2023 ᠣᠨ ᠤ 1 ᠳ᠋ᠣᠭᠡᠷ ᠰᠠᠷ᠎ᠠ ᠶᠢᠨ 16 ᠤ ᠡᠳᠦᠷ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ︵ᠳᠣᠷᠣᠭᠰᠢ ︽ᠲᠠᠰᠤᠯᠤᠯᠲᠠ ᠶᠢᠨ ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠡᠳᠦᠭᠡ ᠳᠠᠷᠠᠭᠠᠬᠢ ᠲᠠᠶᠢᠯᠤᠮᠵᠢ ᠶᠢ ᠬᠢᠶ᠎ᠠ᠄
ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠪᠠ ᠶᠠᠪᠤᠴᠠ
2020 ᠣᠨ ᠤ 2 ᠳ᠋ᠤᠭᠠᠷ ᠰᠠᠷ᠎ᠠ ᠶᠢᠨ 1 ᠤ ᠡᠳᠦᠷ ᠮᠠᠨ ᠤ ᠲᠣᠪᠴᠢᠶ᠎ᠠ ᠠᠴᠠ ᠳᠠᠷᠣᠮᠯᠠᠨ ᠳᠠᠷᠬᠠᠭᠠᠬᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ᠪᠤᠯ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠭᠡᠷᠡᠭᠯᠡᠬᠦ ᠴᠢᠬᠤᠯᠠ ᠦᠨᠳᠦᠰᠦᠯᠡᠯ ᠪᠤᠯᠬᠤ ᠶᠤᠮ᠃ 2021 ᠣᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠳᠤ ᠰᠢᠨ᠎ᠡ ᠪᠠᠷ ᠵᠠᠰᠠᠪᠤᠷᠢ ᠣᠷᠣᠭᠤᠯᠵᠤ᠂ ᠬᠡᠲᠦᠷᠡᠭᠦᠯᠦᠨ ᠰᠢᠢᠳᠬᠡᠬᠦ ᠪᠠ ᠰᠤᠷᠭᠠᠨ ᠬᠥᠮᠥᠵᠢᠭᠦᠯᠬᠦ ᠶᠢ ᠤᠶᠠᠯᠳᠤᠭᠤᠯᠬᠤ ᠵᠠᠷᠴᠢᠮ ᠢ ᠲᠣᠳᠣᠷᠬᠠᠢ ᠲᠣᠭᠲᠠᠭᠠᠪᠠ᠂ ᠡᠭᠦᠨ ᠳᠤ ᠥᠯᠥ ᠵᠥᠪᠰᠢᠶᠡᠷᠡᠬᠦ᠂ ᠳᠣᠷᠭᠠᠭᠤᠯᠢ ᠶᠢ ᠬᠠᠰᠣᠬᠤ᠂ ᠬᠥᠩᠭᠡᠨ ᠢᠶᠠᠷ ᠰᠢᠳᠬᠡᠬᠦ᠂ ᠬᠦᠨᠳᠦ ᠪᠠᠷ ᠰᠢᠳᠬᠡᠬᠦ ᠵᠡᠷᠭᠡ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠪᠠᠶᠢᠳᠠᠯ ᠤᠨ ᠲᠤᠬᠠᠢ ᠲᠣᠭᠲᠠᠭᠠᠯ ᠳᠤ ᠵᠣᠬᠢᠬᠤ ᠬᠤᠪᠢᠷᠠᠯᠲᠠ ᠲᠠᠢ ᠪᠣᠯᠪᠠ︔ 2022 ᠣᠨ ᠤ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ︿ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠲᠤᠬᠠᠢ ᠵᠢᠯᠤᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠳᠣᠬᠠᠢ ᠮᠡᠳᠡᠭᠳᠡᠯ︾ ︵ᠤᠯᠤᠰ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ﹇2022﹈ 2 ᠳ᠋ᠤᠭᠠᠷ ᠲᠣᠭᠠᠲᠤ︶ ᠳᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠳᠦᠷᠢᠮ ᠳᠤ ᠰᠢᠨ᠎ᠡ ᠲᠣᠭᠲᠠᠭᠠᠯ ᠭᠠᠷᠭᠠᠪᠠ᠃ ᠡᠭᠦᠨ ᠤ ᠬᠠᠮᠲᠤ᠂ ᠣᠶᠢᠷ᠎ᠠ ᠶᠢᠨ ᠬᠡᠳᠦᠨ ᠵᠢᠯ ᠳᠤ᠂ ᠦᠨᠳᠦᠰᠦᠨ ᠱᠠᠲᠤᠨ ᠤ ᠨᠥᠬᠦᠳ ᠤᠨ ᠲᠤᠰᠬᠠᠭᠰᠠᠨ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠ ᠪᠠᠰᠠ ᠵᠠᠷᠢᠮ ᠲᠠᠰᠤᠯᠤᠯᠲᠠ ᠶᠢᠨ ᠪᠤᠳᠣᠯᠢᠶᠠᠨ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠡᠶᠢᠮᠦ ᠠᠴᠠ᠂ ᠲᠣᠰ ᠳᠦᠷᠢᠮ ᠢ ᠳᠠᠬᠢᠨ ᠰᠢᠨ᠎ᠡ ᠪᠠᠷ ᠲᠣᠭᠲᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠠᠵᠢᠯᠯᠠᠭ᠎ᠠ ᠶᠢ ᠴᠢᠨᠠᠬᠰᠢᠳᠠ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠥᠯᠢᠵᠢᠯᠲᠠ ᠶᠢ ᠠᠬᠢᠭᠤᠯᠵᠤ᠂ ᠲᠤᠬᠠᠢ ᠶᠢᠨ ᠬᠥᠮᠥᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠪᠠᠷ ᠪᠠᠶᠢᠨ᠎ᠠ᠃
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠪᠣᠯᠣᠨ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ 2021 ᠣᠨ ᠤ 8 ᠳ᠋ᠤᠭᠠᠷ ᠰᠠᠷ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ︾ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠃ ᠵᠤᠷᠪᠤᠰ ᠳᠠᠷᠠᠭᠠᠯᠠᠨ ᠡᠮᠬᠢᠯᠡᠬᠦ᠂ ᠢᠯᠡ ᠪᠠᠷ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠴᠦᠰ ᠲᠡᠭᠡᠨ ︽ᠲᠠᠰᠤᠯᠤᠯᠲᠠ ᠶᠢᠨ ᠳᠦᠷᠢᠮ︾ ᠢ ᠪᠣᠶ ᠪᠣᠯᠭᠠᠪᠠ᠃
ᠬᠤᠶᠠᠷ᠂ ᠲᠤᠭᠤᠷᠪᠢᠨ ᠪᠢᠴᠢᠭᠰᠡᠨ ᠦᠨᠳᠦᠰᠦᠯᠡᠯ
1.︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ ︾
2.︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ﹀ ᠶᠢ ᠴᠢᠨᠠᠬᠰᠢᠳᠠ ᠲᠤᠭᠤᠰᠢᠯᠠᠭᠤᠯᠤᠨ ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾
3. ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠴᠢᠨᠠᠬᠰᠢᠳᠠ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾
4. ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ︿ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠲᠤᠬᠠᠢ ᠵᠢᠯᠤᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾
5. ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ
6.ᠪᠤᠰᠤᠳ ᠬᠤᠯᠪᠣᠭᠳᠠᠯ ᠪᠦᠬᠦᠢ ᠲᠣᠭᠲᠠᠭᠠᠯ ᠤᠳ
ᠭᠤᠷᠪᠠ᠂ ᠭᠤᠣᠯ ᠠᠭᠤᠯᠭ᠎ᠠ
︵ᠨᠢᠭᠡ︶ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠬᠡᠷᠡᠭᠯᠡᠬᠦ ᠳᠦᠷᠢᠮ ᠬᠢᠭᠡᠳ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠬᠡᠷᠡᠭᠯᠡᠬᠦ ᠵᠠᠷᠴᠢᠮ ᠢ ᠲᠣᠭᠲᠠᠭᠠᠪᠠ᠃
︵ᠬᠤᠶᠠᠷ︶ ᠵᠠᠰᠠᠭ ᠵᠠᠬᠢᠷᠭᠠᠨ ᠤ ᠰᠢᠳᠬᠡᠯ ᠣᠯᠭᠤᠬᠤ ᠦᠭᠡᠢ᠂ ᠵᠠᠰᠠᠭ ᠵᠠᠬᠢᠷᠭᠠᠨ ᠤ ᠰᠢᠳᠬᠡᠯ ᠢ ᠬᠠᠰᠣᠬᠤ᠂ ᠵᠠᠰᠠᠭ ᠵᠠᠬᠢᠷᠭᠠᠨ ᠤ ᠰᠢᠳᠬᠡᠯ ᠢ ᠬᠦᠩᠬᠡᠯᠡᠬᠦ᠂ ᠵᠠᠰᠠᠭ ᠵᠠᠬᠢᠷᠭᠠᠨ ᠤ ᠰᠢᠳᠬᠡᠯ ᠢ ᠬᠦᠨᠳᠦ ᠪᠠᠷ ᠣᠨᠣᠭᠠᠬᠤ ᠪᠠ ᠡᠩ ᠤᠨ ᠵᠠᠰᠠᠭ ᠵᠠᠬᠢᠷᠭᠠᠨ ᠤ ᠰᠢᠳᠬᠡᠯ ᠵᠢᠴᠢ ᠵᠠᠰᠠᠭ ᠵᠠᠬᠢᠷᠭᠠᠨ ᠤ ᠰᠢᠳᠬᠡᠯ ᠤᠨ ᠲᠠᠰᠤᠯᠤᠯᠲᠠ ᠶᠢᠨ ᠡᠷᠬᠡ ᠶᠢᠨ ᠤᠬᠠᠭᠳᠠᠬᠤᠨ ᠢ ᠲᠣᠭᠲᠠᠭᠠᠭᠰᠠᠨ ᠤ ᠬᠠᠮᠲᠤ ᠪᠣᠳᠠᠲᠠᠢ ᠬᠡᠷᠡᠭᠯᠡᠬᠦ ᠪᠠᠶᠢᠳᠠᠯ ᠢ ᠨᠠᠷᠢᠯᠢᠭᠵᠢᠭᠤᠯᠵᠤ᠂ ᠲᠡᠭᠦᠨ ᠢ ᠨᠠᠩ ᠢᠯᠡᠭᠦᠦ ᠪᠤᠳᠠᠳᠠᠢ ᠪᠣᠯᠭᠠᠵᠠᠢ᠃
︵ᠭᠤᠷᠪᠠ︶ ︽ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠣᠯᠭᠤᠬᠤ ᠦᠭᠡᠢ ᠪᠠᠶᠢᠪᠠᠯ ᠵᠣᠬᠢᠨ᠎ᠠ︾᠂ ︽ᠵᠠᠰᠠᠭ ᠵᠠᠬᠢᠷᠭᠠᠨ ᠤ ᠰᠢᠳᠬᠡᠯ ᠣᠯᠭᠤᠬᠤ ᠦᠭᠡᠢ︾᠂ ︽ᠵᠠᠰᠠᠭ ᠵᠠᠬᠢᠷᠭᠠᠨ ᠤ ᠰᠢᠳᠬᠡᠯ ᠣᠯᠭᠤᠬᠤ ᠦᠭᠡᠢ ᠪᠠᠶᠢᠵᠤ ᠪᠤᠯᠬᠤ︾ ᠵᠡᠷᠭᠡ ᠪᠠᠶᠢᠳᠠᠯ ᠢ ᠨᠡᠮᠡᠪᠡ᠃
︵ᠳᠥᠷᠪᠡ ︶ ᠰᠢᠢᠳᠬᠡᠯ ᠢ ᠬᠠᠰᠠᠵᠦ ᠬᠦᠩᠭᠡᠷᠡᠬᠦᠯᠬᠦ ᠳᠦᠷᠢᠮ ᠢ ᠨᠡᠮᠡᠪᠡ᠃
︵ᠲᠠᠪᠤ︶ ᠲᠤᠬᠠᠢ ᠶᠢᠨ ᠬᠥᠮᠥᠨ ᠳᠤ ᠤᠯᠠᠨ ᠵᠦᠢᠯ ᠤᠨ ᠲᠠᠰᠤᠯᠤᠯᠲᠠ ᠶᠢᠨ ᠬᠦᠴᠦᠨ ᠵᠦᠢᠯ ᠪᠠᠶᠢᠬᠤ ᠲᠠᠰᠤᠯᠤᠯᠲᠠ ᠶᠢᠨ ᠵᠠᠷᠴᠢᠮ ᠢ ᠲᠣᠭᠲᠠᠭᠠᠵᠠᠢ᠃
︵ᠵᠢᠷᠭᠤᠭ᠎ᠠ︶ ᠲᠤᠬᠠᠢ ᠶᠢᠨ ᠬᠥᠮᠥᠨ ᠤ ᠬᠠᠤᠯᠢ ᠶᠢ ᠵᠥᠷᠢᠴᠡᠭᠰᠡᠨ ᠠᠳᠠᠯᠢ ᠨᠢᠭᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠶᠢᠨ ᠤᠯᠠᠨ ᠵᠢᠷᠤᠮᠵᠢᠯ ᠢ ᠵᠥᠷᠢᠴᠡᠭᠰᠡᠨ᠂ ᠡᠰᠡᠬᠦᠯ᠎ᠡ ᠠᠳᠠᠯᠢ ᠨᠢᠭᠡᠨ ᠲᠤᠬᠠᠢ ᠶᠢᠨ ᠬᠥᠮᠥᠨ ᠳᠤ ᠬᠠᠤᠯᠢ ᠶᠢ ᠵᠥᠷᠢᠴᠡᠭᠰᠡᠨ ᠬᠤᠶᠠᠷ ᠵᠦᠢᠯ ᠠᠴᠠ ᠳᠡᠭᠡᠭᠰᠢ ᠦᠢᠯᠡ ᠠᠵᠢᠯᠯᠠᠭ᠎ᠠ ᠲᠠᠢ ᠪᠠᠶᠢᠬᠤ ᠦᠶ᠎ᠡ ᠳᠤ ᠬᠠᠤᠯᠢ ᠶᠠᠪᠤᠭᠤᠯᠬᠤ ᠳᠦᠷᠢᠮ ᠢ ᠲᠣᠭᠲᠠᠭᠠᠵᠠᠢ᠃
︵ᠳᠣᠯᠤᠭ᠎ᠠ︶ ᠬᠡᠷᠡᠭ ᠢ ᠬᠦᠯᠢᠶᠡᠨ ᠠᠪᠴᠦ ᠰᠢᠢᠳᠪᠦᠷᠢᠯᠡᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠰᠢᠳᠬᠡᠯ ᠤᠨ ᠲᠠᠰᠤᠯᠤᠯᠲᠠ ᠶᠢ ᠨᠥᠯᠥᠭᠡᠯᠡᠵᠦ ᠮᠡᠳᠡᠬᠦ ᠭᠡᠷᠡᠴᠢ ᠪᠠᠷᠢᠮᠲᠠ ᠶᠢ ᠴᠤᠭᠯᠠᠭᠤᠯᠬᠤ ᠡᠭᠦᠷᠭᠡ ᠶᠢ ᠲᠣᠭᠲᠠᠭᠠᠪᠠ᠃
︵ᠨᠠᠢᠮᠠ︶ ᠵᠠᠰᠠᠭ ᠵᠠᠬᠢᠷᠭᠠᠨ ᠤ ᠰᠢᠳᠬᠡᠯ ᠤᠨ ᠲᠠᠰᠤᠯᠤᠯᠲᠠ ᠶᠢ ᠵᠣᠬᠢᠰ ᠦᠭᠡᠢ ᠪᠣᠯᠭᠠᠭᠰᠠᠨ ᠠᠯᠳᠠᠭ᠎ᠠ ᠶᠢ ᠵᠠᠯᠠᠷᠠᠭᠤᠯᠬᠤ ᠲᠣᠭᠲᠠᠴᠠ ᠶᠢ ᠲᠣᠭᠲᠠᠭᠠᠪᠠ᠃
ᠤᠭ ᠮᠠᠲ᠋ᠧᠷᠢᠶᠠᠯ ᠤᠨ ᠬᠠᠶ᠋ᠢᠭ᠄
http://amr.nmg.gov.cn/zfxxgk/fdzdgknr/gfxwj/202301/t20230120_2218293.html