ᠥᠪᠥᠷ ᠮᠣᠩᠭᠤᠯ ᠤᠨ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠮᠡᠷᠭᠡᠵᠢᠯ ᠤᠨ ᠵᠠᠭᠪᠤᠷ ︵ᠬᠤᠶᠠᠷ︶
ᠨᠡᠶᠢᠲᠡᠯᠡᠭᠰᠡᠨ ᠴᠠᠭ᠄
2024/6/10
      ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠷᠤ ᠬᠤᠷᠮᠣᠢ ᠶᠢᠨ ᠬᠠᠷ᠎ᠠ ᠬᠥᠷᠥᠰᠥᠨ ᠳᠤ ᠴᠢᠭᠯᠡᠭᠦᠯᠦᠨ᠂ ᠡᠩ ᠤᠨ ᠲᠠᠷᠢᠶᠠᠯᠠᠭ᠎ᠠ ᠶᠢᠨ ᠨᠥᠬᠦᠴᠡᠯ ᠳᠣᠣᠷ᠎ᠠ᠂ ᠬᠠᠪᠤᠷ ᠤᠨ ᠤᠯᠠᠷᠢᠯ ᠤᠨ ᠰᠠᠯᠬᠢ ᠶᠡᠭᠡ᠂ ᠭᠠᠵᠠᠷ ‍ᠤᠨ‌‍ᠬᠦ᠋ᠷᠦᠰᠦ  ᠨᠢ ᠢᠯᠡ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠰᠡᠶᠢᠷᠡᠭᠵᠢᠭᠰᠡᠨ ᠠᠴᠠ ᠪᠣᠯᠵᠤ ᠰᠠᠯᠬᠢᠨ ᠳᠤ ᠢᠳᠡᠭᠳᠡᠵᠦ ᠡᠯᠡᠰᠦᠵᠢᠬᠦ ᠨᠢ ᠬᠦᠨᠳᠦ ᠨᠣᠴᠢᠲᠠᠢ᠂ ᠬᠠᠷ᠎ᠠ ᠬᠥᠷᠥᠰᠥᠨ ᠤ ᠳᠠᠪᠬᠤᠷᠭ᠎ᠠ ᠨᠢᠮᠭᠡᠷᠡᠬᠦ᠂ ᠲᠠᠷᠢᠶᠠᠯᠠᠬᠤ ᠳᠠᠪᠬᠤᠷᠭ᠎ᠠ ᠭᠦᠢᠬᠡᠨ ᠪᠣᠯᠬᠤ ᠪᠠ ᠬᠥᠷᠥᠰᠥᠨ ᠤ ᠰᠢᠮ᠎ᠡ ᠲᠡᠵᠢᠭᠡᠯ ᠠᠯᠳᠠᠭᠳᠠᠬᠤ᠂ ᠬᠠᠪᠤᠷ ᠤᠨ ᠭᠠᠩ ᠬᠠᠭᠤᠷᠠᠢ᠂ ᠳᠣᠣᠷ᠎ᠠ ᠳᠤᠯᠠᠭᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠪᠤᠭᠤᠳᠠᠢ ᠪᠠ ᠲᠥᠮᠥᠰᠥ ᠶᠢᠨ ᠡᠭᠡᠯᠵᠢᠯᠡᠨ ᠲᠠᠷᠢᠵᠤ ᠬᠠᠭᠠᠯᠪᠤᠷᠢᠯᠠᠬᠤ ᠦᠭᠡᠢ ᠪᠠᠷ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠲᠠᠨᠢᠯᠴᠠᠭᠤᠯᠤᠨ᠎ᠠ᠃      ᠭᠤᠣᠯ ᠦᠨᠳᠦᠰᠦᠯᠡᠯ ᠨᠢ᠄ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠨᠢ ᠬᠥᠷᠥᠰᠥᠨ ᠤ ᠣᠷᠭᠠᠨᠢᠭ ᠪᠣᠳᠠᠰ ᠢ ᠨᠡᠮᠡᠭᠳᠡᠭᠦᠯᠵᠦ᠂ ᠤᠰᠤ ᠬᠤᠷᠠᠮᠳᠤᠭᠤᠯᠤᠨ ᠴᠢᠬᠢᠭ ᠢ ᠬᠠᠮᠠᠭᠠᠯᠠᠵᠤ᠂ ᠭᠠᠵᠠᠷ ᠤᠨ ᠳᠤᠯᠠᠭᠠᠨ ᠢ ᠲᠣᠬᠢᠷᠠᠭᠤᠯᠤᠨ᠂ ᠬᠥᠷᠥᠰᠥ ᠰᠢᠷᠣᠢ ᠶᠢᠨ ᠪᠦᠲᠦᠴᠡ ᠶᠢ ᠢᠯᠡᠳᠲᠡ ᠬᠤᠪᠢᠷᠠᠭᠤᠯᠵᠤ᠂ ᠪᠤᠭᠤᠳᠠᠢ ᠪᠠ ᠲᠥᠮᠥᠰᠥ ᠶᠢ ᠡᠭᠡᠯᠵᠢᠯᠡᠨ ᠳᠠᠷᠢᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠠᠷᠢᠬᠤ ᠮᠡᠷᠭᠡᠵᠢᠯ ᠢ ᠲᠥᠬᠦᠷᠵᠢᠭᠦᠯᠪᠡᠯ᠂ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠵᠦ ᠡᠯᠡᠰᠦᠵᠢᠬᠦ ᠶᠢ ᠪᠦᠲᠦᠮᠵᠢᠲᠡᠶ ᠬᠤᠷᠢᠭᠯᠠᠵᠤ᠂ ᠬᠥᠷᠥᠰᠥ ᠰᠢᠷᠣᠢ ᠶᠢᠨ ᠤᠰᠤ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ ᠬᠥᠷᠥᠰᠥ ᠰᠢᠷᠣᠢ ᠶᠢ ᠬᠠᠮᠠᠭᠠᠯᠠᠨ ᠤᠰᠤ ᠶᠢ ᠬᠠᠮᠠᠭᠠᠯᠠᠵᠤ᠂ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠡᠮᠡᠭᠳᠡᠭᠦᠯᠦᠨ᠂ ᠬᠥᠷᠥᠰᠥ ᠰᠢᠷᠣᠢ ᠶᠢ ᠰᠢᠮᠡᠵᠢᠭᠦᠯᠵᠦ᠂ ᠭᠠᠵᠠᠷ ᠤᠨ ᠰᠢᠮ᠎ᠡ ᠶᠢ ᠳᠡᠭᠡᠭᠰᠢᠯᠡᠭᠦᠯᠵᠦ᠂ ᠡᠰᠢ ᠰᠦᠷᠡᠯ ᠢ ᠰᠢᠲᠠᠭᠠᠬᠤ᠂ ᠡᠮᠬᠢ ᠵᠠᠮᠪᠠᠷᠠᠭ᠎ᠠ ᠦᠭᠡᠢ ᠪᠠᠷ ᠣᠪᠣᠭᠠᠯᠠᠬᠤ ᠵᠡᠷᠭᠡ ᠠᠴᠠ ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠶ ᠬᠤᠷᠢᠭᠯᠠᠵᠤ ᠴᠢᠳᠠᠨ᠎ᠠ᠃ ᠲᠣᠰ ᠵᠠᠭᠪᠤᠷ ᠨᠢ ᠮᠠᠰᠢᠨ ᠢᠶᠠᠷ ᠠᠵᠢᠯᠯᠠᠬᠤ ᠠᠵᠢᠯ ᠤᠨ ᠳᠠᠷᠠᠭᠠᠯᠠᠯ ᠢ ᠪᠠᠭᠠᠰᠬᠠᠵᠤ᠂ ᠤᠰᠤ ᠪᠠ ᠪᠣᠷᠳᠣᠭᠤᠷ ᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠪᠤᠭᠤᠳᠠᠢ ᠶᠢᠨ ᠲᠥᠷᠥᠯ᠂ ᠰᠢᠯᠢᠮᠳᠡᠭ ᠤᠨ ᠭᠠᠷᠤᠯᠲᠠ ᠶᠢ 8%-12% ᠢᠶᠠᠷ ᠳᠡᠭᠡᠭᠰᠢᠯᠡᠭᠦᠯᠵᠦ ᠪᠣᠯᠣᠨ᠎ᠠ᠃ ᠲᠣᠰ ᠮᠡᠷᠭᠡᠵᠢᠯ ᠤᠨ ᠵᠠᠭᠪᠤᠷ ᠢ ᠨᠢᠭᠡᠨᠲᠡ ᠶᠠᠭᠰᠢ ᠬᠤᠲᠠ᠂ ᠬᠠᠶᠢᠯᠠᠷ ᠲᠣᠭᠤᠷᠢᠭ ᠲᠤ ᠳᠡᠯᠭᠡᠷᠡᠭᠦᠯᠦᠨ ᠵᠢᠱᠢᠶ᠎ᠡ ᠦᠵᠡᠭᠦᠯᠪᠡ᠃      ᠮᠡᠷᠭᠡᠵᠢᠯ ᠤᠨ ᠭᠤᠣᠯᠳᠠᠯᠭ᠎ᠠ᠄ ᠰᠢᠯᠢᠮᠳᠡᠭ︱ᠪᠤᠭᠤᠳᠠᠢ ︵ᠠᠷᠪᠠᠢ︶︱ᠲᠥᠮᠥᠰᠥ ︵ᠤᠰᠤ ᠪᠣᠷᠳᠣᠭᠤᠷ ᠢ ᠨᠢᠭᠡ ᠴᠣᠭᠴᠠᠵᠢᠭᠤᠯᠬᠤ︶︱ᠪᠤᠭᠤᠳᠠᠢ ︵ᠠᠷᠪᠠᠢ︶ ᠶᠢ ᠡᠭᠡᠯᠵᠢᠯᠡᠨ ᠲᠠᠷᠢᠬᠤ ᠵᠠᠭᠪᠤᠷ ᠢ ᠬᠡᠷᠡᠭᠯᠡᠨ᠎ᠡ᠂ ᠲᠤᠬᠠᠶᠢᠯᠠᠪᠠᠯ᠄ ᠨᠢᠭᠡᠳᠦᠭᠡᠷ ᠵᠢᠯ ᠳᠤ ᠬᠠᠭᠠᠯᠪᠤᠷᠢᠯᠠᠬᠤ ᠦᠭᠡᠢ ᠪᠠᠷ ᠰᠢᠯᠢᠮᠳᠡᠭ ᠲᠠᠷᠢᠨ᠎ᠠ᠂ ᠰᠢᠯᠢᠮᠳᠡᠭ ᠢ ᠴᠠᠭ ᠲᠤᠨᠢ ᠲᠣᠬᠢᠷᠠᠭᠤᠯᠤᠨ ᠡᠷᠲᠡ ᠲᠠᠷᠢᠵᠤ᠂ ᠡᠷᠲᠡ ᠪᠣᠯᠪᠠᠰᠤᠷᠠᠬᠤ ᠪᠤᠭᠤᠳᠠᠢ ︵ᠠᠷᠪᠠᠢ︶ ᠶᠢ ᠵᠣᠬᠢᠬᠤ ᠬᠡᠮᠵᠢᠶ᠎ᠡ ᠪᠠᠷ ᠣᠷᠣᠢ ᠲᠠᠷᠢᠨ᠎ᠠ᠂ ᠨᠠᠮᠤᠷ ᠤᠨ ᠬᠤᠷᠢᠶᠠᠯᠲᠠ ᠶᠢᠨ ᠭᠤᠤᠷᠰᠤ ᠶᠢ ᠦᠯᠡᠳᠡᠭᠡᠵᠦ᠂ ᠪᠤᠭᠤᠳᠠᠢ ︵ᠠᠷᠪᠠᠢ︶ ᠶᠢᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠨᠢ 15-20cm᠂ ᠰᠢᠯᠢᠮᠳᠡᠭ ᠤᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠨᠢ 20-25cm ᠪᠣᠯᠣᠨ᠎ᠠ᠃ ᠡᠰᠢ ᠰᠦᠷᠡᠯ ᠢ ᠬᠡᠮᠬᠡᠯᠦᠭᠰᠡᠨ ᠤ ᠳᠠᠷᠠᠭ᠎ᠠ ᠭᠠᠵᠠᠷ ᠤᠨ ᠬᠦᠷᠦᠰᠦᠨ ᠲᠡᠭᠡᠷ᠎ᠡ ᠵᠢᠭᠳᠡ ᠪᠠᠷ ᠰᠠᠴᠤᠵᠤ᠂ 100% ᠪᠠᠷ ᠪᠦᠷᠬᠦᠭᠦᠯᠵᠦ᠂ ᠰᠠᠴᠤᠭᠰᠠᠨ ᠨᠢᠮᠭᠡᠨ ᠵᠤᠵᠠᠭᠠᠨ ᠨᠢ ᠨᠢᠭᠡᠳᠦᠯᠲᠡᠢ ᠪᠠᠶᠢᠬᠤ ᠬᠡᠷᠡᠭᠲᠡᠢ︔ ᠬᠤᠶᠠᠳᠤᠭᠠᠷ ᠵᠢᠯ ᠳᠤ ᠭᠤᠤᠷᠰᠤ ᠲᠠᠢ ᠨᠠᠷᠬ᠎ᠠ ᠶᠢ ᠬᠠᠭᠠᠯᠪᠤᠷᠢᠯᠠᠬᠤ ᠦᠭᠡᠢ ᠪᠠᠷ ᠪᠤᠭᠤᠳᠠᠢ ︵ᠠᠷᠪᠠᠢ︶ ᠲᠠᠷᠢᠵᠤ᠂ ᠨᠠᠮᠤᠷ ᠤᠨ ᠬᠤᠷᠢᠶᠠᠯᠲᠠ ᠳᠤ ᠭᠤᠤᠷᠰᠤ ᠦᠯᠡᠳᠡᠭᠡᠵᠦ᠂ ᠭᠦᠨ ᠤᠷᠪᠠᠭᠤᠯᠵᠤ ᠲᠠᠬᠢᠨ ᠨᠠᠷᠬᠠᠳᠠᠨ᠎ᠠ︔ ᠭᠤᠷᠪᠠᠳᠤᠭᠠᠷ ᠵᠢᠯ ᠳᠤ ᠲᠥᠮᠥᠰᠥ ᠳᠠᠷᠢᠬᠤ ᠳᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤ ᠠᠷᠪᠢᠯᠠᠬᠤ ᠤᠰᠤᠯᠠᠯᠲᠠ ᠬᠢᠵᠦ᠂ ᠨᠠᠮᠤᠷ ᠤᠨ ᠤᠯᠠᠷᠢᠯ ᠳᠤ ᠳᠠᠬᠢᠨ ᠨᠠᠷᠬᠠᠳᠠᠨ᠎ᠠ︔ ᠳᠥᠷᠪᠡᠳᠦᠭᠡᠷ ᠵᠢᠯ ᠳᠤ ᠬᠠᠭᠠᠯᠪᠤᠷᠢᠯᠠᠬᠤ ᠦᠭᠡᠢ ᠪᠠᠷ ᠪᠤᠭᠤᠳᠠᠢ ︵ᠠᠷᠪᠠᠢ︶ ᠶᠢ ᠲᠠᠷᠢᠵᠤ᠂ ᠨᠠᠮᠤᠷ ᠤᠨ ᠤᠯᠠᠷᠢᠯ ᠤᠨ ᠬᠤᠷᠢᠶᠠᠯᠲᠠ ᠳᠤ ᠭᠤᠤᠷᠰᠤ ᠦᠯᠡᠳᠡᠭᠡᠵᠦ᠂ ᠡᠰᠢ ᠰᠦᠷᠡᠯ ᠢ ᠰᠠᠴᠤᠵᠤ ᠭᠠᠵᠠᠷ ᠤᠨ ᠬᠦᠷᠦᠰᠦ ᠶᠢ ᠪᠦᠷᠬᠦᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map