ᠵᠡᠭᠦᠨ ᠬᠤᠶᠢᠲᠤ ᠶᠢᠨ ᠬᠡᠰᠡᠭ ᠣᠷᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2024/7/27
      7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠮᠠᠨ ᠤ ᠣᠷᠣᠨ ᠤ ᠬᠢᠩᠭᠠᠨ ᠠᠶᠢᠮᠠᠭ  ᠲᠤ ᠵᠡᠭᠦᠨ ᠬᠤᠶᠢᠲᠤ ᠶᠢᠨ ᠬᠡᠰᠡᠭ ᠣᠷᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠬᠤᠷᠠᠯ ᠢ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ ᠴᠢᠶᠠᠩ ᠡᠷᠭᠢᠯᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠᠸᠠᠩ ᠹᠦ᠋ ᠰᠢᠶᠠᠩ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠢᠦ ᠯᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠂ ᠬᠠᠷᠠᠮᠥ᠋ᠷᠡᠨ᠂ ᠯᠢᠶᠣᠤᠨᠢᠩ᠂ ᠭᠢᠷᠢᠨ᠂ ᠥᠪᠥᠷ ᠮᠣᠩᠭᠤᠯ ᠤᠨ ᠤᠮᠠᠷᠠᠲᠤ ᠶᠢᠨ ᠳᠥᠷᠪᠡᠨ ᠮᠤᠵᠢ ︵ᠥᠪᠡᠷᠲᠡᠭᠡᠨ ᠵᠠᠰᠠᠬᠤ ᠣᠷᠣᠨ︶ ᠶᠢᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠤᠷᠭᠤᠮᠠᠯ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠮᠠᠨ ᠤ ᠣᠷᠣᠨ ᠤ 12 ᠠᠶᠢᠮᠠᠭ ᠬᠤᠲᠠ ᠶᠢᠨ ᠤᠷᠭᠤᠮᠠᠯ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠬᠤᠰᠢᠭᠤ ᠰᠢᠶᠠᠨ ᠤ ᠮᠡᠷᠭᠡᠵᠢᠯ ᠤᠨ ᠠᠵᠢᠯᠲᠠᠨ ᠨᠡᠶᠢᠲᠡ 60 ᠭᠠᠷᠤᠢ ᠬᠥᠮᠥᠨ ᠬᠤᠷᠠᠯ ᠳᠤ ᠣᠷᠣᠯᠴᠠᠵᠠᠢ᠃      ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠪᠣᠬᠢᠷᠲᠤᠯ ᠦᠭᠡᠢ ᠣᠶᠤᠨᠴᠢ ᠲᠠᠷᠢᠶᠠᠯᠠᠩ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ︽ᠪᠣᠬᠢᠷᠲᠤᠯ ᠦᠭᠡᠢ ᠤᠷᠭᠤᠮᠠᠯ ᠤᠨ ᠬᠠᠮᠠᠭᠠᠯᠠᠯᠲᠠ • ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ︾ ᠵᠢᠴᠢ ᠴᠠᠷᠠᠰᠤᠨ ᠪᠠᠯᠭᠠᠰᠤᠨ ᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠢ ᠨᠢᠭᠡᠳᠦᠯᠲᠡᠢ ᠰᠡᠷᠭᠡᠶᠢᠯᠡᠨ ᠵᠠᠰᠠᠬᠤ ᠨᠣᠶᠠᠷᠬᠠᠯ ᠤᠨ ᠠᠬᠤᠢ ᠲᠠᠯᠠᠪᠠᠶ ᠶᠢ ᠲᠣᠭᠤᠷᠢᠨ ᠦᠵᠡᠪᠡ᠃ ᠡᠪᠡᠳᠴᠢᠨ ᠬᠤᠷᠣᠬᠠᠢ ᠶᠢᠨ ᠬᠥᠨᠥᠭᠡᠯ ᠢ ᠲᠣᠭᠠᠴᠢᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠤᠯᠠᠭᠠᠨ ᠨᠢᠳᠦᠲᠦ ᠵᠥᠭᠡᠢ ᠶᠢᠨ ᠠᠮᠢᠳᠤ ᠪᠣᠳᠠᠰ ᠢᠶᠠᠷ ᠡᠷᠳᠡᠨᠢ ᠰᠢᠰᠢ ᠶᠢᠨ ᠮᠢᠩ ᠬᠤᠷᠣᠬᠠᠢ ᠶᠢ ᠰᠡᠷᠭᠡᠶᠢᠯᠡᠨ ᠵᠠᠰᠠᠬᠤ᠂ ᠡᠷᠳᠡᠨᠢ ᠰᠢᠰᠢ ᠶᠢᠨ ︽321︾ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠢ ᠰᠡᠷᠭᠡᠶᠢᠯᠡᠨ ᠡᠵᠡᠮᠳᠡᠬᠦ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ︽321︾ ᠬᠤᠷᠢᠶᠠᠨ ᠠᠪᠴᠤ ᠰᠢᠢᠳᠪᠦᠷᠢᠯᠡᠬᠦ᠂ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠬᠤ ᠶᠢ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠨᠢᠭᠡ ᠰᠦᠷᠴᠢᠵᠦ ᠣᠯᠠᠨ ᠰᠡᠷᠭᠡᠶᠢᠯᠡᠬᠦ᠂ ᠪᠥᠬᠦ ᠶᠠᠪᠤᠴᠠ ᠳᠤ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠵᠡᠷᠭᠡ ᠮᠡᠷᠭᠡᠵᠢᠯ ᠤᠨ ᠵᠠᠭᠪᠤᠷ ᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠢ ᠨᠢᠭᠡᠳᠦᠯᠲᠡᠢ ᠰᠡᠷᠭᠡᠶᠢᠯᠡᠨ ᠵᠠᠰᠠᠬᠤ ᠳᠤ ᠴᠢᠭᠯᠡᠭᠦᠯᠦᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢ ᠬᠢᠵᠡᠢ᠃
81.1.png
     
81.2.png
0000000000.jpg
81.4.png
81.5.png
81.6.png
      ᠬᠤᠷᠠᠯ ᠳᠡᠭᠡᠷ᠎ᠡ᠂ ᠡᠯ᠎ᠡ ᠮᠤᠵᠢ ᠶᠢᠨ ᠬᠢᠨ ᠣᠳᠣᠬᠠᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠶᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢᠶᠠᠨ ᠰᠣᠯᠢᠯᠴᠠᠵᠤ᠂ ᠲᠠᠷᠠᠭᠠᠴᠢ ᠶᠢᠨ ᠱᠠᠲᠤᠨ ᠤ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠡᠭᠦᠰᠦᠭᠰᠡᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠪᠠ᠃ ᠮᠠᠨ ᠤ ᠣᠷᠣᠨ ᠤ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠲᠣᠰ ᠲᠣᠰ ᠣᠳᠣᠬᠠᠨ ᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠡᠭᠦᠰᠬᠦ ᠶᠢ ᠰᠡᠷᠭᠡᠶᠢᠯᠡᠨ ᠡᠵᠡᠮᠳᠡᠬᠦ ᠪᠠᠶᠢᠳᠠᠯ ᠵᠢᠴᠢ ᠲᠠᠷᠠᠭᠠᠴᠢ ᠶᠢᠨ ᠱᠠᠲᠤᠨ ᠤ ᠠᠵᠢᠯ ᠤᠨ ᠭᠤᠣᠯᠳᠠᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃
81.7.png
            ᠬᠤᠷᠠᠯ ᠳᠡᠭᠡᠷ᠎ᠡ᠂ ᠳᠤᠭᠤᠶᠢᠯᠠᠩ ᠤᠨ ᠳᠠᠷᠤᠭ᠎ᠠ ᠸᠠᠩ ᠹᠦ᠋ ᠰᠢᠶᠠᠩ ᠮᠠᠨ ᠤ ᠣᠷᠣᠨ ᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠤ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠡᠵᠡᠮᠳᠡᠬᠦ ᠠᠵᠢᠯ ᠢ ᠭᠦᠢᠴᠡᠳ ᠨᠤᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠠᠭ ᠲᠤᠬᠠᠢ ᠳᠤᠨᠢ ᠣᠨᠣᠪᠴᠢᠲᠠᠢ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠪᠠᠶᠢᠵᠤ᠂ ᠡᠪᠡᠳᠴᠢᠨ ᠤ ᠬᠤᠣᠷᠳᠠᠯ ᠤᠨ ᠳᠡᠯᠭᠡᠷᠡᠬᠦ ᠬᠠᠨᠳᠤᠰᠢ ᠶᠢ ᠬᠦᠴᠦᠲᠡᠢ ᠬᠢᠵᠠᠭᠠᠷᠯᠠᠵᠠᠢ ᠭᠡᠪᠡ᠃      ᠬᠤᠷᠠᠯ ᠠᠴᠠ᠂ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ ᠪᠣᠳᠠᠲᠠᠢ ᠰᠠᠶᠢᠲᠤᠷ ᠬᠢᠵᠦ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠡᠯᠡ ᠮᠥᠩᠭᠦ ᠵᠢᠴᠢ ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠭᠦᠢᠴᠡᠳ ᠠᠰᠢᠭᠯᠠᠨ᠂ ᠬᠢᠨᠠᠨ ᠬᠡᠮᠵᠢᠯᠲᠡ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠰᠡᠷᠭᠡᠶᠢᠯᠡᠨ ᠡᠵᠡᠮᠳᠡᠬᠦ ᠬᠠᠮᠤᠭ ᠤᠨ ᠰᠠᠶᠢᠨ ᠴᠠᠭ ᠲᠣᠬᠢᠶᠠᠯ ᠢ ᠠᠯᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠰᠡᠷᠭᠡᠶᠢᠯᠡᠨ ᠡᠵᠡᠮᠳᠡᠯ ᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠡᠪᠡᠳᠴᠢᠨ ᠬᠤᠷᠣᠬᠠᠢ ᠶᠢᠨ ᠬᠥᠨᠥᠭᠡᠯ ᠤᠨ ᠶᠡᠭᠡ ᠬᠡᠪᠴᠢᠶ᠎ᠡ ᠪᠠᠷ ᠭᠡᠨᠡᠳᠲᠡ ᠭᠠᠮᠰᠢᠭ ᠪᠣᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ︽ᠬᠤᠷᠣᠬᠠᠢ ᠶᠢᠨ ᠠᠮᠠᠨ ᠠᠴᠠ ᠠᠮᠤ ᠪᠤᠳᠠᠭ᠎ᠠ ᠪᠤᠯᠢᠶᠠᠬᠤ︾ ᠡᠯᠪᠡᠭ ᠬᠤᠷᠢᠶᠠᠯᠲᠠ ᠶᠢ ᠪᠠᠲᠤᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠳᠠᠷᠠᠭ᠎ᠠ ᠡᠳᠦᠷ ᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ᠂ ᠾᠧᠪᠧᠢ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠱᠧᠨᠶᠠᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠠᠷᠠᠮᠥ᠋ᠷᠡᠨ ᠮᠤᠵᠢ ᠶᠢᠨ ᠤᠷᠭᠤᠮᠠᠯ ᠤᠨ ᠪᠠᠶᠢᠴᠠᠭᠠᠯᠲᠠ ᠤᠷᠭᠤᠮᠠᠯ ᠤᠨ ᠬᠠᠮᠠᠭᠠᠯᠠᠯᠲᠠ ᠶᠢᠨ ᠥᠷᠲᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠮᠠᠨ ᠤ ᠣᠷᠣᠨ ᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠬᠠᠮᠲᠤ ᠪᠠᠷ ᠮᠠᠨ ᠤ ᠣᠷᠣᠨ ᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠡᠭᠦᠰᠬᠦ ᠬᠠᠨᠳᠤᠰᠢ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠢᠴᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ  ᠳᠤ ᠵᠠᠳᠠᠯᠤᠯᠲᠠ ᠬᠢᠵᠦ ᠵᠥᠪᠳᠡᠯᠴᠡᠵᠦ᠂ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠥᠷᠨᠢᠭᠦᠯᠬᠦ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map