ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/7/26
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 7 ᠰᠠᠷ᠎ᠠ ᠶᠢᠨ 26 ᠤ ᠡᠳᠦᠷ ᠤᠨ 11 ᠴᠠᠭ 00 ᠮᠢᠨᠦ᠋ᠲ ᠲᠤ ᠬᠠᠮᠲᠤᠷᠠᠨ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      ᠴᠠᠭ ᠠᠭᠤᠷ ᠤᠨ ᠲᠣᠪᠴᠢᠶᠠᠨ ᠤ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ 7 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠵᠡᠭᠦᠨ ᠬᠡᠰᠡᠭ ᠤᠨ ᠡᠮᠦᠨ᠎ᠡ ᠪᠡᠶ᠎ᠡ ᠶᠢᠨ ᠭᠠᠵᠠᠷ ᠣᠷᠣᠨ ᠳᠤ ᠳᠤᠮᠳᠠ ᠠᠴᠠ ᠶᠡᠭᠡ ᠪᠣᠷᠣᠭᠠᠨ ᠣᠷᠣᠬᠤ ᠬᠡᠰᠡᠭ ᠭᠠᠵᠠᠷ ᠲᠤ ᠠᠭᠠᠳᠠᠷ ᠪᠣᠷᠣᠭᠠᠨ ᠣᠷᠣᠬᠤ ᠪᠥᠭᠡᠳ ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠳᠠᠭᠠᠯᠳᠤᠨ᠎ᠠ᠃      ᠣᠶᠤᠨᠲᠤ ᠰᠦᠯᠵᠢᠶ᠎ᠡ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ 7 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠵᠡᠭᠦᠨ ᠬᠡᠰᠡᠭ ᠤᠨ ᠡᠮᠦᠨ᠎ᠡ ᠪᠡᠶ᠎ᠡ ᠶᠢᠨ ᠬᠡᠰᠡᠭ ᠲᠠᠷᠢᠶᠠᠯᠠᠬᠤ ᠣᠷᠣᠨ ᠳᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠭᠠᠮᠰᠢᠭ ᠭᠠᠷᠴᠤ᠂ ᠭᠤᠣᠯᠳᠠᠭᠤ ᠤᠯᠠᠭᠠᠨᠬᠠᠳᠠ ᠬᠤᠲᠠ ᠶᠢᠨ ᠡᠮᠦᠨ᠎ᠡ ᠪᠡᠶ᠎ᠡ ᠪᠠ ᠲᠦᠩᠯᠢᠶᠣᠣ ᠬᠤᠲᠠ ᠶᠢᠨ ᠡᠮᠦᠨ᠎ᠡ ᠪᠡᠶ᠎ᠡ ᠶᠢᠨ ᠭᠠᠵᠠᠷ ᠣᠷᠣᠨ ᠳᠤ ᠲᠥᠪᠯᠡᠷᠡᠵᠦ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠪᠤᠶᠤ ᠨᠡᠯᠢᠶᠡᠳ ᠶᠡᠭᠡ ᠠᠶᠤᠯ ᠲᠦᠭᠰᠢᠭᠦᠷᠢ ᠪᠠᠷ ᠭᠤᠣᠯᠯᠠᠭᠤᠯᠤᠨ᠎ᠠ ︵ᠳᠠᠭᠠᠯᠳᠤᠭᠤᠯᠤᠯ ᠵᠢᠷᠤᠭ︶᠃ ᠲᠣᠰ ᠡᠭᠡᠯᠵᠢ ᠶᠢᠨ ᠬᠤᠷ᠎ᠠ ᠲᠤᠨᠤᠳᠠᠰᠤ ᠶᠢᠨ ᠬᠡᠮᠵᠢᠶ᠎ᠡ ᠨᠢ ᠶᠡᠭᠡ᠂ ᠬᠤᠷ᠎ᠠ ᠲᠤᠨᠳᠠᠰᠤ ᠶᠢᠨ ᠳᠠᠪᠬᠤᠴᠠᠬᠤᠬᠡᠮᠵᠢᠶ᠎ᠡ ᠨᠢ ᠥᠨᠳᠥᠷ ᠪᠣᠯᠬᠤᠷ ᠬᠤᠲᠣᠭᠤᠷ ᠳᠣᠣᠷ᠎ᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠠᠮᠠᠷᠬᠠᠨ ᠬᠡᠲᠦ ᠴᠢᠭᠢᠭᠲᠦᠭᠦᠯᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠢ ᠬᠦᠴᠢᠯᠲᠥ᠋ᠷᠥᠭᠴᠢ ᠳᠤᠲᠠᠭᠳᠠᠭᠤᠯᠵᠤ᠂ ᠳᠡᠭᠡᠷ᠎ᠡ ᠳᠤᠷᠠᠳᠤᠭᠰᠠᠨ ᠲᠠᠷᠢᠶᠠᠯᠠᠬᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠶᠢᠨ ᠲᠠᠷᠢᠶᠠᠨ ᠳᠠᠬᠢ ᠲᠠᠷᠢᠮᠠᠯ ᠤᠨ ᠥᠰᠦᠯᠲᠡ ᠪᠤᠶᠢᠵᠢᠯᠲᠠ ᠳᠤ ᠠᠰᠢᠭ ᠦᠭᠡᠢ ᠨᠥᠯᠥᠭᠡ ᠦᠵᠡᠭᠦᠯᠬᠦ ᠪᠣᠯᠣᠨ᠎ᠠ᠃      ᠰᠡᠷᠭᠡᠶᠢᠯᠡᠬᠦ ᠠᠷᠭ᠎ᠠ ᠪᠣᠳᠣᠯᠭ᠎ᠠ ᠄      ᠨᠢᠭᠡ ᠳᠤ᠂ ᠬᠤᠲᠣᠭᠤᠷ ᠳᠣᠣᠷ᠎ᠠ ᠤᠰᠤᠲᠤᠬᠤ ᠭᠠᠵᠠᠷ ᠲᠤ ᠴᠠᠭ ᠲᠤᠬᠠᠢ ᠳᠤᠨᠢ ᠤᠰᠤ ᠵᠠᠯᠠᠬᠤ ᠰᠤᠪᠠᠭ ᠪᠠ ᠤᠰᠤ ᠬᠤᠷᠠᠬᠤ ᠨᠦᠬᠡ ᠮᠠᠯᠲᠠᠬᠤ᠂ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ ᠵᠠᠪᠳᠤᠨ ᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠰᠤ ᠶᠢ ᠵᠠᠪᠳᠤᠨ ᠭᠠᠳᠠᠭᠰᠢᠯᠠᠭᠤᠯᠵᠤ᠂ ᠤᠰᠤ ᠶᠢ ᠠᠷᠢᠯᠭᠠᠨ ᠤᠰᠤᠲᠤᠯ ᠢ ᠳᠣᠷᠣᠭᠰᠢᠯᠠᠭᠤᠯᠵᠤ᠂ ᠴᠢᠬᠢᠭ ᠢ ᠳᠠᠷᠤᠨ ᠰᠠᠷᠨᠢᠭᠤᠯᠵᠤ᠂ ᠦᠨᠳᠦᠰᠦᠨ ᠤ ᠰᠢᠰᠲ᠋ᠧᠮ ᠪᠠ ᠤᠷᠭᠤᠮᠠᠯ ᠤᠨ ᠳᠠᠬᠢᠨ ᠤᠷᠭᠤᠯᠲᠠ ᠶᠢ ᠠᠬᠢᠭᠤᠯᠵᠤ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ᠂ ᠴᠢᠬᠢ ᠦᠬᠦᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃      ᠬᠤᠶᠠᠷ ᠲᠤ᠂ ᠤᠰᠤᠲᠤᠭᠰᠠᠨ ᠭᠠᠵᠠᠷ ᠤᠨ ᠢᠯᠵᠢᠷᠡᠭᠰᠡᠨ‌‍ᠰᠢᠷᠠᠯᠠᠭᠰᠠᠨ ᠨᠠᠪᠴᠢ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠤᠰᠤ ᠲᠠᠲᠠᠷᠠᠭᠤᠯᠤᠭᠰᠠᠨ ᠤ ᠳᠠᠷᠠᠭ᠎ᠠ ᠤᠷᠭᠤᠮᠠᠯ ᠢ ᠴᠠᠭ ᠲᠤᠬᠠᠢ ᠳᠤᠨᠢ ᠲᠡᠭᠰᠢᠯᠡᠨ᠎ᠡ︔ ᠤᠰᠤ ᠲᠠᠲᠠᠷᠠᠭᠤᠯᠤᠭᠰᠠᠨ ᠤ ᠳᠠᠷᠠᠭ᠎ᠠ ᠮᠠᠰᠢ ᠲᠦᠷᠭᠡᠨ ᠢᠶᠠᠷ ᠭᠦᠢᠴᠡᠳ ᠬᠡᠮᠵᠢᠶᠡᠨ ᠤ ᠪᠣᠷᠳᠣᠭᠤᠷ ᠣᠷᠣᠭᠤᠯᠵᠤ᠂ ᠦᠨᠳᠦᠰᠦ ᠶᠢ ᠨᠢ ᠲᠡᠵᠢᠭᠡᠵᠦ ᠨᠠᠪᠴᠢ ᠶᠢ ᠨᠢ ᠬᠠᠮᠠᠭᠠᠯᠠᠨ᠎ᠠ︔ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ ᠰᠥᠷᠬᠦ ᠶᠢ ᠡᠰᠡᠷᠭᠦᠴᠡᠬᠦ ᠨᠠᠶᠢᠷᠠᠯᠭ᠎ᠠ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ᠂ ᠪᠣᠷᠳᠣᠭᠤᠷ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ᠂ ᠲᠠᠷᠢᠮᠠᠯ ᠤᠨ ᠰᠡᠷᠭᠦᠭᠡᠯᠲᠡ ᠶᠢᠨ ᠥᠰᠦᠯᠲᠡ ᠶᠢ ᠲᠦᠷᠭᠡᠬᠡᠨ ᠠᠬᠢᠭᠤᠯᠬᠤ ᠬᠡᠷᠡᠭᠲᠡᠢ᠃      ᠭᠤᠷᠪᠠ ᠳᠤ ᠤᠰᠤᠲᠤᠯ ᠠᠴᠠ ᠪᠣᠯᠵᠤ ᠬᠤᠷᠢᠶᠠᠯᠲᠠ ᠠᠯᠳᠠᠭᠰᠠᠨ ᠭᠠᠵᠠᠷ ᠲᠤ ᠭᠠᠮᠰᠢᠭ ᠠᠴᠠ ᠠᠪᠤᠷᠠᠬᠤ ᠦᠷ᠎ᠡ ᠶᠢ ᠡᠷᠲᠡᠬᠡᠨ ᠪᠡᠯᠡᠳᠬᠡᠵᠦ᠂ ᠦᠷᠡᠵᠢᠯ ᠤᠨ ᠣᠬᠤᠷ ᠬᠤᠭᠤᠴᠠᠭᠠᠨ ᠤ ᠲᠠᠷᠢᠮᠠᠯ ᠢ ᠴᠠᠭ ᠲᠤᠬᠠᠢ ᠳᠤᠨᠢ ᠨᠥᠬᠦᠪᠦᠷᠢᠯᠡᠨ ᠥᠭᠡᠷᠡᠴᠢᠯᠡᠨ ᠲᠠᠷᠢᠵᠤ᠂ ᠦᠢᠯᠡᠳᠪᠦᠷᠢᠯᠡᠯ ᠢᠶᠠᠨ ᠲᠦᠷᠭᠡᠬᠡᠨ ᠰᠡᠷᠭᠦᠭᠡᠵᠦ᠂ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ᠃
79.1.png
79.2.png
      ᠳᠠᠭᠠᠯᠳᠤᠭᠤᠯᠤᠯ ᠵᠢᠷᠤᠭ   7 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ‌‍ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map