2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮ ᠤᠨ ᠺᠠᠳ᠋ᠷ ᠤᠨ ᠰᠤᠷᠭᠠᠨ ᠬᠥᠮᠦᠵᠢᠯ ᠤᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/7/26
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠶᠢᠲᠤᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠠᠳᠠ 7 ᠰᠠᠷ᠎ᠠ ᠶᠢᠨ 26 ᠤ ᠡᠳᠦᠷ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮ ᠤᠨ ᠺᠠᠳ᠋ᠷ ᠤᠨ ᠰᠤᠷᠭᠠᠨ ᠬᠥᠮᠦᠵᠢᠯ ᠤᠨ ᠡᠭᠡᠯᠵᠢᠯᠡᠨ ᠪᠣᠯᠪᠠᠰᠤᠷᠠᠭᠤᠯᠬᠤ ᠠᠩᠭᠢ ︵ᠨᠢᠭᠡᠳᠦᠭᠡᠷ ᠬᠤᠭᠤᠴᠠᠭ᠎ᠠ︶ ᠶᠢᠨ ᠤᠳᠤᠷᠢᠳᠬᠤ ᠺᠠᠳ᠋ᠷᠴᠤᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ ᠬᠥᠬᠡᠬᠤᠲᠠ ᠳᠤ ᠡᠬᠢᠯᠡᠵᠦ᠂ ᠲᠣᠰ ᠬᠤᠭᠤᠴᠠᠭᠠᠨ ᠤ ᠪᠣᠯᠪᠠᠰᠤᠷᠠᠭᠤᠯᠤᠯ ᠤᠨ ᠠᠩᠭᠢ ᠳᠤ ᠨᠡᠶᠢᠲᠡ 90 ᠨᠡᠷᠡᠰ ᠲᠢᠩᠬᠢᠮ ᠤᠨ ᠰᠢᠰᠲ᠋ᠧᠮ ᠤᠨ ᠭᠠᠵᠠᠷ ᠤᠨ ᠲᠠᠰ ᠤᠨ ᠪᠠ ᠰᠠᠯᠠᠭᠠᠨ ᠤ ᠲᠠᠰ ᠤᠨ ᠤᠳᠤᠷᠢᠳᠬᠤ ᠺᠠᠳ᠋ᠷ ᠣᠷᠣᠯᠴᠠᠵᠠᠢ᠃
80.1.png
           ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠨᠡᠶᠢᠲᠡ 12 ᠪᠣᠯᠪᠠᠰᠤᠷᠠᠭᠤᠯᠤᠯ ᠤᠨ ᠬᠤᠭᠤᠴᠠᠭ᠎ᠠ ᠲᠣᠬᠢᠷᠠᠭᠤᠯᠵᠤ᠂ ᠡᠭᠦᠨ ᠳᠤ ᠤᠳᠤᠷᠢᠳᠬᠤ ᠺᠠᠳ᠋ᠷᠴᠤᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ 4 ᠬᠤᠭᠤᠴᠠᠭ᠎ᠠ᠂ ᠵᠠᠯᠠᠭᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ 3 ᠬᠤᠭᠤᠴᠠᠭ᠎ᠠ᠂ ᠺᠠᠳ᠋ᠷ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ 4 ᠬᠤᠭᠤᠴᠠᠭ᠎ᠠ᠂ ︽ᠮᠢᠩᠭᠠᠨ ᠲᠦᠮᠡ ᠶᠢᠨ ᠢᠨᠵᠧᠨᠧᠷᠢᠩ︾ ᠢ ᠰᠤᠷᠤᠯᠴᠠᠬᠤ ᠲᠤᠷᠰᠢᠯᠭ᠎ᠠ ᠶᠢᠨ ᠭᠤᠣᠯ ᠰᠡᠳᠦᠪᠲᠦ ᠪᠣᠯᠪᠠᠰᠤᠷᠠᠭᠤᠯᠤᠯ ᠤᠨ ᠠᠩᠭᠢ 1 ᠬᠤᠭᠤᠴᠠᠭ᠎ᠠ ᠪᠠᠶᠢᠵᠤ᠂ 1130 ᠬᠥᠮᠥᠨ ᠤᠳᠠᠭ᠎ᠠ ᠪᠣᠯᠪᠠᠰᠤᠷᠠᠭᠤᠯᠬᠤ ᠪᠠᠷ ᠲᠥᠯᠥᠪᠯᠡᠵᠦ ᠪᠣᠶ᠃ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠬᠢᠨ ᠬᠢᠴᠢᠶᠡᠯ ᠤᠨ ᠠᠭᠤᠯᠭ᠎ᠠ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠠᠴᠠ ᠮᠡᠷᠭᠡᠵᠢᠯ ᠤᠨ ᠭᠤᠣᠯᠯᠠᠭᠴᠢ ᠲᠤᠰᠬᠠᠢ ᠮᠡᠷᠭᠡᠵᠢᠯᠲᠡᠨ 332 ᠬᠥᠮᠥᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠵᠢᠯ ᠲᠥᠷᠥᠯ ᠤᠨ ᠲᠤᠰᠬᠠᠢ ᠮᠡᠷᠭᠡᠵᠢᠯᠲᠡᠨ 87 ᠬᠥᠮᠥᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ︽ᠲᠦᠷᠦᠭᠦᠴᠢ︾ 12 ᠬᠥᠮᠥᠨ ᠢ ᠰᠢᠯᠢᠨ ᠰᠣᠩᠭᠤᠪᠠ᠃ ᠬᠢᠴᠢᠶᠡᠯᠯᠡᠬᠦ ᠠᠭᠤᠯᠭ᠎ᠠ ᠳᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠲᠠᠶᠢᠯᠤᠮᠵᠢ᠂ ᠨᠠᠮ ᠤᠨ ᠰᠠᠬᠢᠯᠭ᠎ᠠ ᠪᠠᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ᠂ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠢᠴᠢᠶᠡᠯ ᠪᠠᠶᠢᠬᠤ ᠪᠠᠷ ᠪᠠᠷᠠᠬᠤ ᠦᠭᠡᠢ ᠪᠠᠰᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠣᠬᠢᠷᠲᠤᠯ ᠦᠭᠡᠢ ᠬᠥᠭᠵᠢᠯᠲᠡ ᠪᠠ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠵᠡᠷᠭᠡ ᠬᠢᠴᠢᠶᠡᠯ ᠪᠠᠭᠲᠠᠬᠤ ᠶᠢᠨ ᠬᠠᠮᠲᠤ ᠪᠠᠰᠠ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠵᠡᠷᠭᠡ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠬᠢᠴᠢᠶᠡᠯ ᠲᠣᠬᠢᠷᠠᠭᠤᠯᠤᠭᠰᠠᠨ ᠪᠠᠶᠢᠨ᠎ᠠ᠃      ᠪᠣᠯᠪᠠᠰᠤᠷᠠᠭᠤᠯᠤᠯ ᠤᠨ ᠠᠩᠭᠢ ᠠᠴᠠ ᠰᠤᠷᠤᠭᠴᠢᠳ ᠲᠤ ᠱᠠᠭᠠᠷᠳᠠᠯᠭ᠎ᠠ ᠳᠤᠷᠠᠳᠴᠤ᠂ ᠰᠢ ᠶᠢᠨ ᠫᠢᠩ ᠶᠡᠷᠦᠩᠬᠡᠢ ᠱᠦᠵᠢ ᠶᠢᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠡᠯᠪᠡᠭ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠤᠯᠴᠠᠬᠤ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠠᠵᠢᠯ ᠰᠤᠷᠤᠯᠭ᠎ᠠ ᠶᠢᠨ ᠵᠥᠷᠢᠴᠡᠯ ᠢ ᠢᠯᠠᠨ ᠳᠠᠪᠠᠵᠤ᠂ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠣᠨᠣᠯ ᠤᠨ ᠰᠤᠷᠤᠯᠴᠠᠯᠭ᠎ᠠ ᠶᠢ ᠪᠥᠬᠦ ᠣᠷᠣᠨ ᠤ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠮᠠᠯᠴᠢᠨ ᠲᠠᠷᠢᠶᠠᠴᠢᠨ ᠤ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠰᠤᠷᠤᠯᠴᠠᠬᠤ ᠳᠤ ᠰᠡᠳᠬᠢᠮᠵᠢ ᠲᠠᠢ᠂ ᠰᠤᠷᠤᠯᠴᠠᠬᠤ ᠳᠤ ᠣᠯᠣᠯᠲᠠ ᠲᠠᠢ᠂ ᠰᠤᠷᠤᠯᠴᠠᠬᠤ ᠳᠤ ᠬᠡᠷᠡᠭᠴᠡᠭᠡ ᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠵᠢᠩᠬᠢᠨᠢ ︽ᠲᠠᠷᠢᠶᠠᠯᠠᠩ ᠮᠠᠯ ᠠᠵᠤ ᠠᠬᠤᠢ ᠶᠢ ᠣᠶᠢᠯᠠᠭᠠᠬᠤ᠂ ᠮᠠᠯᠵᠢᠬᠤ ᠲᠠᠷᠢᠶᠠᠯᠠᠬᠤ ᠣᠷᠣᠨ ᠢ ᠬᠠᠶᠢᠷᠠᠯᠠᠬᠤ᠂ ᠮᠠᠯᠴᠢᠨ ᠲᠠᠷᠢᠶᠠᠴᠢᠨ ᠢ ᠬᠠᠶᠢᠷᠠᠯᠠᠬᠤ︾ ᠮᠡᠷᠭᠡᠵᠢᠯᠲᠡᠨ ᠪᠣᠯᠵᠤ᠂ ᠰᠢᠨ᠎ᠡ ᠠᠶᠠᠨ ᠵᠠᠮ ᠳᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map