠶᠢᠴᠢᠯᠠᠬᠤ ᠪᠠᠷ ᠴᠢᠩᠭ᠎ᠠ ᠪᠣᠯᠪᠠᠰᠤᠷᠠᠭᠤᠯᠬᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠴᠢᠨ ᠶᠤᠸᠠᠨ ᠮᠢᠬᠠᠨ ᠤ ᠢᠳᠡᠭᠡᠨ ᠤ ᠦᠬᠡᠷ ᠬᠤᠨᠢ ᠨᠢᠲᠤᠯᠵᠤ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ᠂ ᠰᠢᠯᠢ ᠶᠢᠨ ᠬᠤᠲᠠ ᠶᠢᠨ ᠮᠤᠳᠤᠨ ᠮᠠᠯᠵᠢᠯ ᠤᠨ ᠲᠠᠯᠠᠪᠠᠶ ᠶᠢᠨ ᠣᠲᠣ ᠦᠶ᠎ᠡ ᠶᠢᠨ ᠠᠯᠠᠰᠢᠨ ᠬᠤᠨᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠵᠡᠷᠭᠡ ᠮᠢᠬᠠᠨ ᠤ ᠲᠥᠷᠥᠯ ᠢ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠤᠯᠪᠠᠰᠤᠷᠠᠭᠤᠯᠤᠨ ᠬᠤᠪᠢᠰᠬᠠᠬᠤ ᠨᠣᠷᠮ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ ᠃ ︽ ᠨᠤᠲᠤᠭ ᠤᠨ ᠣᠨᠴᠠ ᠭᠠᠷᠤᠯᠲᠠ ︾ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠂ ᠵᠣᠯᠭᠠᠭᠤᠯᠬᠤ ᠪᠡᠯᠡ ᠮᠥᠩᠭᠦ ᠶᠢ 9.5 ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠲᠡᠵᠢᠭᠡᠯ ᠡᠪᠡᠰᠦ ᠪᠣᠷᠳᠤᠭ᠎ᠠ ᠶᠢ ᠪᠣᠯᠪᠠᠰᠤᠷᠠᠭᠤᠯᠬᠤ ᠂ ᠴᠠᠭᠠᠨ ᠢᠳᠡᠭᠡᠨ ᠢ ᠪᠣᠯᠪᠠᠰᠤᠷᠠᠭᠤᠯᠬᠤ ᠂ ᠡᠯᠳᠡᠪ ᠠᠮᠤ ᠡᠯᠳᠡᠪ ᠪᠤᠷᠴᠠᠭ ᠢ ᠦᠢᠯᠡᠳᠪᠦᠷᠢᠯᠡᠵᠦ ᠪᠣᠯᠪᠠᠰᠤᠷᠠᠭᠤᠯᠬᠤ ᠂ ᠬᠢᠲᠠᠳ ᠡᠮ ᠤᠨ ᠮᠠᠲ᠋ᠧᠷᠢᠶᠠᠯ ᠢ ᠲᠠᠷᠢᠵᠤ ᠪᠣᠯᠪᠠᠰᠤᠷᠠᠭᠤᠯᠬᠤ ᠂ ᠭᠠᠭ᠋ᠠᠢ ᠲᠡᠵᠢᠭᠡᠨ ᠦᠷᠡᠵᠢᠭᠦᠯᠬᠦ ᠂ ᠲᠦᠭᠦᠭᠡᠷᠦᠮᠵᠢᠲᠦ ᠵᠢᠮᠢᠰ ᠨᠣᠭᠤᠭ᠎ᠠ ᠶᠢ ᠬᠥᠭᠵᠢᠭᠦᠯᠬᠦ ᠵᠡᠷᠭᠡ 161 ᠵᠦᠢᠯᠡᠰ ᠢ ᠭᠤᠣᠯᠳᠠᠯᠭ᠎ᠠ ᠲᠠᠢ ᠪᠠᠷ ᠲᠡᠮᠵᠢᠪᠡ ᠃ ᠲᠤᠲᠤᠷᠭ᠎ᠠ ᠶᠢᠨ ᠬᠠᠯᠢᠰᠤᠨ  ᠠᠭᠠᠭ ᠂ ᠵᠢᠮᠢᠰ ᠢᠳᠡᠰᠢᠨ ᠨᠣᠭᠤᠭ᠎ᠠ ᠶᠢᠨ ᠬᠠᠯᠢᠰᠤᠨ ᠤ ᠰᠢᠭᠠᠷᠤ᠂ ᠠᠷᠠᠰᠤ ᠨᠣᠣᠰᠣ ᠶᠠᠰᠤ ᠴᠢᠰᠤ ᠵᠡᠷᠭᠡ ᠳᠠᠭᠠᠯᠲᠠ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠠᠮᠤ ᠪᠤᠳᠠᠭ᠎ᠠ ᠲᠣᠰᠣ᠂ ᠮᠠᠯ ᠵᠢᠭᠦᠷᠲᠡᠨ ᠤ ᠳᠠᠭᠠᠯᠲᠠ ᠪᠦᠲᠦᠭᠡᠭᠳᠡᠬᠦᠨ᠂ ᠬᠤᠨᠢᠨ ᠠᠷᠠᠰᠤ ᠶᠢ ᠢᠳᠡᠭᠡᠨᠵᠢᠭᠦᠯᠬᠦ᠂ ᠪᠡᠯᠡᠨ ᠵᠠᠭᠤᠰᠢ ᠂ ᠲᠥᠬᠦᠮ ᠢᠳᠡᠭᠡᠨ ᠪᠠ ᠴᠢᠳᠠᠮᠵᠢᠲᠤ ᠢᠳᠡᠭᠡᠨ ᠡᠮ ᠤᠨ ᠵᠦᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠬᠤᠪᠢᠷᠠᠭᠤᠯᠵᠤ ᠥᠷᠲᠡᠭ ᠨᠡᠮᠡᠭᠳᠡᠭᠦᠯᠬᠦ ᠶᠢ ᠲᠠᠶᠢᠴᠢᠯᠠᠪᠠ ᠃      ᠭᠤᠷᠪᠠᠳᠤᠭᠠᠷ ᠲᠤ᠂ ᠨᠠᠷᠠᠲᠤ ᠲᠡᠮᠳᠡᠭᠲᠦ ᠶᠢᠨ ᠪᠣᠷᠤᠯᠠᠭᠤᠯᠭ᠎ᠠ ᠶᠢ ᠠᠳᠬᠤᠪᠠ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠬᠤᠷᠴᠢᠨ ᠦᠬᠡᠷ᠂ ᠰᠢᠯᠢ ᠶᠢᠨ ᠭᠤᠣᠯ ᠬᠤᠨᠢ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠶᠡᠬᠡᠪᠡᠷ ᠪᠣᠶᠢᠵᠢᠭᠤᠯᠤᠨ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠶᠢ ᠠᠬᠢᠭᠤᠯᠵᠤ᠂ ᠮᠠᠨ ᠤ ᠣᠷᠣᠨ ᠤ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠦᠷᠭᠦᠯᠵᠢᠯᠡᠨ  ᠨᠡᠮᠡᠭᠳᠡᠭᠦᠯᠪᠡ ᠃ ᠲᠦᠷᠦᠭᠦᠸ ᠬᠠᠭᠠᠰ ᠵᠢᠯ ᠳᠤ᠂ ᠨᠡᠶᠢᠲᠡ 370 ᠭᠠᠷᠤᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠤᠷᠢᠳ ᠬᠤᠵᠢᠳ ᠱᠧᠨᠵᠧᠨ᠂ ᠳ᠋ᠦᠩ ᠭᠤᠸᠠᠨ᠂ ᠪᠡᠭᠡᠵᠢᠩ᠂ ᠦᠬᠠᠨ᠂ ᠱᠠᠩᠬᠠᠢ᠂ ᠴᠢᠩᠳᠣᠣ᠂ ᠬᠠᠩᠵᠧᠦ ᠵᠡᠷᠭᠡ ᠭᠠᠵᠠᠷ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠳᠤ ᠣᠷᠣᠯᠴᠠᠭᠤᠯᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ ᠢ 5 ᠤᠳᠠᠭ᠎ᠠ ᠬᠤᠷᠠᠯᠳᠤᠭᠤᠯᠵᠤ᠂ ᠨᠡᠶᠢᠲᠡ 44 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠭᠰᠠᠨ ᠪᠠᠶᠢᠨ᠎ᠠ᠃ ︽ᠨᠠᠷᠠᠲᠤ ᠲᠡᠮᠳᠡᠭᠲᠦ ᠶᠢᠨ ᠵᠣᠴᠢᠳ ᠤᠨ ᠲᠢᠩᠬᠢᠮ︾ ᠢ 49 ᠬᠤᠭᠤᠴᠠᠭ᠎ᠠ ᠰᠢᠩᠭᠡᠬᠡᠨ ᠦᠢᠯᠡᠳᠴᠦ᠂ ᠶᠡᠷᠦᠩᠬᠡᠢ ᠤᠷᠤᠰᠴᠠ  ᠨᠢ 1200 ᠭᠠᠷᠤᠢ ᠲᠦᠮᠡᠨ ᠬᠥᠮᠥᠨ ᠤᠳᠠᠭ᠎ᠠ ᠳᠤ ᠬᠥᠷᠪᠡ᠃ ᠱᠦᠸᠠᠩ ᠫᠢᠨ ᠰᠦᠯᠵᠢᠶᠡᠨ ᠳᠡᠭᠡᠷ᠎ᠡ ᠬᠤᠳᠠᠯᠳᠤᠨ ᠠᠪᠬᠤ  ᠬᠤᠯᠪᠣᠭᠳᠠᠯ ᠪᠦᠬᠦᠢ ᠠᠵᠢᠯᠯᠠᠭ᠎ᠠ ᠳᠤ ᠰᠦ ᠮᠢᠬᠠᠨ ᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠲᠤᠰᠬᠠᠢ ᠣᠷᠣᠨ ᠢ ᠨᠡᠭᠡᠭᠡᠵᠦ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 29.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠪᠠ ᠤᠯᠠᠭᠠᠨᠰᠤᠬᠠᠢ ᠶᠢᠨ ᠬᠤᠪᠢᠶᠠᠷᠢ ᠲᠥᠪ ᠢ ᠪᠠᠶᠢᠭᠤᠯᠵᠤ᠂ ᠪᠥᠬᠦ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠨᠢᠭᠡ ᠦᠷᠳᠡᠭᠡᠴᠢᠯᠡᠨ ︾ ᠬᠤᠳᠠᠯᠳᠤᠨ ᠠᠪᠬᠤ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ ᠃ ᠰᠢᠨ᠎ᠡ ᠵᠠᠭᠤᠴᠢᠯᠠᠭᠤᠷ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ︽ ᠮᠧᠩ ᠨᠤᠩ ᠬᠢᠨᠠᠨ ᠰᠤᠩᠭᠤᠯᠲᠠ ︾ ᠶᠢᠨ ᠸᠢᠳᠢᠣ᠋ ᠶᠢᠨ ᠳ᠋ᠤᠭᠠᠷ ᠭᠠᠷᠭᠠᠵᠤ᠂ ︽ 1 ᠡᠩᠨᠡᠭᠡ ᠠᠯᠪᠠᠨ ᠤ ᠲᠠᠯ᠎ᠠ ᠶᠢᠨ ᠲᠠᠷᠢᠶᠠᠯᠠᠩ ᠤᠨ ᠲᠠᠨᠢᠯᠴᠠᠭᠤᠯᠤᠭᠴᠢ + 12 ᠠᠶᠢᠮᠠᠭ ᠬᠤᠲᠠ ᠶᠢᠨ ᠰᠦᠯᠵᠢᠶᠡᠨ ᠤ ᠣᠳᠣᠨ ᠲᠠᠷᠢᠶᠠᠯᠠᠩ ᠤᠨ ᠲᠠᠨᠢᠯᠴᠠᠭᠤᠯᠤᠭᠴᠢ ᠶᠢ ᠰᠣᠩᠭᠤᠨ ᠤᠷᠢᠬᠤ︾ ᠵᠠᠭᠪᠤᠷ ᠢ ᠪᠣᠶ ᠪᠣᠯᠭᠠᠵᠤ᠂ ᠠᠤᠬᠠᠨ ᠤ ᠨᠠᠷᠢᠮᠤ ᠶᠢᠨ ᠰᠠᠷ᠎ᠠ ᠶᠢᠨ ᠴᠤᠭᠯᠠᠭᠠᠨ ᠤ ᠭᠠᠵᠠᠷ ᠢ ᠲᠦᠯᠬᠢᠨ ᠠᠬᠢᠭᠤᠯᠵᠤ᠂ ᠰᠠᠨ ᠫᠠᠩ ᠳ᠋ᠠᠨ ᠨᠠᠷᠠᠨ ᠬᠤᠸᠠᠷ ᠤᠨ ᠦᠷ᠎ᠡ᠂ ᠰᠥᠨᠢᠳ ᠤᠨ ᠬᠤᠨᠢᠨ ᠮᠢᠬ᠎ᠠ ᠶᠢ ᠽᠢ ᠪᠥᠸᠧ ᠳᠤ ᠤᠷᠤᠭᠤᠯᠪᠠ ᠃      ᠳᠥᠷᠪᠡ ᠂ ᠬᠥᠭᠵᠢᠯᠲᠡ ᠶᠢᠨ ᠣᠨᠣᠯᠵᠢᠬᠤᠨ ᠤ ᠰᠢᠨ᠎ᠡ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠪᠠ      ᠡᠨᠡ ᠵᠢᠯ ᠠᠴᠠ ᠨᠠᠭᠠᠰᠢ ᠂ ᠮᠠᠨ ᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢᠨ ᠪᠠᠭᠤᠷᠠᠢ ᠲᠠᠯ᠎ᠠ ᠳᠤ ᠴᠢᠭᠯᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ ᠃      ᠨᠢᠭᠡᠳᠦᠭᠡᠷ ᠲᠤ ᠂ ᠦᠷ᠎ᠡ ᠶᠢᠨ ᠦᠢᠯᠡᠰ ᠤᠨ ᠬᠦᠭᠵᠢᠯ ᠮᠠᠨᠳᠤᠯᠲᠠ ᠶᠢ ᠦᠷᠭᠦᠯᠵᠢᠯᠡᠨ ᠠᠬᠢᠭᠤᠯᠪᠠ ᠃ ᠰᠠᠭᠠᠯᠢ ᠶᠢᠨ ᠦᠢᠯᠡᠰ᠂ ᠡᠪᠡᠰᠦᠨ ᠤ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ 2 ᠲᠥᠪ ᠢ ᠡᠭᠦᠳᠦᠨ ᠪᠠᠶᠢᠭᠤᠯᠵᠤ᠂ ᠤᠯᠤᠰ ᠤᠨ ᠠᠯᠠᠰᠢᠨ ᠬᠤᠨᠢᠨ ᠤ ᠤᠳᠤᠮᠰᠢᠯ ᠢ ᠦᠨᠡᠯᠡᠨ ᠵᠢᠱᠢᠬᠦ ᠲᠥᠪ᠂ ᠠᠯᠠᠰᠢᠨ ᠬᠤᠨᠢᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠨᠠᠶᠢᠳᠠᠪᠤᠷᠢᠵᠢᠭᠤᠯᠤᠨ᠂ ᠤᠯᠤᠰ ᠤᠨ ᠠᠯᠠᠰᠢᠨ ᠦᠬᠡᠷ ᠦᠢᠯᠡᠳᠪᠦᠷᠢᠯᠡᠬᠦ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠢ ᠰᠢᠯᠢ ᠶᠢᠨ ᠭᠤᠣᠯ ᠠᠶᠢᠮᠠᠭ ᠲᠤ ᠨᠠᠶᠢᠳᠠᠪᠤᠷᠢᠵᠢᠭᠤᠯᠪᠠ ᠃ ᠥᠪᠡᠷᠲᠡᠭᠡᠨ ᠵᠠᠰᠠᠬᠤ ᠣᠷᠣᠨ ᠤ ᠬᠠᠮᠲᠤᠷᠠᠨ ᠡᠭᠦᠯᠳᠡᠷ ᠪᠣᠶᠢᠵᠢᠭᠤᠯᠬᠤ ᠪᠣᠭᠤᠮᠲᠠ ᠰᠢᠪᠲᠤᠯᠬᠤ ᠶᠢ ᠡᠬᠢᠯᠡᠭᠦᠯᠵᠦ᠂ ᠬᠢᠩᠭᠠᠨ ᠠᠶᠢᠮᠠᠭ ᠤᠨ ᠰᠢᠷ᠎ᠠ ᠪᠤᠷᠴᠠᠭ᠂ ᠤᠯᠠᠭᠠᠨᠬᠠᠳᠠ ᠬᠤᠲᠠ ᠶᠢᠨ ᠡᠷᠳᠡᠨᠢ ᠰᠢᠰᠢ 2 ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ ᠤᠯᠠᠭᠠᠨᠴᠠᠪ ᠬᠤᠲᠠ ᠶᠢᠨ ᠲᠥᠮᠥᠰᠥ ᠶᠢᠨ ᠰᠢᠯᠢᠳᠡᠭ ᠡᠭᠦᠯᠳᠡᠷ ᠢ ᠪᠣᠶᠢᠵᠢᠭᠤᠯᠬᠤ ᠶᠢ ᠳᠡᠮᠵᠢᠵᠦ᠂ ᠰᠢᠯᠢ ᠶᠢᠨ ᠭᠤᠣᠯ ᠠᠶᠢᠮᠠᠭ ᠤᠨ ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠪᠠ ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠤᠯᠤᠰ ᠤᠨ ᠲᠠᠰ ᠤᠨ ᠡᠭᠦᠯᠳᠡᠷ ᠪᠣᠶᠢᠵᠢᠭᠤᠯᠬᠤ 9 ᠲᠣᠮᠣ ᠰᠢᠶᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠭᠦᠯᠳᠡᠷ ᠪᠣᠶᠢᠵᠢᠭᠤᠯᠬᠤ 2 ᠲᠣᠮᠣ ᠰᠢᠶᠠᠨ ᠪᠠ ᠤᠯᠤᠰ ᠤᠨ ᠲᠠᠰ ᠤᠨ 15᠂ ᠥᠪᠡᠷᠲᠡᠭᠡᠨ ᠵᠠᠰᠠᠬᠤ ᠣᠷᠣᠨ ᠤ ᠲᠠᠰ ᠤᠨ 19 ᠮᠠᠯ ᠵᠢᠭᠦᠷᠲᠡᠨ ᠤ ᠭᠤᠣᠯᠯᠠᠬᠤ ᠡᠭᠦᠯᠳᠡᠷ ᠪᠣᠶᠢᠵᠢᠭᠤᠯᠬᠤ ᠲᠠᠯᠠᠪᠠᠶ ᠶᠢ ᠰᠠᠶᠢᠲᠤᠷ ᠪᠦᠲᠦᠭᠡᠨ ᠪᠠᠶᠢᠭᠤᠯᠪᠠ ᠃ ᠪᠥᠬᠦ ᠣᠷᠣᠨ ᠳᠤ ᠰᠢᠯᠢᠳᠡᠭ ᠡᠭᠦᠯᠳᠡᠷ ᠢ ᠳᠡᠯᠭᠡᠷᠡᠭᠦᠯᠬᠦ ᠶᠢ ᠲᠦᠷᠭᠡᠳᠬᠡᠵᠦ᠂ 60 ︽ ᠭᠠᠵᠠᠷ ᠦᠵᠡᠵᠦ ᠦᠷ᠎ᠡ ᠰᠣᠩᠭᠤᠬᠤ ︾ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠪᠦᠰᠡ ᠶᠢᠨ ᠴᠢᠨᠠᠷᠲᠠᠢ ᠵᠢᠱᠢᠶ᠎ᠡ ᠦᠵᠡᠭᠦᠯᠬᠦ ᠴᠡᠭ ᠢ ᠭᠤᠣᠯᠳᠠᠯᠭ᠎ᠠ ᠲᠠᠢ ᠴᠣᠭᠴᠠᠯᠠᠵᠤ ᠂ ᠬᠠᠮᠤᠭ ᠤᠨ ᠰᠢᠯᠢᠳᠡᠭ ᠬᠠᠮᠤᠭ ᠤᠨ ᠲᠣᠬᠢᠷᠠᠮᠵᠢᠲᠠᠢ ᠡᠭᠦᠯᠳᠡᠷ ᠢ 60 ᠠᠴᠠ ᠳᠡᠭᠡᠭᠰᠢ ᠰᠢᠯᠢᠨ ᠰᠣᠩᠭᠤᠨ᠎ᠠ᠃ ᠦᠵᠦᠮᠦᠴᠢᠨ ᠬᠤᠨᠢ᠂ ᠮᠣᠩᠭᠤᠯ ᠮᠣᠷᠢ᠂ ᠬᠤᠸᠠ ᠽᠢ ᠵᠢᠭᠠᠰᠤ ᠲᠣᠰ ᠲᠣᠰ ᠤᠯᠤᠰ ᠤᠨ ᠠᠷᠪᠠᠨ ᠶᠡᠭᠡ ᠰᠢᠯᠢᠳᠡᠭ ᠮᠠᠯ ᠵᠢᠭᠦᠷᠲᠡᠨ᠂ ᠤᠰᠤᠨ ᠭᠠᠷᠤᠯᠲᠠ ᠶᠢᠨ ᠡᠭᠦᠯᠳᠡᠷ ᠤᠨ ᠡᠬᠢ ᠪᠠᠶᠠᠯᠢᠭ ᠤᠨ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ ᠃      ᠬᠤᠶᠠᠳᠤᠭᠠᠷ ᠲᠤ ᠂ ᠲᠦᠭᠦᠭᠡᠷᠦᠮᠵᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠪᠠ ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠨᠳᠥᠷ ᠴᠢᠳᠠᠮᠵᠢᠲᠤ ᠨᠠᠷᠢᠯᠢᠭ ᠬᠡᠮᠵᠢᠶᠡᠨ ᠤ ᠦᠷ᠎ᠡ ᠰᠠᠴᠤᠬᠤ ᠮᠠᠰᠢᠨ ᠵᠢᠴᠢ ᠥᠨᠳᠥᠷ ᠦᠷ᠎ᠡ ᠠᠰᠢᠭᠲᠤ ᠬᠤᠬᠢᠷᠠᠯ ᠪᠠᠭᠠᠲᠠᠢ ᠬᠤᠷᠢᠶᠠᠬᠤ ᠮᠠᠰᠢᠨ ᠬᠤᠳᠠᠯᠳᠤᠨ ᠠᠪᠬᠤ ᠶᠢ ᠬᠥᠲᠥᠯᠥᠨ ᠵᠢᠯᠤᠭᠤᠳᠴᠤ᠂ ᠪᠸᠢ ᠳ᠋ᠸᠦ ᠵᠠᠮᠴᠢᠯᠠᠬᠤ ᠠᠵᠢᠯ ᠤᠨ ᠦᠵᠦᠭᠦᠷ ᠢ ᠢᠳᠡᠪᠬᠢᠲᠡᠢ ᠳᠡᠯᠭᠡᠷᠡᠭᠦᠯᠦᠨ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠤᠭᠰᠠᠨ ᠲᠷᠠᠺᠲ᠋ᠣᠷ 83 ᠲᠦᠮᠡ ᠠᠴᠠ ᠳᠡᠭᠡᠭᠰᠢ᠂ ᠢᠵᠢ ᠪᠦᠷᠢᠳᠦᠭᠦᠯᠦᠭᠰᠡᠨ ᠲᠠᠷᠢᠶᠠᠯᠠᠩ ᠤᠨ ᠮᠠᠰᠢᠨ ᠪᠠᠭᠠᠵᠢ 113 ᠲᠦᠮᠡ ᠠᠴᠠ ᠳᠡᠭᠡᠭᠰᠢ ︵ᠢᠵᠢ︶ ᠪᠠᠶᠢᠯᠭᠠᠨ᠎ᠠ ᠃ 8 ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ 22 ᠵᠦᠢᠯ ᠤᠨ ᠴᠢᠬᠤᠯᠠ ᠶᠡᠭᠡ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ᠂ 4 ᠭᠤᠣᠯᠯᠠᠬᠤ ᠲᠥᠷᠥᠯ ᠵᠦᠢᠯ᠂ 5 ᠵᠦᠢᠯ ᠤᠨ ᠭᠤᠣᠯ ᠳᠡᠯᠭᠡᠷᠡᠭᠦᠯᠬᠦ ᠮᠡᠷᠭᠡᠵᠢᠯ ᠢ ᠤᠯᠤᠰ ᠤᠨ ᠲᠠᠨᠢᠯᠴᠠᠭᠤᠯᠵᠤ ᠨᠡᠶᠢᠲᠡᠯᠡᠬᠦ ᠬᠡᠪᠴᠢᠶᠡᠨ ᠳᠤ ᠣᠷᠣᠭᠤᠯᠵᠤ᠂ ᠪᠥᠬᠦ ᠵᠢᠯ ᠳᠤ ᠵᠢᠯ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ ᠤ ᠮᠡᠳᠡᠯᠭᠡ ᠶᠢᠨ ᠰᠢᠨᠡᠴᠢᠯᠡᠯᠲᠡ ᠶᠢᠨ ᠪᠣᠯᠪᠠᠰᠤᠷᠠᠯ ᠢ 3000 ᠬᠥᠮᠥᠨ ᠳᠤ ᠪᠡᠶᠡᠯᠡᠭᠦᠯᠬᠦ ᠪᠠᠷ ᠲᠥᠯᠥᠪᠯᠡᠵᠦ᠂ ᠣᠷᠳᠣ ᠬᠤᠭᠤᠴᠠᠭᠠᠨ ᠤ ᠲᠣᠭᠲᠠᠪᠤᠷᠢᠲᠠᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 180 ᠠᠴᠠ ᠳᠡᠭᠡᠭᠰᠢ ᠪᠦᠲᠦᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠬᠤ ᠶᠢ ᠳᠡᠮᠵᠢᠵᠦ᠂ ᠡᠨᠡ ᠵᠢᠯ 50 ᠶᠢ ᠡᠭᠦᠳᠦᠨ ᠪᠠᠶᠢᠭᠤᠯᠵᠤ᠂ ᠣᠶᠢᠷ᠎ᠠ ᠶᠢᠨ ᠬᠤᠭᠤᠴᠠᠭᠠᠨ ᠳᠤ ︽ᠲᠠᠷᠢᠶᠠᠯᠠᠩ ᠢ ᠲᠤᠰᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠪᠠᠨ ᠰᠢᠯᠢᠳᠡᠭ ᠪᠠᠭ᠎ᠠ ᠬᠦᠷᠢᠶᠡᠯᠡᠩ︾ ᠤᠨ ᠫᠠᠶᠢᠰᠠ ᠡᠯᠭᠦᠬᠦ ᠪᠠᠷ ᠪᠣᠶ᠃      ᠭᠤᠷᠪᠠᠳᠤᠭᠠᠷ ᠲᠤ ᠂ ᠴᠢᠳᠠᠪᠤᠷᠢᠲᠠᠨ ᠤ ᠡᠩᠨᠡᠭᠡ ᠶᠢ ᠢᠳᠡᠪᠬᠢᠲᠡᠢ ᠪᠠᠷ ᠪᠤᠶᠢᠵᠢᠭᠤᠯᠪᠠ ᠃ 8924 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠥᠪᠥᠷ ᠮᠣᠩᠭᠤᠯ ᠤᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠣᠶᠢᠵᠢᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ 2.27 ᠲᠦᠮᠡ ᠪᠤᠯᠪᠠᠰᠤᠷᠠᠭᠤᠯᠤᠨ ᠪᠤᠶᠢᠵᠢᠭᠤᠯᠪᠠ ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶ᠎ᠡ ᠴᠠᠷᠠᠭᠠᠨ ᠳᠠᠬᠢ 7 ᠳᠠᠭᠠᠭᠤᠯᠤᠭᠴᠢ ᠴᠢᠳᠠᠪᠤᠷᠢᠲᠠᠨ ᠠᠷᠪᠠᠨ ᠬᠤᠶᠠᠳᠤᠭᠠᠷ ᠪᠦᠯᠦᠭ ᠤᠨ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠳᠤ ᠰᠣᠩᠭᠤᠭᠳᠠᠪᠠ᠃ ︽ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠲᠠᠲᠠᠵᠤ᠂ ᠲᠠᠯ᠎ᠠ ᠨᠤᠲᠤᠭ ᠲᠤ ᠣᠶᠤᠨ ᠢ ᠬᠤᠷᠠᠭᠤᠯᠤᠨ᠎ᠠ ︱ ᠬᠥᠬᠡᠮᠥ᠋ᠷᠡᠨ ᠤ ᠭᠤᠷᠪᠠᠯᠵᠢᠨ ᠬᠤᠶᠢᠭ ᠢ ᠬᠤᠯᠪᠤᠶ᠎ᠠ ︾ ᠭᠡᠬᠦ ᠪᠠᠷ ᠭᠤᠣᠯ ᠰᠡᠳᠦᠪ ᠪᠣᠯᠭᠠᠵᠤ᠂ ᠱᠠᠩᠬᠠᠢ ᠬᠤᠲᠠ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠥᠪᠥᠷ ᠮᠣᠩᠭᠤᠯ ᠤᠨ ᠴᠢᠳᠠᠪᠤᠷᠢᠲᠠᠨ ᠤ ᠬᠥᠭᠵᠢᠯᠲᠡ ᠶᠢ ᠲᠠᠨᠢᠯᠴᠠᠭᠤᠯᠬᠤ ᠪᠠ ᠬᠠᠮᠲᠤᠷᠠᠯᠴᠠᠨ ᠰᠣᠯᠢᠯᠴᠠᠬᠤ ᠠᠵᠢᠯᠯᠠᠭ᠎ᠠ ᠶᠢ ᠡᠷᠭᠢᠯᠡᠵᠦ᠂ ᠴᠢᠳᠠᠪᠤᠷᠢᠲᠠᠨ ᠤ ᠰᠣᠯᠢᠯᠴᠠᠭ᠎ᠠ ᠪᠠ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠦᠢᠯᠡᠳᠪᠦᠷᠢᠯᠡᠬᠦ ᠰᠤᠷᠤᠯᠴᠠᠬᠤ ᠰᠣᠳᠤᠯᠬᠤ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠣᠷᠣᠨ ᠤ ᠭᠠᠳᠠᠨᠠᠬᠢ ᠲᠤᠰᠬᠠᠢ ᠮᠡᠷᠭᠡᠵᠢᠯᠲᠡᠨ᠂ ᠰᠢᠯᠢᠳᠡᠭ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠠᠭᠠᠭᠤᠯᠤᠭᠴᠢ ᠠᠵᠤ ᠠᠬᠤᠶᠢᠯᠠᠯ ᠤᠨ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠤᠷᠢᠭᠵᠢᠭᠤᠯᠪᠠ ᠃      ᠲᠠᠪᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮᠵᠢ ᠶᠢ  ᠪᠠᠶᠢᠭᠤᠯᠪᠠ      ᠡᠨᠡ ᠵᠢᠯ ᠠᠴᠠ ᠨᠠᠭᠠᠰᠢ ᠂ ᠮᠠᠨ ᠤ ᠣᠷᠣᠨ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠭᠰᠠᠨ᠂ ᠬᠠᠮᠲᠤᠷᠠᠯᠴᠠᠬᠤ ᠪᠠ ᠬᠤᠯᠪᠣᠭᠠᠯᠠᠬᠤ ᠪᠠᠷ ᠬᠤᠯᠪᠣᠭᠠᠰᠤ ᠪᠣᠯᠭᠠᠭᠰᠠᠨ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠭᠰᠠᠨ ᠪᠣᠰᠤᠭ᠎ᠠ ᠴᠣᠭᠴᠠᠲᠤ ᠬᠠᠮ ᠬᠡᠯᠪᠡᠷᠢ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠪᠠᠶᠠᠵᠢᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃      ᠨᠢᠭᠡᠳᠦᠭᠡᠷ ᠲᠤ ᠂ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠬᠦᠭᠵᠢᠭᠦᠯᠪᠡ ᠃ ︽ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠨᠠᠢᠮᠠᠨ ᠵᠦᠢᠯ ᠤᠨ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠬᠠᠢ ᠶᠢᠨ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠵᠠᠭᠪᠤᠷ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠠᠭᠪᠤᠷ᠂ ᠬᠤᠷᠰᠢᠶ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠠᠭᠪᠤᠷ᠂ ᠲᠤᠰᠬᠠᠢ ᠵᠦᠢᠯ ᠤᠨ ᠦᠢᠯᠡᠴᠢᠯᠡᠭᠡᠨ ᠤ ᠵᠠᠭᠪᠤᠷ ᠵᠡᠷᠭᠡ 4 ᠵᠦᠢᠯ ᠤᠨ ᠵᠠᠭᠪᠤᠷ ᠢ ᠳ᠋ᠦᠩᠨᠡᠨ ᠪᠣᠯᠪᠠᠰᠤᠷᠠᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ 10 ᠨᠡᠶᠢᠲᠡᠯᠢᠭ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ᠂ 5 ᠬᠤᠰᠢᠭᠤ ᠰᠢᠶᠠᠨ᠂ 20 ᠰᠢᠶᠠᠩ ᠪᠠᠯᠭᠠᠰᠤ᠂ 100 ᠲᠣᠰᠬᠤᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠠᠵᠢᠯᠯᠠᠭ᠎ᠠ ᠦᠷᠨᠢᠭᠦᠯᠪᠡ ᠃ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ ᠲᠡᠮᠵᠢᠵᠤ ᠂ ᠲᠠᠷᠢᠶᠠᠯᠠᠵᠤ ᠬᠤᠷᠢᠶᠠᠬᠤ ᠶᠢ ᠰᠡᠷᠭᠡᠶᠢᠯᠡᠬᠦ ᠳᠤᠮᠳᠠᠬᠢ ᠦᠢᠯᠡᠴᠢᠯᠡᠭᠡ ᠶᠢ ᠦᠢᠯᠡᠳᠪᠦᠷᠢᠯᠡᠬᠦ ᠠᠴᠠ ᠡᠮᠦᠨᠡᠬᠢ ᠂ ᠦᠢᠯᠡᠳᠪᠦᠷᠢᠯᠡᠭᠰᠡᠨ ᠤ ᠳᠠᠷᠠᠭᠠᠬᠢ ᠲᠡᠶᠢᠰᠢ ᠥᠷᠭᠡᠳᠬᠡᠨ ᠤᠷᠲᠤᠳᠬᠠᠵᠤ ᠂ ᠲᠠᠷᠢᠶᠠᠯᠠᠩ ᠤᠨ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠠᠬᠢᠭᠤᠯᠪᠠ ᠃ ᠪᠦᠬᠦ᠋ᠢᠯᠡ ᠰᠢᠶᠠᠩ ᠂ ᠪᠦᠬᠦ᠋ᠢᠯᠡ ᠲᠣᠰᠬᠤᠨ ᠢᠶᠠᠷ ᠢᠶᠠᠨ ᠲᠥᠪᠯᠡᠷᠡᠨ ᠵᠠᠯᠭᠠᠯᠳᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠲᠡᠮᠵᠢᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠳᠦᠯᠲᠡᠢ ᠬᠤᠳᠠᠯᠳᠤᠨ ᠠᠪᠬᠤ ᠪᠠ ᠲᠠᠩᠨᠠᠬᠤ᠂ ᠲᠠᠷᠢᠬᠤ ᠂ ᠬᠠᠮᠢᠶᠠᠷᠬᠤ ᠂ ᠬᠤᠷᠢᠶᠠᠬᠤ ᠂ ᠨᠥᠭᠡᠴᠡᠯᠡᠬᠦ ᠂ ᠪᠣᠷᠣᠯᠠᠭᠤᠯᠬᠤ ᠵᠡᠷᠭᠡ ᠪᠦᠬᠦ ᠶᠠᠪᠤᠴᠠ ᠶᠢᠨ ᠦᠢᠯᠡᠴᠢᠯᠡᠭᠡ ᠶᠢ ᠳᠡᠯᠭᠡᠷᠡᠭᠦᠯᠵᠦ ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ ᠂ ᠵᠢᠯ ᠤᠨ ᠳᠣᠲᠣᠷ᠎ᠠ ᠲᠠᠬᠢᠭᠠᠳ 300 ᠲᠦᠮᠡᠨ ᠮᠦ ᠦᠢᠯᠡᠴᠢᠯᠡᠭᠡᠨ ᠤ ᠲᠠᠯᠠᠪᠠᠢ ᠶᠢ ᠨᠡᠮᠡᠭᠳᠡᠭᠦᠯᠵᠦ ᠂ 2400 ᠲᠦᠮᠡᠨ ᠮᠦ ᠳᠤ ᠬᠦᠷᠭᠡᠵᠦ ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 1.7 ᠲᠦᠮᠡ ᠳᠤ ᠬᠦᠷᠭᠡᠨ᠎ᠡ ᠃      ᠬᠤᠶᠠᠳᠤᠭᠠᠷ ᠲᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠪᠠ ᠃ ᠵᠥᠩ ᠬᠤᠸᠠ ᠪᠦᠯᠦᠭᠯᠡᠯ ᠵᠡᠷᠭᠡ ᠣᠲᠣ ᠦᠶ᠎ᠡ ᠶᠢᠨ ᠲᠠᠷᠢᠶᠠᠯᠠᠩ ᠤᠨ ᠦᠢᠯᠡᠴᠢᠯᠡᠭᠡᠨ ᠤ ᠲᠠᠪᠴᠠᠩ ᠢ ᠣᠷᠣᠭᠤᠯᠤᠨ ᠠᠪᠴᠢᠷᠠᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠶᠡᠬᠡᠪᠡᠷ ᠬᠥᠭᠵᠢᠭᠦᠯᠦᠨ᠂ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠣᠯᠠᠨ ᠵᠦᠢᠯ ᠤᠨ ᠬᠡᠯᠪᠡᠷᠢ ᠮᠠᠶ᠋ᠢᠭ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠳᠡᠮᠵᠢᠵᠦ᠂ ᠭᠠᠵᠠᠷ ᠰᠢᠷᠣᠢ ᠶᠢ ᠵᠢᠷᠤᠮᠵᠢᠯ ᠲᠠᠢ ᠡᠮᠬᠢ ᠵᠢᠷᠤᠮ ᠲᠠᠢ ᠪᠠᠷ ᠡᠷᠭᠢᠯᠳᠦᠭᠦᠯᠬᠦ᠂ ᠲᠥᠪᠯᠡᠷᠡᠭᠦᠯᠦᠨ ᠡᠵᠡᠩᠨᠡᠬᠦ ᠶᠢ ᠠᠬᠢᠭᠤᠯᠪᠠ ᠃ ᠲᠡᠳᠬᠦᠨ ᠳᠡᠮᠵᠢᠬᠦ ᠬᠤᠷᠰᠢᠶ᠎ᠠ ᠶᠢᠨ ᠬᠥᠭᠵᠢᠯᠲᠡ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ︽ᠲᠠᠪᠤᠨ ᠣᠳᠣᠨ ᠲᠠᠰ︾ ᠤᠨ ᠨᠡᠶᠢᠲᠡᠯᠢᠭ ᠬᠤᠷᠰᠢᠶ᠎ᠠ ᠶᠢ 100 ᠮᠠᠭᠠᠳᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ 300 ᠰᠢᠨ᠎ᠡ ᠪᠠᠷ ᠮᠠᠭᠠᠳᠯᠠᠨ ᠲᠣᠭᠲᠠᠭᠠᠵᠤ᠂ ᠪᠥᠬᠦ ᠣᠷᠣᠨ ᠤ ᠵᠢᠱᠢᠶ᠎ᠡ ᠦᠵᠡᠭᠦᠯᠬᠦ ᠬᠤᠷᠰᠢᠶ᠎ᠠ ᠶᠢ 6100 ᠳᠤ ᠬᠦᠷᠦᠭᠦᠯᠵᠠᠢ ᠃      ᠭᠤᠷᠪᠠᠳᠤᠭᠠᠷ ᠲᠤ ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠪᠠ ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠲᠡᠳᠬᠦᠨ ᠬᠥᠲᠥᠯᠥᠨ ᠳᠠᠭᠠᠭᠤᠯᠬᠤ︾ ᠠᠵᠢᠯᠯᠠᠭ᠎ᠠ ᠪᠠ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠡᠬᠢ ᠪᠠᠶᠠᠯᠢᠭ ᠢ ᠳᠠᠭᠠᠭᠠᠴᠢᠯᠠᠭᠤᠯᠬᠤ᠂ ᠠᠳᠠᠯ ᠠᠬᠤᠢ ᠶᠢ ᠲᠦᠷᠢᠶᠡᠰᠦᠯᠡᠭᠦᠯᠬᠦ᠂ ᠵᠠᠭᠤᠴᠢᠯᠠᠬᠤ ᠦᠢᠯᠡᠴᠢᠯᠡᠭᠡ᠂ ᠡᠳ᠋ ᠬᠥᠷᠥᠩᠭᠡ ᠶᠢ ᠬᠤᠪᠢ ᠣᠷᠣᠭᠤᠯᠬᠤ᠂ ᠠᠵᠤ ᠦᠢᠯᠡᠰ ᠢ ᠡᠵᠡᠩᠨᠡᠬᠦ ᠵᠡᠷᠭᠡ ᠣᠯᠠᠨ ᠵᠦᠢᠯ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠶᠢ ᠳᠡᠮᠵᠢᠵᠦ᠂ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠪᠥᠬᠦ ᠣᠷᠣᠨ ᠤ ᠭᠠᠴᠠᠭ᠎ᠠ ᠲᠣᠰᠬᠤᠨ ᠤ 50% ᠶᠢᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 20 ᠲᠦᠮᠡᠨ ᠲᠥᠭᠦᠷᠢᠭ ᠲᠤ ᠬᠦᠷᠦᠭᠦᠯᠦᠨ᠎ᠡ᠃ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ 57 ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠰᠣᠩᠭᠤᠨ᠂ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢᠨ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢᠨ ᠴᠡᠭ ᠢ ᠥᠷᠨᠢᠭᠦᠯᠵᠦ᠂ ᠲᠠᠷᠢᠶᠠᠴᠢᠳ ᠤᠨ ᠬᠤᠷᠰᠢᠶ᠎ᠠ ᠶᠢᠨ ︽ᠭᠤᠷᠪᠠ ᠬᠤᠪᠢᠷᠠᠭᠤᠯᠬᠤ︾ ᠥᠭᠡᠷᠡᠴᠢᠯᠡᠯᠲᠡ ᠶᠢ ᠰᠦᠪᠡᠭᠴᠢᠯᠡᠨ᠂ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠬᠤ︾ ᠶᠢ ᠪᠡᠶᠡᠯᠡᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠨᠢᠭᠲᠠ ᠬᠤᠯᠪᠣᠯᠳᠤᠭᠰᠠᠨ ᠲᠣᠭᠲᠠᠴᠠ ᠶᠢ ᠪᠠᠶᠢᠭᠤᠯᠤᠨ᠎ᠠ᠃ ᠪᠥᠬᠦ ᠣᠷᠣᠨ ᠳᠤ ︽ᠨᠢᠭᠡᠳᠦᠯᠲᠡᠢ ᠳᠠᠷᠢᠵᠤ ᠬᠠᠮᠲᠤᠪᠠᠷ ᠲᠡᠵᠢᠭᠡᠵᠦ ᠬᠠᠮᠲᠤᠪᠠᠷ ᠪᠠᠶᠠᠵᠢᠬᠤ︾ ᠵᠠᠭᠪᠤᠷ ᠢ ᠲᠤᠷᠰᠢᠨ ᠳᠡᠯᠭᠡᠷᠡᠭᠦᠯᠵᠦ᠂ ᠭᠠᠵᠠᠷ ᠰᠢᠷᠣᠢ ᠶᠢ ᠲᠥᠪᠯᠡᠷᠡᠭᠦᠯᠦᠨ ᠡᠵᠡᠩᠨᠡᠬᠦ᠂ ᠮᠠᠯ ᠢ ᠲᠥᠪᠯᠡᠷᠡᠭᠦᠯᠦᠨ ᠲᠡᠵᠢᠭᠡᠬᠦ ᠶᠢ ᠠᠬᠢᠭᠤᠯᠤᠨ᠂ ᠬᠤᠷᠰᠢᠨ ᠡᠵᠡᠩᠨᠡᠬᠦ ᠶᠢ ᠬᠠᠮᠲᠤᠪᠠᠷ ᠵᠠᠰᠠᠵᠤ ᠬᠠᠮᠲᠤᠪᠠᠷ ᠪᠠᠶᠠᠵᠢᠬᠤ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠎ᠡ᠃      ᠵᠢᠷᠭᠤᠭ᠎ᠠ ᠂ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠭᠦᠨᠵᠡᠭᠡᠢ ᠠᠬᠢᠭᠤᠯᠪᠠ      ᠡᠨᠡ ᠵᠢᠯ ᠠᠴᠠ ᠨᠠᠭᠠᠰᠢ ᠂ ᠮᠠᠨ ᠤ ᠣᠷᠣᠨ ︽ᠤᠰᠤᠨ ᠤ ᠬᠡᠮᠵᠢᠶ᠎ᠡ ᠶᠢ ᠦᠵᠡᠵᠦ᠂ ᠤᠰᠤ ᠪᠠᠷ ᠠᠮᠤ ᠪᠤᠳᠠᠭ᠎ᠠ ᠶᠢ ᠲᠣᠭᠲᠠᠭᠠᠬᠤ︾ ᠶᠢ ᠢᠮᠠᠭᠲᠠ ᠪᠠᠷᠢᠮᠲᠠᠯᠠᠵᠤ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠶᠡᠬᠡᠪᠡᠷ ᠠᠬᠢᠭᠤᠯᠵᠤ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠪᠠ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠡᠷᠴᠢᠮᠯᠢᠭ ᠥᠨᠳᠥᠷ ᠪᠦᠲᠦᠮᠵᠢᠲᠡᠶ ᠬᠥᠭᠵᠢᠯᠲᠡ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃      ᠨᠢᠭᠡᠳᠦᠭᠡᠷ ᠲᠤ ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠶᠡᠭᠡ ᠪᠠᠷ  ᠠᠬᠢᠭᠤᠯᠪᠠ ᠃ ᠪᠥᠬᠦ ᠣᠷᠣᠨ ᠤ ᠤᠰᠤᠨ ᠤ ᠡᠬᠢ ᠪᠠᠶᠠᠯᠢᠭ ᠤᠨ ᠲᠥᠷᠥᠯᠬᠢ ᠪᠠᠶᠢᠳᠠᠯ ᠪᠠ ᠠᠮᠤ ᠪᠤᠳᠠᠭᠠᠨ ᠤ ᠤᠨᠠᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ︽ ᠪᠣᠷᠤᠭᠠᠨ ᠤ ᠤᠰᠤ ᠶᠢ ᠤᠷᠢᠳᠠᠪᠠᠷ ᠠᠰᠢᠭᠯᠠᠵᠤ᠂ ᠭᠠᠵᠠᠷ ᠳᠡᠭᠡᠷᠡᠬᠢ ᠤᠰᠤ ᠶᠢ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠬᠡᠷᠡᠭᠯᠡᠵᠦ᠂ ᠭᠠᠵᠠᠷ ᠳᠣᠣᠷᠠᠬᠢ ᠤᠰᠤ ᠶᠢ ᠬᠡᠷᠡᠭᠯᠡᠬᠦ ᠶᠢ ᠬᠢᠵᠠᠭᠠᠷᠯᠠᠬᠤ︾ ᠣᠨᠣᠯᠵᠢᠬᠤᠨ ᠢ ᠲᠣᠪᠤᠶᠢᠯᠭᠠᠨ᠂ ︽ᠤᠰᠤ ᠠᠷᠪᠢᠯᠠᠵᠤ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ︾ ᠪᠠᠷ ᠬᠠᠷᠠᠯᠲᠠ ᠪᠣᠯᠭᠠᠵᠤ᠂ 12 ᠠᠶᠢᠮᠠᠭ ᠬᠤᠲᠠ ᠶᠢᠨ 60 ᠬᠤᠰᠢᠭᠤ ᠰᠢᠶᠠᠨ ᠳᠤ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠦᠷᠨᠢᠭᠦᠯᠪᠡ ᠃ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠬᠡᠷᠡᠭᠵᠢᠭᠦᠯᠬᠦ ᠲᠥᠰᠥᠯ ᠢ ᠲᠣᠭᠲᠠᠭᠠᠵᠤ᠂ ︽ ᠲᠠᠪᠤ ᠠᠷᠪᠢᠯᠠᠬᠤ︾ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠣᠷᠣᠨ ᠤ ᠰᠢᠯᠵᠢᠮᠡᠯ ᠮᠠᠶ᠋ᠢᠭ ᠤᠨ ᠰᠢᠭᠤᠳ ᠱᠦᠭᠦᠵᠦ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠬᠠᠲᠤᠨ ᠭᠤᠣᠯ ᠤᠨ ᠤᠰᠤ ᠶᠢ ᠲᠠᠲᠠᠵᠤ ᠤᠰᠤ ᠬᠠᠳᠠᠭᠠᠯᠠᠬᠤ ᠶᠢ ᠬᠤᠶᠠᠳᠠᠭᠢ ᠤᠳᠠᠭ᠎ᠠ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠬᠦᠴᠢᠯ ᠱᠦᠯᠲᠦ ᠶᠢ ᠲᠣᠬᠢᠷᠠᠭᠤᠯᠤᠨ ᠡᠵᠡᠮᠳᠡᠬᠦ 3 ᠵᠦᠢᠯ ᠤᠨ ᠮᠡᠷᠭᠡᠵᠢᠯ ᠤᠨ ᠵᠠᠭᠪᠤᠷ ᠢ ᠳ᠋ᠦᠩᠨᠡᠨ ᠳᠡᠯᠭᠡᠷᠡᠭᠦᠯᠵᠦ᠂ ᠮᠠᠨ ᠤ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠣᠷ᠎ᠠ ᠪᠠᠶᠢᠭᠰᠠᠨ ᠠᠴᠠ ᠠᠷᠪᠢᠲᠠᠢ ᠡᠷᠴᠢᠮᠯᠢᠭ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠤ᠂ ᠡᠨᠡ ᠵᠢᠯ ᠪᠥᠬᠦ ᠣᠷᠣᠨ ᠳᠤ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠪᠡ ᠃      ᠬᠤᠶᠠᠳᠤᠭᠠᠷ ᠲᠤ ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠪᠠ ᠃ ᠪᠥᠬᠦ ᠣᠷᠣᠨ ᠳᠤ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠣᠷᠣᠨ ᠳᠤ 1.25 ᠳ᠋ᠦᠩᠰᠢᠭᠤᠷ ᠮᠦ ᠤᠳᠠᠭ᠎ᠠ ᠬᠦᠷᠦᠰᠦ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ 400 ᠲᠦᠮᠡᠨ ᠮᠦ ᠰᠢᠷ᠎ᠠ ᠪᠤᠷᠴᠠᠭ ᠤᠨ ᠦᠨᠳᠦᠰᠦ ᠶᠢᠨ ᠪᠡᠲᠡᠭᠢ ᠶᠢᠨ ᠪᠠᠺᠲ᠋ᠧᠷᠢᠲᠦ ᠡᠮ᠂ 225 ᠲᠦᠮᠡᠨ ᠮᠦ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠬᠤ ︽ᠭᠤᠷᠪᠠᠨ ᠰᠢᠨ᠎ᠡ︾ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠥᠷᠨᠢᠭᠦᠯᠬᠦ ᠶᠢ ᠲᠡᠮᠵᠢᠪᠡ ᠃ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠢᠵᠢ ᠪᠦᠷᠢᠯᠳᠦᠭᠦᠯᠵᠦ᠂ ᠣᠷᠭᠠᠨᠢᠭ ᠣᠷᠭᠠᠨᠢᠭ ᠪᠤᠰᠤ ᠠᠭᠤᠰᠤᠯᠴᠠᠭᠤᠯᠵᠤ᠂ ᠨᠠᠶᠢᠷᠠᠯᠭ᠎ᠠ ᠲᠠᠢ ᠪᠣᠷᠳᠣᠭᠤᠷ ᠢ ᠰᠢᠨ᠎ᠡ ᠬᠡᠯᠪᠡᠷᠢ ᠶᠢᠨ ᠪᠣᠷᠳᠣᠭᠤᠷ ᠲᠠᠢ ᠬᠠᠷᠢᠯᠴᠠᠨ ᠨᠥᠬᠦᠪᠦᠷᠢᠯᠡᠬᠦ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢ ᠳᠡᠯᠭᠡᠷᠡᠭᠦᠯᠵᠦ ᠂ ᠨᠠᠶᠢᠷᠠᠯᠭ᠎ᠠ ᠲᠠᠢ ᠪᠣᠷᠳᠣᠭᠤᠷ ᠢ 5834 ᠲᠦᠮᠡᠨ ᠮᠦ  ᠳᠤ ᠬᠡᠷᠡᠭᠯᠡᠪᠡ ᠃ ᠬᠦᠨᠳᠦ ᠶᠡᠭᠡ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ᠢ ᠲᠣᠭᠲᠠᠭᠠᠵᠤ᠂ ᠪᠥᠬᠦ ᠣᠷᠣᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠠᠨᠳᠤᠰᠢ ᠶᠢᠨ ᠨᠡᠶᠢᠭᠡᠮᠯᠢᠭ ᠬᠤᠳᠠᠯᠳᠤᠭᠠᠨ ᠤ ᠡᠪᠯᠡᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ ᠵᠠᠰᠠᠬᠤ ᠲᠠᠯᠠᠪᠠᠶ ᠶᠢᠨ ᠡᠭᠦᠷᠭᠡ ᠶᠢ ᠲᠣᠰ ᠲᠣᠰ 5000 ᠲᠦᠮᠡᠨ ᠮᠦ ᠵᠠᠳᠠᠯᠤᠨ ᠪᠠᠭᠤᠯᠭᠠᠵᠤ᠂ ᠪᠥᠬᠦ ᠣᠷᠣᠨ ᠳᠤ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠯᠠᠪᠠᠶ 1478 ᠲᠦᠮᠡᠨ ᠮᠦ᠂ ᠨᠢᠭᠡᠳᠦᠯᠲᠡᠢ ᠰᠡᠷᠭᠡᠶᠢᠯᠡᠨ ᠵᠠᠰᠠᠬᠤ ᠲᠠᠯᠠᠪᠠᠶ 1310 ᠲᠦᠮᠡᠨ ᠮᠦ ᠪᠡᠶᠡᠯᠡᠭᠦᠯᠪᠡ ᠃      ᠭᠤᠷᠪᠠᠳᠤᠭᠠᠷ ᠲᠤ ᠂ ᠠᠮᠢ ᠠᠬᠤᠢ ᠶᠢᠨ ᠮᠠᠯ ᠠᠵᠤ ᠠᠬᠤᠢ ᠶᠢ ᠴᠢᠨᠠᠷ ᠰᠠᠶᠢᠲᠠᠢ ᠬᠦᠭᠵᠢᠭᠦᠯᠪᠡ ᠃ ᠭᠤᠷᠪᠠᠳᠤᠭᠠᠷ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ 9.7 ᠳ᠋ᠦᠩᠰᠢᠭᠤᠷ ᠮᠦ ᠲᠠᠯ᠎ᠠ ᠨᠤᠲᠤᠭ ᠢ ︽ᠴᠠᠯᠢᠩ ᠲᠠᠢ ᠪᠠᠷ ᠠᠮᠠᠷᠠᠬᠤ︾ ᠪᠣᠯᠭᠠᠪᠠ᠃ ᠪᠠᠷᠠᠭᠤᠨ ᠦᠵᠦᠮᠦᠴᠢᠨ ᠬᠤᠰᠢᠭᠤ᠂ ᠵᠠᠯᠠᠶᠢᠳ ᠬᠤᠰᠢᠭᠤ᠂ ᠵᠠᠷᠤᠳ ᠬᠤᠰᠢᠭᠤᠨ ᠳᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠢ ᠥᠷᠨᠢᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠠᠵᠤ ᠦᠶᠢᠯᠡᠰᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠵᠢᠱᠢᠶ᠎ᠡ ᠦᠵᠡᠭᠦᠯᠦᠨ ᠲᠠᠶᠢᠴᠢᠯᠠᠪᠠ ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠬᠦᠴᠦᠨ ᠵᠦᠢᠯ ᠢᠶᠠᠷ ᠪᠠᠲᠤᠯᠠᠬᠤ ᠪᠠᠷ ᠳᠠᠮᠵᠢᠭᠤᠯᠤᠨ᠂ ᠨᠣᠭᠤᠭᠠᠨ ᠳᠠᠷᠤᠰᠢ ᠡᠷᠳᠡᠨᠢ ᠰᠢᠰᠢ᠂ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ᠂ ᠠᠯᠢᠰᠤ ᠵᠡᠷᠭᠡ ᠴᠢᠨᠠᠷ ᠰᠠᠶᠢᠲᠠᠢ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ 1628 ᠲᠦᠮᠡᠨ ᠮᠦ ᠳᠤ ᠬᠦᠷᠦᠭᠦᠯᠪᠡ ᠃ ᠬᠥᠯᠥᠨ ᠪᠤᠶᠢᠷ᠂ ᠰᠢᠯᠢ ᠶᠢᠨ ᠭᠤᠣᠯ ᠬᠤᠶᠠᠷ ᠶᠡᠭᠡ ᠮᠠᠯᠵᠢᠬᠤ ᠣᠷᠣᠨ ᠳᠤ ᠣᠷᠣᠨ ᠪᠦᠰᠡ ᠶᠢᠨ ᠬᠡᠯᠪᠡᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠦᠬᠡᠷ ᠬᠤᠨᠢᠨ ᠤ ᠬᠠᠰᠢᠶᠠᠯᠠᠨ ᠲᠡᠵᠢᠭᠡᠬᠦ ᠲᠡᠵᠢᠭᠡᠯ ᠡᠪᠡᠰᠦ ᠪᠣᠷᠳᠤᠭᠠᠨ ᠤ ᠪᠠᠲᠤᠯᠠᠭ᠎ᠠ ᠶᠢ ᠴᠢᠩᠭᠠᠳᠬᠠᠪᠠ ᠃      ᠳᠥᠷᠪᠡᠳᠦᠭᠡᠷ ᠲᠤ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠬᠢᠷᠢ ᠲᠦᠪᠰᠢᠨ ᠢ ᠲᠡᠭᠡᠭᠰᠢᠯᠡᠭᠦᠯᠪᠡ ᠃ ︽ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠴᠢᠩᠭᠠᠳᠬᠠᠬᠤ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠪᠦᠷᠬᠦᠪᠴᠢ ᠲᠠᠢ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠶᠢ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠣᠯᠭᠤᠬᠤ ᠯᠤᠭ᠎ᠠ ᠬᠠᠷᠢᠯᠴᠠᠨ ᠬᠤᠯᠪᠣᠭᠳᠠᠭᠤᠯᠬᠤ ᠶᠢ ᠬᠤᠶᠠᠷ ᠵᠢᠯ ᠳᠠᠷᠠᠭᠠᠯᠠᠨ ᠪᠡᠶᠡᠯᠡᠭᠦᠯᠵᠦ᠂ ︽ᠲᠣᠰᠬᠤᠨ ᠭᠠᠴᠠᠭ᠎ᠠ ᠬᠤᠷᠢᠶᠠᠨ ᠴᠤᠭᠯᠠᠭᠤᠯᠬᠤ᠂ ᠰᠢᠶᠠᠩ ᠪᠠᠯᠭᠠᠰᠤ ᠲᠥᠪᠯᠡᠷᠡᠭᠦᠯᠬᠦ᠂ ᠠᠵᠤ ᠠᠬᠤᠶᠢᠯᠠᠯ ᠬᠤᠷᠢᠶᠠᠨ ᠠᠪᠴᠤ ᠰᠢᠢᠳᠪᠦᠷᠢᠯᠡᠬᠦ︾ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠪᠥᠬᠦ ᠶᠠᠪᠤᠴᠠ ᠳᠤ ᠬᠤᠷᠢᠶᠠᠨ ᠠᠪᠬᠤ ᠲᠣᠣᠷ ᠰᠦᠯᠵᠢᠶ᠎ᠡ ᠶᠢ ᠪᠠᠶᠢᠭᠤᠯᠵᠤ᠂ ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ  ᠠᠴᠠ ᠰᠠᠯᠭᠠᠬᠤ ᠠᠰᠠᠭᠤᠳᠠᠯ ᠢ ᠰᠢᠢᠳᠪᠦᠷᠢᠯᠡᠪᠡ ᠃ ᠤᠯᠤᠰ ᠤᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠵᠦ᠂ 8 ᠦᠢᠯᠡᠳᠪᠦᠷᠢ ᠶᠢᠨ 22 ᠪᠥᠬᠦ ᠠᠮᠢᠳᠤ ᠪᠣᠳᠠᠰ ᠤᠨ ᠵᠠᠳᠠᠷᠠᠮᠠᠲᠠᠭᠠᠢ ᠰᠦᠯᠢᠶᠥᠦ ᠪᠦᠷᠬᠦᠪᠴᠢ ᠶᠢᠨ ᠪᠦᠲᠦᠭᠡᠭᠳᠡᠬᠦᠨ ᠢ ᠰᠣᠩᠭᠤᠨ᠂ 7 ᠠᠶᠢᠮᠠᠭ ᠬᠤᠲᠠ ᠶᠢᠨ 12 ᠬᠤᠰᠢᠭᠤ ᠰᠢᠶᠠᠨ ᠳᠤ ᠰᠢᠯᠭᠠᠨ ᠨᠤᠲᠠᠯᠠᠵᠤ ᠦᠨᠡᠯᠡᠬᠦ ᠠᠵᠢᠯ ᠢ ᠥᠷᠨᠢᠭᠦᠯᠵᠦ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠠᠷᠢᠮᠠᠯ ᠳᠤ ᠲᠣᠬᠢᠷᠠᠬᠤ ᠪᠥᠬᠦ ᠠᠮᠢᠳᠤ ᠪᠣᠳᠠᠰ ᠤᠨ ᠵᠠᠳᠠᠷᠠᠮᠠᠲᠠᠭᠠᠢ ᠰᠦᠯᠢᠶᠥᠦ ᠪᠦᠷᠬᠦᠪᠴᠢ ᠶᠢᠨ ᠪᠦᠲᠦᠭᠡᠭᠳᠡᠬᠦᠨ ᠢ ᠰᠢᠯᠢᠨ ᠰᠣᠩᠭᠤᠵᠤ᠂ ᠰᠦᠯᠢᠶᠥᠦ ᠪᠦᠷᠬᠦᠪᠴᠢ ᠶᠢ ᠬᠡᠷᠡᠭᠯᠡᠬᠦ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠨ ᠣᠷᠣᠯᠠᠭᠤᠯᠬᠤ ᠶᠢ ᠲᠦᠷᠭᠡᠳᠬᠡᠨ ᠠᠬᠢᠭᠤᠯᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠦᠯᠡᠳᠡᠭᠳᠡᠯ ᠪᠦᠷᠬᠦᠪᠴᠢ ᠶᠢᠨ ᠬᠤᠷᠢᠶᠠᠨ ᠠᠪᠬᠤ ᠨᠣᠷᠮ᠎ᠠ ᠶᠢ 81%  ᠠᠴᠠ ᠳᠡᠭᠡᠭᠰᠢ ᠳᠤ ᠬᠦᠷᠦᠭᠦᠯᠵᠡᠢ ᠃      ᠣᠶᠢᠷ᠎ᠠ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠠᠬᠢᠨᠲᠠ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠭᠠᠵᠠᠷ ᠰᠢᠷᠣᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠦᠷ᠎ᠡ ᠶᠢᠨ ᠢᠷᠡᠯᠲᠡ᠂ ᠤᠰᠤ᠂ ᠡᠪᠡᠰᠦ ᠵᠡᠷᠭᠡ ᠲᠠᠯ᠎ᠠ ᠠᠴᠠ ᠭᠠᠷᠳᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠲᠣᠭᠲᠠᠭᠤᠨ ᠢᠶᠠᠷ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭᠠᠨᠢᠭ ᠨᠡᠷᠡᠲᠦ ᠲᠥᠷᠥᠯ ᠲᠡᠮᠳᠡᠭᠲᠦ ᠶᠢᠨ ᠴᠣᠭᠴᠠᠯᠠᠯᠲᠠ ᠶᠢ ᠰᠠᠶᠢᠲᠤᠷ ᠠᠳᠬᠤᠵᠤ᠂  ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠲᠠᠢ ᠠᠵᠢᠯ ᠤᠨ ᠬᠠᠷᠠᠯᠲᠠ ᠡᠭᠦᠷᠭᠡ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠭᠡᠳ ᠨᠢᠭᠡ ᠪᠠᠷ ᠪᠣᠲᠠᠲᠠᠶᠢᠵᠢᠭᠤᠯᠵᠤ ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠳᠡᠭᠡᠷᠡᠬᠢ ᠪᠣᠯ ᠳᠠᠷᠤᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢᠨ ᠦᠨᠳᠦᠰᠦᠨ ᠪᠠᠶᠢᠳᠠᠯ ᠪᠣᠯᠣᠨ᠎ᠠ᠂ ᠳᠣᠣᠷ᠎ᠠ᠂ ᠰᠤᠷᠪᠤᠯᠵᠢᠯᠠᠭᠴᠢ ᠨᠠᠶᠢᠵᠠ ᠨᠠᠷ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠲᠤᠬᠠᠢ ᠠᠰᠠᠭᠤᠯᠲᠠ ᠳᠤᠷᠠᠳᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠯᠤᠰ ᠤᠨ ᠴᠢᠬᠤᠯᠠ            ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ            ᠰᠠᠭᠤᠷᠢᠨ ᠭᠠᠵᠠᠷ ᠢ ᠬᠡᠮᠵᠢᠶ᠎ᠡ ᠶᠡᠭᠡ ᠴᠢᠨᠠᠷ ᠰᠢᠯᠢᠳᠡᠭ ᠪᠦᠲᠦᠭᠡᠨ ᠪᠠᠶᠢᠭᠤᠯᠬᠤ︾            ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ      ᠲᠠᠷᠢᠶᠠᠴᠢᠨ ᠤ ᠡᠳᠦᠷ ᠤᠨ ᠰᠣᠨᠢᠨ ᠤ ᠰᠤᠷᠪᠤᠯᠵᠢᠯᠠᠭᠴᠢ ᠄ ᠡᠨᠡ ᠵᠢᠯ ᠮᠠᠨ ᠤ ᠣᠷᠣᠨ 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠲᠠᠷᠢᠶᠠᠯᠠᠩ ᠤᠨ ᠤᠰᠤ ᠠᠷᠪᠢᠯᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠳᠡᠭ ᠢ ᠪᠢᠳᠡ ᠠᠩᠬᠠᠷᠤᠯ ᠳᠠᠭᠠᠨ ᠠᠪᠤᠪᠠ ᠃ ᠲᠡᠭᠡᠪᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠳᠤᠮᠳᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠪᠡᠶᠡᠯᠡᠭᠦᠯᠬᠦ ᠪᠣᠶ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠦᠷᠦᠰᠦ ᠰᠢᠷᠣᠢ ᠪᠣᠷᠳᠣᠭᠤᠷ ᠤᠨ ᠭᠠᠵᠠᠷ ᠤᠨ ᠳᠡᠳ᠋ ᠳᠠᠷᠤᠭ᠎ᠠ ᠭᠤᠸ ᠹᠠᠨ ᠱᠧᠨ᠄ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠪᠠᠶᠢᠳᠠᠯ ᠢ ᠲᠤᠰᠬᠠᠶᠢᠯᠠᠨ ᠪᠠᠶᠢᠴᠠᠭᠠᠨ ᠦᠵᠡᠵᠦ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ︾ ᠶᠢ ᠪᠠᠷᠢᠮᠲᠠᠯᠠᠨ᠂ ᠶᠡᠭᠡ ᠤᠰᠤ ᠪᠠᠷ ᠨᠡᠯᠦᠶᠢᠳᠡᠯ᠎ᠡ ᠤᠰᠤᠯᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠶᠢᠨ ᠵᠢᠭᠠᠪᠤᠷᠢ ᠴᠣᠬᠤᠯᠠᠪᠤᠷᠢ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠬᠡᠯᠪᠡᠷᠢ ᠶᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠣᠷ᠎ᠠ ᠪᠠᠶᠢᠭᠰᠠᠨ ᠠᠴᠠ ᠡᠷᠴᠢᠮᠵᠢᠭᠦᠯᠦᠨ ᠠᠷᠪᠢᠯᠠᠬᠤ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠪᠥᠬᠦ ᠣᠷᠣᠨ ᠤ ᠲᠠᠷᠢᠶᠠᠯᠠᠩ ᠤᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠬᠠᠷᠠᠯᠲᠠ ᠶᠢ ᠰᠤᠳᠤᠯᠤᠨ ᠲᠣᠭᠲᠠᠭᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠂ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠣᠯᠤᠨ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠵᠡᠷᠭᠡ ᠴᠢᠬᠤᠯᠠ ᠶᠡᠭᠡ ᠲᠦᠷᠦᠯ ᠵᠦᠢᠯ ᠳᠤ ᠂ ᠢᠨᠵᠧᠨᠧᠷᠢᠩ ᠤᠨ ᠤᠰᠤ ᠠᠷᠪᠢᠯᠠᠬᠤ ᠂ ᠲᠠᠷᠢᠶᠠᠯᠠᠩ ᠤᠨ ᠮᠡᠷᠭᠡᠵᠢᠯ ᠢ ᠰᠢᠯᠢᠳᠡᠭᠵᠢᠭᠦᠯᠬᠦ ᠤᠰᠤ ᠠᠷᠪᠢᠯᠠᠬᠤ ᠂ ᠲᠦᠷᠦᠯ ᠵᠦᠢᠯ ᠢ ᠰᠣᠩᠭᠤᠵᠤ ᠤᠰᠤ ᠠᠷᠪᠢᠯᠠᠬᠤ ᠂ ᠪᠦᠲᠦᠴᠡ ᠶᠢ ᠲᠣᠬᠢᠷᠠᠭᠤᠯᠵᠤ ᠤᠰᠤ ᠠᠷᠪᠢᠯᠠᠬᠤ ᠂ ᠲᠣᠭᠲᠠᠴᠠ ᠪᠠᠷ ᠤᠰᠤ ᠠᠷᠪᠢᠯᠠᠬᠤ ᠶᠢ ᠠᠳᠬᠤᠬᠤ ︽ ᠲᠠᠪᠤ ᠠᠷᠪᠢᠯᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠪᠦᠬᠦ ᠣᠷᠣᠨ ᠤ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 3273 ᠲᠦᠮᠡᠨ ᠮᠦ ᠳᠤ ᠬᠦᠷᠭᠡᠵᠦ ᠂ ᠪᠦᠬᠦ ᠵᠢᠯ ᠳᠤ 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠠᠷᠪᠢᠯᠠᠬᠤ ᠶᠢ ᠪᠡᠶᠡᠯᠡᠭᠦᠯᠦᠨ᠎ᠡ ᠃ ᠪᠣᠳᠠᠲᠠᠢ ᠠᠷᠭ᠎ᠠ ᠬᠡᠮᠵᠢᠶ᠎ᠡ ᠨᠢ ᠳᠣᠣᠷᠠᠬᠢ ᠮᠡᠲᠦ᠄      ᠨᠢᠭᠡ ᠳᠤ ᠢᠨᠵᠧᠨᠧᠷᠢᠩ ᠪᠠᠶᠢᠭᠤᠯᠬᠤ ᠳᠤ ᠤᠰᠤ ᠠᠷᠪᠢᠯᠠᠨ᠎ᠠ᠃ ᠰᠢᠨ᠎ᠡ ᠪᠠᠷ ᠪᠠᠶᠢᠭᠤᠯᠬᠤ ᠲᠠᠷᠢᠶᠠᠨ ᠭᠠᠵᠠᠷ ᠤᠨ ᠢᠨᠵᠧᠨᠧᠷᠢᠩ ᠤᠨ ᠤᠰᠤ ᠠᠷᠪᠢᠯᠠᠬᠤ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠵᠦ ᠂ ᠡᠨᠡ ᠵᠢᠯ ᠤᠰᠤ ᠠᠷᠪᠢᠯᠠᠬᠤ ᠢᠨᠵᠧᠨᠧᠷᠢᠩ ᠢ 158 ᠲᠦᠮᠡᠨ ᠮᠦ ᠂ ᠤᠰᠤ ᠠᠷᠪᠢᠯᠠᠬᠤ ᠢᠨᠵᠧᠨᠧᠷᠢᠩ ᠢ 1.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠰᠢᠨ᠎ᠡ ᠪᠠᠷ ᠨᠡᠮᠡᠭᠳᠡᠭᠦᠯᠦᠨ᠎ᠡ ᠃ ᠡᠭᠦᠨ ᠳᠤ᠂ ᠭᠠᠵᠠᠷ ᠰᠢᠷᠣᠢ ᠶᠢ ᠲᠡᠭᠰᠢᠯᠡᠬᠦ ᠰᠤᠪᠠᠭ ᠤᠨ ᠳᠣᠲᠣᠷᠯᠠᠭᠰᠠᠨ ᠭᠠᠵᠠᠷ ᠤᠨ ᠭᠠᠳᠠᠷᠭᠤ ᠶᠢᠨ ᠤᠰᠤ ᠪᠠᠷ 39 ᠲᠦᠮᠡᠨ ᠮᠦ ᠤᠰᠤᠯᠠᠵᠤ᠂ ᠮᠦ ᠪᠦᠷᠢ ᠶᠢᠨ ᠳᠤᠮᠳᠠᠴᠢ ᠤᠰᠤ ᠨᠢ ᠪᠠᠷᠤᠭ 20 ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠪᠠᠶᠠᠨᠨᠠᠭᠤᠷ ᠬᠤᠲᠠ᠂ ᠬᠢᠩᠭᠠᠨ ᠠᠶᠢᠮᠠᠭ ᠵᠡᠷᠭᠡ 6 ᠠᠶᠢᠮᠠᠭ ᠬᠤᠲᠠ ᠳᠤ ᠲᠠᠷᠬᠠᠵᠤ ᠪᠣᠶ︔ ᠨᠡᠯᠦᠩᠬᠡᠢ ᠤᠰᠤᠯᠠᠯᠲᠠ ᠶᠢ 103 ᠲᠦᠮᠡᠨ ᠮᠦ ᠳᠤ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠵᠦ᠂ ᠮᠦ ᠪᠦᠷᠢ ᠶᠢᠨ ᠳᠤᠮᠳᠠᠴᠢ ᠤᠰᠤ ᠠᠷᠪᠢᠯᠠᠬᠤ ᠬᠡᠮᠵᠢᠶ᠎ᠡ  ᠨᠢ ᠪᠠᠷᠤᠭ 150 ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠤᠯᠠᠭᠠᠨᠬᠠᠳᠠ ᠬᠤᠲᠠ᠂ ᠬᠥᠬᠡᠬᠤᠲᠠ ᠵᠡᠷᠭᠡ 8 ᠠᠶᠢᠮᠠᠭ ᠬᠤᠲᠠ ᠳᠤ ᠲᠠᠷᠬᠠᠵᠤ ᠪᠣᠶ︔ ᠬᠠᠲᠤᠨ ᠭᠤᠣᠯ ᠤᠨ ᠤᠰᠤ ᠶᠢ ᠲᠠᠲᠠᠵᠤ 15 ᠲᠦᠮᠡᠨ ᠮᠦ ᠶᠢ ᠳᠤᠰᠤᠯᠭᠠᠨ ᠤᠰᠤᠯᠠᠵᠤ᠂ ᠮᠦ ᠪᠦᠷᠢ ᠶᠢᠨ ᠳᠤᠮᠳᠠᠴᠢ ᠤᠰᠤ ᠠᠷᠪᠢᠯᠠᠬᠤ ᠬᠡᠮᠵᠢᠶ᠎ᠡ ᠨᠢ ᠪᠠᠷᠤᠭ 66 ᠳᠥᠷᠪᠡᠯᠵᠢᠨ ᠮᠧᠲᠷ ᠪᠠᠶᠢᠵᠤ᠂ ᠪᠠᠶᠠᠨᠨᠠᠭᠤᠷ ᠬᠤᠲᠠ ᠪᠠ ᠣᠷᠳᠣᠰ ᠬᠤᠲᠠ ᠳᠤ ᠲᠦᠪᠯᠡᠷᠡᠵᠦ ᠪᠠᠶᠢᠨ᠎ᠠ ᠃      ᠬᠤᠶᠠᠷ ᠲᠤ ᠲᠠᠷᠢᠶᠠᠯᠠᠩ ᠤᠨ ᠮᠡᠷᠭᠡᠵᠢᠯ ᠢ ᠰᠢᠯᠢᠳᠡᠭᠵᠢᠭᠦᠯᠵᠦ ᠤᠰᠤ ᠠᠷᠪᠢᠯᠠᠨ᠎ᠠ ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠠᠷᠢᠶᠠᠯᠠᠩ ᠤᠨ ᠮᠡᠷᠭᠡᠵᠢᠯ ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠶᠡᠬᠡᠪᠡᠷ ᠳᠡᠯᠭᠡᠷᠡᠭᠦᠯᠵᠦ ᠂ ᠤᠰᠤ ᠪᠣᠷᠳᠣᠭᠤᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠳᠠᠮᠵᠢᠭᠤᠯᠤᠨ ᠂ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠠᠯᠠᠪᠠᠢ ᠶᠢ 134 ᠲᠦᠮᠡᠨ ᠮᠦ ᠳᠤ ᠰᠢᠨ᠎ᠡ ᠪᠠᠷ ᠨᠡᠮᠡᠭᠳᠡᠭᠦᠯᠦᠨ ᠳᠡᠯᠭᠡᠷᠡᠭᠦᠯᠵᠦ ᠂ 1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠤᠰᠤ ᠠᠷᠪᠢᠯᠠᠨ᠎ᠠ ᠃ ᠡᠭᠦᠨ ᠳᠤ᠂ ᠬᠤᠭᠤᠯᠠᠢ ᠪᠠᠷ ᠤᠰᠤᠯᠠᠬᠤ ᠶᠢ ᠦᠭᠡᠷᠡᠴᠢᠯᠡᠨ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ 38 ᠲᠦᠮᠡᠨ ᠮᠦ᠂ ᠮᠦ ᠪᠦᠷᠢ ᠳᠤ ᠳᠤᠮᠳᠠᠴᠢ ᠪᠠᠷ ᠪᠠᠷᠤᠭ 105 ᠳᠥᠷᠪᠡᠯᠵᠢᠨ ᠮᠧᠲᠷ ᠤᠰᠤ ᠠᠷᠪᠢᠯᠠᠵᠤ᠂ ᠭᠤᠣᠯᠳᠠᠭᠤ ᠤᠯᠠᠭᠠᠨᠬᠠᠳᠠ ᠬᠤᠲᠠ᠂ ᠬᠥᠬᠡᠬᠤᠲᠠ ᠵᠡᠷᠭᠡ 8 ᠠᠶᠢᠮᠠᠭ ᠬᠤᠲᠠ ᠳᠤ ᠲᠠᠷᠬᠠᠵᠤ ᠪᠣᠶ︔ ᠬᠠᠲᠤᠨ ᠭᠤᠣᠯ ᠤᠨ ᠤᠰᠤ ᠶᠢ ᠰᠢᠯᠵᠢᠭᠦᠯᠦᠨ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ 95.9 ᠲᠦᠮᠡᠨ ᠮᠦ᠂ ᠮᠦ ᠪᠦᠷᠢ ᠳᠤ ᠳᠤᠮᠳᠠᠴᠢ ᠪᠠᠷ ᠪᠠᠷᠤᠭ 66 ᠳᠥᠷᠪᠡᠯᠵᠢᠨ ᠮᠧᠲᠷ ᠤᠰᠤ ᠠᠷᠪᠢᠯᠠᠵᠤ᠂ ᠭᠤᠣᠯᠳᠠᠭᠤ ᠪᠠᠶᠠᠨᠨᠠᠭᠤᠷ ᠬᠤᠲᠠ᠂ ᠣᠷᠳᠣᠰ ᠬᠤᠲᠠ ᠪᠠ ᠬᠥᠬᠡᠬᠤᠲᠠ ᠳᠤ ᠲᠠᠷᠬᠠᠵᠤ ᠪᠠᠶᠢᠨ᠎ᠠ᠃      ᠭᠤᠷᠪᠠ ᠳᠤ ᠡᠭᠦᠯᠳᠡᠷ ᠢ ᠰᠣᠩᠭᠤᠵᠤ ᠤᠰᠤ ᠠᠷᠪᠢᠯᠠᠨ᠎ᠠ ᠃ ᠤᠰᠤ ᠠᠷᠪᠢᠯᠠᠵᠤ ᠭᠠᠩ ᠲᠠᠢ ᠲᠡᠮᠡᠴᠡᠬᠦ ᠡᠭᠦᠯᠳᠡᠷ ᠢ ᠰᠢᠯᠢᠳᠡᠭᠴᠢᠯᠡᠨ ᠰᠤᠩᠭᠤᠵᠤ ᠂ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠭᠠᠩ ᠲᠠᠢ ᠲᠡᠮᠡᠴᠡᠬᠦ ᠰᠢᠨ᠎ᠡ ᠡᠭᠦᠯᠳᠡᠷ ᠢ ᠳᠡᠯᠭᠡᠷᠡᠭᠦᠯᠵᠦ᠂ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠦᠯᠬᠦ ᠲᠠᠯᠠᠪᠠᠶ ᠶᠢ 120 ᠲᠦᠮᠡᠨ ᠮᠦ᠂ ᠰᠢᠨ᠎ᠡ ᠪᠠᠷ ᠨᠡᠮᠡᠭᠳᠡᠭᠦᠯᠬᠦ ᠤᠰᠤ ᠠᠷᠪᠢᠯᠠᠬᠤ ᠲᠠᠯᠠᠪᠠᠶ ᠶᠢ 0.12 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠨᠡᠮᠡᠭᠳᠡᠭᠦᠯᠵᠦ᠂ ᠭᠤᠣᠯᠳᠠᠭᠤ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠬᠢᠩᠭᠠᠨ ᠠᠶᠢᠮᠠᠭ ᠵᠡᠷᠭᠡ 7 ᠠᠶᠢᠮᠠᠭ ᠬᠤᠲᠠ ᠳᠤ ᠪᠠᠶᠢᠷᠢᠯᠠᠭᠤᠯᠤᠨ᠎ᠠ᠃      ᠳᠥᠷᠪᠡ ᠳᠤ ᠪᠦᠲᠦᠴᠡ ᠶᠢ ᠲᠣᠬᠢᠷᠠᠭᠤᠯᠤᠨ ᠤᠰᠤ ᠠᠷᠪᠢᠯᠠᠨ᠎ᠠ ᠃ ᠤᠰᠤᠨ ᠤ ᠡᠬᠢ ᠪᠠᠶᠠᠯᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠤᠰᠤᠨ ᠤ ᠪᠠᠶᠢᠳᠠᠯ ᠳᠤᠨᠢ ᠲᠣᠬᠢᠷᠠᠭᠤᠯᠤᠨ ᠪᠠᠶᠢᠷᠢᠯᠠᠭᠤᠯᠬᠤ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠬᠦ᠂ ᠤᠰᠤᠨ ᠳᠤ ᠲᠣᠬᠢᠷᠠᠭᠤᠯᠤᠨ ᠳᠠᠷᠢᠬᠤ ᠬᠥᠭᠵᠢᠯᠲᠡ ᠶᠢᠨ ᠣᠨᠣᠯᠵᠢᠬᠤᠨ ᠢ ᠳᠣᠪᠤᠶᠢᠯᠭᠠᠵᠤ᠂ ᠤᠯᠤᠰ ᠤᠨ ᠪᠤᠷᠴᠠᠭ ᠢ ᠥᠷᠭᠡᠳᠬᠡᠬᠦ᠂ ᠲᠣᠰᠣᠯᠢᠭ ᠲᠠᠷᠢᠮᠠᠯ ᠢ ᠥᠷᠭᠡᠳᠬᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠵᠡᠷᠭᠡ ᠬᠥᠲᠥᠯᠥᠨ ᠵᠢᠯᠤᠭᠤᠳᠬᠤ ᠠᠷᠭ᠎ᠠ ᠬᠡᠮᠵᠢᠶ᠎ᠡ ᠶᠢ ᠠᠪᠴᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ 34 ᠲᠦᠮᠡᠨ ᠮᠦ ᠲᠣᠬᠢᠷᠠᠭᠤᠯᠤᠨ ᠪᠠᠭᠠᠰᠬᠠᠵᠤ᠂ ᠤᠰᠤ ᠠᠷᠪᠢᠯᠠᠬᠤ ᠶᠢ 0.17 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠰᠢᠨ᠎ᠡ ᠪᠠᠷ ᠨᠡᠮᠡᠭᠳᠡᠭᠦᠯᠦᠨ᠂ ᠭᠤᠣᠯᠳᠠᠭᠤ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠵᠡᠷᠭᠡ ᠭᠠᠵᠠᠷ ᠳᠣᠣᠷᠠᠬᠢ ᠤᠰᠤ ᠶᠢ ᠬᠡᠲᠦ ᠮᠠᠯᠲᠠᠭᠰᠠᠨ ᠪᠠ ᠠᠮᠢ ᠠᠬᠤᠢ ᠶᠢᠨ ᠵᠠᠰᠠᠯᠲᠠ ᠶᠢᠨ ᠭᠤᠣᠯᠳᠠᠯᠭ᠎ᠠ ᠲᠠᠢ ᠭᠠᠵᠠᠷ ᠣᠷᠣᠨ ᠳᠤ ᠬᠡᠷᠡᠭᠵᠢᠭᠦᠯᠦᠨ᠎ᠡ᠃      ᠲᠠᠪᠤ ᠳᠤ ᠲᠣᠭᠲᠠᠴᠠ ᠶᠢ ᠠᠳᠬᠤᠵᠤ ᠤᠰᠤ ᠠᠷᠪᠢᠯᠠᠨ᠎ᠠ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠤᠨ ᠲᠣᠭᠲᠠᠴᠠ ᠶᠢᠨ ᠤᠰᠤ ᠠᠷᠪᠢᠯᠠᠬᠤ ᠠᠵᠢᠯ ᠢ ᠰᠠᠶᠢᠲᠤᠷ ᠬᠢᠵᠦ ᠂ ᠤᠰᠤ ᠲᠠᠲᠠᠬᠤ ᠶᠢ ᠬᠢᠵᠠᠭᠠᠷᠯᠠᠬᠤ ᠂ ᠪᠣᠯᠪᠠᠰᠤᠷᠠᠯ ᠢ ᠴᠢᠩᠭᠠᠳᠬᠠᠬᠤ ᠂ ᠵᠦᠢ ᠵᠣᠬᠢᠰᠲᠠᠢ ᠤᠰᠤᠯᠠᠬᠤ ᠶᠢ ᠵᠢᠯᠤᠭᠤᠳᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠬᠠᠳᠤᠨ ᠭᠤᠣᠯ ᠤᠨ ᠰᠠᠪᠠ ᠭᠠᠵᠠᠷ ᠤᠨ 839 ᠲᠦᠮᠡᠨ ᠮᠦ ᠨᠠᠮᠤᠷ ᠤᠨ ᠤᠯᠠᠷᠢᠯ ᠤᠨ ︽ ᠬᠤᠭᠤᠷᠰᠤᠨ ᠭᠠᠵᠠᠷ ᠤᠨ ᠤᠰᠤᠯᠠᠯᠲᠠ︾ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠶᠢ ᠰᠠᠶᠢᠲᠤᠷ ᠠᠳᠬᠤᠵᠤ᠂ ᠤᠰᠤ ᠠᠷᠪᠢᠯᠠᠬᠤ ᠶᠢ 0.67 ‍ᠦ᠋ᠩᠰᠢᠭᠤᠷ ᠳᠥᠷᠪᠡᠯᠵᠢᠨ ᠮᠧᠲᠷ ᠣᠷᠴᠢᠮ ᠰᠢᠨ᠎ᠡ ᠪᠠᠷ ᠨᠡᠮᠡᠭᠳᠡᠭᠦᠯᠵᠦ ᠪᠣᠯᠣᠨ᠎ᠠ ᠃      ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠰᠤᠷᠪᠤᠯᠵᠢᠯᠠᠭᠴᠢ ᠄ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠂ ᠭᠠᠵᠠᠷ ᠰᠢᠷᠣᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠦᠷ᠎ᠡ ᠶᠢᠨ ᠢᠷᠡᠯᠲᠡ ᠂ ᠤᠰᠤ ᠂ ᠡᠪᠡᠰᠦ ᠵᠡᠷᠭᠡ ᠲᠠᠯ᠎ᠠ ᠠᠴᠠ ᠭᠠᠷᠳᠠᠵᠤ ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠲᠡᠭᠡᠪᠡᠯ᠂ ᠡᠨᠡ ᠵᠢᠯ ᠮᠠᠨ ᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠴᠢᠩᠭᠠᠳᠬᠠᠬᠤ ᠲᠠᠯ᠎ᠠ ᠪᠠᠷ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠢᠨ ᠯᠢ ᠯᠦᠩ᠄ ᠪᠢᠳᠡ ︽ᠨᠢᠭᠡ ᠬᠡᠰᠡᠭ ᠲᠠᠷᠢᠶ᠎ᠠ ᠂ ᠬᠤᠶᠠᠷ ᠬᠡᠰᠡᠭ ᠭᠠᠵᠠᠷ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠳᠠᠯ ᠢ ᠣᠶᠢᠯᠠᠭᠠᠨ᠂ ᠪᠦᠲᠦᠭᠡᠨ ᠪᠠᠶᠢᠭᠤᠯᠤᠯᠲᠠ ᠬᠢᠵᠦ᠂ ᠭᠠᠵᠠᠷ ᠤᠨ ᠰᠢᠮ᠎ᠡ ᠶᠢ ᠨᠡᠮᠡᠭᠳᠡᠭᠦᠯᠦᠨ᠂ ᠠᠵᠢᠯ ᠢᠶᠠᠨ ᠠᠬᠢᠭᠤᠯᠵᠤ ᠪᠠᠶᠢᠨ᠎ᠠ᠃ ︵︽ ᠲᠠᠷᠢᠶ᠎ᠠ ︾ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ︽ᠭᠠᠵᠠᠷ︾ ᠪᠣᠯ ᠬᠤᠵᠢᠷᠯᠢᠭ ᠭᠠᠵᠠᠷ ᠪᠠ ᠬᠠᠷ᠎ᠠ ᠬᠥᠷᠥᠰᠥᠲᠦ ᠭᠠᠵᠠᠷ᠂ ︽ᠭᠤᠷᠪᠠᠳᠤᠭᠠᠷ ᠤᠳᠠᠭᠠᠨ ᠤ ᠨᠡᠶᠢᠳᠡᠮ  ᠤᠨ ᠪᠠᠶᠢᠴᠠᠭᠠᠯᠲᠠ︾ ᠪᠣᠯ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ︾ ︶ ᠃      ᠡᠩ ᠲᠡᠷᠢᠭᠦᠨ ᠳᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠨ ᠭᠠᠵᠠᠷ ᠤᠨ ᠪᠠᠶᠢᠳᠠᠯ ᠢ ᠲᠣᠳᠣᠷᠬᠠᠢ ᠤᠶᠢᠯᠠᠭᠠᠪᠠ ᠃ ᠮᠠᠨ ᠤ ᠣᠷᠣᠨ ᠤ 45 ᠬᠤᠰᠢᠭᠤ ᠰᠢᠶᠠᠨ ᠢ ᠨᠡᠶᠢᠳᠡᠮ ᠤᠨ ᠪᠠᠶᠢᠴᠠᠭᠠᠯᠲᠠ ᠶᠢᠨ ᠬᠦᠷᠢᠶ᠎ᠡ ᠬᠡᠪᠴᠢᠶᠡᠨ ᠳᠤ ᠵᠢᠭᠰᠠᠭᠠᠨ ᠣᠷᠣᠭᠤᠯᠵᠤ᠂ ︽ᠨᠢᠭᠡ ᠲᠠᠯ᠎ᠠ ᠪᠠᠷ ᠨᠡᠶᠢᠳᠡᠮ ᠪᠠᠶᠢᠴᠠᠭᠠᠵᠤ᠂ ᠨᠢᠭᠡ ᠲᠠᠯ᠎ᠠ ᠪᠠᠷ ᠬᠤᠷᠢᠶᠠᠩᠭᠤᠶᠢᠯᠠᠵᠤ᠂ ᠨᠢᠭᠡ ᠲᠠᠯ᠎ᠠ ᠪᠠᠷ ᠬᠡᠷᠡᠭᠯᠡᠬᠦ︾ ᠵᠠᠷᠴᠢᠮ ᠢ ᠪᠠᠷᠢᠮᠲᠠᠯᠠᠨ᠂ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠠᠯᠬᠤᠮ ᠠᠯᠬᠤᠮ ᠢᠶᠠᠷ ᠣᠶᠢᠯᠠᠭᠠᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠪᠠ ᠃ ᠨᠢᠭᠡ ᠳᠤ ᠠᠩᠬᠠᠷᠤᠯ ᠢᠶᠠᠨ ᠲᠥᠪᠯᠡᠷᠡᠭᠦᠯᠦᠨ ᠤᠷᠢᠳᠠᠪᠠᠷ ᠪᠠᠶᠢᠴᠠᠭᠠᠪᠠ ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠠᠷ᠎ᠠ ᠬᠥᠷᠥᠰᠥᠲᠦ ᠣᠷᠣᠨ᠂ ᠬᠤᠵᠢᠷᠯᠢᠭ ᠣᠷᠣᠨ᠂ ᠬᠠᠲᠤᠨ ᠭᠤᠣᠯ ᠤᠨ ᠰᠠᠪᠠ ᠭᠠᠵᠠᠷ ᠤᠨ ᠣᠷᠣᠨ ᠵᠡᠷᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢ ᠡᠩ ᠲᠡᠷᠢᠭᠦᠨ ᠳᠤ ᠥᠷᠨᠢᠭᠦᠯᠵᠦ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠠᠰᠢᠭᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ ᠃ ᠬᠤᠶᠠᠷ ᠲᠤ ᠦᠨᠡᠯᠡᠯᠳᠡ ᠶᠢ ᠴᠢᠬᠤᠯᠠᠴᠢᠯᠠᠬᠤ ᠶᠢ ᠲᠤᠪᠤᠶᠢᠯᠭᠠᠪᠠ ᠃ ᠬᠥᠷᠥᠰᠥ ᠰᠢᠷᠣᠢ ᠶᠢᠨ ᠶᠠᠰᠤ ᠴᠢᠨᠠᠷ ᠢ ᠪᠠᠶᠢᠴᠠᠭᠠᠨ ᠲᠣᠳᠣᠯᠠᠭᠰᠠᠨ ᠰᠠᠭᠤᠷᠢᠨ ᠳᠡᠭᠡᠷ᠎ᠡ᠂ ᠬᠥᠷᠥᠰᠥ ᠰᠢᠷᠣᠢ ᠶᠢᠨ ᠲᠠᠷᠢᠶᠠᠯᠠᠩ ᠤᠨ ᠠᠰᠢᠭᠯᠠᠯᠲᠠ ᠶᠢᠨ ᠵᠣᠬᠢᠴᠠᠬᠤ ᠴᠢᠨᠠᠷ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠨᠡᠭᠡᠭᠡᠨ ᠬᠥᠭᠵᠢᠭᠦᠯᠬᠦ ᠴᠢᠨᠠᠷ ᠵᠢᠴᠢ ᠲᠠᠷᠢᠶᠠᠨ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠤᠨ ᠦᠨᠡᠯᠡᠯᠲᠡ ᠶᠢ ᠳᠣᠪᠤᠶᠢᠯᠭᠠᠵᠤ᠂ ᠬᠠᠮᠠᠭᠠᠯᠠᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠪᠠ᠃ ᠭᠤᠷᠪᠠ ᠳᠤ ᠥᠨᠳᠥᠷ ᠪᠦᠲᠦᠮᠵᠢᠲᠡᠶ ᠬᠡᠷᠡᠭᠯᠡᠬᠦ ᠳᠤ ᠰᠠᠭᠤᠷᠢᠯᠠᠪᠠ᠃ ᠪᠥᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ︽ ᠬᠤᠷᠢᠶᠠᠩᠭᠤᠢ ᠵᠢᠷᠤᠭ︾ ᠢ ᠪᠠᠶᠢᠭᠤᠯᠤᠨ ᠪᠦᠷᠢᠨᠰᠢᠭᠦᠯᠵᠦ ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠵᠢᠯᠤᠭᠤᠳᠴᠤ ᠪᠠᠶᠢᠭᠠᠳ ᠰᠢᠷᠣᠢ ᠶᠢᠨ ᠪᠠᠶᠢᠳᠠᠯ ᠳᠤᠨᠢ ᠲᠣᠬᠢᠷᠠᠭᠤᠯᠤᠨ ᠳᠠᠷᠢᠵᠤ᠂ ᠭᠠᠵᠠᠷ ᠰᠢᠷᠣᠢ ᠶᠢᠨ ᠪᠠᠶᠢᠳᠠᠯ ᠳᠤᠨᠢ ᠲᠣᠬᠢᠷᠠᠭᠤᠯᠤᠨ ᠬᠥᠷᠥᠰᠥ ᠰᠢᠷᠣᠢ ᠶᠢ ᠥᠭᠡᠷᠡᠴᠢᠯᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠢᠨᠵᠢᠯᠡᠬᠦ ᠤᠬᠠᠭᠠᠨᠴᠢ ᠪᠠᠷ ᠥᠨᠳᠥᠷ ᠦᠷ᠎ᠡ ᠪᠦᠲᠦᠮᠵᠢᠲᠡᠶ ᠪᠠᠷ ᠲᠡᠭᠡᠭᠰᠢᠯᠡᠭᠦᠯᠪᠡ ᠃      ᠬᠤᠶᠠᠳᠤᠭᠠᠷ ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠠᠬᠢᠭᠤᠯᠵᠤ᠂ ᠲᠠᠷᠢᠶᠠᠨ ᠭᠠᠵᠠᠷ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠨᠠᠶᠢᠳᠠᠪᠤᠷᠢᠵᠢᠭᠤᠯᠪᠠ ᠃ 2023 ᠣᠨ ᠳᠤ᠂ ᠤᠯᠤᠰ ᠠᠴᠠ 395 ᠲᠦᠮᠡᠨ ᠮᠦ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠮᠡᠴᠡᠨ ᠣᠯᠵᠤ᠂ ᠵᠢᠯ ᠤᠨ ᠡᠭᠦᠷᠭᠡ ᠶᠢᠨ ᠬᠡᠮᠵᠢᠶ᠎ᠡ ᠨᠢ 15 ᠲᠦᠮᠡᠨ ᠮᠦ ᠠᠴᠠ ᠳᠡᠭᠡᠭᠰᠢᠬᠢ ᠠᠮᠤ ᠪᠤᠳᠠᠭᠠᠨ ᠤ ᠤᠨᠠᠯᠲᠠ ᠶᠢᠨ 20 ᠲᠣᠮᠣ ᠰᠢᠶᠠᠨ ᠢ ᠲᠡᠮᠵᠢᠪᠡ ᠃ ᠠᠵᠢᠯ ᠤᠨ ᠰᠡᠳᠬᠢᠴᠡ ᠳᠤ ︽ᠭᠤᠷᠪᠠ ᠶᠢ ᠲᠥᠪᠯᠡᠷᠡᠭᠦᠯᠬᠦ︾ ᠶᠢ ᠪᠡᠶᠡᠯᠡᠭᠦᠯᠪᠡ ᠂ ᠲᠤᠬᠠᠶᠢᠯᠠᠪᠠᠯ ᠲᠠᠷᠢᠶᠠᠨ ᠭᠠᠵᠠᠷ ᠭᠡᠬᠦ ᠡᠨᠡ ᠬᠦ ︽ᠠᠮᠢᠨ ᠭᠤᠣᠯ ︾ ᠳᠤ ᠠᠩᠬᠠᠷᠤᠯ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠤᠰᠤᠨ ᠠᠰᠢᠭᠯᠠᠯᠲᠠ ᠭᠡᠬᠦ ᠡᠨᠡ ᠬᠦ ︽ᠠᠮᠢᠨ ᠰᠤᠳᠠᠰᠤ︾ ᠳᠤ ᠠᠩᠬᠠᠷᠤᠯ ᠢᠶᠠᠨ ᠲᠥᠪᠯᠡᠷᠡᠭᠦᠯᠦᠨ ᠤᠰᠤ ᠠᠷᠪᠢᠯᠠᠬᠤ ᠶᠢ ᠠᠳᠬᠤᠵᠤ᠂ ᠰᠠᠶᠢᠨ ᠲᠠᠷᠢᠶᠠᠨ ᠭᠠᠵᠠᠷ ᠭᠡᠬᠦ ᠡᠨᠡ ᠬᠦ ︽ᠰᠠᠭᠤᠷᠢ ᠴᠢᠯᠠᠭᠤ︾ ᠳᠤ ᠠᠩᠬᠠᠷᠤᠯ ᠢᠶᠠᠨ ᠲᠥᠪᠯᠡᠷᠡᠭᠦᠯᠦᠨ ᠳᠡᠭᠡᠭᠰᠢᠯᠡᠭᠦᠯᠬᠦ ᠶᠢ ᠠᠳᠬᠤᠪᠠ ᠃ ᠨᠢᠭᠡ ᠳᠤ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠪᠡ ᠃ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠪᠠᠶᠢᠭᠤᠯᠬᠤ᠂ ᠤᠷᠢᠳᠴᠢᠯᠠᠨ ᠭᠠᠵᠠᠷ ᠰᠣᠩᠭᠤᠨ ᠵᠢᠷᠤᠵᠤ ᠲᠥᠯᠥᠪᠯᠡᠬᠦ᠂ ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠬᠦ᠂ ᠭᠠᠵᠠᠷ ᠰᠢᠷᠣᠢ ᠶᠢ ᠲᠡᠭᠰᠢᠯᠡᠬᠦ ᠬᠠᠮ ᠳᠠᠶᠢᠯᠠᠯᠳᠤᠭᠠᠨ ᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ᠠᠵᠢᠯ ᠡᠬᠢᠯᠡᠭᠦᠯᠦᠭᠰᠡᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 37% ᠪᠠᠷ ᠨᠡᠮᠡᠭᠳᠡᠭᠦᠯᠪᠡ ᠃ ᠬᠤᠶᠠᠷ ᠲᠤ ᠶᠠᠰᠤ ᠴᠢᠨᠠᠷ ᠢ ᠳᠡᠭᠡᠭᠰᠢᠯᠡᠭᠦᠯᠵᠦ᠂ ᠶᠡᠷᠦᠩᠬᠡᠢ ᠴᠣᠭᠴᠠ ᠶᠢ ᠬᠠᠮᠢᠶᠠᠷᠤᠭᠰᠠᠨ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾᠂ ᠪᠣᠳᠠᠲᠠᠢ ᠬᠠᠮᠢᠶᠠᠷᠤᠭᠰᠠᠨ ︽ᠶᠠᠰᠤ ᠴᠢᠨᠠᠷ ᠤᠨ ᠠᠷᠪᠠᠨ ᠵᠤᠷᠪᠤᠰ︾᠂ ᠭᠤᠣᠯ ᠴᠣᠭᠴᠠ ᠶᠢ ᠬᠠᠮᠢᠶᠠᠷᠤᠭᠰᠠᠨ ︽ᠢᠲᠡᠭᠡᠮᠵᠢ ᠶᠢᠨ ᠦᠨᠡᠯᠡᠯᠲᠡ ᠶᠢᠨ ᠠᠷᠭ᠎ᠠ︾ ᠶᠢ ᠨᠡᠶᠢᠲᠡᠯᠡᠵᠦ᠂ ᠡᠳᠦᠷ ᠲᠤᠲᠤᠮ ᠤᠨ ᠬᠢᠨᠠᠯᠲᠠ ᠲᠠᠯᠪᠢᠭᠰᠠᠨ ᠰᠠᠭᠤᠷᠢᠨ ᠳᠡᠭᠡᠷ᠎ᠡ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢ ᠦᠷᠭᠦᠯᠵᠢᠯᠡᠨ ᠦᠷᠨᠢᠭᠦᠯᠪᠡ ᠃ ᠭᠤᠷᠪᠠ ᠳᠤ ᠵᠠᠭᠪᠤᠷ ᠤᠨ ᠰᠢᠨ᠎ᠡ ᠶᠢ ᠡᠭᠦᠳᠪᠡ ᠃ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨ᠎ᠡ ᠪᠠᠷ ᠪᠠᠶᠢᠭᠤᠯᠬᠤ︾ ᠪᠦᠲᠦᠭᠡᠨ ᠪᠠᠶᠢᠭᠤᠯᠤᠯᠲᠠ ᠶᠢᠨ ᠵᠠᠭᠪᠤᠷ᠂ ︽ᠨᠢᠭᠡ ᠲᠢᠩᠬᠢᠮ ᠳᠤ ᠨᠡᠶᠢᠳᠡᠮ ᠭᠦᠢᠴᠡᠳᠬᠡᠬᠦ︾ ᠵᠡᠷᠭᠡ ᠦᠢᠯᠡᠴᠢᠯᠡᠭᠡᠨ ᠤ ᠵᠠᠭᠪᠤᠷ᠂ ᠲᠤᠰᠬᠠᠢ ᠲᠠᠩᠰᠠᠨ ᠡᠷᠦᠬᠡ ᠪᠠᠷ ᠬᠠᠮᠢᠶᠠᠷᠬᠤ᠂ ᠮᠥᠩᠭᠦᠨ ᠭᠦᠢᠯᠭᠡᠭᠡᠨ ᠢᠶᠠᠷ ᠳᠡᠮᠵᠢᠬᠦ᠂ ᠣᠯᠠᠨ ᠡᠰᠢᠴᠢᠯᠡᠨ ᠪᠡᠯᠡ ᠴᠤᠭᠯᠠᠭᠤᠯᠬᠤ ᠪᠡᠯᠡ ᠮᠥᠩᠭᠦ ᠶᠢᠨ ᠪᠠᠲᠤᠯᠠᠭ᠎ᠠ ᠶᠢᠨ ᠵᠠᠭᠪᠤᠷ᠂ ︽ᠭᠠᠵᠠᠷ ᠳᠣᠣᠷᠠᠬᠢ ᠤᠰᠤ ᠶᠢ ᠬᠡᠷᠡᠭᠯᠡᠬᠦ ᠶᠢ ᠬᠢᠵᠠᠭᠠᠷᠯᠠᠬᠤ᠂ ᠭᠠᠵᠠᠷ ᠳᠡᠭᠡᠷᠡᠬᠢ ᠤᠰᠤ ᠶᠢ ᠥᠨᠳᠥᠷ ᠦᠷ᠎ᠡ ᠠᠰᠢᠭ ᠲᠠᠢ ᠪᠠᠷ ᠬᠡᠷᠡᠭᠯᠡᠬᠦ᠂ ᠪᠣᠷᠤᠭᠠᠨ ᠤ ᠤᠰᠤ ᠶᠢ ᠬᠤᠷᠠᠮᠳᠤᠭᠤᠯᠤᠨ ᠠᠰᠢᠭᠯᠠᠬᠤ︾ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ ᠃ ᠳᠥᠷᠪᠡ ᠳᠤ ᠲᠠᠷᠢᠶᠠᠴᠢᠳ  ᠢ ᠤᠷᠤᠯᠴᠠᠭᠤᠯᠪᠠ ᠃ ᠵᠢᠷᠤᠭ ᠲᠥᠯᠥᠪᠯᠡᠭᠡᠨ ᠤ ᠦᠷ᠎ᠡ ᠪᠦᠲᠦᠭᠡᠯ ᠤᠨ ︽ ᠲᠦᠷᠪᠡᠨ ᠬᠤᠷᠠᠯ ᠂ ᠬᠤᠶᠠᠷ ᠢ ᠨᠤᠲᠠᠯᠠᠬᠤ ᠂ ᠵᠢᠷᠭᠤᠭ᠎ᠠ ᠳᠤ ᠭᠠᠷ ᠤᠨ ᠦᠰᠦᠭ ᠵᠢᠷᠤᠬᠤ ︾ ᠶᠢ ᠬᠡᠷᠡᠭᠵᠢᠭᠦᠯᠵᠦ ᠂ ᠲᠠᠷᠢᠶᠠᠴᠢᠨ ᠬᠢᠨᠠᠯᠲᠠ ᠲᠠᠯᠪᠢᠭᠴᠢ ᠤᠷᠢᠬᠤ ᠂ ᠲᠠᠷᠢᠶᠠᠴᠢᠳ ᠪᠡᠯᠡ ᠮᠥᠩᠭᠦ ᠴᠤᠭᠯᠠᠭᠤᠯᠤᠨ ᠬᠦᠴᠦ ᠬᠥᠳᠡᠯᠮᠦᠷᠢ ᠣᠷᠣᠭᠤᠯᠬᠤ ᠂ ᠠᠵᠢᠯ ᠢᠶᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠵᠦ ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠳᠡᠮᠵᠢᠭᠴᠢ ᠂ ᠣᠷᠣᠯᠴᠠᠭᠴᠢ ᠂ ᠠᠰᠢᠭ ᠬᠦᠷᠳᠡᠭᠴᠢ ᠪᠤᠯᠭᠠᠪᠠ ᠃      ᠭᠤᠷᠪᠠᠳᠤᠭᠠᠷ ᠲᠤ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠶᠢ ᠬᠡᠷᠡᠭᠵᠢᠭᠦᠯᠵᠦ᠂ ︽ᠲᠣᠮᠣ ᠮᠠᠯᠤᠷ ᠥᠲᠡᠭᠡ︾ ᠶᠢ ᠰᠠᠶᠢᠲᠤᠷ ᠬᠠᠮᠠᠭᠠᠯᠠᠪᠠ ᠃ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠬᠥᠷᠥᠰᠥ ᠶᠢ ᠬᠠᠮᠠᠭᠠᠯᠠᠬᠤ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠃ ᠨᠢᠭᠡ ᠳᠤ ᠬᠡᠪ ᠵᠠᠭᠪᠤᠷ ᠢ ᠲᠡᠯᠭᠡᠷᠡᠭᠦᠯᠪᠡ ᠃ ︽ᠪᠠᠶᠢᠭᠠᠯᠢ ᠶᠢᠨ ᠬᠡᠪ ᠵᠠᠭᠪᠤᠷ︾ ︽ᠶᠡᠭᠡ ᠭᠤᠣᠯ ᠤᠨ ᠪᠤᠯᠤᠩ ᠤᠨ ᠬᠡᠪ ᠵᠠᠭᠪᠤᠷ︾ ︽ᠭᠤᠷᠪᠠ ᠶᠢ ᠦᠭᠡᠷᠡᠴᠢᠯᠡᠬᠦ ᠬᠤᠶᠠᠷ ᠢ ᠵᠠᠰᠠᠬᠤ ᠨᠢᠭᠡ ᠡᠭᠡᠯᠵᠢᠯᠡᠬᠦ ︾ ᠬᠡᠷᠡᠭᠯᠡᠬᠦ ᠪᠠ ᠲᠡᠵᠢᠭᠡᠬᠦ ᠶᠢ ᠤᠶᠠᠯᠳᠤᠭᠤᠯᠬᠤ ᠬᠡᠪ ᠵᠠᠭᠪᠤᠷ ᠪᠣᠯᠤᠨ ︽ᠬᠤᠶᠠᠷ ᠬᠤᠷᠢᠶᠠᠵᠤ ᠬᠤᠶᠠᠷ ᠲᠠᠷᠢᠶᠠᠯᠠᠬᠤ ︾ ᠥᠩ ᠰᠢᠮᠡᠯᠢᠭ ᠲᠠᠷᠢᠶᠠᠯᠠᠬᠤ ᠳᠠᠪᠬᠤᠷᠭ᠎ᠠ ᠶᠢ ᠪᠠᠶᠢᠭᠤᠯᠬᠤ ᠬᠡᠪ ᠵᠠᠭᠪᠤᠷ ᠢ ᠵᠢᠱᠢᠶ᠎ᠡ ᠦᠵᠡᠭᠦᠯᠦᠨ ᠲᠡᠯᠭᠡᠷᠡᠭᠦᠯᠪᠡ ᠃ ᠬᠤᠶᠠᠷ ᠲᠤ ᠲᠣᠭᠲᠠᠴᠠ ᠶᠢ ᠡᠭᠦᠳᠪᠡ ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢᠨ ᠨᠥᠬᠦᠪᠦᠷᠢ ᠶᠢᠨ ᠪᠡᠯᠡ ᠮᠥᠩᠭᠦ ᠶᠢ ᠬᠠᠷ᠎ᠠ ᠬᠥᠷᠥᠰᠥᠲᠦ ᠭᠠᠵᠠᠷ ᠤᠨ ᠭᠠᠵᠠᠷ ᠤᠨ ᠰᠢᠮ᠎ᠡ  ᠶᠢ ᠳᠡᠭᠡᠭᠰᠢᠯᠡᠭᠦᠯᠬᠦ ᠳᠤ ᠬᠡᠷᠡᠭᠯᠡᠬᠦ ᠠᠵᠢᠯ ᠤᠨ ᠰᠢᠨ᠎ᠡ ᠲᠣᠭᠲᠠᠴᠠ ᠶᠢ ᠰᠦᠪᠡᠭᠴᠢᠯᠡᠪᠡ ᠃ ᠪᠡᠯᠡ ᠮᠥᠩᠭᠦ ᠪᠤᠶᠤ ᠪᠣᠳᠠᠰᠵᠢᠭᠰᠠᠨ ᠨᠥᠬᠦᠪᠦᠷᠢ ᠪᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢᠨ ᠬᠠᠷ᠎ᠠ ᠬᠦᠷᠦᠰᠦ ᠶᠢᠨ ᠬᠠᠮᠠᠭᠠᠯᠠᠯᠲᠠ ᠳᠤ ᠣᠷᠣᠯᠴᠠᠬᠤ ᠶᠢ ᠬᠥᠲᠥᠯᠥᠨ ᠵᠢᠯᠤᠭᠤᠳᠪᠠ ᠃ ᠭᠤᠷᠪᠠ ᠳᠤ ᠰᠢᠰᠲ᠋ᠧᠮᠵᠢ ᠶᠢ ᠪᠠᠶᠢᠭᠤᠯᠪᠠ ᠃ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠢᠭᠡᠴᠢ ᠠᠴᠠ ᠥᠪᠥᠷ ᠮᠣᠩᠭᠤᠯ ᠤᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠤ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠷᠢᠯᠳᠦᠭᠦᠯᠪᠡ ᠃      ᠳᠥᠷᠪᠡᠳᠦᠭᠡᠷ ᠲᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠮᠤ ᠪᠤᠳᠠᠭᠠᠨ ᠤ ᠨᠡᠮᠡᠭᠳᠡᠯ ᠤᠨ ᠣᠷᠣᠨ ᠵᠠᠢ ᠶᠢ ᠦᠷᠭᠡᠳᠭᠡᠪᠡ ᠃ ᠨᠢᠭᠡ ᠳᠤ ᠰᠡᠳᠬᠢᠴᠡ ᠪᠠᠨ ᠬᠤᠪᠢᠷᠠᠭᠤᠯᠪᠠ ᠃ ︽ ᠰᠢᠯᠢᠳᠡᠭ ᠳᠠᠷᠢᠵᠤ ᠬᠥᠷᠥᠰᠥᠨ ᠳᠤ ᠵᠤᠬᠢᠴᠠᠭᠤᠯᠬᠤ ᠂ ᠬᠥᠷᠥᠰᠥ ᠶᠢ ᠥᠭᠡᠷᠡᠴᠢᠯᠡᠨ ᠲᠠᠷᠢᠬᠤ ᠳᠤ ᠵᠤᠬᠢᠴᠠᠭᠤᠯᠬᠤ ︾ ᠪᠠ ︽ᠵᠤᠬᠢᠴᠠᠭᠤᠯᠤᠨ ᠲᠠᠷᠢᠬᠤ ᠂ ᠬᠥᠳᠡᠯᠦᠩᠭᠦᠢ ᠪᠠᠷ ᠠᠰᠢᠭᠯᠠᠬᠤ︾ ᠠᠵᠢᠯ ᠤᠨ ᠰᠡᠳᠬᠢᠮᠵᠢ ᠶᠢ ᠲᠣᠪᠤᠶᠢᠯᠭᠠᠨ᠂ 8000 ᠲᠦᠮᠡᠨ ᠲᠥᠭᠦᠷᠢᠭ ᠤᠨ ᠪᠡᠯᠡ ᠣᠷᠣᠭᠤᠯᠵᠤ᠂ 10 ᠬᠤᠰᠢᠭᠤ ᠰᠢᠶᠠᠨ ᠳᠤ 10 ᠲᠦᠮᠡᠨ ᠮᠦ ᠶᠢᠨ ︽ᠲᠠᠷᠢᠮᠠᠯ ︵ᠡᠭᠦᠯᠳᠡᠷ︶ + ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠵᠤ ᠤᠨᠠᠯᠲᠠ ᠶᠢ ᠨᠡᠮᠡᠭᠳᠡᠭᠦᠯᠦᠭᠰᠡᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠤᠯᠭᠠᠪᠠ ᠃ ᠬᠤᠶᠠᠷ ᠲᠤ ᠲᠥᠯᠦᠪᠵᠢᠭᠦᠯᠭᠡ ᠶᠢ ᠲᠤᠭᠳᠠᠭᠠᠪᠠ ᠃ ᠬᠤᠵᠢᠷᠯᠢᠭ ᠭᠠᠵᠠᠷ ᠤᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠨ ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠲᠠᠭᠤᠰᠬᠠᠪᠠ ᠃ ᠭᠤᠷᠪᠠ ᠳᠤ ᠬᠡᠷᠡᠭᠯᠡᠯᠲᠡ ᠶᠢ ᠴᠢᠩᠭᠠᠳᠬᠠᠪᠠ ᠃ ︽ᠲᠠᠪᠤ ᠶᠢ ᠨᠢᠭᠡ ᠴᠣᠭᠴᠠᠵᠢᠭᠤᠯᠬᠤ ︾ ᠵᠡᠷᠭᠡ 9 ᠵᠦᠢᠯ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠵᠠᠭᠪᠤᠷ ᠪᠣᠯᠣᠨ ᠠᠳᠠᠯᠢ ᠪᠤᠰᠤ ᠣᠷᠣᠨ ᠪᠦᠰᠡ ᠳᠤ ᠲᠣᠬᠢᠷᠠᠬᠤ ᠬᠤᠵᠢᠷ ᠲᠤ ᠲᠡᠰᠪᠦᠷᠢᠲᠡᠢ 13 ᠲᠠᠷᠢᠮᠠᠯ ᠤᠨ ᠲᠦᠷᠦᠯ ᠵᠦᠢᠯ ᠢ ᠭᠤᠣᠯᠳᠠᠯᠭ᠎ᠠ ᠲᠠᠢ ᠪᠠᠷ ᠲᠡᠯᠭᠡᠷᠡᠭᠦᠯᠪᠡ ᠃ ᠳᠥᠷᠪᠡ ᠳᠤ ᠰᠢᠰᠲ᠋ᠧᠮᠵᠢ ᠶᠢ ᠪᠠᠶᠢᠭᠤᠯᠪᠠ᠃ ᠪᠥᠬᠦ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠬᠤ ᠶᠢ ᠤᠯᠠᠮ ᠨᠢᠭᠡ ᠠᠯᠬᠤᠮ ᠠᠬᠢᠭᠤᠯᠪᠠ ᠃ ᠲᠠᠪᠤ ᠳᠤ ᠠᠵᠤ ᠦᠢᠯᠡᠰ ᠢ ᠲᠦᠯᠦᠪᠯᠡᠪᠡ ᠃ ᠬᠤᠵᠢᠷ ᠲᠤ ᠲᠡᠰᠪᠦᠷᠢᠲᠡᠢ ᠲᠠᠷᠢᠮᠠᠯ ᠤᠨ ᠦᠷ᠎ᠡ ᠶᠢ ᠪᠣᠶᠢᠵᠢᠭᠤᠯᠬᠤ ᠪᠠ ᠡᠭᠦᠯᠳᠡᠷ ᠢ ᠰᠢᠯᠭᠠᠨ ᠰᠣᠩᠭᠤᠬᠤ ᠶᠢ ᠲᠦᠷᠭᠡᠳᠬᠡᠵᠦ ᠂ ᠲᠠᠷᠢᠬᠤ ᠲᠠᠯᠠᠪᠠᠢ ᠶᠢ ᠥᠷᠭᠡᠳᠬᠡᠨ ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠬᠥᠭᠵᠢᠭᠦᠯᠵᠦ ᠂ ᠬᠤᠵᠢᠷᠯᠢᠭ ᠭᠠᠵᠠᠷ ᠤᠨ ᠪᠦᠲᠦᠭᠡᠭᠳᠡᠬᠦᠨ ᠤ ᠨᠡᠷᠡᠲᠦ ᠲᠦᠷᠦᠯ ᠲᠡᠮᠳᠡᠭ ᠢ ᠪᠦᠲᠦᠭᠡᠵᠦ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠢ ᠬᠦᠭᠵᠢᠭᠦᠯᠪᠡ ᠃      ᠳᠤᠮᠳᠠᠳᠤ ᠤᠯᠤᠰ ᠤᠨ ᠢᠳᠡᠭᠡᠨ ᠤ ᠰᠣᠨᠢᠨ ᠤ ᠰᠤᠷᠪᠤᠯᠵᠢᠯᠠᠭᠴᠢ᠄ ᠦᠷ᠎ᠡ ᠶᠢᠨ ᠦᠢᠯᠡᠰ ᠨᠢ ᠲᠠᠷᠢᠶᠠᠯᠠᠩ ᠮᠠᠯ ᠠᠵᠤ ᠠᠬᠤᠢ ᠶᠢᠨ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠶᠢᠨ ᠡᠬᠢ ᠰᠤᠷᠪᠤᠯᠵᠢ ᠪᠣᠯᠤᠭᠰᠠᠨ ᠤ ᠬᠤᠪᠢ ᠳᠤ᠂ ᠲᠠᠷᠢᠶᠠᠯᠠᠩ ᠮᠠᠯ ᠠᠵᠤ ᠠᠬᠤᠢ ᠶᠢᠨ ᠦᠷᠭᠦᠯᠵᠢᠬᠦᠶᠢᠴᠡ ᠬᠥᠭᠵᠢᠯᠲᠡ ᠳᠤ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠲᠡᠭᠡᠪᠡᠯ᠂ ᠮᠠᠨ ᠤ ᠣᠷᠣᠨ ᠦᠷ᠎ᠡ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤᠮᠳᠠ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ᠂ ᠬᠤᠶᠢᠰᠢᠳᠠ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠮᠧᠩ ᡁᠢ ᠭᠠᠩ᠄ ᠮᠠᠨ ᠤ ᠣᠷᠣᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠶᠢᠨ ᠦᠢᠯᠡᠰ ᠤᠨ ᠬᠦᠭᠵᠢᠯ ᠮᠠᠨᠳᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠭᠤᠯᠭ᠎ᠠ ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ︽ᠦᠷ᠎ᠡ ᠶᠢᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︽ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ︾ ᠶᠢ ᠨᠡᠶᠢᠲᠡᠯᠡᠵᠦ᠂ ᠦᠷ᠎ᠡ ᠶᠢᠨ ᠦᠢᠯᠡᠰ ᠢ ᠬᠥᠭᠵᠢᠭᠦᠯᠬᠦ ᠴᠢᠩᠭ᠎ᠠ ᠬᠦᠴᠦᠲᠡᠢ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠨᠳᠥᠷ ᠪᠠᠶᠢᠷᠢ ᠶᠢᠨ ᠠᠬᠢᠭᠤᠯᠤᠯ ᠳᠣᠣᠷ᠎ᠠ᠂ ︽ᠰᠠᠶᠢᠨ ᠡᠭᠦᠯᠳᠡᠷ ᠢ ᠪᠣᠶᠢᠵᠢᠭᠤᠯᠬᠤ᠂ ᠰᠠᠶᠢᠨ ᠡᠭᠦᠯᠳᠡᠷ ᠢ ᠦᠢᠯᠡᠳᠬᠦ᠂ ᠰᠠᠶᠢᠨ ᠡᠭᠦᠯᠳᠡᠷ ᠢ ᠳᠡᠯᠭᠡᠷᠡᠭᠦᠯᠬᠦ︾ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ᠂ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ︽ᠭᠤᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ ᠃      ᠨᠢᠭᠡ ᠳᠤ ᠰᠠᠶᠢᠨ ᠡᠭᠦᠯᠳᠡᠷ ᠢ ᠪᠣᠶᠢᠵᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠡᠭᠦᠯᠳᠡᠷ ᠪᠣᠶᠢᠵᠢᠭᠤᠯᠬᠤ ᠪᠣᠭᠤᠮᠲᠠ ᠰᠢᠪᠲᠤᠯᠬᠤ ᠶᠢ ᠥᠷᠨᠢᠭᠦᠯᠵᠦ᠂ ᠤᠯᠤᠰ ᠤᠨ ᠨᠡᠷᠡᠨ ᠬᠤᠸᠠᠷ ᠤᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠲᠦᠷᠦᠭᠦᠯᠡᠨ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠶᠢ ᠱᠠᠩᠨᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ᠂ ᠰᠢᠷ᠎ᠠ ᠪᠤᠷᠴᠠᠭ᠂ ᠨᠠᠷᠢᠮᠤ᠂ ᠨᠡᠷᠡᠨ ᠬᠤᠸᠠᠷ᠂ ᠡᠷᠳᠡᠨᠢ ᠰᠢᠰᠢ᠂ ᠲᠥᠮᠥᠰᠥ᠂ ᠪᠤᠭᠤᠳᠠᠢ᠂ ᠤᠰᠤᠨ ᠲᠤᠲᠤᠷᠭ᠎ᠠ᠂ ᠨᠣᠬᠠᠢ ᠶᠢᠨ ᠬᠤᠰᠢᠭᠤ ᠵᠡᠷᠭᠡ 8 ᠲᠠᠷᠢᠮᠠᠯ ᠪᠠ ᠠᠯᠠᠰᠢᠨ ᠦᠬᠡᠷ᠂ ᠠᠯᠠᠰᠢᠨ ᠬᠤᠨᠢ᠂ ᠭᠠᠭ᠋ᠠᠢ ᠵᠡᠷᠭᠡ 3 ᠮᠠᠯ ᠤᠨ ᠡᠭᠦᠯᠳᠡᠷ ᠪᠣᠶᠢᠵᠢᠭᠤᠯᠬᠤ ᠶᠢᠨ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠡᠬᠢᠯᠡᠭᠦᠯᠪᠡ ᠃ ᠨᠢᠭᠡ ᠪᠦᠯᠦᠭ ᠦᠪᠡᠰᠦᠪᠡᠨ ᠪᠣᠶᠢᠵᠢᠭᠤᠯᠤᠭᠰᠠᠨ ᠳᠠᠪᠠᠭᠤᠯᠢᠭ ᠣᠨᠴᠠᠯᠢᠭᠲᠤ ᠡᠭᠦᠯᠳᠡᠷ ᠨᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠪᠠᠶᠢᠵᠤ᠂ ᠨᠡᠷᠡᠨ ᠬᠤᠸᠠᠷ ᠤᠨ ᠡᠭᠦᠯᠳᠡᠷ SH361᠂ SH363 ᠳᠡᠯᠭᠡᠷᠡᠭᠦᠯᠦᠭᠰᠡᠨ ᠲᠠᠯᠠᠪᠠᠶ ᠨᠢ ᠪᠥᠬᠦ ᠤᠯᠤᠰ ᠤᠨ ᠡᠮᠦᠨ᠎ᠡ ᠬᠤᠶᠠᠷ ᠲᠤ ᠪᠠᠶᠢᠷᠢᠯᠠᠪᠠ ︔ ᠨᠠᠷᠢᠮᠤ ᠶᠢᠨ ᠡᠭᠦᠯᠳᠡᠷ ᠤᠨ ︽  ᠶᠢᠨ ᠮᠢᠶᠣᠣ K1︾᠂ ᠰᠢᠷ᠎ᠠ ᠪᠤᠷᠴᠠᠭ ᠤᠨ ᠡᠭᠦᠯᠳᠡᠷ ᠤᠨ ︽ ᠮᠧᠩ ᠳ᠋ᠸᠦ 1137︾ ᠶᠢ ᠳᠡᠯᠭᠡᠷᠡᠭᠦᠯᠦᠭᠰᠡᠨ ᠲᠠᠯᠠᠪᠠᠶ ᠨᠢ ᠲᠣᠰ ᠲᠣᠰ ᠪᠥᠬᠦ ᠤᠯᠤᠰ ᠲᠤ 3 ᠪᠠ 8 ᠳ᠋ᠤᠭᠠᠷ ᠲᠤ ᠵᠢᠭᠰᠠᠭᠠᠭᠳᠠᠵᠠᠢ᠃ ᠤᠯᠤᠰ ᠤᠨ ᠳᠣᠲᠣᠭᠠᠳᠤ ᠶᠢᠨ ᠡᠮᠦᠨ᠎ᠡ 100 ᠳᠤ ᠵᠢᠭᠰᠠᠭᠠᠭᠳᠠᠭᠰᠠᠨ ᠰᠢᠮᠧᠨ᠋ᠲ᠋ᠠᠷ᠂ ᠡᠾᠧᠰᠲ᠋ᠠᠨ ᠪᠤᠬ᠎ᠠ ᠶᠢᠨ ᠲᠤᠭ᠎ᠠ᠂ ᠰᠠᠭᠠᠯᠢ ᠶᠢᠨ ᠦᠨᠢᠶ᠎ᠡ ᠶᠢᠨ ᠦᠢᠯᠡᠳᠪᠦᠷᠢᠯᠡᠯ ᠪᠣᠷᠤᠯᠠᠭᠤᠯᠭ᠎ᠠ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ᠃ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠠᠯᠬᠤᠮ ᠠᠯᠬᠤᠮ ᠢᠶᠠᠷ ᠴᠢᠩᠭᠠᠷᠠᠵᠤ ᠂ 8 ᠠᠵᠤ ᠠᠬᠤᠶᠢᠯᠠᠯ ᠤᠯᠤᠰ ᠤᠨ ᠦᠷ᠎ᠡ ᠶᠢᠨ ᠦᠢᠯᠡᠰ ᠤᠨ ᠵᠢᠭᠰᠠᠭᠠᠯ ᠤᠨ ᠬᠡᠯᠪᠡᠷᠢ ᠶᠢᠨ ᠠᠵᠤ ᠠᠬᠤᠶᠢᠯᠠᠯ ᠳᠤ ᠰᠣᠩᠭᠤᠭᠳᠠᠵᠤ ᠂ ᠪᠦᠬᠦ ᠤᠯᠤᠰ ᠤᠨ ᠳᠣᠯᠣᠳᠤᠭᠠᠷ ᠲᠤ ᠣᠷᠣᠵᠤ ᠂ ᠲᠠᠷᠢᠮᠠᠯ ᠤᠨ ᠵᠦᠢᠯ ᠢ ︽ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ︾ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ 4 ᠪᠣᠯᠤᠭᠰᠠᠨ ᠪᠠᠶᠢᠨ᠎ᠠ᠃      ᠬᠤᠶᠠᠷ ᠲᠤ ᠰᠠᠶᠢᠨ ᠡᠭᠦᠯᠳᠡᠷ ᠢ ᠦᠢᠯᠡᠳᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ ᠃ ᠤᠯᠤᠰ ᠤᠨ ᠲᠠᠰ ᠤᠨ 9 ᠲᠣᠮᠣ ᠰᠢᠶᠠᠨ ᠪᠠ ᠣᠷᠣᠨ ᠪᠦᠰᠡ ᠶᠢᠨ ᠴᠢᠨᠠᠷᠲᠠᠢ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ᠂ ᠰᠢᠷ᠎ᠠ ᠪᠤᠷᠴᠠᠭ ᠤᠨ 2 ᠲᠣᠮᠣ ᠰᠢᠶᠠᠨ ᠢ ᠮᠠᠭᠠᠳᠯᠠᠨ ᠲᠣᠭᠲᠠᠭᠠᠪᠠ ᠃ ᠪᠥᠬᠦ ᠣᠷᠣᠨ ᠤ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠲᠠᠯᠠᠪᠠᠶ 70 ᠲᠦᠮᠡᠨ ᠮᠦ ᠳᠤ ᠬᠦᠷᠴᠦ᠂ ᠪᠥᠬᠦ ᠤᠯᠤᠰ ᠤᠨ ᠨᠢᠭᠡᠳᠦᠭᠡᠷ ᠲᠤ ᠣᠷᠣᠭᠰᠠᠨ ᠪᠠᠶᠢᠨ᠎ᠠ ᠃ ᠰᠢᠷ᠎ᠠ ᠪᠤᠷᠴᠠᠭ ᠢ 35 ᠲᠦᠮᠡᠨ ᠮᠦ ᠳᠠᠷᠢᠵᠤ᠂ ᠪᠥᠬᠦ ᠤᠯᠤᠰ ᠲᠤ ᠭᠤᠷᠪᠠᠳᠤᠭᠠᠷ ᠲᠤ ᠣᠷᠣᠭᠰᠠᠨ ᠪᠠᠶᠢᠨ᠎ᠠ ᠃ ᠡᠷᠳᠡᠨᠢ ᠰᠢᠰᠢ ᠳᠠᠷᠢᠬᠤ ᠲᠠᠯᠠᠪᠠᠶ 17 ᠲᠦᠮᠡᠨ ᠮᠦ ᠪᠠᠶᠢᠵᠤ᠂ ᠪᠥᠬᠦ ᠤᠯᠤᠰ ᠤᠨ ᠲᠠᠪᠤᠳᠤᠭᠠᠷ ᠲᠤ ᠣᠷᠣᠭᠰᠠᠨ ᠪᠠᠶᠢᠨ᠎ᠠ ᠃ ᠵᠦᠩ ᠵᠢᠶᠠ ᠂ ᠺᠦᠨ ᠶᠤᠸᠠᠨ ᠲᠠᠢ ᠾᠧ ᠬᠤᠶᠠᠷ ᠲᠥᠮᠥᠰᠥᠨ ᠤ ᠠᠵᠤ ᠠᠬᠤᠶᠢᠯᠠᠯ ᠤᠨ ᠦᠷ᠎ᠡ ᠶᠢᠨ ᠲᠥᠮᠥᠰᠥ ᠶᠢᠨ ᠪᠣᠷᠤᠯᠠᠭᠤᠯᠭ᠎ᠠ ᠶᠢᠨ ᠲᠤᠭ᠎ᠠ ᠪᠥᠬᠦ ᠤᠯᠤᠰ ᠤᠨ ᠡᠮᠦᠨ᠎ᠡ 5 ᠳᠤ ᠣᠷᠣᠭᠰᠠᠨ ᠪᠠᠶᠢᠨ᠎ᠠ ᠃ ᠰᠠᠭᠠᠯᠢ ᠶᠢᠨ ᠦᠨᠢᠶ᠎ᠡ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠠᠶᠢᠨ ᠡᠭᠦᠯᠳᠡᠷ ᠤᠨ ᠪᠦᠷᠬᠦᠴᠡ ᠶᠢᠨ 9 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠰᠢᠯᠢ ᠶᠢᠨ ᠭᠤᠣᠯ ᠠᠶᠢᠮᠠᠭ ᠤᠨ ᠬᠤᠸᠠ ᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠪᠠ ᠃ ᠤᠯᠤᠰ ᠤᠨ ᠠᠯᠠᠰᠢᠨ ᠬᠤᠨᠢᠨ ᠤ ᠤᠳᠤᠮᠰᠢᠯ ᠢ ᠦᠨᠡᠯᠡᠨ ᠵᠢᠱᠢᠬᠦ ᠲᠥᠪ ᠪᠠ ᠠᠯᠠᠰᠢᠨ ᠬᠤᠨᠢᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠠᠭᠤᠷᠢᠰᠢᠵᠤ᠂ ᠤᠯᠤᠰ ᠤᠨ ᠠᠯᠠᠰᠢᠨ ᠦᠬᠡᠷ ᠤᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠰᠢᠯᠢ ᠶᠢᠨ ᠭᠤᠣᠯ ᠠᠶᠢᠮᠠᠭ ᠲᠤ ᠰᠠᠭᠤᠷᠢᠰᠢᠪᠠ ᠃ ᠮᠠᠯ ᠵᠢᠭᠦᠷᠲᠡᠨ ᠤ 15 ᠠᠵᠤ ᠠᠬᠤᠶᠢᠯᠠᠯ ᠨᠢ ᠤᠯᠤᠰ ᠤᠨ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠪᠠᠷ ᠦᠨᠡᠯᠡᠭᠳᠡᠵᠦ ᠂ ᠪᠦᠬᠦ ᠤᠯᠤᠰ ᠤᠨ ᠭᠤᠷᠪᠠᠳᠤᠭᠠᠷ ᠲᠤ ᠣᠷᠣᠭᠰᠠᠨ ᠪᠠᠶᠢᠨ᠎ᠠ᠃      ᠭᠤᠷᠪᠠ ᠳᠤ ᠰᠠᠶᠢᠨ ᠡᠭᠦᠯᠳᠡᠷ ᠢ ᠳᠡᠯᠭᠡᠷᠡᠭᠦᠯᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠪᠠ ᠃ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠠᠴᠠ ᠡᠮᠦᠨ᠎ᠡ ︽ ᠭᠠᠵᠠᠷ ᠦᠵᠡᠵᠦ ᠦᠷ᠎ᠡ ᠰᠣᠩᠭᠤᠬᠤ ︾ ᠲᠠᠪᠴᠠᠩ ᠤᠨ ᠨᠢᠭᠡᠨᠲᠡ ᠳᠡᠯᠭᠡᠨ ᠦᠵᠡᠭᠦᠯᠵᠦ ᠵᠢᠱᠢᠶ᠎ᠡ ᠦᠵᠡᠭᠦᠯᠦᠭᠰᠡᠨ 2190 ᠡᠭᠦᠯᠳᠡᠷ ᠢ ᠨᠢᠭᠡᠳ ᠨᠢᠭᠡ ᠪᠠᠷ ᠦᠨᠡᠯᠡᠵᠦ ᠂ ᠰᠢᠯᠢᠳᠡᠭ ᠴᠢᠨᠠᠷ ᠤᠨ ᠡᠷᠳᠡᠨᠢ ᠰᠢᠰᠢ ᠂ ᠰᠢᠷ᠎ᠠ ᠪᠤᠷᠴᠠᠭ ᠂ ᠤᠰᠤᠨ ᠲᠤᠲᠤᠷᠭ᠎ᠠ ᠂ ᠲᠥᠮᠥᠰᠥ ᠶᠢᠨ 147 ᠡᠭᠦᠯᠳᠡᠷ ᠢ ᠰᠣᠩᠭᠤᠨ ᠭᠠᠷᠭᠠᠵᠤ ᠂ ᠨᠡᠶᠢᠭᠡᠮ ᠳᠠᠶᠠᠭᠠᠷ ᠲᠤ ᠬᠠᠨᠳᠤᠭᠤᠯᠤᠨ ᠢᠯᠡ ᠪᠠᠷ ᠨᠡᠶᠢᠲᠡᠯᠡᠵᠦ ᠂ ᠰᠠᠶᠢᠨ ᠡᠭᠦᠯᠳᠡᠷ ᠢ ᠠᠶᠢᠯ ᠲᠣᠰᠬᠤᠨ ᠳᠤ ᠣᠷᠣᠭᠤᠯᠬᠤ ᠪᠠ ᠡᠷᠦᠭᠡ ᠳᠤ ᠣᠷᠣᠭᠤᠯᠬᠤ ᠶᠢ ᠲᠦᠯᠬᠢᠨ ᠠᠬᠢᠭᠤᠯᠪᠠ ᠃ ᠪᠥᠬᠦ ᠣᠷᠣᠨ ᠤ 12 ᠠᠶᠢᠮᠠᠭ ᠬᠤᠲᠠ ᠳᠤ 60 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ ᠪᠠ ᠡᠯᠳᠡᠪ ᠠᠮᠤ ᠡᠯᠳᠡᠪ ᠪᠤᠷᠴᠠᠭ ᠵᠡᠷᠭᠡ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠪᠦᠰᠡ ᠶᠢᠨ ᠴᠢᠨᠠᠷᠲᠠᠢ ᠭᠤᠣᠯᠳᠠᠯᠭ᠎ᠠ ᠲᠠᠢ ᠲᠠᠷᠢᠮᠠᠯ ᠤᠨ ︽ ᠭᠠᠵᠠᠷ ᠦᠵᠡᠵᠦ ᠦᠷ᠎ᠡ ᠰᠣᠩᠭᠤᠬᠤ︾ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠮᠠᠨ ᠤ ᠣᠷᠣᠨ ᠤ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠠ ᠣᠨᠴᠠᠯᠢᠭᠲᠤ ᠳᠠᠪᠠᠭᠤᠯᠢᠭ ᠲᠠᠷᠢᠮᠠᠯ ᠢ ᠬᠠᠮᠤᠷᠴᠤ᠂ ᠥᠷᠭᠡᠨ ᠢᠶᠠᠷ ᠡᠯᠰᠡᠨ ᠴᠤᠭᠯᠠᠭᠤᠯᠬᠤ ᠪᠠ ᠰᠢᠯᠢᠨ ᠰᠣᠩᠭᠤᠬᠤ ᠪᠠᠷ ᠳᠡᠮᠵᠢᠨ᠂ ᠡᠨᠡ ᠵᠢᠯ 2215 ᠰᠢᠯᠢᠳᠡᠭ ᠡᠭᠦᠯᠳᠡᠷ ᠢ ᠳᠡᠯᠭᠡᠨ ᠦᠵᠡᠭᠦᠯᠬᠦ ᠪᠠᠷ ᠲᠣᠭᠲᠠᠭᠠᠵᠤ᠂ ᠲᠠᠪᠴᠠᠩ ᠤᠨ ᠲᠠᠯᠠᠪᠠᠶ ᠶᠢ 6461 ᠮᠦ ᠨᠠᠶᠢᠳᠠᠪᠤᠷᠢᠵᠢᠭᠤᠯᠪᠠ ᠃      ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠦᠷ᠎ᠡ ᠶᠢᠨ ᠦᠢᠯᠡᠰ ᠤᠨ ᠬᠦᠭᠵᠢᠯ ᠮᠠᠨᠳᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠱᠠᠯᠠᠪᠳᠠᠨ ᠨᠡᠶᠢᠲᠡᠯᠡᠵᠦ᠂ ᠨᠠᠩ ᠶᠡᠭᠡ ᠡᠷᠴᠢᠮ ᠢᠶᠠᠷ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠨᠢᠭᠡ ᠳᠤ ᠡᠭᠦᠯᠳᠡᠷ ᠪᠣᠶᠢᠵᠢᠭᠤᠯᠬᠤ ᠶᠢ ᠴᠢᠩᠭᠠᠳᠬᠠᠵᠤ᠂ ᠮᠠᠨ ᠤ ᠣᠷᠣᠨ ᠤ ᠬᠠᠷᠢᠴᠠᠩᠭᠤᠢ ᠳᠠᠪᠠᠭᠤᠯᠢᠭ ᠲᠠᠢ ᠰᠢᠷ᠎ᠠ ᠪᠤᠷᠴᠠᠭ᠂ ᠨᠠᠷᠢᠮᠤ᠂ ᠨᠡᠷᠡᠨ ᠬᠤᠸᠠᠷ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠪᠣᠳᠠᠰ ᠤᠨ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠭᠦᠯᠳᠡᠷ ᠪᠣᠶᠢᠵᠢᠭᠤᠯᠬᠤ ᠶᠢ ᠬᠠᠮᠲᠤᠷᠠᠨ ᠪᠣᠭᠤᠮᠲᠠ ᠰᠢᠪᠲᠤᠯᠬᠤ ᠶᠢ ᠡᠬᠢᠯᠡᠭᠦᠯᠵᠦ᠂ ᠲᠠᠷᠢᠮᠠᠯ ᠤᠨ ᠵᠦᠢᠯ ᠢ ᠭᠤᠣᠯᠳᠠᠯᠭ᠎ᠠ ᠲᠠᠢ ᠪᠠᠷ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠶᠢᠨ ᠬᠠᠮᠲᠤ ᠤᠰᠤ ᠠᠷᠪᠢᠯᠠᠵᠤ ᠭᠠᠩ ᠬᠠᠭᠰᠠᠷᠠᠭᠠᠨ ᠲᠠᠢ ᠲᠡᠮᠡᠴᠡᠬᠦ᠂ ᠬᠤᠵᠢᠷ ᠲᠤ ᠳᠠᠭᠠᠭᠠᠮᠠᠭᠠᠢ ᠵᠡᠷᠭᠡ ᠲᠤᠰᠬᠠᠢ ᠬᠡᠷᠡᠭᠯᠡᠭᠡᠨ ᠤ ᠡᠭᠦᠯᠳᠡᠷ ᠢ ᠪᠣᠶᠢᠵᠢᠭᠤᠯᠬᠤ ᠶᠢ ᠬᠠᠮᠲᠤ ᠳᠤᠨᠢ ᠬᠠᠷᠠᠭᠠᠯᠵᠠᠵᠤ᠂ ᠮᠠᠯ ᠤᠨ ᠡᠭᠦᠯᠳᠡᠷ ᠨᠢ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢᠨ ᠬᠢᠷᠢ ᠬᠡᠮᠵᠢᠶ᠎ᠡ ᠪᠠ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠢᠶᠠᠨ ᠪᠣᠯᠭᠠᠨ᠎ᠠ᠃ ᠬᠤᠶᠠᠷ ᠲᠤ ᠦᠷ᠎ᠡ ᠶᠢᠨ ᠦᠢᠯᠡᠳᠪᠦᠷᠢᠯᠡᠯ ᠢ ᠴᠢᠩᠭᠠᠳᠬᠠᠨ᠎ᠠ ᠂ ᠤᠯᠠᠭᠠᠨᠬᠠᠳᠠ ᠬᠤᠲᠠ ᠪᠣᠯᠣᠨ ᠪᠠᠶᠠᠨᠨᠠᠭᠤᠷ ᠬᠤᠲᠠ ᠳᠤ ᠤᠯᠤᠰ ᠤᠨ ᠡᠷᠳᠡᠨᠢ ᠰᠢᠰᠢ ᠳᠠᠷᠢᠵᠤ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠥᠯᠥᠨ ᠪᠤᠶᠢᠷ ᠬᠤᠲᠠ ᠪᠣᠯᠣᠨ ᠬᠢᠩᠭᠠᠨ ᠠᠶᠢᠮᠠᠭ ᠲᠤ ᠤᠯᠤᠰ ᠤᠨ ᠰᠢᠷ᠎ᠠ ᠪᠤᠷᠴᠠᠭ ᠳᠠᠷᠢᠵᠤ ᠤᠷᠭᠤᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠤᠯᠠᠭᠠᠨᠴᠠᠪ ᠬᠤᠲᠠ ᠳᠤ ᠤᠯᠤᠰ ᠤᠨ ᠲᠥᠮᠥᠰᠥ ᠳᠠᠷᠢᠵᠤ ᠤᠷᠭᠤᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠪᠥᠬᠦ ᠣᠷᠣᠨ ᠤ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠲᠠᠯᠠᠪᠠᠶ ᠶᠢ 100 ᠲᠦᠮᠡᠨ ᠮᠦ ᠠᠴᠠ ᠳᠡᠭᠡᠭᠰᠢ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠭᠤᠷᠪᠠ ᠳᠤ ᠳᠡᠯᠭᠡᠷᠡᠭᠦᠯᠦᠯᠲᠡ ᠶᠢ ᠴᠢᠩᠭᠠᠳᠬᠠᠨ᠎ᠠ᠂ 60 ︽ᠭᠠᠵᠠᠷ ᠦᠵᠡᠵᠦ ᠦᠷ᠎ᠡ ᠰᠣᠩᠭᠤᠬᠤ︾ ᠲᠠᠪᠴᠠᠩ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠪᠦᠰᠡ ᠶᠢᠨ ᠴᠢᠨᠠᠷᠲᠠᠢ ᠵᠢᠱᠢᠶ᠎ᠡ ᠦᠵᠡᠭᠦᠯᠬᠦ ᠴᠡᠭ ᠢ ᠭᠤᠣᠯᠳᠠᠯᠭ᠎ᠠ ᠲᠠᠢ ᠪᠦᠲᠦᠭᠡᠵᠦ ᠂ 60 ᠠᠴᠠ ᠳᠡᠭᠡᠭᠰᠢ ᠰᠢᠯᠢᠳᠡᠭ ᠡᠭᠦᠯᠳᠡᠷ ᠢ ᠰᠢᠯᠢᠨ ᠰᠣᠩᠭᠤᠨ᠎ᠠ᠃ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠨᠢᠭᠲᠠ ᠳᠠᠭᠠᠭᠠᠮᠠᠭᠠᠢ ᠴᠢᠨᠠᠷ ᠰᠠᠶᠢᠲᠠᠢ ᠥᠨᠳᠥᠷ ᠤᠨᠠᠯᠲᠠ ᠲᠠᠢ ᠡᠷᠳᠡᠨᠢ ᠰᠢᠰᠢ ᠶᠢᠨ ᠡᠭᠦᠯᠳᠡᠷ ᠢ ᠰᠢᠯᠢᠨ ᠳᠡᠯᠭᠡᠷᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ ᠤᠨ ᠴᠢᠬᠤᠯᠠ ᠶᠡᠭᠡ ᠡᠭᠦᠯᠳᠡᠷ ᠢ ᠳᠡᠯᠭᠡᠷᠡᠭᠦᠯᠬᠦ ᠳᠤ ᠨᠥᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠂ 7000 ᠲᠦᠮᠡᠨ ᠲᠥᠭᠦᠷᠢᠭ ᠣᠷᠣᠭᠤᠯᠵᠤ ᠲᠣᠰᠣ ᠶᠡᠬᠡᠲᠡᠢ ᠥᠨᠳᠥᠷ ᠤᠨᠠᠯᠲᠠ ᠲᠠᠢ ᠰᠢᠷ᠎ᠠ ᠪᠤᠷᠴᠠᠭ᠂ ᠥᠨᠳᠥᠷ ᠤᠨᠠᠯᠲᠠ ᠲᠠᠢ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ ᠡᠷᠳᠡᠨᠢ ᠰᠢᠰᠢ ᠶᠢᠨ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠬᠦ ᠶᠢ ᠳᠡᠮᠵᠢᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map