ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
259 ᠳ᠋ᠦ᠋ᠭᠡᠷ ᠲᠣᠭᠠᠲᠤ
︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠨᠢᠭᠡᠨᠲᠡ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠵᠤ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ
2022 ᠣᠨ ᠤ 12 ᠳ᠋ᠤᠭᠠᠷ ᠰᠠᠷ᠎ᠠ ᠶᠢᠨ 28 ᠤ ᠡᠳᠦᠷ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ
ᠲᠡᠷᠭᠡ ᠣᠩᠭᠤᠴᠠᠨ ᠤ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ ︾ ᠳᠤ ᠵᠠᠰᠠᠪᠤᠷᠢ
ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠵᠤ ᠪᠠᠲᠤᠯᠠᠭᠠᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠳᠤ ᠳᠣᠣᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄
ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾
ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ᠃
ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ︾
ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠢ ︽2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠭᠡᠷ ᠬᠥᠷᠥᠩᠭᠡ ᠶᠢᠨ ᠤᠤᠯ ᠦᠷᠳᠡᠭ ᠢᠶᠠᠷ ᠨᠢ ᠪᠣᠯᠭᠠᠵᠤ ᠨᠢᠭᠡ ᠯᠡ ᠳᠡᠭᠡᠷ᠎ᠡ ᠬᠠᠰᠤᠬᠤ ᠬᠠᠷᠢᠴᠠᠯ ᠢ 10% ᠪᠠᠶᠢᠯᠭᠠᠭᠰᠠᠨ ᠠᠴᠠ 30% ᠪᠣᠯᠭᠠᠨ ᠲᠦᠷ ᠲᠣᠬᠢᠷᠠᠭᠤᠯᠤᠨ᠎ᠠ︾ ᠭᠡᠵᠦ ᠵᠠᠰᠠᠪᠤᠷᠢ ᠣᠷᠣᠭᠤᠯᠪᠠ᠃
ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠳᠤ ᠵᠣᠬᠢᠬᠤ ᠵᠠᠰᠠᠪᠤᠷᠢ ᠣᠷᠣᠭᠤᠯᠤᠨ ᠳᠠᠭᠢᠵᠤ ᠨᠡᠶᠢᠲᠡᠯᠡᠪᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ
ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ
︵2013 ᠣᠨ ᠤ 2 ᠳ᠋ᠤᠭᠠᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 192 ᠳ᠋ᠤᠭᠠᠷ ᠲᠣᠭᠠᠲᠤ ᠳᠤ ᠨᠡᠶᠢᠲᠡᠯᠡᠪᠡ 2019 ᠣᠨ ᠤ 3 ᠳ᠋ᠤᠭᠠᠷ ᠰᠠᠷ᠎ᠠ ᠶᠢᠨ 21 ᠤ ᠡᠳᠦᠷ ᠤᠨ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢᠯᠠᠪᠠ 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠬᠤᠶᠠᠳᠠᠭᠢ ᠤᠳᠠᠭ᠎ᠠ ᠵᠠᠰᠠᠪᠤᠷᠢᠯᠠᠪᠠ︶
ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠣᠰ ᠠᠷᠭ᠎ᠠ ᠳᠤ ᠳᠠᠭᠠᠯᠳᠤᠭᠤᠯᠵᠤ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠᠨ ᠤ ᠭᠠᠶᠢᠯᠢ ᠶᠢᠨ ᠲᠥᠷᠥᠯ ᠵᠦᠢᠯ ᠪᠠ ᠭᠠᠶᠢᠯᠢ ᠶᠢᠨ ᠲᠣᠭᠠᠨ ᠤ ᠬᠦᠰᠦᠨᠦᠭᠲᠦ︾ ᠳᠤ ᠲᠣᠭᠲᠠᠭᠠᠭᠰᠠᠨ ᠲᠡᠷᠭᠡ ᠬᠥᠰᠬᠡ᠂ ᠣᠩᠭᠤᠴᠠ ᠵᠠᠪᠢ ᠶᠢᠨ ᠥᠮᠴᠢᠯᠡᠭᠴᠢ ᠪᠤᠶᠤ ᠬᠠᠮᠢᠶᠠᠷᠤᠭᠴᠢ ᠳᠤ ᠬᠠᠷᠢᠶᠠᠯᠠᠭᠳᠠᠵᠤ ᠪᠠᠶᠢᠪᠠᠯ᠂ ᠲᠡᠷᠭᠡ ᠣᠩᠭᠤᠴᠠᠨ ᠤ ᠭᠠᠶᠢᠯᠢ ᠲᠤᠰᠢᠶᠠᠭᠴᠢ ᠪᠣᠯᠣᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠪᠠ ᠲᠣᠰ ᠠᠷᠭ᠎ᠠ ᠶᠢᠨ ᠶᠣᠰᠣᠭᠠᠷ ᠲᠡᠷᠭᠡ ᠣᠩᠭᠤᠴᠠᠨ ᠤ ᠭᠠᠶᠢᠯᠢ ᠲᠤᠰᠢᠶᠠᠬᠤ ᠬᠡᠷᠡᠭᠲᠡᠢ᠃
ᠲᠣᠰ ᠠᠷᠭ᠎ᠠ ᠳᠤ ᠬᠡᠯᠡᠵᠦ ᠪᠠᠶᠢᠭ᠎ᠠ ᠲᠡᠷᠭᠡ ᠬᠥᠰᠬᠡ᠂ ᠣᠩᠭᠤᠴᠠ ᠵᠠᠪᠢ ᠭᠡᠳᠡᠭ ᠨᠢ ᠲᠡᠷᠭᠡ ᠣᠩᠭᠤᠴᠠ ᠶᠢ ᠲᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠬᠤ ᠴᠢᠬᠤᠯᠠᠲᠠᠢ ᠮᠠᠰᠢᠨᠲᠤ ᠲᠡᠷᠭᠡ ᠪᠠ ᠣᠩᠭᠤᠴᠠ ᠵᠠᠪᠢ᠂ ᠵᠢᠴᠢ ᠲᠡᠷᠭᠡ ᠣᠩᠭᠤᠴᠠ ᠶᠢ ᠲᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠬᠤ ᠴᠢᠬᠤᠯᠠ ᠦᠭᠡᠢ ᠨᠢᠭᠡᠴᠢ ᠶᠢᠨ ᠢᠶᠠᠨ ᠳᠣᠲᠣᠭᠠᠳᠤ ᠶᠢᠨ ᠲᠠᠯᠠᠪᠤᠷ ᠭᠠᠵᠠᠷ ᠲᠤ ᠵᠠᠮᠨᠠᠭᠤᠯᠬᠤ ᠪᠤᠶᠤ ᠠᠵᠢᠯᠯᠠᠭᠤᠯᠬᠤ ᠮᠠᠰᠢᠨᠲᠤ ᠲᠡᠷᠭᠡ ᠪᠠ ᠣᠩᠭᠤᠴᠠ ᠵᠠᠪᠢ ᠶᠢ ᠵᠢᠭᠠᠵᠤ ᠪᠠᠶᠢᠨ᠎ᠠ᠃
ᠭᠤᠷᠪᠠᠳᠤᠭᠠᠷ ᠵᠦᠢᠯ ᠲᠡᠷᠭᠡ ᠣᠩᠭᠤᠴᠠᠨ ᠤ ᠭᠠᠶᠢᠯᠢ ᠶᠢᠨ ᠲᠥᠷᠥᠯ ᠵᠦᠢᠯ᠂ ᠭᠠᠶᠢᠯᠢ ᠶᠢᠨ ᠲᠤᠭ᠎ᠠ ᠶᠢ ᠲᠣᠰ ᠠᠷᠭ᠎ᠠ ᠳᠤ ᠳᠠᠭᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠᠨ ᠤ ᠭᠠᠶᠢᠯᠢ ᠶᠢᠨ ᠲᠥᠷᠥᠯ ᠵᠦᠢᠯ ᠪᠠ ᠭᠠᠶᠢᠯᠢ ᠶᠢᠨ ᠲᠣᠭᠠᠨ ᠤ ᠬᠦᠰᠦᠨᠦᠭᠲᠦ︾ ᠶᠣᠰᠣᠭᠠᠷ ᠬᠡᠷᠡᠭᠵᠢᠭᠦᠯᠦᠨ᠎ᠡ᠃
ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠲᠡᠷᠭᠡ ᠣᠩᠭᠤᠴᠠ ᠶᠢ ᠲᠡᠷᠭᠡ ᠣᠩᠭᠤᠴᠠᠨ ᠤ ᠭᠠᠶᠢᠯᠢ ᠠᠴᠠ ᠬᠡᠯᠲᠦᠷᠢᠭᠦᠯᠦᠨ᠎ᠡ ᠄
︵ ᠨᠢᠭᠡ︶ ᠵᠢᠭᠠᠰᠤ ᠠᠩᠨᠠᠨ ᠰᠢᠭᠦᠬᠦ᠂ ᠲᠡᠵᠢᠭᠡᠨ ᠦᠷᠡᠵᠢᠭᠦᠯᠬᠦ ᠣᠩᠭᠤᠴᠠ ︔
︵ᠬᠤᠶᠠᠷ︶ ᠴᠡᠷᠢᠭ ᠠᠩᠭᠢ᠂ ᠵᠡᠪᠰᠡᠭᠲᠦ ᠴᠠᠭᠳᠠᠭᠠᠨ ᠤ ᠴᠡᠷᠢᠭ ᠠᠩᠭᠢ ᠶᠢᠨ ᠲᠤᠰᠬᠠᠢ ᠬᠡᠷᠡᠭᠯᠡᠬᠦ ᠲᠡᠷᠭᠡ ᠣᠩᠭᠤᠴᠠ ︔
︵ᠭᠤᠷᠪᠠ︶ ᠴᠠᠭᠳᠠᠭᠠᠨ ᠤ ᠲᠡᠷᠭᠡ ᠣᠩᠭᠤᠴᠠ ︔
︵ᠳᠥᠷᠪᠡ︶ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠠᠶᠢᠯᠢ ᠠᠴᠠ ᠬᠡᠯᠲᠦᠷᠢᠭᠦᠯᠬᠦ ᠶᠣᠰᠣᠲᠠᠢ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠤᠯᠤᠰ ᠤᠨ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ᠂ ᠳᠤᠮᠳᠠᠳᠤ ᠤᠯᠤᠰ ᠲᠤ ᠰᠠᠭᠤᠭ᠎ᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠬᠦ ᠪᠠᠶᠢᠭᠤᠯᠤᠮᠵᠢ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯᠲᠠᠨ ᠤ ᠲᠡᠷᠭᠡ ᠣᠩᠭᠤᠴᠠ ︔
︵ᠲᠠᠪᠤ︶ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ ︔
︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠥᠮᠴᠢᠯᠡᠵᠦ ᠪᠠᠶᠢᠭ᠎ᠠ ᠪᠥᠭᠡᠳ ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠳᠤ ᠬᠡᠷᠡᠭᠯᠡᠵᠦ ᠪᠠᠶᠢᠭ᠎ᠠ ᠮᠣᠲ᠋ᠣᠷ᠂ ᠭᠤᠷᠪᠠᠨ ᠬᠦᠷᠳᠦᠲᠦ ᠮᠠᠰᠢᠨ ᠲᠡᠷᠭᠡ ᠪᠠ ᠳᠣᠣᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ᠃
ᠲᠠᠪᠤᠳᠤᠭᠠᠷ ᠵᠦᠢᠯ ᠲᠣᠭᠲᠠᠭᠠᠯ ᠶᠣᠰᠣᠭᠠᠷ ᠣᠩᠭᠤᠴᠠ ᠵᠠᠪᠢ ᠶᠢᠨ ᠲᠣᠨ ᠤ ᠭᠠᠶᠢᠯᠢ ᠲᠤᠰᠢᠶᠠᠬᠤ ᠮᠠᠰᠢᠨᠲᠤ ᠣᠩᠭᠤᠴᠠ ᠵᠠᠪᠢ ᠪᠠ ᠲᠡᠷᠭᠡ ᠣᠩᠭᠤᠴᠠ ᠶᠢ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠬᠤ ᠴᠢᠬᠤᠯᠠ ᠦᠭᠡᠢ ᠨᠢᠰᠬᠡᠯ ᠤᠨ ᠪᠠᠭᠤᠳᠠᠯ᠂ ᠭᠠᠷᠠᠮ᠂ ᠲᠡᠮᠦᠷ ᠵᠠᠮ ᠤᠨ ᠥᠷᠲᠡᠭᠡ ᠲᠠᠯᠠᠪᠤᠷ ᠤᠨ ᠳᠣᠲᠣᠭᠠᠳᠤ ᠳᠤ ᠶᠠᠪᠤᠬᠤ ᠪᠤᠶᠤ ᠠᠵᠢᠯᠯᠠᠬᠤ ᠲᠡᠷᠭᠡ ᠣᠩᠭᠤᠴᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ ᠲᠡᠷᠭᠡ ᠣᠩᠭᠤᠴᠠᠨ ᠤ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃
ᠵᠢᠷᠭᠤᠳᠤᠭᠠᠷ ᠵᠦᠢᠯ ᠡᠨᠧᠷᠭᠢ ᠶᠢ ᠠᠷᠪᠢᠯᠠᠭᠰᠠᠨ᠂ ᠰᠢᠨ᠎ᠡ ᠡᠨᠧᠷᠭᠢ ᠶᠢ ᠬᠡᠷᠡᠭᠯᠡᠭᠰᠡᠨ ᠲᠡᠷᠭᠡ ᠣᠩᠭᠤᠴᠠ ᠠᠴᠠ ᠲᠡᠷᠭᠡ ᠣᠩᠭᠤᠴᠠᠨ ᠤ ᠭᠠᠶᠢᠯᠢ ᠶᠢ ᠬᠥᠩᠭᠡᠯᠡᠬᠦ ᠪᠤᠶᠤ ᠭᠠᠶᠢᠯᠢ ᠠᠴᠠ ᠬᠡᠯᠲᠦᠷᠢᠭᠦᠯᠵᠦ ᠪᠣᠯᠣᠨ᠎ᠠ᠃ ᠪᠣᠳᠠᠲᠠᠢ ᠬᠡᠪᠴᠢᠶ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠭᠠᠵᠠᠷ ᠬᠥᠳᠡᠯᠦᠯᠲᠡ᠂ ᠦᠶᠡᠷ ᠤᠰᠤᠲᠤᠯ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠨᠥᠯᠥᠭᠡᠯᠡᠭᠳᠡᠭᠡᠳ ᠭᠠᠶᠢᠯᠢ ᠲᠤᠰᠢᠶᠠᠬᠤ ᠳᠤ ᠬᠦᠴᠢᠷᠳᠡᠯᠲᠡᠢ ᠪᠣᠯᠤᠭᠰᠠᠨ ᠵᠢᠴᠢ ᠪᠤᠰᠤᠳ ᠣᠨᠴᠠᠭᠠᠢ ᠰᠢᠯᠲᠠᠭᠠᠨ ᠠᠴᠠ ᠪᠣᠯᠣᠭᠠᠳ ᠦᠨᠡᠨ ᠬᠦ ᠭᠠᠶᠢᠯᠢ ᠠᠴᠠ ᠬᠡᠯᠲᠦᠷᠢᠭᠦᠯᠬᠦ ᠴᠢᠬᠤᠯᠠᠲᠠᠢ ᠲᠡᠷᠭᠡ ᠣᠩᠭᠤᠴᠠ ᠠᠴᠠ ᠵᠣᠬᠢᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠲᠡᠷᠭᠡ ᠣᠩᠭᠤᠴᠠᠨ ᠤ ᠭᠠᠶᠢᠯᠢ ᠶᠢ ᠬᠥᠩᠭᠡᠯᠡᠬᠦ ᠪᠤᠶᠤ ᠭᠠᠶᠢᠯᠢ ᠠᠴᠠ ᠬᠡᠯᠲᠦᠷᠢᠭᠦᠯᠵᠦ ᠪᠣᠯᠣᠨ᠎ᠠ᠃ ᠪᠣᠳᠠᠲᠠᠢ ᠬᠥᠩᠭᠡᠯᠡᠵᠦ ᠬᠡᠯᠲᠦᠷᠢᠭᠦᠯᠬᠦ ᠬᠤᠭᠤᠴᠠᠭ᠎ᠠ ᠬᠢᠵᠠᠭᠠᠷ ᠪᠠ ᠲᠤᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃
ᠳᠣᠯᠣᠳᠤᠭᠠᠷ ᠵᠦᠢᠯ ᠲᠡᠷᠭᠡ ᠣᠩᠭᠤᠴᠠᠨ ᠤ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ᠃
ᠨᠠᠢᠮᠠᠳᠤᠭᠠᠷ ᠵᠦᠢᠯ ᠮᠠᠰᠢᠨᠲᠤ ᠲᠡᠷᠭᠡᠨ ᠤ ᠭᠤᠷᠪᠠᠳᠠᠭᠴᠢ ᠡᠲᠡᠭᠡᠳ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠡᠷᠬᠢᠯᠡᠵᠦ ᠪᠠᠶᠢᠭ᠎ᠠ ᠳᠠᠭᠠᠳᠬᠠᠯ ᠤᠨ ᠪᠠᠶᠢᠭᠤᠯᠤᠮᠵᠢ ᠨᠢ ᠮᠠᠰᠢᠨᠲᠤ ᠲᠡᠷᠭᠡ ᠶᠢᠨ ᠲᠡᠷᠭᠡ ᠣᠩᠭᠤᠴᠠᠨ ᠤ ᠭᠠᠶᠢᠯᠢ ᠶᠢ ᠰᠠᠭᠤᠯᠭᠠᠨ ᠲᠤᠰᠢᠶᠠᠬᠤ ᠡᠭᠦᠷᠭᠡᠲᠦ ᠬᠥᠮᠥᠨ ᠪᠠᠶᠢᠵᠤ᠂ ᠳᠠᠭᠠᠳᠬᠠᠯ ᠤᠨ ᠵᠠᠷᠤᠳᠠᠯ ᠬᠤᠷᠢᠶᠠᠬᠤ ᠳᠤ ᠪᠠᠨ ᠲᠡᠷᠭᠡ ᠣᠩᠭᠤᠴᠠᠨ ᠤ ᠭᠠᠶᠢᠯᠢ ᠶᠢ ᠬᠠᠤᠯᠢ ᠶᠣᠰᠣᠭᠠᠷ ᠣᠷᠣᠯᠠᠨ ᠬᠤᠷᠢᠶᠠᠬᠤ ᠶᠢᠨ ᠬᠠᠮᠲᠤ ᠭᠠᠶᠢᠯᠢ ᠶᠢᠨ ᠵᠣᠭᠤᠰ ᠢ ᠣᠷᠣᠯᠠᠨ ᠬᠤᠷᠢᠶᠠᠭᠰᠠᠨ ᠭᠡᠷᠡᠴᠢ ᠪᠠᠷᠢᠮᠲᠠ ᠭᠠᠷᠭᠠᠬᠤ ᠬᠡᠷᠡᠭᠲᠡᠢ᠃
ᠶᠢᠰᠦᠳᠦᠭᠡᠷ ᠵᠦᠢᠯ ᠲᠡᠷᠭᠡ ᠣᠩᠭᠤᠴᠠᠨ ᠤ ᠭᠠᠶᠢᠯᠢ ᠶᠢ ᠣᠨ ᠢᠶᠠᠷ ᠮᠡᠳᠡᠭᠦᠯᠵᠦ᠂ ᠰᠠᠷ᠎ᠠ ᠪᠠᠷ ᠪᠤᠳᠤᠵᠤ᠂ ᠨᠢᠭᠡ ᠯᠡ ᠳᠡᠭᠡᠷ᠎ᠡ ᠲᠤᠰᠢᠶᠠᠨ᠎ᠠ᠃ ᠡᠭᠦᠨ ᠳᠤ ᠠᠷᠭ᠎ᠠ ᠶᠢᠨ ᠤᠯᠠᠷᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯᠡᠬᠢ ᠬᠤᠭᠤᠴᠠᠭᠠᠨ ᠳᠤ ᠭᠠᠶᠢᠯᠢ ᠪᠠᠨ ᠲᠤᠰᠢᠶᠠᠬᠤ ᠬᠡᠷᠡᠭᠲᠡᠢ᠃
ᠰᠠᠭᠤᠯᠭᠠᠨ ᠲᠤᠰᠢᠶᠠᠬᠤ ᠡᠭᠦᠷᠭᠡᠲᠦ ᠬᠥᠮᠥᠨ ᠪᠠᠷ ᠲᠡᠷᠭᠡ ᠣᠩᠭᠤᠴᠠᠨ ᠤ ᠭᠠᠶᠢᠯᠢ ᠶᠢ ᠣᠷᠣᠯᠠᠭᠤᠯᠤᠨ ᠬᠤᠷᠢᠶᠠᠯᠭᠠᠵᠤ᠂ ᠣᠷᠣᠯᠠᠭᠤᠯᠤᠨ ᠲᠤᠰᠢᠶᠠᠯᠭᠠᠭᠰᠠᠨ ᠪᠣᠯ᠂ ᠭᠠᠶᠢᠯᠢ ᠲᠤᠰᠢᠶᠠᠭᠴᠢ ᠨᠢ ᠮᠠᠰᠢᠨᠲᠤ ᠲᠡᠷᠭᠡᠨ ᠤ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠢ ᠭᠦᠢᠴᠡᠳᠬᠡᠬᠦ ᠶᠢᠨ ᠵᠡᠷᠭᠡ ᠳᠤ ᠲᠡᠷᠭᠡ ᠣᠩᠭᠤᠴᠠᠨ ᠤ ᠭᠠᠶᠢᠯᠢ ᠶᠢ ᠲᠤᠰᠢᠶᠠᠬᠤ ᠬᠡᠷᠡᠭᠲᠡᠢ᠃
ᠭᠠᠶᠢᠯᠢ ᠲᠤᠰᠢᠶᠠᠭᠴᠢ ᠨᠢ ᠰᠢᠨ᠎ᠡ ᠪᠠᠷ ᠲᠡᠷᠭᠡ ᠣᠩᠭᠤᠴᠠ ᠬᠤᠳᠠᠯᠳᠤᠨ ᠠᠪᠤᠭᠰᠠᠨ ᠪᠥᠭᠡᠳ ᠲᠡᠷᠭᠡ ᠣᠩᠭᠤᠴᠠᠨ ᠤ ᠭᠠᠶᠢᠯᠢ ᠲᠤᠰᠢᠶᠠᠬᠤ ᠪᠠᠷ ᠥᠪᠡᠰᠦᠪᠡᠨ ᠭᠤᠶᠤᠴᠢᠯᠠᠨ ᠮᠡᠳᠡᠭᠦᠯᠦᠭᠰᠡᠨ ᠪᠣᠯ᠂ ᠭᠠᠶᠢᠯᠢ ᠲᠤᠰᠢᠶᠠᠬᠤ ᠡᠭᠦᠷᠭᠡ ᠡᠭᠦᠰᠦᠭᠰᠡᠨ ᠤ ᠳᠠᠷᠠᠭ᠎ᠠ ᠰᠠᠷ᠎ᠠ ᠶᠢᠨ 30 ᠤ ᠡᠳᠦᠷ ᠠᠴᠠ ᠡᠮᠦᠨ᠎ᠡ ᠲᠡᠷᠭᠡ ᠣᠩᠭᠤᠴᠠᠨ ᠤ ᠭᠠᠶᠢᠯᠢ ᠶᠢ ᠲᠤᠰᠢᠶᠠᠬᠤ ᠬᠡᠷᠡᠭᠲᠡᠢ᠃
ᠠᠷᠪᠠᠳᠤᠭᠠᠷ ᠵᠦᠢᠯ ᠳᠠᠭᠠᠳᠬᠠᠯ ᠤᠨ ᠪᠠᠶᠢᠭᠤᠯᠤᠮᠵᠢ ᠲᠡᠷᠭᠡ ᠣᠩᠭᠤᠴᠠᠨ ᠤ ᠭᠠᠶᠢᠯᠢ ᠶᠢ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠭᠠᠷᠳᠠᠮ ᠤᠨ ᠵᠠᠷᠤᠳᠠᠯ ᠤᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠠᠷᠪᠠᠨ ᠨᠢᠭᠡᠳᠦᠭᠡᠷ ᠵᠦᠢᠯ ᠲᠡᠷᠭᠡ ᠣᠩᠭᠤᠴᠠᠨ ᠤ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠬᠢᠭᠡᠳ ᠲᠤᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠠᠷᠪᠠᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠣᠩᠭᠤᠴᠠ ᠭᠡᠳᠡᠭ ᠨᠢ ᠡᠵᠡᠩᠨᠡᠯᠲᠡ ᠶᠢᠨ ᠬᠢᠷᠢ ᠬᠡᠮ ᠢ ᠬᠠᠤᠯᠢ ᠶᠣᠰᠣᠭᠠᠷ ᠣᠯᠣᠭᠰᠠᠨ᠂ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠢᠯᠧᠲ ᠤᠨ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ᠂ ᠲᠣᠭᠲᠠᠭᠰᠠᠨ ᠴᠠᠭ᠂ ᠵᠠᠮ ᠱᠤᠭᠤᠮ ᠪᠠ ᠦᠷᠳᠡᠭᠡ ᠴᠡᠭ ᠤᠨ ᠶᠣᠰᠣᠭᠠᠷ ᠡᠵᠡᠩᠨᠡᠭᠰᠡᠨ᠂ ᠤᠯᠠᠨ ᠨᠡᠶᠢᠲᠡ ᠳᠤ ᠬᠡᠷᠡᠭᠯᠡᠭᠦᠯᠬᠦ ᠶᠢᠨ ᠬᠠᠮᠲᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠰᠡᠭ ᠦᠢᠯᠡᠴᠢᠯᠡᠭᠡ ᠶᠢ ᠡᠭᠦᠷᠭᠡᠯᠡᠭᠰᠡᠨ ᠪᠤᠶᠤ ᠵᠠᠰᠠᠭ ᠤᠨ ᠣᠷᠳᠣᠨ ᠤ ᠵᠠᠷᠯᠢᠭᠳᠠᠯ ᠤᠨ ᠴᠢᠨᠠᠷᠲᠠᠢ ᠡᠭᠦᠷᠭᠡ ᠶᠢ ᠭᠦᠢᠴᠡᠳᠬᠡᠭᠰᠡᠨ ᠲᠡᠷᠭᠡ ᠣᠩᠭᠤᠴᠠ ᠶᠢ ᠵᠢᠭᠠᠵᠤ ᠪᠤᠢ᠃
ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2013 ᠣᠨ ᠤ 3 ᠳ᠋ᠤᠭᠠᠷ ᠰᠠᠷ᠎ᠠ ᠶᠢ 1 ᠤ ᠡᠳᠦᠷ ᠠᠴᠠ ᠡᠬᠢᠯᠡᠵᠦ ᠬᠡᠷᠡᠭᠵᠢᠬᠦᠯᠪᠡ᠃ 2007 ᠣᠨ ᠤ 8 ᠳ᠋ᠤᠭᠠᠷ ᠰᠠᠷ᠎ᠠ ᠶᠢ 23 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠭᠡ ᠣᠩᠭᠤᠴᠠ ᠶᠢᠨ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 149 ᠳ᠋ᠦ᠋ᠭᠡᠷ ᠲᠣᠭᠠᠲᠤ︶ ᠶᠢ ᠵᠡᠷᠭᠡ ᠳᠤ ᠨᠢ ᠬᠦᠴᠦᠨ ᠥᠭᠡᠢ ᠪᠣᠯᠭᠠᠪᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ
︵1996 ᠣᠨ ᠤ 8 ᠳ᠋ᠤᠭᠠᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 74 ᠳ᠋ᠦ᠋ᠭᠡᠷ ᠲᠣᠭᠠᠲᠤ ᠳᠤ ᠨᠡᠶᠢᠲᠡᠯᠡᠪᠡ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠤᠨ ︽ᠬᠡᠰᠡᠭ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢᠯᠠᠪᠠ 2018 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠲᠦᠷᠢᠮ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢᠯᠠᠪᠠ 2019 ᠣᠨ ᠤ 3 ᠳ᠋ᠤᠭᠠᠷ ᠰᠠᠷ᠎ᠠ ᠶᠢᠨ 21 ᠤ ᠡᠳᠦᠷ ᠤᠨ
︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ︾ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠥᠷᠥᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠤᠷᠢᠯᠠᠪᠠ 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠬᠠᠤᠯᠢ︾ ᠶᠢ ᠬᠡᠷᠡᠭᠵᠢᠭᠦᠯᠬᠦ ᠠᠷᠭ᠎ᠠ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠬᠦᠷᠦᠩᠭᠡ ᠶᠢᠨ ᠭᠠᠶᠢᠯᠢ ᠶᠢᠨ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠳᠥᠷᠪᠡᠳᠡᠬᠢ ᠤᠳᠠᠭ᠎ᠠ ᠵᠠᠰᠠᠪᠤᠷᠢᠯᠠᠪᠠ︶
ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠬᠥᠷᠥᠩᠭᠡ ᠶᠢᠨ ᠭᠠᠶᠢᠯᠢ ᠶᠢ ᠲᠦᠷ ᠬᠡᠷᠡᠭᠵᠢᠭᠦᠯᠬᠦ ᠲᠦᠷᠢᠮ︾
︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠬᠤ ᠬᠡᠪᠴᠢᠶ᠎ᠡ ᠨᠢ᠄
︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠪᠠᠶᠢᠭᠤᠯᠤᠭᠰᠠᠨ ᠬᠤᠳᠠ︔
︵ᠬᠤᠶᠠᠷ︶ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶ᠋᠊ ᠡᠶ᠎ᠡ ᠭᠠᠵᠠᠷ ᠤᠨ ᠬᠤᠲᠠ ᠪᠠᠯᠭᠠᠰᠤ ︔
︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠨ ᠪᠠᠶᠢᠭᠤᠯᠤᠭᠰᠠᠨ ᠪᠠᠶᠢᠭᠤᠯᠤᠮᠵᠢᠲᠤ ᠪᠠᠯᠭᠠᠰᠤ︔
︵ᠲᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠨ ᠪᠠᠶᠢᠭᠤᠯᠤᠭᠰᠠᠨ ᠦᠢᠯᠡᠳᠪᠦᠷᠢ ᠠᠭᠤᠷᠬᠠᠶ ᠶᠢᠨ
ᠣᠷᠣᠨ᠃
ᠭᠤᠷᠪᠠᠳᠤᠭᠠᠷ ᠵᠦᠢᠯ ᠭᠡᠷ ᠬᠦᠷᠦᠩᠭᠡ ᠶᠢᠨ ᠭᠠᠶᠢᠯᠢ ᠳᠤ ᠦᠨ᠎ᠡ ᠪᠠᠷ ᠨᠢ ᠲᠠᠲᠠᠪᠤᠷᠢᠯᠠᠬᠤ ᠪᠠ ᠲᠦᠷᠢᠶᠡᠰᠦᠨ ᠤ ᠬᠡᠮᠵᠢᠶ᠎ᠡ ᠪᠠᠷ ᠲᠠᠲᠠᠪᠤᠷᠢᠯᠠᠬᠤ ᠬᠤᠶᠠᠷ ᠵᠦᠢᠯ ᠤᠨ ᠠᠷᠭ᠎ᠠ ᠶᠢ ᠬᠡᠷᠡᠭᠯᠡᠨ᠎ᠡ᠃
ᠦᠨ᠎ᠡ ᠪᠠᠷ ᠨᠢ ᠲᠠᠲᠠᠪᠤᠷᠢᠯᠠᠬᠤ ᠳᠤ ᠭᠦᠷᠪᠡᠯ᠂ ᠵᠢᠯ ᠪᠦᠷᠢ ᠬᠡᠷ ᠬᠥᠷᠥᠩᠭᠡ ᠶᠢᠨ ᠤᠤᠯ ᠥᠷᠲᠡᠭ ᠢᠶᠠᠷ ᠨᠢ ᠪᠤᠯᠭᠠᠵᠦ ᠨᠢᠭᠡ ᠯᠡ ᠲᠡᠭᠡᠷ᠎ᠡ 10% ᠶᠢ ᠬᠠᠰᠤᠭᠠᠳ ᠦᠯᠡᠳᠡᠭᠰᠡᠨ ᠥᠷᠲᠡᠭ ᠤᠨ 1.2% ᠢᠶᠠᠷ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠨ᠎ᠠ᠃
2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠬᠡᠷ ᠬᠥᠷᠥᠩᠭᠡ ᠶᠢᠨ ᠤᠤᠯ ᠥᠷᠲᠡᠭ ᠢᠶᠠᠷ ᠨᠢ ᠪᠤᠯᠭᠠᠵᠦ ᠨᠢᠭᠡ ᠯᠡ ᠲᠡᠭᠡᠷ᠎ᠡ ᠬᠠᠰᠤᠬᠤ ᠬᠠᠷᠢᠴᠠᠯ ᠢ 10% ᠪᠠᠶᠢᠯᠭᠠᠨᠨᠰᠠᠨ ᠠᠴᠠ 30% ᠪᠣᠯᠭᠠᠨ ᠲᠦᠷ ᠲᠣᠬᠢᠷᠠᠭᠤᠯᠪᠠ᠃
ᠲᠦᠷᠢᠶᠡᠰᠦᠨ ᠤ ᠬᠡᠮᠵᠢᠶ᠎ᠡ ᠪᠠᠷ ᠲᠠᠲᠠᠪᠤᠷᠢᠯᠠᠬᠤ ᠳᠤ ᠭᠦᠷᠪᠡᠯ᠂ ᠵᠢᠯ ᠪᠦᠷᠢ ᠬᠡᠷ ᠬᠥᠷᠥᠩᠭᠡ ᠶᠢᠨ ᠲᠦᠷᠢᠶᠡᠰᠦᠨ ᠮᠦᠩᠭᠦᠨ ᠤ ᠣᠷᠣᠯᠭ᠎ᠠ ᠶᠢᠨ 12% ᠢᠶᠠᠷ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠨ᠎ᠠ᠃
ᠡᠯᠡᠭᠳᠡᠯ ᠪᠣᠳᠣᠬᠤ ᠬᠡᠯᠪᠡᠷᠢ ᠪᠠᠷ ᠬᠡᠷ ᠬᠥᠷᠥᠩᠭᠡ ᠶᠢ ᠬᠡᠷᠡᠭᠯᠡᠭᠰᠡᠨ ᠪᠠᠶᠢᠪᠠᠯ᠂ ᠦᠨ᠎ᠡ ᠪᠠᠷ ᠨᠢ ᠲᠠᠲᠠᠪᠤᠷᠢᠯᠠᠬᠤ ᠠᠷᠭ᠎ᠠ ᠪᠠᠷ ᠬᠡᠷ ᠬᠥᠷᠥᠩᠭᠡ ᠶᠢᠨ ᠭᠠᠶᠢᠯᠢ ᠲᠠᠲᠠᠪᠤᠷᠢᠯᠠᠨ᠎ᠠ᠃
ᠳᠥᠷᠪᠡᠳᠦᠭᠡᠷ ᠵᠦᠢᠯ ︽ᠲᠦᠷᠢᠮ︾ ᠤᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠠᠶᠢᠯᠢ ᠠᠴᠠ ᠭᠡᠯᠳᠦᠷᠢᠭᠦᠯᠬᠦ ᠬᠡᠷ ᠬᠥᠷᠥᠩᠭᠡ ᠠᠴᠠ ᠭᠠᠳᠠᠨ᠎ᠠ᠂ ᠭᠠᠶᠢᠯᠢ ᠲᠤᠰᠢᠶᠠᠭᠴᠢ ᠭᠠᠶᠢᠯᠢ ᠲᠤᠰᠢᠶᠠᠬᠤ ᠳᠤ ᠪᠠᠨ ᠦᠨᠡᠨ ᠬᠦ ᠬᠦᠴᠢᠷᠳᠡᠯᠲᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ ᠲᠤᠨᠨᠳᠠᠭᠠᠭᠠᠳ ᠬᠡᠷ ᠬᠥᠷᠥᠩᠭᠡ ᠶᠢᠨ ᠭᠠᠶᠢᠯᠢ ᠶᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠥᠩᠭᠡᠯᠡᠬᠦ ᠪᠤᠶᠤ ᠭᠠᠶᠢᠯᠢ ᠠᠴᠠ ᠬᠡᠯᠲᠦᠷᠢᠭᠦᠯᠦᠨ᠎ᠡ ᠃
ᠲᠠᠪᠤᠳᠤᠭᠠᠷ ᠵᠦᠢᠯ ᠬᠡᠷ ᠬᠥᠷᠥᠩᠭᠡ ᠶᠢᠨ ᠭᠠᠶᠢᠯᠢ ᠶᠢ ᠵᠢᠯ ᠢᠶᠠᠷ ᠲᠠᠲᠠᠪᠤᠷᠢᠯᠠᠵᠤ᠂ ᠬᠠᠭᠠᠰ ᠵᠢᠯ ᠳᠤ ᠨᠢᠭᠡ ᠤᠳᠠᠭ᠎ᠠ ᠲᠤᠰᠢᠶᠠᠨ᠎ᠠ᠃ ᠪᠣᠳᠠᠲᠠᠶ ᠲᠤᠰᠢᠶᠠᠬᠤ ᠴᠠᠭ ᠨᠢ ᠵᠢᠯ ᠪᠦᠷᠢ ᠶᠢᠨ 5 ᠳ᠋ᠤᠭᠠᠷ ᠰᠠᠷ᠎ᠠ ᠪᠠ 11 ᠳ᠋ᠦ᠋ᠭᠡᠷ ᠰᠠᠷ᠎ᠠ ᠪᠣᠯᠣᠨ᠎ᠠ᠃ ᠭᠠᠶᠢᠯᠢ ᠲᠤᠰᠢᠶᠠᠭᠴᠢ ᠶᠢ ᠬᠠᠰᠣᠨᠨᠰᠠᠨ ᠪᠠᠶᠢᠪᠠᠯ ᠬᠠᠰᠤᠨᠨᠰᠠᠨ ᠤ ᠪᠠᠨ ᠲᠣᠰ ᠰᠠᠷ᠎ᠠ ᠳᠤ ᠬᠡᠷ ᠬᠥᠷᠥᠩᠭᠡ ᠶᠢᠨ ᠭᠠᠶᠢᠯᠢ ᠪᠠᠨ ᠲᠤᠰᠢᠶᠠᠵᠤ ᠳᠠᠭᠤᠰᠬᠠᠬᠤ ᠬᠡᠷᠡᠭᠲᠡᠶ᠃
ᠵᠢᠷᠭᠤᠳᠤᠭᠠᠷ ᠵᠦᠢᠯ ᠬᠡᠷ ᠬᠥᠷᠥᠩᠭᠡ ᠶᠢᠨ ᠭᠠᠶᠢᠯᠢ ᠶᠢ ᠬᠡᠷ ᠬᠥᠷᠥᠩᠭᠡ ᠶᠢᠨ ᠪᠠᠶᠢᠭ᠎ᠠ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠠᠲᠠᠪᠤᠷᠢᠯᠠᠨ᠎ᠠ᠃
ᠳᠣᠯᠣᠳᠤᠭᠠᠷ ᠵᠦᠢᠯ ᠬᠡᠷ ᠬᠥᠷᠥᠩᠭᠡ ᠶᠢᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠨᠠᠷᠢᠨ ᠲᠦᠷᠢᠮ︾ ᠪᠠ ᠲᠣᠰ ᠬᠡᠷᠡᠭᠵᠢᠭᠦᠯᠬᠦ ᠨᠠᠷᠢᠨ ᠲᠦᠷᠢᠮ ᠤᠨ ᠶᠣᠰᠣᠭᠠᠷ ᠬᠡᠷᠡᠭᠵᠢᠭᠦᠯᠦᠨ᠎ᠡ᠃
ᠨᠠᠢᠮᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠢ 1996 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ 1987 ᠣᠨ ᠤ 3 ᠳ᠋ᠤᠭᠠᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠬᠥᠷᠥᠩᠭᠡ ᠶᠢᠨ ᠭᠠᠶᠢᠯᠢ ᠶᠢ ᠲᠦᠷ ᠬᠡᠷᠡᠭᠵᠢᠭᠦᠯᠬᠦ ᠲᠦᠷᠢᠮ﹀ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠨᠠᠷᠢᠨ ᠲᠦᠷᠢᠮ︾ ︵ᠥᠪᠥᠷ ᠵᠠᠰᠠᠭ ᠲᠠᠷᠬᠠᠭᠠᠭᠰᠠᠨ ︹1987︺ 33 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ ᠥᠬᠡᠶ ᠪᠣᠯᠭᠠᠪᠠ᠃
ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2022 ᠤᠨ ᠤ 12 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ