ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠨᠵᠧᠦ ᠶᠢᠨ ᠮᠠᠯ ᠡᠮᠨᠡᠯᠭᠡ ᠶᠢᠨ | ᠰᠤᠳᠤᠯᠭᠠᠨ ᠤ ᠭᠠᠵᠠᠷ᠂ ᠵᠥᠩ ᠨᠦᠩ ᠸᠧᠢ ᠲᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠴᠠᠭᠠᠳᠤ ᠬᠢᠵᠠᠭᠠᠷᠲᠤ ᠺᠤᠮᠫᠠᠨᠢ ᠪᠣᠯᠣᠨ ᠭᠦᠭᠡᠬᠤᠲᠠ ᠶᠢᠨ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ | ᠬᠢᠵᠠᠭᠠᠷᠲᠤ ᠺᠤᠮᠫᠠᠨᠢ ᠶᠢᠨ ᠬᠠᠮᠲᠤᠷᠠᠨ ᠮᠡᠳᠡᠭᠦᠯᠦᠭᠰᠡᠨ ︽ᠭᠠᠭ᠋ᠠᠢ ᠶᠢᠨ ᠳᠠᠭᠢᠨ ᠨᠡᠶᠢᠯᠡᠯᠲᠡ ᠶᠢᠨ ᠰᠢᠯᠦᠬᠡᠢ | ᠡᠪᠡᠳᠴᠢᠨ ᠤ 0 ᠭᠡᠯᠪᠡᠷᠢ᠂ A ᠭᠡᠯᠪᠡᠷᠢ ᠶᠢᠨ ᠬᠤᠶᠠᠷ ᠸᠠᠯᠧᠨ᠋ᠲᠳᠤ ᠢᠳᠡᠪᠬᠢ ᠦᠭᠡᠶᠢᠳᠡᠭᠦᠯᠬᠦ ᠸᠠᠺᠼᠢᠨ ᠢ ᠡᠭᠦᠳᠦᠨ | ᠦᠢᠯᠡᠳᠬᠦ ᠪᠠ ᠬᠡᠷᠡᠭᠯᠡᠬᠦ︾ ᠲᠦᠷᠦᠯ ᠵᠦᠢᠯ ᠨᠢ 2023 ᠣᠨ ᠤ ᠤᠯᠤᠰ ᠤᠨ ᠮᠡᠷᠭᠡᠵᠢᠯ ᠤᠨ ᠡᠭᠦᠳᠦᠯᠲᠡ ᠶᠢᠨ | ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠢ ᠭᠥᠷᠳᠡᠭᠰᠡᠨ ᠪᠠᠶᠢᠨ᠎ᠠ᠃ | ᠲᠣᠰ ᠦᠷ᠎ᠡ ᠪᠦᠲᠦᠭᠡᠯ ᠨᠢ ᠣᠯᠠᠨ ᠤᠯᠤᠰ ᠤᠨ ᠬᠤᠰᠢᠭᠤᠷᠠᠯ ᠰᠢᠨᠵᠢᠯᠡᠬᠦ ᠤᠬᠠᠭᠠᠨ ᠤ ᠠᠰᠠᠭᠤᠳᠠᠯ ᠳᠤ | ᠴᠢᠭᠯᠡᠭᠦᠯᠦᠨ ᠡᠬᠢ ᠡᠭᠦᠰᠦᠯ ᠠᠴᠠ ᠨᠢ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ 2013 ᠣᠨ ᠳᠤ | ᠯᠠᠨᠵᠧᠦ ᠶᠢᠨ ᠮᠠᠯ ᠤᠨ ᠡᠮᠨᠡᠯᠭᠡ ᠶᠢᠨ ᠰᠤᠳᠤᠯᠭᠠᠨ ᠤ ᠭᠠᠵᠠᠷ ᠲᠠᠢ ᠬᠠᠮᠲᠤᠷᠠᠨ ᠠᠵᠢᠯᠯᠠᠭᠰᠠᠨ ᠠᠴᠠ ᠨᠠᠭᠠᠰᠢ ᠬᠡᠳᠦᠨ | ᠵᠢᠯ ᠤᠨ ᠴᠢᠷᠮᠠᠶᠢᠯᠭ᠎ᠠ ᠪᠠᠷ ᠳᠡᠮᠵᠢᠨ 2017 ᠣᠨ ᠳᠤ ᠨᠢᠭᠡᠳᠦᠭᠡᠷ ᠲᠥᠷᠥᠯ ᠤᠨ ᠰᠢᠨ᠎ᠡ ᠮᠠᠯ ᠤᠨ ᠡᠮ ᠤᠨ | ᠦᠨᠡᠮᠯᠡᠯ ᠣᠯᠵᠤ᠂ 2018 ᠣᠨ ᠳᠤ ᠮᠠᠯ ᠤᠨ ᠡᠮ ᠤᠨ ᠦᠢᠯᠡᠳᠬᠦᠨ ᠤ ᠵᠥᠪᠰᠢᠶᠡᠷᠡᠯ ᠤᠨ ᠪᠢᠴᠢᠭ ᠤᠨ ᠳ᠋ᠤᠭᠠᠷ ᠢ | ᠣᠯᠵᠤ᠂ ᠵᠢᠩᠬᠢᠨᠢ ᠪᠠᠷ ᠦᠢᠯᠡᠳᠪᠦᠷᠢᠯᠡᠬᠦ ᠵᠥᠪᠰᠢᠶᠡᠷᠡᠯᠢ ᠣᠯᠪᠠ᠃ ᠡᠨᠡ ᠬᠦ ᠸᠠᠺᠼᠢᠨ ᠨᠢ ᠮᠠᠨ ᠤ ᠤᠯᠤᠰ ᠤᠨ | ᠰᠢᠯᠦᠬᠡᠢ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠣᠯᠯᠠᠬᠤ ᠦᠢᠯᠡᠳᠬᠦᠨ ᠪᠣᠯᠵᠤ᠂ ᠮᠠᠨ ᠤ ᠤᠯᠤᠰ ᠤᠨ ᠰᠢᠯᠦᠬᠡᠢ | ᠡᠪᠡᠳᠴᠢᠨ ᠢ ᠰᠡᠷᠭᠡᠶᠢᠯᠡᠨ ᠡᠵᠡᠮᠳᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠳᠤ ᠵᠠᠩᠭᠢᠯᠠᠭ᠎ᠠ ᠶᠢᠨ ᠴᠢᠨᠠᠷᠲᠠᠢ | ᠮᠡᠷᠭᠡᠵᠢᠯ ᠤᠨ ᠳᠡᠮᠵᠢᠯᠭᠡ ᠬᠠᠩᠭᠠᠪᠠ᠃ | ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠬᠢᠵᠠᠭᠠᠷᠲᠤ ᠺᠤᠮᠫᠠᠨᠢ ᠲᠣᠰ ᠦᠷ᠎ᠡ ᠪᠦᠲᠦᠭᠡᠯ ᠤᠨ | ᠭᠤᠣᠯ ᠳᠡᠯᠭᠡᠷᠡᠭᠦᠯᠦᠨ ᠬᠡᠷᠡᠭᠯᠡᠬᠦ ᠠᠵᠤ ᠠᠬᠤᠶᠢᠯᠠᠯ ᠪᠣᠯᠤᠭᠰᠠᠨ ᠤ ᠬᠤᠪᠢ ᠳᠤ ᠦᠢᠯᠡᠳᠬᠦᠨ ᠢ ᠵᠠᠬ᠎ᠠ ᠳᠡᠯᠭᠡᠭᠦᠷ ᠲᠤ | ᠭᠠᠷᠭᠠᠭᠰᠠᠨ ᠠᠴᠠ ᠨᠠᠭᠠᠰᠢ ᠪᠦᠭᠦ ᠤᠯᠤᠰ ᠤᠨ ᠬᠡᠪᠴᠢᠶᠡᠨ ᠳᠤ ᠠᠵᠤ ᠦᠢᠯᠡᠰᠵᠢᠭᠦᠯᠦᠨ ᠬᠡᠷᠡᠭᠯᠡᠪᠡ᠃ ᠲᠣᠰ | ᠸᠠᠺᠼᠢᠨ ᠨᠢ 5 ᠬᠤᠣᠷᠲᠤ ᠪᠠᠺᠲ᠋ᠧᠷᠢ ᠶᠢ ᠵᠡᠷᠭᠡ ᠪᠠᠷ ᠰᠡᠷᠭᠡᠶᠢᠯᠡᠬᠦ ᠤᠯᠤᠰ ᠤᠨ ᠰᠡᠷᠭᠡᠶᠢᠯᠡᠨ ᠡᠵᠡᠮᠳᠡᠬᠦ ᠬᠦᠴᠢᠷ | ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠨᠠᠩ ᠴᠤ 26 ᠳ᠋ᠦᠩᠰᠢᠭᠤᠷ ᠮᠢᠯᠢᠯᠢᠲᠷ ᠤᠨ | ᠦᠢᠯᠡᠳᠪᠦᠷᠢᠯᠡᠯ ᠢ ᠪᠡᠶᠡᠯᠡᠭᠦᠯᠵᠦ᠂ ᠪᠣᠷᠤᠯᠠᠭᠤᠯᠭ᠎ᠠ ᠶᠢᠨ ᠬᠡᠮᠵᠢᠶ᠎ᠡ ᠨᠢ 33.78 ᠳ᠋ᠦᠩᠰᠢᠭᠤᠷ ᠲᠥᠭᠦᠷᠢᠭ ᠲᠤ | ᠬᠦᠷᠴᠦ᠂ 19.09 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ ᠮᠠᠰᠢ ᠰᠠᠶᠢᠨ ᠬᠠᠷᠢᠭᠤ | ᠲᠤᠰᠬᠠᠯ ᠣᠯᠣᠭᠰᠠᠨ ᠪᠠᠶᠢᠨ᠎ᠠ᠃ |