︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ᠳᠤ ᠵᠠᠰᠠᠪᠤᠷᠢ ᠣᠷᠣᠭᠤᠯᠬᠤ ᠲᠥᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/20
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠠᠷᠭ᠎ᠠ  ᠶᠢ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ ﹇2024﹈ 2 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠡ᠃      ᠨᠢᠭᠡ ᠂ ︽ ᠬᠡᠷᠡᠭᠵᠢᠭᠦᠯᠬᠦ ᠨᠠᠷᠢᠨ ᠳᠦᠷᠢᠮ ︾ ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ᠢᠳᠡᠰᠢᠨ ᠨᠣᠭᠤᠭ᠎ᠠ﹀ ᠶᠢᠨ  ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 59 ᠳ᠋ᠦ᠋ᠭᠡᠷ ᠲᠣᠭᠠᠲᠤ︶ ᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ︽ᠢᠳᠡᠰᠢᠨ ᠨᠣᠭᠤᠭ᠎ᠠ︾ ᠶᠢᠨ  ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠪᠤᠲᠠᠲᠠᠶᠢᠵᠢᠭᠤᠯᠬᠤ ᠶᠢᠨ ᠲᠦᠯᠦᠭᠡ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 11 ᠶᠠᠮᠤᠨ ᠬᠤᠷᠢᠶ᠎ᠠ ᠶᠢᠨ ︽︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠠᠷᠭ᠎ᠠ  ᠶᠢ ᠬᠡᠷᠡᠭᠵᠢᠭᠦᠯᠬᠦ ᠨᠠᠷᠢᠨ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ ︵ᠲᠠᠷᠢᠶᠠᠯᠠᠩ ᠬᠤᠲᠠ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ︶ ᠢ ᠦᠨᠳᠦᠰᠦᠯᠡᠨ ᠂ ᠰᠢᠨ᠎ᠡ ᠪᠠᠶᠢᠳᠠᠯ ᠳᠣᠣᠷᠠᠬᠢ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠬᠤᠲᠠ ᠲᠠᠷᠬᠠᠭᠠᠭᠰᠠᠨ ﹇2022﹈ 428 ᠳ᠋ᠤᠭᠠᠷ ᠲᠣᠭᠠᠲᠤ︶  ᠤᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃      ᠬᠤᠶᠠᠷ ᠂ ︽ ᠬᠡᠷᠡᠭᠵᠢᠭᠦᠯᠬᠦ ᠨᠠᠷᠢᠨ ᠳᠦᠷᠢᠮ ︾  ᠤᠨ ᠶᠠᠮᠠᠷ ᠶᠠᠮᠠᠷ ᠠᠭᠤᠯᠭ᠎ᠠ ᠳᠤ ᠵᠠᠰᠠᠪᠤᠷᠢ ᠣᠷᠣᠭᠤᠯᠤᠭᠰᠠᠨ ᠪᠤᠢ      ︽ᠶᠡᠭᠡ  ᠶᠢ ᠲᠣᠭᠲᠠᠭᠤᠨ ᠪᠠᠶᠢᠯᠭᠠᠵᠤ᠂ ᠪᠠᠭ᠎ᠠ ᠬᠡᠪᠴᠢᠶ᠎ᠡ ᠳᠤ ᠲᠣᠬᠢᠷᠠᠭᠤᠯᠤᠯᠲᠠ ᠬᠢᠬᠦ︾ ᠵᠠᠷᠴᠢᠮ ᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠠᠷᠭ᠎ᠠ︾ ᠳᠤ ᠲᠣᠳᠣᠷᠬᠠᠶᠢᠯᠠᠭᠰᠠᠨ ᠬᠢᠨᠠᠨ ᠰᠢᠯᠭᠠᠬᠤ ᠪᠣᠷᠣ ᠲᠥᠯᠥᠪ ᠪᠠ ᠦᠨᠳᠦᠰᠦᠨ ᠳᠦᠷᠢᠮ ᠢ ᠴᠢᠩᠭ᠎ᠠ ᠵᠢᠷᠤᠮᠯᠠᠵᠤ᠂ ᠬᠢᠨᠠᠨ ᠰᠢᠯᠭᠠᠯᠲᠠ ᠶᠢᠨ ᠶᠡᠷᠦᠩᠬᠡᠢ ᠬᠤᠪᠢ ᠪᠠ ᠬᠢᠨᠠᠨ ᠰᠢᠯᠭᠠᠯᠲᠠ ᠶᠢᠨ ᠠᠭᠤᠯᠭ᠎ᠠ  ᠶᠢ ᠬᠤᠪᠢᠷᠠᠭᠤᠯᠬᠤ ᠦᠭᠡᠢ ᠪᠠᠶᠢᠬᠤ  ᠶᠢ ᠪᠠᠲᠤᠯᠠᠵᠤ᠂ ᠰᠢᠨ᠎ᠡ ᠪᠠᠶᠢᠳᠠᠯ ᠰᠢᠨ᠎ᠡ ᠡᠭᠦᠷᠭᠡ ᠶᠢ ᠦᠨᠳᠦᠰᠦᠯᠡᠨ᠂ ᠬᠢᠨᠠᠨ ᠰᠢᠯᠭᠠᠬᠤ ᠪᠣᠷᠣ ᠲᠥᠯᠥᠪ ᠤᠨ ᠳᠣᠲᠣᠷ᠎ᠠ ᠬᠢᠨᠠᠨ ᠰᠢᠯᠭᠠᠬᠤ ᠵᠤᠷᠪᠤᠰ ᠪᠣᠯᠣᠨ ᠬᠢᠨᠠᠨ ᠰᠢᠯᠭᠠᠬᠤ ᠭᠦᠢᠴᠡᠳᠬᠡᠬᠦ ᠲᠤᠭ᠎ᠠ ᠳᠤ ᠵᠣᠬᠢᠰᠲᠠᠢ ᠲᠣᠬᠢᠷᠠᠭᠤᠯᠤᠯᠲᠠ ᠬᠢᠵᠦ᠂ ︽ᠬᠥᠮᠥᠨ ᠳᠤᠮᠳᠠᠴᠢ ᠶᠢᠨ ᠢᠳᠡᠰᠢᠨ ᠨᠣᠭᠤᠭ᠎ᠠ ᠶᠢᠨ ᠲᠠᠷᠢᠶᠠᠨ ᠤ ᠬᠠᠳᠠᠭᠠᠯᠠᠯᠲᠠ ᠶᠢᠨ ᠬᠡᠮᠵᠢᠶ᠎ᠡ︾ ︽ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ︾ ︽ᠳᠠᠷᠢᠵᠤ ᠲᠡᠵᠢᠭᠡᠨ ᠦᠷᠡᠵᠢᠭᠦᠯᠬᠦ ᠵᠠᠩᠭᠢᠯᠠᠭ᠎ᠠ ᠶᠢ ᠲᠣᠭᠲᠠᠭᠰᠠᠨ ᠬᠡᠮᠵᠢᠶ᠎ᠡ ᠪᠠᠷ ᠰᠤᠭᠤᠴᠢᠨ ᠪᠠᠶᠢᠴᠠᠭᠠᠬᠤ︾ ︽ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ︾ ︽ᠪᠠᠴᠢᠮ ᠪᠠᠶᠢᠳᠠᠯ ᠢ ᠠᠷᠭᠠᠴᠠᠨ ᠬᠠᠩᠭᠠᠯᠭ᠎ᠠ ᠶᠢ ᠪᠠᠲᠤᠯᠠᠬᠤ ᠲᠣᠭᠲᠠᠴᠠ︾ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ︾ ᠵᠡᠷᠭᠡ ᠭᠦᠢᠴᠡᠳᠬᠡᠯ ᠲᠤᠭ᠎ᠠ ᠶᠢ ᠰᠢᠨ᠎ᠡ ᠪᠠᠷ ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ ᠪᠠ ᠠᠪᠴᠠᠯᠳᠤᠩᠭᠤᠢ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃      ᠭᠤᠷᠪᠠ ᠂ ︽ ᠬᠡᠷᠡᠭᠵᠢᠭᠦᠯᠬᠦ ᠨᠠᠷᠢᠨ ᠳᠦᠷᠢᠮ ︾ ᠤᠨ ᠬᠢᠨᠠᠨ ᠰᠢᠯᠭᠠᠬᠤ ᠡᠲᠡᠭᠡᠳ ᠪᠣᠯᠣᠨ ᠭᠤᠣᠯ ᠠᠭᠤᠯᠭ᠎ᠠ      ︵ᠨᠢᠭᠡ︶ ᠰᠢᠯᠭᠠᠨ ᠬᠢᠨᠠᠭᠳᠠᠬᠤ ᠡᠲᠡᠭᠡᠳ      ︽ ᠬᠡᠷᠡᠭᠵᠢᠭᠦᠯᠬᠦ ᠨᠠᠷᠢᠨ ᠳᠦᠷᠢᠮ ︾ ᠤᠨ ᠬᠢᠨᠠᠨ ᠰᠢᠯᠭᠠᠬᠤ ᠡᠲᠡᠭᠡᠳ ᠪᠣᠯᠣᠨ ᠬᠡᠪᠴᠢᠶ᠎ᠡ ᠪᠣᠯ ᠪᠤᠭᠤᠲᠤ ᠬᠤᠳᠠ ᠂ ᠬᠥᠯᠥᠨ ᠪᠤᠶᠢᠷ ᠬᠤᠳᠠ ᠂ ᠬᠢᠩᠭᠠᠨ ᠠᠶᠢᠮᠠᠭ ᠂ ᠲᠦᠩᠯᠢᠶᠣᠣ ᠬᠤᠳᠠ ᠂ ᠤᠯᠠᠭᠠᠨᠬᠠᠳᠠ ᠬᠤᠳᠠ ᠂ ᠰᠢᠯᠢ ᠶᠢᠨ ᠭᠤᠣᠯ ᠠᠶᠢᠮᠠᠭ ᠂ ᠤᠯᠠᠭᠠᠨᠴᠠᠪ ᠬᠤᠳᠠ ᠂ ᠣᠷᠳᠣᠰ ᠬᠤᠳᠠ ᠂ ᠪᠠᠶᠠᠨᠨᠠᠭᠤᠷ ᠬᠤᠳᠠ ᠂ ᠦᠬᠠᠢ ᠬᠤᠳᠠ ᠂ ᠠᠯᠠᠱᠠ ᠠᠶᠢᠮᠠᠭ ᠵᠡᠷᠭᠡ 11 ᠠᠶᠢᠮᠠᠭ ᠬᠤᠳᠠ ᠶᠢᠨ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ᠎ᠠ ᠃ ᠬᠥᠬᠡᠬᠤᠲᠠ ᠶᠢᠨ ᠰᠢᠯᠭᠠᠨ ᠬᠢᠨᠠᠬᠤ ᠠᠵᠢᠯ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠢᠶᠠᠷ ᠲᠦᠷᠦᠭᠦᠯᠡᠭᠦᠯᠦᠭᠰᠡᠨ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ   ᠠᠴᠠ ᠬᠠᠷᠢᠭᠤᠴᠠᠨ ᠶᠠᠪᠤᠭᠳᠠᠭᠤᠯᠤᠨ᠎ᠠ᠃      ︵ᠬᠤᠶᠠᠷ︶ ︽ ᠬᠡᠷᠡᠭᠵᠢᠭᠦᠯᠬᠦ ᠨᠠᠷᠢᠨ ᠳᠦᠷᠢᠮ ︾ ᠤᠨ ᠭᠤᠣᠯ ᠠᠭᠤᠯᠭ᠎ᠠ      ︽ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡ ᠨᠠᠢᠮᠠᠨ ᠪᠦᠯᠦᠭ ᠬᠤᠷᠢᠨ ᠲᠠᠪᠤᠨ ᠵᠦᠢᠯ ᠳᠤ ᠬᠤᠪᠢᠶᠠᠨ᠎ᠠ᠃ ᠡᠭᠦᠨ ᠳᠤ᠂ ᠨᠢᠭᠡᠳᠦᠭᠡᠷ ᠪᠦᠯᠦᠭ ᠪᠠ ᠨᠠᠢᠮᠠᠳᠤᠭᠠᠷ ᠪᠦᠯᠦᠭ ᠨᠢ ᠲᠣᠰ ᠲᠣᠰ ᠶᠡᠷᠦᠩᠬᠡᠢ ᠳᠦᠷᠢᠮ ᠪᠠ ᠳᠠᠭᠠᠯᠳᠤᠭᠤᠯᠤᠭᠰᠠᠨ ᠳᠦᠷᠢᠮ ᠪᠣᠯᠣᠨ᠎ᠠ᠂ ᠬᠤᠶᠠᠳᠤᠭᠠᠷ ᠪᠦᠯᠦᠭ ᠠᠴᠠ ᠵᠢᠷᠭᠤᠳᠤᠭᠠᠷ ᠪᠦᠯᠦᠭ ᠬᠦᠷᠲᠡᠯᠡᠬᠢ ᠨᠢ ᠬᠢᠨᠠᠨ ᠰᠢᠯᠭᠠᠬᠤ ᠠᠭᠤᠯᠭ᠎ᠠ ᠶᠢᠨ ᠭᠦᠢᠴᠡᠳᠬᠡᠯ ᠲᠤᠭ᠎ᠠ ᠪᠠ ᠬᠤᠪᠢ ᠶᠢᠨ ᠥᠷᠲᠡᠭ ᠪᠣᠯᠣᠨ᠎ᠠ᠂ ᠡᠭᠦᠨ ᠳᠤ ᠭᠤᠣᠯᠳᠠᠭᠤ ᠦᠢᠯᠡᠳᠪᠦᠷᠢᠯᠡᠯ ᠤᠨ ᠴᠢᠳᠠᠪᠤᠷᠢ᠂ ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ᠂ ᠲᠣᠬᠢᠷᠠᠭᠤᠯᠤᠯ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ᠂ ᠬᠤᠲᠠ ᠶᠢᠨ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠡᠷᠭᠡ ᠲᠠᠪᠤᠨ ᠲᠠᠯ᠎ᠠ ᠶᠢ ᠪᠠᠭᠲᠠᠭᠠᠵᠤ᠂ ᠳᠣᠯᠣᠳᠤᠭᠠᠷ ᠪᠦᠯᠦᠭ ᠨᠢ ᠬᠤᠪᠢ ᠬᠠᠰᠤᠬᠤ ᠵᠦᠢᠯ ᠪᠣᠯᠣᠨ᠎ᠠ᠃      1. ᠦᠢᠯᠡᠳᠪᠦᠷᠢᠯᠡᠬᠦ ᠴᠢᠳᠠᠪᠤᠷᠢ ᠨᠢ ᠬᠥᠮᠥᠨ ᠪᠦᠷᠢ ᠶᠢᠨ ᠳᠤᠮᠳᠠᠴᠢ ᠢᠳᠡᠰᠢᠨ ᠨᠣᠭᠤᠭ᠎ᠠ ᠶᠢᠨ ᠭᠠᠵᠠᠷ  ᠤᠨ ᠪᠠᠶᠢᠬᠤ ᠲᠠᠯᠠᠪᠠᠢ ᠂ ᠢᠳᠡᠰᠢᠨ ᠨᠣᠭᠤᠭ᠎ᠠ ᠶᠢᠨ ᠲᠠᠯᠠᠪᠠᠢ ᠂ ᠭᠠᠷᠤᠯᠲᠠ ᠶᠢᠨ ᠬᠡᠮᠵᠢᠶ᠎ᠡ᠂ ᠮᠢᠬᠠᠨ ᠤ ᠵᠦᠢᠯ  ᠤᠨ ᠭᠠᠷᠤᠯᠲᠠ ᠶᠢᠨ ᠬᠡᠮᠵᠢᠶ᠎ᠡ ᠂ ᠤᠰᠤᠨ ᠭᠠᠷᠤᠯᠲᠠ ᠶᠢᠨ ᠭᠠᠷᠤᠯᠲᠠ ᠵᠡᠷᠭᠡ ᠶᠢ ᠬᠢᠨᠠᠨ ᠰᠢᠯᠭᠠᠨ᠎ᠠ ᠃      2. ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ ᠶᠢᠨ ᠰᠢᠯᠭᠠᠨ ᠬᠢᠨᠠᠬᠤ ᠳᠤ ᠪᠥᠭᠡᠮ ᠢᠶᠠᠷ ᠬᠤᠳᠠᠯᠳᠤᠬᠤ᠂ ᠲᠡᠭᠡᠭᠡᠪᠦᠷᠢᠯᠡᠬᠦ ᠪᠠ ᠵᠢᠵᠢᠭᠯᠡᠨ ᠬᠤᠳᠠᠯᠳᠤᠬᠤ ᠵᠡᠷᠭᠡ ᠡᠯ᠎ᠡ ᠭᠤᠭᠴᠤᠭ᠎ᠠ ᠶᠢ ᠬᠠᠮᠤᠷᠴᠤ᠂ ᠶᠡᠷᠦᠩᠬᠡᠢ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠲᠣᠣᠷ ᠴᠡᠭ ᠤᠨ ᠪᠠᠶᠢᠷᠢᠰᠢᠭᠤᠯᠤᠯᠲᠠ ᠵᠡᠷᠭᠡ ᠠᠭᠤᠯᠭ᠎ᠠ ᠳᠤ ᠬᠤᠯᠪᠣᠭᠳᠠᠨ᠎ᠠ᠃      3. ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠰᠢᠯᠭᠠᠨ ᠬᠢᠨᠠᠬᠤ ᠳᠤ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠬᠦ ᠠᠴᠠ ᠪᠣᠷᠣᠯᠠᠭᠤᠯᠬᠤ ᠬᠦᠷᠲᠡᠯᠡᠬᠢ ᠡᠯ᠎ᠡ ᠵᠠᠩᠭᠢᠯᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠤᠷᠴᠤ᠂ ᠳᠦᠷᠢᠮ ᠤᠨ ᠪᠠᠶᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ᠂ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠵᠡᠷᠭᠡ ᠳᠤ ᠬᠤᠯᠪᠣᠭᠳᠠᠨ᠎ᠠ᠃      4. ᠲᠣᠬᠢᠷᠠᠭᠤᠯᠤᠯ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠳᠤ ᠬᠠᠮᠢᠶᠠᠷᠤᠯᠲᠠ ᠶᠢᠨ ᠰᠢᠰᠲ᠋ᠧᠮᠵᠢ᠂ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ᠂ ᠦᠨ᠎ᠡ ᠬᠠᠩᠰᠢ ᠶᠢᠨ ᠠᠵᠢᠯᠯᠠᠭᠠᠨ᠂ ᠨᠥᠭᠡᠴᠡᠯᠡᠬᠦ ᠳᠦᠷᠢᠮ᠂ ᠮᠡᠳᠡᠭᠡ ᠵᠠᠩᠭᠢ ᠶᠢᠨ ᠬᠢᠨᠠᠨ ᠬᠡᠮᠵᠢᠯᠲᠡ᠂ ᠪᠠᠴᠢᠮ ᠪᠠᠶᠢᠳᠠᠯ ᠢ ᠠᠷᠭᠠᠴᠠᠵᠤ ᠬᠠᠩᠭᠠᠯᠭ᠎ᠠ ᠶᠢ ᠪᠠᠲᠤᠯᠠᠬᠤ ᠵᠡᠷᠭᠡ ᠲᠠᠯ᠎ᠠ ᠶᠢ ᠬᠠᠮᠤᠷᠪᠠ᠃      5. ᠬᠤᠲᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠭᠤᠷᠪᠠᠳᠠᠭᠢ ᠲᠠᠯ᠎ᠠ ᠶᠢᠨ ᠪᠠᠶᠢᠭᠤᠯᠤᠮᠵᠢ   ᠠᠴᠠ ᠦᠨᠡᠯᠡᠨ ᠵᠢᠱᠢᠵᠦ᠂ ᠠᠷᠠᠳ ᠤᠨ ᠰᠠᠨᠠᠭ᠎ᠠ ᠶᠢ ᠭᠦᠢᠴᠡᠳ ᠲᠤᠰᠬᠠᠬᠤ ᠬᠡᠷᠡᠭᠲᠡᠢ᠃      6. ᠬᠤᠪᠢ ᠬᠠᠰᠤᠬᠤ ᠵᠦᠢᠯ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠦᠨᠳᠦᠰᠦᠯᠡᠨ᠂ ᠰᠢᠯᠭᠠᠨ ᠬᠢᠨᠠᠬᠤ ᠬᠤᠭᠤᠴᠠᠭᠠᠨ ᠳᠤ I ᠲᠠᠰ᠂ II ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠡᠭᠦᠰᠦᠭᠰᠡᠨ ᠡᠰᠡᠬᠦ ᠪᠠᠷ ᠬᠤᠪᠢ ᠬᠠᠰᠤᠬᠤ ᠦᠨᠳᠦᠰᠦᠯᠡᠯ ᠪᠣᠯᠭᠠᠨ᠎ᠠ᠃      ᠳᠥᠷᠪᠡ᠂ ︽ᠬᠡᠷᠡᠭᠵᠢᠭᠦᠯᠬᠦ ᠨᠠᠷᠢᠨ ᠳᠦᠷᠢᠮ︾ ᠳᠤ ᠲᠣᠭᠲᠠᠭᠠᠭᠰᠠᠨ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠰᠢᠯᠭᠠᠨ ᠬᠢᠨᠠᠬᠤ ᠤᠳᠠᠭ᠎ᠠ ᠤᠳᠠᠭ᠎ᠠ      ︵ᠨᠢᠭᠡ︶ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠢᠶᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠲᠠᠢ ᠬᠠᠮᠲᠤᠷᠠᠨ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃      ︵ᠬᠤᠶᠠᠷ︶ ᠰᠢᠯᠭᠠᠨ ᠬᠢᠨᠠᠬᠤ ᠳᠠᠪᠲᠠᠮᠵᠢ ᠤᠳᠠᠭ᠎ᠠ ᠶᠢᠨ ᠲᠠᠰ      ᠰᠢᠯᠭᠠᠨ ᠬᠢᠨᠠᠬᠤ ᠠᠵᠢᠯ ᠢ ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠨ᠎ᠡ᠃ ᠰᠢᠯᠭᠠᠨ ᠬᠢᠨᠠᠬᠤ ᠳᠤ ︽ᠰᠠᠭᠤᠷᠢ ᠬᠤᠪᠢ + ᠠᠵᠢᠯ ᠤᠨ ᠠᠮᠵᠢᠯᠲᠠ ᠪᠦᠲᠦᠮᠵᠢ ᠶᠢᠨ ᠬᠤᠪᠢ︾ ᠪᠠᠷ ᠬᠤᠪᠢ ᠲᠣᠭᠲᠠᠭᠠᠬᠤ ᠠᠷᠭ᠎ᠠ ᠶᠢ ᠠᠪᠴᠤ᠂ ᠪᠦᠷᠢᠨ ᠬᠤᠪᠢ ᠨᠢ 100 ᠬᠤᠪᠢ ᠪᠣᠯᠣᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ 4 ᠲᠠᠰ ᠬᠤᠪᠢᠶᠠᠵᠤ᠂ ᠣᠯᠣᠭᠰᠠᠨ ᠬᠤᠪᠢ ᠨᠢ 90 ᠬᠤᠪᠢ  ᠠᠴᠠ ᠳᠡᠭᠡᠭᠰᠢ ᠪᠣᠯ ᠰᠢᠯᠢᠳᠡᠭ᠂ 75 ᠬᠤᠪᠢ  ᠠᠴᠠ ᠳᠡᠭᠡᠭᠰᠢ 90 ᠬᠤᠪᠢ   ᠠᠴᠠ ᠳᠣᠷᠣᠭᠰᠢ ᠪᠣᠯ ᠰᠠᠶᠢᠨ᠂ 60 ᠬᠤᠪᠢ  ᠠᠴᠠ ᠳᠡᠭᠡᠭᠰᠢ 75 ᠬᠤᠪᠢ  ᠠᠴᠠ ᠳᠣᠷᠣᠭᠰᠢ ᠪᠣᠯ ᠬᠢᠷᠢ ᠲᠡᠩᠴᠡᠭᠰᠡᠨ ᠳᠤ ᠲᠣᠭᠠᠴᠠᠵᠤ᠂ 60 ᠬᠤᠪᠢ  ᠠᠴᠠ ᠳᠣᠷᠣᠭᠰᠢ ᠪᠣᠯ ᠬᠢᠷᠢ ᠲᠡᠩᠴᠡᠭᠰᠡᠨ ᠳᠤ ᠲᠣᠭᠠᠴᠠᠨ᠎ᠠ ︵ᠡᠭᠦᠨ ᠠᠴᠠ ᠳᠡᠭᠡᠭᠰᠢ ᠪᠣᠯ ᠲᠣᠰ ᠲᠤᠭ᠎ᠠ ᠶᠢ ᠪᠠᠭᠲᠠᠭᠠᠨ᠎ᠠ᠂ ᠳᠣᠷᠣᠭᠰᠢ ᠪᠣᠯ ᠲᠣᠰ ᠲᠤᠭ᠎ᠠ ᠶᠢ ᠪᠠᠭᠲᠠᠭᠠᠬᠤᠦᠭᠡᠢ︶᠃      ᠲᠠᠪᠤ ᠂ ︽ ᠬᠡᠷᠡᠭᠵᠢᠭᠦᠯᠬᠦ ᠨᠠᠷᠢᠨ ᠳᠦᠷᠢᠮ ︾ ᠤᠨ ᠬᠦᠴᠦᠨ ᠲᠠᠢ ᠪᠣᠯᠬᠤ ᠴᠠᠭ ᠬᠤᠭᠤᠴᠠᠭ᠎ᠠ      ᠲᠣᠰ ︽ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ︿ᠢᠳᠡᠰᠢᠨ ᠨᠣᠭᠤᠭ᠎ᠠ﹀ ᠶᠢᠨ  ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ  ᠶᠢ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠬᠤᠲᠠ ᠲᠠᠷᠬᠠᠭᠠᠭᠰᠠᠨ ﹇2022﹈ 428 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃      ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠮᠡᠳᠡᠭᠳᠡᠯ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map