ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2023/8/18
3.jpg
       8 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠶ ᠲᠠᠯᠠᠪᠤᠷ︶ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ︽ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠷᠢᠯᠢᠭ ᠣᠨᠣᠴᠠᠲᠠᠢ ᠡᠵᠡᠮᠳᠡᠵᠦ ᠣᠷᠣᠨ ᠪᠦᠰᠡ ᠶᠢᠨ ᠬᠥᠭᠵᠢᠯᠲᠡ ᠳᠤ ᠪᠥᠬᠦ ᠬᠦᠴᠦᠨ ᠢᠶᠠᠷ ᠦᠢᠯᠡᠴᠢᠯᠡᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠶ᠎ᠡ︾ ᠭᠡᠬᠦ ᠲᠣᠭᠤᠷᠢᠨ ᠳᠤ ᠭᠤᠤᠯ ᠰᠡᠲᠦᠪᠲᠦ ᠨᠡᠶᠢᠲᠡᠯᠡᠯ ᠬᠢᠪᠡ᠃      ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠷᠢᠯᠢᠭ ᠣᠨᠣᠴᠠᠲᠠᠢ ᠡᠵᠡᠮᠳᠡᠵᠦ᠂ ᠣᠷᠣᠨ      ᠪᠦᠰᠡ ᠶᠢᠨ ᠬᠥᠭᠵᠢᠯᠲᠡ ᠳᠤ ᠪᠥᠬᠦ ᠬᠦᠴᠦᠨ ᠢᠶᠠᠷ ᠦᠢᠯᠡᠴᠢᠯᠡᠨ᠂ ᠣᠳᠣᠬᠢᠴᠢᠯᠠᠭᠰᠠᠨ ᠥᠪᠥᠷ      ᠮᠣᠩᠭᠤᠯ ᠢ ᠪᠥᠲᠥᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠶ᠎ᠡ          ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ      ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ      ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ            ︵2023 ᠣᠨ ᠤ 8 ᠰᠠᠷ᠎ᠠ ᠶᠢᠨ 16 ᠤ ᠡᠳᠦᠷ︶   ᠡᠯ᠎ᠡ ᠵᠠᠭᠤᠴᠢᠯᠠᠭᠤᠷ ᠤᠨ ᠨᠠᠶᠢᠵᠠ ᠨᠠᠷ ᠡ᠄      ᠰᠠᠶᠢᠨ ᠪᠠᠶᠢᠵᠠᠭᠠᠨ᠎ᠠ ᠦᠦ︕      ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠳᠤ ᠪᠠᠨ ᠶᠡᠭᠡ ᠪᠠᠶᠠᠷᠯᠠᠵᠤ ᠪᠠᠢᠨ᠎ᠠ᠃ ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠢ ᠣᠷᠳᠣ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠵᠠᠭᠤᠴᠢᠯᠠᠭᠤᠷ ᠪᠠ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃      ᠡᠨᠡ ᠵᠢᠯ ᠠᠴᠠ ᠨᠠᠭᠠᠰᠢ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠬᠠᠷᠠᠯᠲᠠ ᠪᠣᠯᠭᠠᠵᠤ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠨ ᠢᠶᠠᠷ ᠠᠷᠠᠳ ᠲᠦᠮᠡᠨ ᠤ ᠵᠣᠯ ᠵᠢᠷᠭᠠᠯ ᠢ ᠭᠦᠨ ᠦᠨᠳᠦᠰᠦᠯᠡᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠢᠶᠠᠷ ᠤᠯᠤᠰ ᠤᠨ ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠪᠠ᠃      ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠪᠠᠷᠢᠮᠲᠠᠯᠠᠪᠠ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ︾ ᠢ ᠬᠡᠷᠡᠭᠵᠢᠭᠦᠯᠵᠦ᠂ ︽ᠤᠮᠠᠷᠠᠲᠤ ᠶᠢᠨ ᠰᠤᠷᠭᠠᠨ ᠬᠥᠮᠦᠵᠢᠯ ᠨᠠᠮ ᠢᠶᠠᠨ ᠳᠠᠭᠠᠨᠠᠮ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠤᠭᠠᠢ ᠳᠤ ᠨᠢ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠪᠠ᠃ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ ᠤᠨ ᠲᠠᠰ ᠤᠨ ᠬᠢ 1 ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠬᠠᠮᠲᠤ ᠶᠢᠨ ᠴᠣᠭᠴᠠ ᠶᠢ 12 ᠢ ᠪᠤᠶᠢᠵᠢᠭᠤᠯᠵᠤ᠂ ᠴᠢᠨᠠᠷᠯᠢᠭ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠪᠠᠶᠢᠭᠤᠯᠪᠠ᠃ ︽︿ᠠᠨᠠᠷ ᠤᠨ ᠦᠷ᠎ᠡ﹀ ᠬᠥᠮᠦᠨ ᠢ ᠬᠥᠮᠦᠵᠢᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠰᠤᠷᠤᠯᠭ᠎ᠠ ᠶᠢᠨ ᠬᠤᠭᠤᠴᠠᠭ᠎ᠠ ᠬᠤᠪᠢᠶᠠᠨ ︽︿ᠠᠨᠠᠷ ᠤᠨ ᠦᠷ᠎ᠡ﹀ ᠬᠥᠮᠦᠨ ᠬᠥᠮᠦᠵᠢᠭᠦᠯᠬᠦ ᠪᠢᠴᠢᠯ ᠬᠢᠴᠢᠶᠡᠯ ᠤᠨ ᠲᠠᠩᠬᠢᠮ︾ ᠢ 25 ᠪᠦᠯᠦᠭ ᠦᠢᠯᠡᠳᠴᠦ᠂ ᠰᠢᠨᠬᠤᠸᠠ ᠬᠤᠷᠢᠶ᠎ᠠ ᠪᠠᠷ ᠳᠠᠮᠵᠢᠭᠤᠯᠤᠨ ᠪᠥᠬᠦ ᠤᠯᠤᠰ ᠲᠤ ᠳᠡᠯᠭᠡᠷᠡᠭᠦᠯᠪᠡ᠃ ︽ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ︾ ᠤᠨ ᠦᠢᠯᠡᠳᠦᠯᠭᠡ ᠶᠢᠨ ᠰᠠᠭᠤᠷᠢᠨ ᠭᠠᠵᠠᠷ 60 ᠶᠢ ᠨᠡᠷᠡᠶᠢᠳᠴᠦ᠂ ︽ᠶᠠᠪᠤᠵᠤ ᠰᠤᠷᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠪᠣᠶ ᠪᠣᠯᠭᠠᠪᠠ᠃ ︽ᠵᠠᠯᠠᠭᠤᠴᠤᠳ ᠤᠨ ᠬᠤᠪᠢᠰᠬᠠᠯᠲᠤ ᠬᠥᠮᠦᠵᠢᠯ ᠤᠨ ᠬᠦᠰᠡᠯ ᠢᠶᠠᠨ ᠲᠡᠷᠭᠡᠯᠰᠢᠭᠦᠯᠬᠦ ᠠᠶᠠᠯᠠᠯ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 4 ᠲᠦᠮᠡᠨ ᠣᠶᠤᠲᠠᠨ ᠡᠷᠲᠡ ᠴᠢᠯᠥᠭᠡᠯᠡᠭᠳᠡᠭᠰᠡᠨ ᠬᠤᠪᠢᠰᠬᠠᠯ ᠤᠨ ᠣᠷᠣᠨ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠲᠤ ᠬᠦᠷᠴᠦ᠂ ᠦᠵᠡᠯ ᠰᠠᠨᠠᠭᠠᠨ ᠤ ᠠᠷᠢᠭᠤᠳᠬᠠᠯ ᠭᠦᠷᠲᠡᠨ᠂ ᠦᠢᠯᠡᠳᠦᠯᠭᠡ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠪᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠪᠣᠯᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠬᠤᠷᠰᠢᠶᠠᠯᠠᠨ ᠪᠠᠶᠢᠭᠤᠯᠬᠤ᠂ ᠢᠵᠢᠯ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠤᠨ᠂ ᠦᠵᠡᠯ ᠰᠠᠨᠠᠭ᠎ᠠ ᠤᠯᠤᠰ ᠲᠦᠷᠦ ᠶᠢᠨ ᠪᠢᠴᠢᠯ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠲᠣᠮᠤ ᠬᠢᠴᠢᠶᠡᠯ ᠤᠨ ᠲᠠᠩᠬᠢᠮ ᠤᠨ ᠬᠤᠯᠪᠣᠯᠳᠤᠨ ᠨᠡᠪᠲᠡᠷᠡᠬᠦ ᠶᠢ ᠠᠬᠢᠭᠤᠯᠵᠤ᠂ ︽ᠦᠵᠡᠯ ᠰᠠᠨᠠᠭ᠎ᠠ ᠤᠯᠤᠰ ᠲᠦᠷᠦ ᠶᠢᠨ ᠲᠣᠮᠤ ᠬᠢᠴᠢᠶᠡᠯ︾ ᠤᠨ ᠪᠠᠶᠢᠷᠢᠰᠢᠯᠠᠭᠤᠯᠤᠯᠲᠠ ᠶᠢ ᠬᠦᠴᠦᠯᠡᠨ ᠪᠠᠶᠢᠭᠤᠯᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠳᠡᠯᠭᠡᠷᠡᠭᠦᠯᠦᠨ ᠬᠡᠷᠡᠭᠯᠡᠵᠦ᠂ ᠠᠩᠬ᠎ᠠ ᠤᠳᠠᠭ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ︽ᠭᠤᠷᠪᠠᠨ ᠬᠢᠴᠢᠶᠡᠯ ᠨᠢᠭᠡ ᠰᠢᠯᠭᠠᠯᠲᠠ ᠶᠢᠨ ᠬᠠᠭᠤᠳᠠᠰᠤ︾ ᠶᠢ ᠪᠡᠶᠡᠯᠡᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 93.3 % ᠲᠤ ᠬᠦᠷᠴᠦ᠂ ᠵᠢᠯ ᠤᠨ ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠃      ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠦᠷᠦᠭᠦᠯᠡᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠲᠠᠪᠤᠨ ᠶᠡᠭᠡ ᠡᠭᠦᠷᠭᠡ︾ ᠳᠤ ᠲᠤᠯᠭᠠᠭᠤᠷᠢᠯᠠᠨ ᠦᠢᠯᠡᠴᠢᠯᠡᠬᠦ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ᠦᠨᠡᠯᠡᠯᠲᠡ ᠶᠢᠨ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠶᠢ ᠥᠷᠨᠢᠭᠦᠯᠵᠦ᠂ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠬᠡᠷᠡᠭᠯᠡᠭᠡᠨ ᠤ ᠬᠡᠯᠪᠡᠷᠢ ᠲᠡᠶᠢᠰᠢ ᠬᠤᠪᠢᠷᠠᠭᠤᠯᠵᠤ᠂ ᠠᠳᠠᠯᠢ ᠪᠤᠰᠤ ᠬᠦᠷᠢᠶᠡᠨ ᠳᠤ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠡᠷᠬᠢᠯᠡᠪᠡ᠃ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠵᠡᠷᠭᠡ ᠳᠡᠪᠰᠢᠬᠦ ᠶᠢ ᠬᠥᠭᠡᠭᠡᠴᠡᠯᠳᠦᠬᠦ ᠵᠠᠷᠴᠢᠮ ᠶᠣᠰᠤ ᠪᠠᠷ ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ ᠪᠠᠷ ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠪᠠ ᠲᠠᠰ ᠳᠡᠪᠰᠢᠬᠦ ᠶᠢ ᠠᠬᠢᠭᠤᠯᠪᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ︽ᠡᠪᠡᠰᠦᠨ ᠤ ᠰᠤᠳᠤᠯᠤᠯ︾ ᠤᠨ ᠰᠢᠨᠵᠢᠯᠡᠭᠡᠨ ᠤ ᠰᠠᠯᠠᠭᠠᠨ ᠤ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ︽ᠲᠡᠷᠢᠭᠦᠨ ᠤ ᠰᠢᠨᠵᠢᠯᠡᠭᠡᠨ ᠤ ᠰᠠᠯᠠᠭᠠᠨ︾ ᠤ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢ ᠰᠣᠩᠭᠤᠵᠤ᠂ ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ 2᠂ ᠲᠡᠷᠢᠭᠦᠨ ᠤ ᠣᠷᠦ᠋ᠢᠯᠠᠭᠰᠠᠨ ᠢᠶᠠᠷ ᠬᠥᠮᠦᠵᠢᠭᠦᠯᠬᠦ ᠰᠢᠨᠵᠢᠯᠡᠭᠡᠨ ᠤ ᠰᠠᠯᠠᠭ᠎ᠠ 19᠂ ᠲᠡᠷᠢᠭᠦᠨ ᠤ ᠬᠢ ᠪᠠᠷ ᠪᠠᠶᠢᠭᠤᠯᠬᠤ ᠰᠢᠨᠵᠢᠯᠡᠭᠡᠨ ᠤ ᠰᠠᠯᠠᠭ᠎ᠠ 14 ᠶᠢ ᠲᠣᠭᠲᠠᠭᠠᠪᠠ᠃ᠰᠠᠭᠤᠷᠢ ᠰᠢᠨᠵᠢᠯᠡᠭᠡᠨ ᠤ ᠰᠠᠯᠠᠭᠠᠨ ᠤ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠪᠡ᠃ ᠤᠯᠤᠰ ᠤᠨ ᠪᠠᠶᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠴᠢᠮ ᠬᠡᠷᠡᠭᠴᠡᠭᠡᠨ ᠤ ᠲᠣᠭᠤᠷᠢᠨ ᠳᠤ᠂ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠵᠢᠭᠰᠠᠭᠠᠯᠲᠠ ᠳᠤ ᠣᠷᠣᠭᠤᠯᠬᠤ ᠪᠠᠷ ᠴᠢᠷᠮᠠᠶᠢᠪᠠ᠃ ︽ᠶᠡᠭᠡ ᠬᠡᠪᠴᠢᠶ᠎ᠡ ᠪᠠᠷ ᠡᠨᠧᠷᠭᠢ ᠬᠠᠳᠠᠭᠠᠯᠠᠬᠤ ᠮᠡᠷᠭᠡᠵᠢᠯ︾ ᠵᠡᠷᠭᠡ ᠰᠤᠷᠭᠠᠨ ᠬᠥᠮᠦᠵᠢᠯ ᠤᠨ ᠶᠠᠮᠤᠨ ᠤ ᠢᠨᠵᠧᠨᠧᠷᠢᠩ ᠤᠨ ᠰᠤᠳᠤᠯᠭᠠᠨ ᠤ ᠲᠥᠪ᠂ ᠰᠤᠷᠭᠠᠨ ᠬᠥᠮᠦᠵᠢᠯ ᠤᠨ ᠶᠠᠮᠤᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠨ᠎ᠡ ᠪᠠᠷ ᠨᠡᠮᠡᠵᠦ ᠪᠠᠶᠢᠷᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ 11 ᠳᠡᠭᠡᠳᠦ ᠰᠤᠷᠭᠠᠭᠤᠯᠢ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠲᠣᠮᠣ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ 3 ᠳᠡᠭᠡᠳᠦ ᠰᠤᠷᠭᠠᠭᠤᠯᠢ ᠶᠢᠨ ᠰᠢᠨ᠎ᠡ ᠬᠡᠯᠪᠡᠷᠢ ᠶᠢᠨ ᠣᠶᠤᠨ ᠤ ᠬᠥᠮᠥᠷᠭᠡ ᠶᠢ ᠪᠠᠶᠢᠭᠤᠯᠪᠠ᠃ ᠣᠳᠣ ᠪᠣᠯᠲᠠᠯ᠎ᠠ᠂ ᠪᠥᠬᠦ ᠣᠷᠣᠨ ᠤ ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ ᠶᠠᠮᠤᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ 8᠂ ᠢᠨᠵᠧᠨᠧᠷᠢᠩ ᠤᠨ ᠰᠤᠳᠤᠯᠭᠠᠨ ᠤ ᠲᠥᠪ 6᠂ ᠮᠤᠵᠢ ᠪᠠ ᠶᠠᠮᠤᠨ ᠬᠠᠮᠲᠤᠷᠠᠨ ᠪᠠᠶᠢᠭᠤᠯᠵᠤ ᠬᠠᠮᠵᠢᠯᠴᠠᠨ ᠰᠢᠨ᠎ᠡ ᠶᠢ ᠡᠭᠦᠳᠬᠦ ᠲᠥᠪ 4 ᠪᠠᠶᠢᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠪᠥᠬᠦ ᠣᠷᠣᠨ ᠤ 48 ᠳᠡᠭᠡᠳᠦ ᠰᠤᠷᠭᠠᠭᠤᠯᠢ᠂ 20 ᠲᠦᠮᠡᠨ ᠰᠣᠷᠣᠭᠴᠢ ᠶᠢ ᠵᠣᠬᠢᠶᠠᠨ ᠪᠠᠶᠢᠭᠤᠯᠤᠨ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠤᠯᠵᠤ᠂ ᠤᠶᠤᠲᠠᠳ ᠤᠨ ︽ᠵᠣᠷᠢᠭᠲᠠᠶ ᠭᠠᠪᠰᠢᠭᠠᠶᠢᠯᠠᠵᠤ ᠬᠠᠮᠲᠤᠷᠠᠨ ᠡᠭᠦᠳᠬᠦ︾ ᠴᠢᠳᠠᠪᠤᠷᠢ ᠪᠠ ᠬᠡᠪ ᠴᠢᠨᠠᠷ ᠢ ᠪᠤᠶᠢᠵᠢᠭᠤᠯᠪᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠶᠢ ᠪᠠᠶᠢᠩᠭᠤᠵᠢᠭᠤᠯᠤᠨ ᠠᠬᠢᠭᠤᠯᠬᠤ 26 ᠵᠦᠢᠯ ᠤᠨ ᠠᠷᠭ᠎ᠠ ᠬᠡᠮᠵᠢᠶ᠎ᠡ ᠶᠢ ᠲᠦᠷᠦᠭᠦᠯᠡᠨ ᠳᠣᠭᠲᠠᠭᠠᠵᠤ᠂ ᠥᠪᠥᠷ ᠮᠣᠩᠭᠤᠯ ᠤᠨ 24365 ᠤᠶᠤᠲᠠᠳ ᠤᠨ ᠠᠵᠢᠯ ᠣᠯᠭᠤᠯᠲᠠ ᠶᠢᠨ ᠲᠠᠪᠴᠠᠩ ᠤᠨ ᠴᠢᠳᠠᠮᠵᠢ ᠶᠢ ᠦᠷᠭᠦᠯᠵᠢᠯᠡᠨ ᠲᠠᠰ ᠳᠡᠪᠰᠢᠭᠦᠯᠦᠨ᠂ ︽ᠲᠡᠭᠦᠰᠦᠭᠰᠡᠳ ᠲᠤ ᠠᠵᠢᠯ ᠣᠯᠭᠤᠬᠤ ᠨᠢᠭᠡ ᠶᠠᠪᠤᠳᠠᠯ︾᠂ ︽ᠠᠵᠢᠯᠲᠠᠨ ᠡᠯᠰᠡᠬᠦ‍ ᠨᠢᠭᠡ ᠶᠠᠪᠤᠳᠠᠯ︾ ᠭᠡᠬᠦ ᠲᠤᠰᠬᠠᠶ ᠪᠤᠯᠤᠩ ᠢ ᠰᠦᠯᠵᠢᠶᠡᠨ ᠳᠤ ᠭᠠᠷᠭᠠᠨ᠂ 2023 ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠷᠢᠭᠤᠯᠤᠭᠰᠠᠨ ᠠᠵᠢᠯᠲᠠᠨ ᠤᠷᠢᠬᠤ ᠲᠤᠰᠬᠠᠶ ᠠᠵᠢᠯᠯᠠᠭ᠎ᠠ ᠶᠢ 431 ᠲᠠᠯᠠᠪᠤᠷ ᠡᠷᠬᠢᠯᠡᠵᠦ᠂ 8647 ᠬᠥᠮᠦᠨ ᠬᠡᠷᠡᠭᠯᠡᠬᠦ ᠨᠢᠭᠡᠴᠢ ᠶᠢ ᠰᠤᠷᠪᠤᠯᠵᠢᠯᠠᠨ᠂ 97.52 ᠲᠦᠮᠡᠨ ᠠᠵᠢᠯ ᠤᠨ ᠪᠠᠶᠢᠷᠢ ᠬᠠᠩᠭᠠᠵᠤ᠂ 53 ᠤᠳᠠᠭᠠᠨ ᠤ ᠠᠵᠢᠯ ᠣᠯᠭᠤᠵᠤ ᠬᠥᠮᠦᠨ ᠬᠥᠮᠦᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 1540 ᠬᠢᠴᠢᠶᠡᠯ ᠤᠨ ᠴᠠᠭ ᠨᠡᠪᠲᠡᠷᠡᠭᠦᠯᠵᠦ᠂ ᠣᠷᠣᠯᠴᠠᠭᠰᠠᠨ ᠰᠤᠷᠤᠭᠴᠢ 121 ᠲᠦᠮᠡᠨ ᠬᠥᠮᠦᠨ ᠤᠳᠠᠭ᠎ᠠ ᠳᠤ ᠬᠦᠷᠴᠦ᠂ ᠲᠠᠪᠴᠠᠩ ᠢ ᠰᠤᠷᠪᠤᠯᠵᠢᠯᠠᠭᠰᠠᠨ ᠬᠡᠮᠵᠢᠶ᠎ᠡ 13 ᠳ᠋ᠦᠩᠰᠢᠭᠤᠷ ᠬᠥᠮᠦᠨ ᠤᠳᠠᠭ᠎ᠠ ᠳᠤ ᠬᠦᠷᠦᠨ᠂ ᠳᠠᠩᠰᠠᠯᠠᠭᠤᠯᠤᠭᠰᠠᠨ ᠰᠤᠷᠤᠭᠴᠢ ᠶᠢᠨ ᠲᠤᠭ᠎ᠠ192.54 ᠲᠦᠮᠡ ᠳᠤ ᠬᠦᠷᠪᠡ᠃      ᠭᠤᠷᠪᠠ ᠳᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠵᠤ᠂ ᠠᠵᠤ ᠠᠬᠤᠢ ᠨᠡᠶᠢᠭᠡᠮ ᠳᠤ ᠤᠯᠠᠨ ᠶᠠᠩᠵᠤᠴᠢᠯᠠᠭᠰᠠᠨ ᠴᠢᠳᠠᠪᠤᠷᠢᠲᠠᠨ ᠤ ᠬᠡᠷᠡᠭᠴᠡᠭᠡ ᠶᠢ ᠬᠠᠩᠭᠠᠪᠠ᠃ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠰ ᠢ ᠬᠥᠭᠵᠢᠭᠦᠯᠬᠦ᠂ ᠴᠢᠳᠠᠪᠤᠷᠢᠲᠠᠨ ᠬᠡᠷᠡᠭᠰᠡᠬᠦ ᠂ ᠲᠥᠷᠥ ᠶᠢᠨ ᠪᠣᠳᠣᠯᠭ᠎ᠠ ᠳᠡᠮᠵᠢᠬᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠭᠤᠷᠪᠠᠨ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠠᠬᠢᠭᠤᠯᠪᠠ᠃ ᠠᠵᠤ ᠦᠢᠯᠡᠰ ᠤᠨ ᠬᠡᠯᠬᠢᠶᠡᠰᠦ ᠶᠢ ᠴᠢᠩᠭ᠎ᠠ ᠠᠳᠬᠤᠨ ᠰᠤᠷᠭᠠᠨ ᠬᠥᠮᠦᠵᠢᠯ ᠤᠨ ᠬᠡᠯᠬᠢᠶᠡᠰᠦ ᠶᠢ ᠪᠠᠶᠢᠷᠢᠯᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠭᠤᠯᠤᠭᠰᠠᠨ ᠵᠠᠬᠢᠶᠠᠯᠠᠭ᠎ᠠ ᠶᠢᠨ ᠠᠩᠭᠢ᠂ ᠨᠡᠷᠡᠯᠡᠭᠰᠡᠨ ᠠᠩᠭᠢ ᠳᠤ 3400 ᠰᠤᠷᠤᠭᠴᠢ ᠨᠡᠮᠡᠨ ᠡᠯᠰᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠰᠦ ᠶᠢᠨ ᠴᠢᠳᠠᠪᠤᠷᠢᠲᠠᠨ ᠬᠥᠮᠦᠵᠢᠭᠦᠯᠬᠦ ᠳᠤ ᠦᠢᠯᠡᠴᠢᠯᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ︽ᠨᠢᠭᠡ ᠣᠷᠣᠨ ᠪᠦᠰᠡ ᠳᠤ ᠨᠢᠭᠡ ᠪᠦᠯᠦᠭᠵᠢᠯ︾ ᠪᠠ ︽ᠨᠢᠭᠡ ᠭᠠᠵᠠᠷ ᠣᠷᠣᠨ ᠳᠤ ᠨᠢᠭᠡ ᠲᠥᠷᠥ ᠶᠢᠨ ᠪᠣᠳᠣᠯᠭ᠎ᠠ︾ ᠶᠢᠨ ᠶᠣᠰᠤ ᠪᠠᠷ ᠬᠤᠪᠣᠷ ᠰᠢᠷᠣᠶ᠂ ᠠᠮᠢᠳᠤ ᠪᠣᠳᠠᠰ ᠤᠨ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ 6 ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠬᠤᠯᠪᠣᠭᠠᠲᠤ ᠴᠣᠭᠴᠠ ᠶᠢ ᠪᠠᠶᠢᠭᠤᠯᠤᠨ᠂ ᠡᠯᠧᠺᠲᠷᠣᠨ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠮᠠᠯ ᠠᠵᠤ ᠠᠬᠤᠶ ᠵᠡᠷᠭᠡ ᠬᠦᠷᠢᠶ᠎ᠡ ᠴᠠᠷᠠᠭᠠᠨ ᠳᠤ 11 ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢ ᠪᠠᠶᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠭᠰᠠᠨ 122 ᠦᠢᠯᠡᠳᠦᠯᠭᠡ ᠶᠢᠨ ᠲᠥᠪ ᠢ ᠪᠠᠶᠢᠭᠤᠯᠪᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠪᠦᠬᠦ ᠤᠯᠤᠰ ᠤᠨ ᠠᠵᠢᠯ ᠨᠢᠭᠡᠲᠡᠨ ᠤ ᠬᠥᠨᠳᠡᠯᠡᠨ ᠰᠣᠯᠢᠯᠴᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠦᠬᠦ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭᠠᠨ ᠤ ᠬᠤᠷᠠᠯ᠂ ᠪᠦᠬᠦ ᠤᠯᠤᠰ ᠤᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠵᠢᠴᠢ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠣᠨᠣᠭᠯᠠᠯ ᠦᠢᠯᠡᠳᠬᠦ ᠦᠢᠯᠡᠰ ᠤᠨ ᠲᠤᠰᠬᠠᠢ ᠮᠡᠷᠭᠡᠵᠢᠯ ᠤᠨ ᠴᠤᠭᠯᠠᠷᠠᠯ ᠤᠨ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠭᠠᠨ ᠤ ᠬᠤᠷᠠᠯ ᠵᠡᠷᠭᠡ ᠪᠦᠬᠦ ᠤᠯᠤᠰ ᠤᠨ ᠴᠢᠨᠠᠷᠲᠠᠢ ᠤᠷᠤᠯᠳᠤᠭᠠᠨ ᠪᠠ ᠬᠤᠷᠠᠯ ᠢ ᠠᠩᠬ᠎ᠠ ᠤᠳᠠᠭ᠎ᠠ ᠳᠠᠭᠠᠭᠠᠴᠢᠯᠠᠨ ᠡᠷᠬᠢᠯᠡᠵᠦ᠂ ᠬᠠᠮᠲᠤᠷᠠᠨ ᠬᠥᠭᠵᠢᠭᠦᠯᠬᠦ ᠶᠢ ᠬᠠᠮᠲᠤ ᠳᠤ ᠪᠠᠨ ᠵᠥᠪᠳᠡᠯᠴᠡᠵᠦ᠂ ᠬᠤᠷᠰᠢᠶᠠᠯᠠᠨ ᠬᠠᠮᠲᠤ ᠳᠤ ᠪᠠᠨ ᠠᠰᠢᠭ ᠬᠦᠷᠳᠡᠬᠦ ᠶᠢ ᠡᠷᠢᠯᠬᠢᠯᠡᠪᠡ᠃      ᠳᠥᠷᠪᠡ ᠳᠤ᠂ ᠰᠠᠭᠤᠷᠢ ᠰᠤᠷᠭᠠᠨ ᠬᠥᠮᠦᠵᠢᠯ ᠤᠨ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠦᠷᠭᠦᠯᠵᠢᠯᠡᠨ ᠪᠠᠬᠢᠵᠢᠭᠦᠯᠵᠦ᠂ ᠰᠤᠷᠭᠠᠨ ᠬᠥᠮᠦᠵᠢᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠡᠷᠳᠡᠮ ᠤᠨ ᠴᠣᠯᠠ ᠶᠢᠨ ᠬᠠᠩᠭᠠᠯᠭ᠎ᠠ ᠶᠢ ᠢᠳᠡᠪᠬᠢᠲᠡᠢ ᠥᠷᠭᠡᠳᠬᠡᠵᠦ᠂ ᠪᠦᠬᠦ ᠣᠷᠣᠨ ᠤ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠨᠢᠭᠡᠨᠲᠡ 687 ᠰᠠᠭᠤᠷᠢ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠪᠠ᠃ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 88.06% ᠳᠤ ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠲᠤ ᠤᠷᠤᠭᠰᠠᠨ ᠪᠥᠬᠦ ᠨᠣᠷᠮ᠎ᠠ 95.0% ᠳᠤ ᠬᠦᠷᠴᠦ᠂ 9 ᠬᠤᠰᠢᠭᠤ ᠰᠢᠶᠠᠨ ︵ᠬᠤᠲᠠ᠂ ᠲᠣᠭᠤᠷᠢᠭ︶ ᠤᠯᠤᠰ ᠤᠨ ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠢ ᠲᠥᠭᠡᠮᠡᠯᠵᠢᠭᠦᠯᠦᠭᠰᠡᠨ ᠢ ᠬᠢᠨᠠᠨ ᠵᠢᠯᠣᠭᠤᠳᠴᠤ ᠦᠨᠡᠯᠡᠨ ᠵᠢᠱᠢᠵᠦ ᠰᠢᠯᠭᠠᠨ ᠠᠪᠬᠤ ᠳᠤ ᠬᠢᠷᠢ ᠲᠡᠩᠴᠡᠪᠡ᠃ 2647 ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠰᠤᠵᠤ᠂ ᠲᠣᠭᠲᠠᠭᠠᠯ ᠠᠴᠠ ᠵᠥᠷᠢᠴᠡᠭᠰᠡᠨ 1735 ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠢ ᠬᠥᠩᠭᠡᠷᠡᠭᠦᠯᠬᠦ︾ ᠶᠠᠪᠤᠴᠠ ᠳᠠᠬᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠰᠤᠷᠤᠭᠴᠢᠳ ᠤᠨ ᠰᠦᠪᠡᠭᠴᠢᠯᠡᠬᠦ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠲᠠᠶ ᠰᠡᠳᠬᠢᠬᠦᠶ ᠶᠢᠨ ᠬᠡᠪ ᠴᠢᠨᠠᠷ ᠢ ᠬᠥᠮᠦᠵᠢᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠪᠦᠬᠦᠨ ᠢ ᠬᠠᠮᠤᠷᠤᠭᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 260 ᠭᠠᠷᠤᠶ ᠲᠦᠮᠡᠨ ᠰᠤᠷᠤᠭᠴᠢ ᠶᠢᠨ ᠬᠠᠷᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠤ ᠠᠵᠢᠯ ᠬᠢᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ︽ᠨᠢᠭᠡ ᠯᠡ ᠳᠠᠷᠤᠪᠴᠢ ᠪᠠᠷ  ᠬᠡᠦᠬᠡᠳ ᠤᠨ ᠴᠡᠴᠡᠷᠯᠢᠭ ᠲᠤ ᠣᠷᠣᠬᠤ︾ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠨᠢᠭᠡ ᠯᠡ ᠳᠠᠷᠤᠪᠴᠢ ᠪᠠᠷ ᠰᠤᠷᠭᠠᠭᠤᠯᠢ ᠳᠤ ᠣᠷᠣᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠪᠡᠶᠡᠯᠡᠭᠦᠯᠪᠡ᠃      ᠲᠠᠪᠤ ᠳᠤ᠂ ᠴᠢᠨᠠᠷᠯᠢᠭ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠥᠷᠨᠢᠭᠦᠯᠬᠦ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠭᠰᠢ ᠶᠢᠨ ᠮᠣᠷᠠᠯ ᠰᠤᠷᠲᠠᠯ ᠤᠨ  ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠪᠠ᠃ ᠡᠬᠢ ᠡᠭᠦᠰᠦᠯ ᠠᠴᠠ ᠨᠢ ᠭᠠᠷᠳᠠᠨ᠂ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢᠨ ᠴᠢᠨᠠᠷ ᠴᠢᠨᠰᠠᠭ᠎ᠠ ᠶᠢ ᠬᠦᠴᠦᠯᠡᠨ ᠰᠠᠶᠢᠵᠢᠷᠠᠭᠤᠯᠵᠤ᠂ ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠭᠡᠷᠡᠴᠢᠯᠡᠯᠲᠡ ᠶᠢ ᠠᠬᠢᠭᠤᠯᠵᠤ᠂ ᠪᠠᠭᠰᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠬᠠᠮᠵᠢᠯᠴᠠᠨ ᠳᠡᠭᠡᠭᠰᠢᠯᠡᠭᠦᠯᠬᠦ ᠲᠥᠯᠥᠪᠯᠡᠭᠡ ᠶᠢ ᠡᠬᠢᠯᠡᠭᠦᠯᠦᠨ᠂ ᠪᠠᠭᠰᠢ ᠶᠢᠨ ᠳᠡᠭᠡᠳᠦ ᠰᠤᠷᠭᠠᠭᠤᠯᠢ ᠪᠣᠯᠤᠨ ᠪᠠᠭᠰᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠪᠦᠬᠦᠯᠢ ᠴᠣᠭᠴᠠ ᠪᠠᠷ ᠳᠡᠭᠡᠭᠰᠢᠯᠡᠭᠦᠯᠪᠡ᠃ ᠪᠠᠭᠰᠢ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠠᠴᠠ ᠭᠠᠷᠳᠠᠵᠤ᠂ ᠡᠯ᠎ᠡ ᠱᠠᠲᠤᠨ ᠤ ᠰᠢᠨ᠎ᠡ ᠪᠠᠷ ᠠᠵᠢᠯ ᠳᠤ ᠣᠷᠣᠬᠤ ᠪᠠᠭᠰᠢ᠂ ᠬᠥᠳᠡᠭᠡ ᠲᠣᠰᠬᠤᠨ ᠤ ᠪᠠᠭᠰᠢ ᠶᠢᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠭᠤᠯᠤᠯ ᠢᠶᠠᠷ ᠭᠤᠤᠯᠳᠠᠯᠭ᠎ᠠ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾᠂ ︽ᠣᠷᠣᠨ ᠤ ᠪᠣᠯᠪᠠᠰᠤᠷᠠᠭᠤᠯᠤᠯ ᠤᠨ ᠲᠥᠯᠥᠪᠯᠡᠭᠡ︾ ᠪᠠ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ︾ ᠶᠢ ᠴᠢᠨᠠᠷᠯᠢᠭ ᠬᠡᠷᠡᠭᠵᠢᠭᠦᠯᠵᠦ᠂ 23 ᠲᠦᠮᠡ ᠭᠠᠷᠤᠶ ᠪᠠᠭᠰᠢ ᠶᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯ ᠢ ᠪᠡᠶᠡᠯᠡᠭᠦᠯᠵᠦ᠂ ᠪᠠᠭᠰᠢ ᠶᠢᠨ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠯᠪᠠᠨ ᠤ ᠰᠦᠢᠳᠭᠡᠯ ᠢᠶᠠᠷ ᠪᠠᠭᠰᠢ ᠶᠢ ᠬᠠᠨᠳᠤᠯᠭ᠎ᠠ ᠲᠠᠢ ᠬᠥᠮᠦᠵᠢᠭᠦᠯᠬᠦ ᠵᠡᠷᠭᠡ ᠲᠤᠰᠬᠠᠶ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠰᠤᠷᠭᠠᠭᠤᠯᠢ ᠳᠤ 1438 ᠰᠢᠯᠢᠳᠡᠭ ᠪᠠᠭᠰᠢ ᠶᠢ ᠨᠥᠬᠦᠪᠦᠷᠢᠯᠡᠨ ᠬᠥᠮᠥᠵᠢᠭᠦᠯᠵᠦ᠂ ᠰᠢᠯᠢᠳᠡᠭ ᠢᠳᠡᠷ ᠵᠠᠯᠠᠭᠤ ᠪᠠᠭᠰᠢ ᠨᠠᠷ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠳᠡᠮᠵᠢᠭᠦᠯᠬᠦ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ 1122 ᠪᠠᠭᠰᠢ ᠶᠢ ᠨᠢᠭᠡᠳᠦᠯᠲᠡᠶ ᠲᠥᠯᠥᠪᠯᠡᠨ ᠰᠣᠩᠭᠤᠨ ᠲᠣᠮᠢᠯᠠᠵᠤ ᠬᠥᠳᠡᠭᠡ ᠲᠣᠰᠬᠤᠨ ᠳᠤ ᠣᠴᠢᠭᠤᠯᠤᠨ᠂ ᠪᠠᠭᠤᠷᠠᠶ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠴᠢᠨᠰᠠᠭᠠᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠭᠤᠷᠢᠶᠠᠯ ᠦᠵᠡᠭᠦᠯᠦᠨ ᠳᠠᠶᠢᠴᠢᠯᠠᠪᠠ᠃      ᠵᠢᠷᠭᠤᠭ᠎ᠠ ᠳᠤ᠂ ᠲᠣᠭᠠᠵᠢᠭᠤᠯᠤᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠᠷ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠳᠤ ᠡᠨᠧᠷᠭᠢ ᠣᠯᠭᠤᠪᠠ᠃ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠥᠪᠥᠷ ᠮᠣᠩᠭᠤᠯ ᠳᠠᠬᠢ ᠲᠤᠷᠰᠢᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠡᠯ᠎ᠡ ᠭᠠᠵᠠᠷ ᠡᠯ᠎ᠡ ᠰᠤᠷᠭᠠᠭᠤᠯᠢ ᠶᠢ ᠵᠢᠯᠣᠭᠤᠳᠤᠨ ᠴᠢᠨᠠᠷᠯᠢᠭ ᠲᠣᠭᠠᠵᠢᠭᠰᠠᠨ ᠡᠬᠢ ᠪᠠᠶᠠᠯᠢᠭ ᠤᠨ ᠬᠠᠩᠭᠠᠯᠭ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠣᠳᠣᠬᠠᠨ ᠳᠤ ᠨᠢᠭᠡᠨᠲᠡ 318.9 ᠲᠦᠮᠡᠨ ᠬᠡᠷᠡᠭᠯᠡᠭᠴᠢ ᠳᠠᠩᠰᠠᠯᠠᠭᠤᠯᠵᠤ᠂ ᠦᠵᠡᠭᠰᠡᠨ ᠬᠡᠮᠵᠢᠶ᠎ᠡ 5.59 ᠳ᠋ᠦᠩᠰᠢᠭᠤᠷ ᠤᠳᠠᠭ᠎ᠠ ᠬᠦᠷᠴᠡᠶ᠃ ︽ᠭᠤᠷᠪᠠᠨ ᠬᠢᠴᠢᠶᠡᠯ ᠤᠨ ᠲᠠᠩᠬᠢᠮ︾ ᠤᠨ ᠪᠥᠲᠥᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ︽ᠲᠤᠰᠬᠠᠶ ᠳᠠᠮᠵᠢᠭᠤᠯᠬᠤ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ᠪᠥᠬᠦ ᠣᠷᠣᠨ ᠤ ᠰᠢᠯᠢᠳᠡᠭ ᠡᠬᠢ ᠪᠠᠶᠠᠯᠢᠭ ᠲᠠᠢ 405 ᠳᠤᠮᠳᠠᠳᠤ ᠪᠠᠭ᠎ᠠ ᠰᠤᠷᠭᠠᠭᠤᠯᠢ ᠶᠢ ᠮᠠᠯᠵᠢᠬᠤ ᠲᠠᠷᠢᠶᠠᠯᠠᠬᠤ ᠣᠷᠣᠨ ᠤ 498 ᠪᠠᠭᠤᠷᠠᠶ ᠰᠤᠷᠭᠠᠭᠤᠯᠢ ︵ᠵᠢᠭᠠᠨ ᠰᠤᠷᠭᠠᠬᠤ ᠴᠡᠭ︶ ᠲᠠᠢ ᠵᠣᠯᠭᠠᠭᠤᠯᠤᠨ ᠬᠠᠪᠰᠤᠷᠤᠨ ᠳᠡᠳᠬᠦᠭᠦᠯᠪᠡ︔ ︽ᠨᠠᠷᠠᠲᠤ ᠪᠠᠭᠰᠢ ᠶᠢᠨ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ᠪᠥᠬᠦ ᠣᠷᠣᠨ ᠳᠤ 115 ᠰᠢᠩᠭᠡᠭᠡᠨ ᠨᠡᠪᠲᠡᠷᠡᠭᠦᠯᠬᠦ ᠬᠢᠴᠢᠶᠡᠯ ᠤᠨ ᠬᠡᠷ ᠪᠠᠶᠢᠭᠤᠯᠵᠤ᠂ ᠪᠠᠭᠰᠢ ᠠᠯᠤᠰ ᠠᠴᠠ ᠰᠦᠯᠵᠢᠶᠡᠨ ᠳᠤ ᠰᠣᠯᠢᠯᠴᠠᠨ ᠰᠤᠷᠤᠯᠴᠠᠬᠤ ᠶᠢ ᠠᠬᠢᠭᠤᠯᠪᠠ︔ ︽ᠨᠠᠷᠠᠲᠤ ᠰᠤᠷᠭᠠᠭᠤᠯᠢ ᠶᠢᠨ ᠰᠦᠯᠵᠢᠶᠡᠨ ᠤ ᠬᠢᠴᠢᠶᠡᠯ ᠤᠨ ᠲᠠᠩᠬᠢᠮ︾ ᠢᠶᠠᠷ ᠳᠠᠮᠵᠢᠭᠤᠯᠤᠨ ᠬᠢᠯᠢ ᠬᠢᠵᠠᠭᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ᠪᠥᠬᠦ ᠤᠯᠤᠰ ᠤᠨ ᠴᠢᠨᠠᠷᠯᠢᠭ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠤᠪᠢᠶᠠᠯᠴᠠᠨ ᠡᠳ᠋ᠯᠡᠭᠦᠯᠪᠡ᠃ ᠳᠠᠷᠠᠭ᠎ᠠ ᠠᠯᠬᠤᠮ ᠳᠤ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠲᠣᠭᠤᠷᠢᠨ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map