ᠣᠳᠣᠬᠠᠨ ᠤ ᠰᠢᠷ᠎ᠠ ᠪᠤᠷᠴᠠᠭ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠭᠤᠣᠯᠳᠠᠯᠭ᠎ᠠ
ᠨᠡᠶᠢᠲᠡᠯᠡᠭᠰᠡᠨ ᠴᠠᠭ᠄
2024/7/27
图片1.png
      ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠳᠤ ᠴᠢᠬᠢ ᠭᠠᠷᠤᠭᠰᠠᠨ ᠤ ᠳᠠᠷᠠᠭ᠎ᠠ ᠦᠷᠭᠦᠯᠵᠢᠯᠡᠨ ᠬᠦᠢᠲᠡᠨ ᠠᠭᠤᠷ ᠠᠮᠢᠰᠬᠤᠯ᠂ ᠪᠦᠷᠬᠦᠭ ᠪᠣᠷᠣᠭᠠᠨ ᠪᠠᠭ᠎ᠠ ᠪᠣᠯᠬᠤᠷ ᠤᠷᠭᠤᠮᠠᠯ ᠤᠨ ᠤᠷᠭᠤᠴᠠ ᠶᠡᠷᠦᠩᠬᠡᠢ ᠳᠤ ᠪᠠᠨ ᠪᠠᠭ᠋ᠠᠨ ᠤᠳᠠᠭᠠᠨ᠂ ᠬᠡᠰᠡᠭ ᠭᠠᠵᠠᠷ ᠤᠨ ᠤᠷᠭᠤᠮᠠᠯ  ᠤᠨ ᠡᠰᠢ ᠪᠠᠭ᠎ᠠ ᠪᠠᠶᠢᠵᠤ᠂ ᠦᠨᠳᠦᠰᠦ ᠢᠯᠵᠠᠷᠠᠬᠤ ᠡᠪᠡᠳᠴᠢᠨ ᠠᠳᠠᠯᠢ ᠪᠤᠰᠤ ᠬᠡᠮᠵᠢᠶ᠎ᠡ ᠪᠠᠷ ᠡᠭᠦᠰᠳᠡᠭ᠃ ᠰᠢᠷ᠎ᠠ ᠪᠤᠷᠴᠠᠭ ᠤᠨ ᠤᠷᠭᠤᠮᠠᠯ ᠤᠨ ᠥᠰᠦᠯᠲᠡ ᠶᠢ ᠲᠦᠷᠭᠡᠨ ᠰᠡᠷᠭᠦᠭᠡᠬᠦ ᠶᠢ ᠠᠬᠢᠭᠤᠯᠵᠤ᠂ ᠡᠪᠡᠳᠴᠢᠨ ᠤ ᠬᠥᠨᠥᠭᠡᠯ ᠢ ᠤᠯᠠᠮ ᠨᠢᠭᠡ ᠠᠯᠬᠤᠮ ᠬᠦᠨᠳᠦᠷᠡᠭᠦᠯᠬᠦ ᠪᠠ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠥᠷᠭᠡᠨ ᠣᠯᠠᠨ ᠲᠠᠷᠢᠮᠠᠯ ᠤᠨ ᠡᠷᠦᠬᠡ ᠶᠢ ᠴᠠᠭ ᠲᠤᠬᠠᠢ ᠳᠤᠨᠢ ᠲᠠᠷᠢᠶᠠᠨ ᠭᠠᠵᠠᠷ ᠢ ᠪᠠᠶᠢᠴᠠᠭᠠᠵᠤ᠂ ᠠᠯᠢ ᠲᠦᠷᠭᠡᠨ ᠢᠶᠠᠷ ᠪᠦᠲᠦᠮᠵᠢᠲᠡᠶ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠶᠢ ᠰᠠᠨᠠᠭᠤᠯᠵᠤ ᠪᠠᠶᠢᠨ᠎ᠠ᠃      ᠨᠢᠭᠡ ᠳᠤ ᠲᠠᠷᠢᠶᠠᠯᠠᠬᠤ ᠠᠵᠢᠯ ᠢ ᠴᠠᠭ ᠲᠤᠬᠠᠢ ᠳᠤᠨᠢ ᠬᠢᠬᠦ ᠬᠡᠷᠡᠭᠲᠡᠢ᠃ ᠬᠤᠲᠣᠭᠤᠷ ᠭᠠᠵᠠᠷ  ᠠᠮᠠᠷᠬᠠᠨ ᠤᠰᠤᠲᠤᠳᠠᠭ ᠭᠠᠵᠠᠷ ᠢ ᠴᠠᠭ ᠲᠤᠬᠠᠢ ᠳᠤᠨᠢ ᠲᠡᠭᠰᠢᠯᠡᠵᠦ ᠳᠠᠯᠠᠩᠳᠠᠵᠤ᠂ ᠲᠠᠷᠢᠶᠠᠯᠠᠵᠤ ᠰᠢᠷᠣᠢ ᠨᠡᠮᠡᠬᠦ ᠠᠵᠢᠯ ᠢ ᠬᠢᠵᠦ᠂ ᠬᠦᠢᠲᠡᠨ᠂ ᠴᠢᠭᠢᠭ ᠢ ᠲᠠᠷᠬᠠᠭᠠᠬᠤ ᠶᠢ ᠲᠦᠷᠭᠡᠳᠬᠡᠨ᠂ ᠬᠥᠷᠥᠰᠥ ᠰᠢᠷᠣᠢ ᠶᠢᠨ ᠬᠡᠢ ᠨᠡᠪᠲᠡᠷᠡᠬᠦ ᠴᠢᠨᠠᠷ ᠢ ᠨᠡᠮᠡᠭᠳᠡᠭᠦᠯᠵᠦ᠂ ᠨᠢᠯᠬ᠎ᠠ ᠴᠢᠬᠢ ᠶᠢᠨ ᠥᠰᠦᠯᠲᠡ ᠶᠢ ᠠᠬᠢᠭᠤᠯᠬᠤ ᠬᠡᠷᠡᠭᠲᠡᠢ᠃      ᠬᠤᠶᠠᠷ ᠲᠤ ᠴᠠᠭ  ᠲᠤᠨᠢ ᠲᠣᠬᠢᠷᠠᠭᠤᠯᠤᠨ ᠥᠰᠦᠯᠲᠡ ᠶᠢ ᠲᠣᠬᠢᠷᠠᠭᠤᠯᠬᠤ ᠡᠳ᠋ ᠪᠠ ᠨᠠᠪᠴᠢᠨ ᠤ ᠪᠣᠷᠳᠣᠭᠤᠷ ᠰᠦᠷᠴᠢᠨ ᠣᠷᠤᠭᠤᠯᠬᠤ ᠬᠡᠷᠡᠭᠲᠡᠢ᠃ ᠡᠰᠢ ᠨᠠᠪᠴᠢ ᠶᠢᠨ ᠡᠪᠡᠰᠦ ᠶᠢ ᠠᠷᠢᠯᠭᠠᠭᠰᠠᠨ ᠤ ᠳᠠᠷᠠᠭ᠎ᠠ ᠤᠷᠭᠤᠯᠲᠠ ᠶᠢ ᠲᠣᠬᠢᠷᠠᠭᠤᠯᠬᠤ ᠡᠳ᠋ ᠪᠠ ᠨᠠᠪᠴᠢᠨ ᠤ ᠪᠣᠷᠳᠣᠭᠤᠷ ᠰᠦᠷᠴᠢᠨ ᠣᠷᠣᠭᠤᠯᠵᠤ᠂ ᠴᠢᠬᠢᠨ ᠤ ᠦᠰᠦᠯᠳᠡ ᠶᠢ ᠲᠦᠷᠭᠡᠳᠭᠡᠬᠦ ᠳᠤ ᠲᠤᠰᠠᠯᠠᠬᠤ ᠬᠡᠷᠡᠭᠲᠡᠢ᠃ ᠥᠰᠦᠯᠲᠡ ᠶᠢ ᠲᠣᠬᠢᠷᠠᠭᠤᠯᠬᠤ ᠡᠳ᠋ ᠨᠢ ᠶᠦᠨ ᠲᠠᠢ ᠡᠳ᠋ ᠤᠨ ᠳᠣᠲᠣᠭᠠᠳᠤ ᠡᠰᠲ᠋ᠧᠷ ᠪᠤᠶᠤ ᠤᠯᠠᠭᠠᠨ•ᠶᠢᠨ ᠢ•ᠶᠦᠨ  ᠲᠠᠢ ︵ᠪᠢ ᠬᠤ᠋︶᠂ ᠨᠠᠪᠴᠢᠨ ᠤ ᠪᠣᠷᠳᠣᠭᠤᠷ ᠤᠨ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠰᠤᠩᠭᠤᠨ᠂ ᠰᠢᠩᠭᠡᠷᠡᠭᠦᠯᠦᠭᠰᠡᠨ ᠤ ᠳᠠᠷᠠᠭ᠎ᠠ ᠨᠠᠪᠴᠢᠨ ᠤ ᠭᠠᠳᠠᠷᠭᠤ ᠳᠤ ᠰᠦᠷᠴᠢᠵᠦ ᠪᠣᠯᠳᠠᠭ᠃      ᠭᠤᠷᠪᠠ ᠳᠤ ᠪᠠᠺᠲ᠋ᠧᠷᠢ ᠠᠯᠠᠬᠤ ᠡᠳ᠋ ᠪᠠ ᠨᠠᠪᠴᠢᠨ ᠤ ᠪᠣᠷᠳᠣᠭᠤᠷ ᠢ ᠤᠷᠢᠳᠴᠢᠯᠠᠨ ᠰᠦᠷᠴᠢᠨ ᠣᠷᠤᠭᠤᠯᠬᠤ ᠬᠡᠷᠡᠭᠲᠡᠢ᠃ ᠤᠷᠭᠤᠴᠠ ᠨᠢ ᠨᠡᠯᠢᠶᠡᠳ ᠪᠠᠭᠤᠷᠠᠢ ᠭᠠᠵᠠᠷ ᠲᠤ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠠᠳᠬᠤᠵᠤ᠂ ᠪᠠᠺᠲ᠋ᠧᠷᠢ ᠠᠯᠠᠬᠤ ᠡᠳ᠋ ᠪᠣᠯᠣᠨ ᠨᠠᠪᠴᠢᠨ ᠤ ᠪᠣᠷᠳᠣᠭᠤᠷ ᠢ ᠴᠠᠭ ᠲᠤᠬᠠᠢ ᠳᠤᠨᠢ ᠰᠦᠷᠴᠢᠨ ᠣᠷᠣᠭᠤᠯᠵᠤ᠂ ᠤᠷᠭᠤᠮᠠᠯ ᠤᠨ ᠡᠪᠡᠳᠴᠢᠨ ᠢ ᠡᠰᠡᠷᠭᠦᠴᠡᠬᠦ ᠴᠢᠨᠠᠷ ᠢ ᠨᠡᠮᠡᠭᠳᠡᠭᠦᠯᠦᠨ᠂ ᠡᠪᠡᠳᠴᠢᠨ ᠤ ᠬᠥᠨᠥᠭᠡᠯ ᠡᠭᠦᠰᠬᠦ ᠨᠣᠷᠮ᠎ᠠ ᠶᠢ ᠪᠠᠭᠤᠷᠠᠭᠤᠯᠬᠤ ᠬᠡᠷᠡᠭᠲᠡᠢ᠃      ᠳᠥᠷᠪᠡ ᠳᠤ ᠡᠮ ᠨᠠᠶᠢᠷᠠᠯᠭ᠎ᠠ ᠶᠢ ᠴᠠᠭ ᠲᠤᠬᠠᠢ ᠳᠤᠨᠢ ᠬᠡᠷᠡᠭᠯᠡᠵᠦ ᠰᠡᠷᠭᠡᠶᠢᠯᠡᠨ ᠵᠠᠰᠠᠬᠤ ᠬᠡᠷᠡᠭᠲᠡᠢ᠃ ᠦᠨᠳᠦᠰᠦ ᠨᠢ ᠢᠯᠵᠠᠷᠠᠬᠤ ᠡᠪᠡᠳᠴᠢᠨ ᠡᠭᠦᠰᠦᠭᠰᠡᠨ ᠭᠠᠵᠠᠷ ᠲᠤ ᠡᠮ ᠨᠠᠶᠢᠷᠠᠯᠠᠭ᠎ᠠ ᠶᠢᠨ ᠰᠡᠷᠭᠡᠶᠢᠯᠡᠨ ᠵᠠᠰᠠᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠵᠢᠩ ᠵᠢᠶᠠ ᠱᠦᠸᠠᠩ ᠯᠢᠩ᠂ ᠵᠢᠩ ᠵᠢᠶᠠ ᠱᠦᠸᠠᠩ ᠯᠢᠩ•ᠭᠧ ᠵᠢᠶᠦ᠋ᠨ ᠴᠢᠩ᠂ ᠫᠢᠷᠤᠮᠤᠯ ᠡᠲ᠋ᠧᠷ ᠵᠡᠷᠭᠡ ᠡᠮ ᠢ ᠰᠤᠩᠭᠤᠨ ᠤᠰᠤ ᠨᠡᠮᠡᠵᠦ ᠰᠢᠩᠭᠡᠷᠡᠭᠦᠯᠦᠭᠰᠡᠨ ᠤ ᠳᠠᠷᠠᠭ᠎ᠠ ᠬᠥᠷᠥᠰᠥᠨ ᠤ ᠨᠦᠬᠡᠨ ᠳᠤ ᠣᠷᠤᠭᠤᠯᠵᠤ ᠰᠡᠷᠭᠡᠶᠢᠯᠡᠨ ᠵᠠᠰᠠᠵᠤ ᠪᠣᠯᠣᠨ᠎ᠠ᠃ ᠪᠠᠰᠠ ᠵᠢᠶᠠ ᠱᠦᠸᠠᠩ·ᠡᠸ᠋ ᠮᠸᠢ ᠯᠢᠩ ᠢ ᠰᠢᠩᠭᠡᠷᠡᠭᠦᠯᠦᠭᠰᠡᠨ ᠤ ᠳᠠᠷᠠᠭ᠎ᠠ ᠰᠦᠷᠴᠢᠬᠦ ᠪᠤᠶᠤ ᠤᠰᠤᠯᠠᠵᠤ᠂ ᠰᠦᠷᠴᠢᠬᠦ ᠳᠤ ᠠᠯᠢ ᠴᠢᠳᠠᠬᠤ ᠪᠠᠷ ᠡᠮ ᠤᠨ ᠰᠢᠩᠭᠡᠨ ᠢ ᠡᠰᠢ ᠶᠢᠨ ᠰᠠᠭᠤᠷᠢ ᠬᠡᠰᠡᠭ ᠲᠤ  ᠣᠷᠤᠭᠤᠯᠵᠤ᠂ 7-10 ᠡᠳᠦᠷ ᠪᠦᠷᠢ ᠳᠤ ᠨᠢᠭᠡ ᠤᠳᠠᠭ᠎ᠠ ᠣᠷᠤᠭᠤᠯᠵᠤ᠂ ᠦᠷᠭᠦᠯᠵᠢᠯᠡᠨ 2-3 ᠤᠳᠠᠭ᠎ᠠ ᠰᠡᠷᠭᠡᠶᠢᠯᠡᠨ ᠵᠠᠰᠠᠬᠤ ᠬᠡᠷᠡᠭᠲᠡᠢ ︵ᠦᠨᠳᠦᠰᠦ ᠢᠯᠵᠠᠷᠠᠬᠤ ᠡᠪᠡᠳᠴᠢᠨ  ᠨᠢ ᠦᠨᠳᠦᠰᠦ ᠶᠢᠨ ᠬᠡᠰᠡᠭ ᠲᠤ ᠡᠭᠦᠰᠳᠡᠭ ᠪᠣᠯᠬᠤᠷ ᠠᠯᠢ ᠵᠣᠷ ᠢ ᠰᠣᠩᠭᠤᠭᠰᠠᠨ ᠴᠤ ᠴᠥᠮ ᠡᠮ ᠤᠰᠤᠨ ᠤ ᠬᠡᠮᠵᠢᠶ᠎ᠡ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ︶᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map