ᠪᠤᠭᠤᠲᠤ ᠬᠤᠳᠠ ᠲᠦᠷᠤᠭᠦᠤ ᠪᠦᠯᠦᠭ ᠤᠨ ᠬᠤᠸᠠ ᠰᠢ ᠲᠤᠭᠤᠯ ᠳᠤᠰᠪᠠ
ᠨᠡᠶᠢᠲᠡᠯᠡᠭᠰᠡᠨ ᠴᠠᠭ᠄
2024/7/29
      ᠡᠨᠡ ᠵᠢᠯ ᠤᠨ 7 ᠰᠠᠷ᠎ᠠ ᠳᠤ᠂ ᠪᠤᠭᠤᠲᠤ ᠬᠤᠳᠠ ᠲᠦᠷᠤᠭᠦᠤ ᠪᠦᠯᠦᠭ ᠤᠨ ᠬᠤᠸᠠ ᠰᠢ ᠲᠤᠭᠤᠯ ᠳᠤᠰᠬᠤ ᠠᠵᠢᠯ ᠢ ᠤᠭᠲᠤᠨ ᠠᠪᠴᠤ᠂ ᠤᠳᠤ ᠨᠢᠭᠡᠨᠲᠡ 301 ᠲᠤᠭᠤᠯ ᠲᠤᠰᠴᠦ᠂ ᠲᠡᠭᠰᠢᠳᠬᠡᠭᠰᠡᠨ ᠪᠡᠶ᠎ᠡ ᠶᠢᠨ ᠬᠦᠨᠳᠦ ᠨᠢ 36.6 ᠺᠢᠯᠦᠭᠷᠡᠮ ᠪᠠᠶᠢᠵᠤ᠂ ᠲᠥᠰᠥᠪᠯᠡᠬᠦ ᠪᠠᠷ 7 ᠰᠠᠷ᠎ᠠ ᠶᠢᠨ ᠰᠡᠭᠦᠯᠴᠢ ᠪᠤᠯᠳᠠᠯ᠎ᠠ ᠳᠤᠭᠤᠯ ᠳᠤᠰᠬᠤ ᠠᠵᠢᠯ ᠢᠶᠠᠨ ᠬᠢᠵᠦ ᠳᠠᠭᠤᠰᠬᠠᠨ᠎ᠠ᠃      ︽ᠬᠤᠸᠠ ᠰᠢ ᠦᠬᠡᠷ︾ ᠪᠣᠯ ᠮᠠᠨ ᠤ ᠤᠯᠤᠰ ᠤᠨ ᠪᠦᠷᠢᠮᠦᠰᠦᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠮᠢᠬᠠᠨ ᠤ ᠦᠬᠡᠷ ᠤᠨ ᠰᠢᠨ᠎ᠡ ᠡᠭᠦᠯᠳᠡᠷ ᠪᠠᠶᠢᠵᠤ᠂ ᠥᠰᠦᠯᠲᠡ ᠶᠢᠨ ᠬᠤᠷᠳᠤᠴᠠ ᠲᠦᠷᠭᠡᠨ᠂ ᠮᠢᠬ᠎ᠠ ᠭᠠᠷᠬᠤ ᠨᠢ ᠠᠷᠪᠢᠨ᠂ ᠦᠷᠡᠵᠢᠬᠦ ᠴᠢᠳᠠᠪᠤᠷᠢ ᠪᠠᠷ ᠰᠠᠶᠢᠨ᠂ ᠠᠵᠤ ᠠᠬᠤᠢ ᠶᠢᠨ ᠦᠷ᠎ᠡ ᠠᠰᠢᠭ ᠥᠨᠳᠥᠷ ᠵᠡᠷᠭᠡ ᠣᠨᠴᠠᠯᠢᠭ ᠲᠠᠢ ᠪᠠᠶᠢᠳᠠᠭ᠃ ᠲᠡᠷᠡ ᠨᠢ ᠮᠠᠯᠵᠢᠬᠤ ᠲᠠᠷᠢᠶᠠᠯᠠᠬᠤ ᠣᠷᠣᠨ ᠳᠤ ᠲᠣᠬᠢᠷᠠᠬᠤ ᠪᠠᠷ ᠪᠠᠷᠠᠬᠤ ᠦᠭᠡᠢ ᠪᠠᠰᠠ ᠡᠮᠦᠨᠡᠲᠦ ᠣᠷᠣᠨ ᠤ ᠠᠭᠤᠯᠠᠨ ᠲᠤᠪᠤ ᠭᠠᠵᠠᠷ ᠣᠷᠣᠨ ᠳᠤ ᠪᠠᠰᠠ ᠲᠣᠬᠢᠷᠠᠵᠤ᠂ ᠬᠠᠬᠢᠷ ᠬᠦᠢᠲᠡᠨ ᠪᠣᠯᠣᠨ ᠬᠠᠯᠠᠭᠤᠨ ᠴᠢᠭᠢᠭᠯᠢᠭ ᠵᠡᠷᠭᠡ ᠣᠷᠴᠢᠨ ᠲᠣᠭᠤᠷᠢᠨ ᠳᠤ ᠪᠦᠷ ᠦᠰᠤᠨ ᠪᠤᠶᠢᠵᠢᠯᠳᠠ ᠨᠢ ᠮᠠᠰᠢ ᠰᠠᠶᠢᠨ ᠪᠠᠶᠢᠳᠠᠭ᠃ ᠤᠯᠠᠨ ᠤᠯᠤᠰ ᠤᠨ ᠠᠳᠠᠯᠢ ᠲᠦᠷᠤᠯ ᠤᠨ ᠮᠢᠬᠠᠨ ᠤ ᠦᠬᠡᠷ ᠤᠨ ᠡᠭᠦᠯᠳᠡᠷ ᠲᠠᠢ ᠠᠳᠠᠯᠢᠳᠬᠠᠪᠠᠯ᠂ ︽ᠬᠤᠸᠠ ᠰᠢ ᠦᠬᠡᠷ︾ ᠤᠨ ᠡᠳᠦᠷ ᠤᠨ ᠥᠰᠦᠯᠲᠡ ᠶᠢᠨ ᠬᠦᠨᠳᠦ᠂ ᠮᠢᠬ᠎ᠠ ᠭᠠᠷᠬᠤ ᠨᠤᠷᠮ᠎ᠠ ᠵᠡᠷᠭᠡ ᠨᠢ ᠤᠯᠠᠨ ᠤᠯᠤᠰ ᠤᠨ ᠲᠡᠷᠢᠭᠦᠨ ᠤ ᠲᠦᠪᠰᠢᠨ ᠳᠤ ᠬᠦᠷᠴᠦ ᠪᠤᠢ᠃ ︽ᠬᠤᠸᠠ ᠰᠢ ᠦᠬᠡᠷ︾ ᠤᠨ ᠰᠢᠨ᠎ᠡ ᠡᠭᠦᠯᠳᠡᠷ ᠤᠨ ᠬᠦᠢᠲᠡᠨ ᠢ ᠳᠠᠭᠠᠭᠠᠬᠤ ᠴᠢᠨᠠᠷ ᠨᠢ ᠢᠯᠠᠩᠭᠤᠶ᠎ᠠ ᠲᠣᠪᠣᠶᠢᠮ᠎ᠠ ᠶᠤᠮ᠃      2023 ᠣᠨ ᠳᠤ ᠪᠤᠭᠤᠲᠤ ᠬᠤᠳᠠ ᠥᠪᠡᠷᠲᠡᠭᠡᠨ ᠵᠠᠰᠠᠬᠤ ᠣᠷᠣᠨ ᠤ ︽ᠬᠤᠸᠠ ᠰᠢ ᠦᠬᠡᠷ︾ ᠢ ᠪᠦᠭᠦ ᠣᠷᠣᠨ ᠳᠤ ᠲᠦᠭᠡᠮᠡᠯᠵᠢᠭᠦᠯᠬᠦ ᠠᠵᠢᠯ ᠢ ᠳᠠᠭᠠᠭᠠᠨ ᠠᠪᠴᠤ᠂ 3000 ︽ᠬᠤᠸᠠ ᠰᠢ ᠦᠬᠡᠷ︾ ᠤᠨ ᠢᠴᠡᠭᠡᠯ ᠦᠷ᠎ᠡ  ᠶᠢ ᠣᠷᠣᠭᠤᠯᠤᠨ ᠲᠦᠭᠡᠮᠡᠯᠵᠢᠭᠦᠯᠵᠦ᠂ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠵᠢᠤᠶᠤᠸᠠᠨ ᠲᠣᠭᠤᠷᠢᠭ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠢᠬᠠᠨ ᠤ ᠦᠬᠡᠷ ᠢ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠤᠷ  ᠲᠤ ︽ᠬᠤᠸᠠ ᠰᠢ ᠦᠬᠡᠷ︾ ᠤᠨ ᠢᠴᠡᠭᠡᠯ ᠦᠷ᠎ᠡ ᠶᠢ ᠲᠦᠭᠡᠮᠡᠯᠵᠢᠭᠦᠯᠬᠦ ᠠᠵᠢᠯ ᠬᠢᠵᠦ᠂ ᠨᠡᠶᠢᠳᠡ 12 ᠡᠷᠦᠭᠡ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠤᠷ ᠢ ᠰᠣᠩᠭᠤᠵᠤ᠂ ᠬᠥᠮᠥᠨ ᠤ ᠬᠦᠴᠦ ᠪᠠᠷ 1900 ᠦᠬᠡᠷ ᠢ ᠬᠡᠭᠡᠯᠲᠦᠭᠦᠯᠵᠦ᠂ ᠪᠤᠭᠤᠲᠤ ᠬᠤᠳᠠ ᠶᠢᠨ ᠱᠧᠩ ᠲᠠᠢ ᠦᠬᠡᠷ ᠪᠣᠶᠢᠵᠢᠭᠤᠯᠤᠨ ᠦᠷᠡᠵᠢᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠳᠤ ᠲᠦᠭᠡᠮᠡᠯᠵᠢᠭᠦᠯᠦᠭᠰᠡᠨ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map