ᠮᠡᠳᠡᠯᠭᠡ ᠶᠢᠨ ᠦᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠴᠢᠨᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠴᠢᠨᠠᠬᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ︾ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠨᠠᠷᠢᠨ ᠳᠦᠷᠢᠮ︾ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠥᠰᠥᠯ ᠢ ᠳᠣᠬᠳᠠᠭᠠᠪᠠ᠃
︽ᠨᠠᠷᠢᠨ ᠳᠦᠷᠢᠮ︾ ᠳᠤ ᠨᠡᠶᠢᠲᠡ 28 ᠵᠦᠢᠯ ᠪᠣᠶ᠃ ︽ᠠᠷᠭ᠎ᠠ︾ ᠶᠢᠨ ᠰᠠᠭᠤᠷᠢᠨ ᠳᠡᠭᠡᠷ᠎ᠡ᠂ ︽ᠨᠠᠷᠢᠨ ᠳᠦᠷᠢᠮ︾ ᠢ ᠲᠣᠭᠲᠠᠭᠠᠭᠰᠠᠨ ᠵᠣᠷᠢᠯᠭ᠎ᠠ᠂ ᠬᠥᠬᠢᠭᠦᠯᠦᠨ ᠱᠠᠩᠨᠠᠬᠤ᠂ ᠵᠣᠬᠢᠶᠠᠨ ᠪᠠᠶᠢᠭᠤᠯᠤᠨ ᠬᠠᠮᠢᠶᠠᠷᠬᠤ᠂ ᠭᠤᠣᠯ ᠡᠭᠦᠷᠭᠡ ᠬᠠᠷᠢᠭᠤᠴᠠᠯᠭ᠎ᠠ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠭᠤᠶᠤᠴᠢᠯᠠᠨ ᠮᠡᠳᠡᠭᠦᠯᠬᠦ ᠭᠤᠣᠯ ᠴᠣᠭᠴᠠ᠂ ᠲᠤᠰᠢᠶᠠᠬᠤ ᠮᠠᠲ᠋ᠧᠷᠢᠶᠠᠯ᠂ ᠲᠠᠨᠢᠯᠴᠠᠭᠤᠯᠬᠤ ᠠᠷᠭ᠎ᠠ ᠮᠠᠶ᠋ᠢᠭ᠂ ᠬᠡᠯᠪᠡᠷᠢ ᠶᠢᠨ ᠬᠢᠨᠠᠨ ᠪᠠᠶᠢᠴᠠᠭᠠᠯᠲᠠ᠂ ᠬᠢᠨᠠᠨ ᠲᠣᠭᠲᠠᠭᠠᠬᠤ ᠪᠠᠷᠢᠮᠵᠢᠶ᠎ᠠ᠂ ᠲᠠᠰ ᠳᠠᠷᠠᠭᠠᠯᠠᠯ ᠤᠨ ᠳᠦᠷᠢᠮ᠂ ᠢᠯᠡ ᠨᠡᠶᠢᠲᠡᠯᠡᠬᠦ᠂ ᠣᠨᠳᠣᠣ ᠰᠠᠨᠠᠯ ᠵᠢᠴᠢ ᠬᠢᠨᠠᠨ ᠬᠠᠷᠭᠤᠭᠤᠯᠵᠤ ᠰᠢᠢᠳᠪᠦᠷᠢᠯᠡᠬᠦ᠂ ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠴᠢᠨᠠᠬᠰᠢᠳᠠ ᠨᠠᠷᠢᠯᠢᠭᠵᠢᠭᠤᠯᠬᠤ ᠪᠠ ᠲᠣᠳᠣᠷᠬᠠᠶᠢᠯᠠᠬᠤ ᠶᠢᠨ ᠬᠠᠮᠲᠤ ᠴᠢᠩᠭ᠎ᠠ ᠨᠢᠮᠪᠠᠢ ᠴᠢᠨᠠᠷ ᠪᠠ ᠠᠵᠢᠯᠯᠠᠭᠠᠨ ᠤ ᠴᠢᠨᠠᠷ ᠲᠠᠢ ᠪᠠᠶᠢᠬᠤ ᠬᠡᠷᠡᠭᠲᠡᠢ᠃ ᠭᠤᠣᠯ ᠠᠭᠤᠯᠭ᠎ᠠ ᠨᠢ ᠳᠣᠣᠷᠠᠬᠢ ᠮᠡᠲᠦ᠄
1. ᠨᠢᠭᠡᠳᠦᠭᠡᠷ ᠵᠦᠢᠯ ᠠᠴᠠ ᠬᠤᠶᠠᠳᠤᠭᠠᠷ ᠵᠦᠢᠯ ᠬᠦᠷᠲᠡᠯ᠎ᠡ᠂ ︽ᠨᠠᠷᠢᠨ ᠳᠦᠷᠢᠮ︾ ᠢ ᠲᠣᠭᠲᠠᠭᠠᠭᠰᠠᠨ ᠵᠣᠷᠢᠯᠭ᠎ᠠ ᠵᠢᠴᠢ ᠭᠤᠣᠯ ᠦᠨᠳᠦᠰᠦ ᠪᠠᠷᠢᠮᠲᠠ ᠶᠢ ᠲᠤᠰ ᠲᠤᠰ ᠲᠣᠳᠣᠷᠬᠠᠶᠢᠯᠠᠪᠠ᠃ ᠲᠤᠰᠬᠠᠢ ᠠᠰᠢᠭ ᠤᠨ ᠱᠠᠩᠨᠠᠯ ᠢ ᠭᠠᠷᠭᠠᠬᠤ ᠵᠣᠷᠢᠯᠭ᠎ᠠ ᠶᠢ ᠲᠣᠳᠣᠷᠬᠠᠢ ᠪᠣᠯᠭᠠᠵᠤ᠂ ᠲᠤᠰᠬᠠᠢ ᠠᠰᠢᠭ ᠤᠨ ᠱᠠᠩᠨᠠᠯ ᠢ ᠬᠡᠷᠡᠭᠯᠡᠬᠦ ᠬᠡᠪᠴᠢᠶ᠎ᠡ ᠪᠠ ᠬᠥᠬᠢᠭᠦᠯᠬᠦ ᠡᠲᠡᠭᠡᠳ ᠢ ᠲᠣᠳᠣᠷᠬᠠᠢ ᠪᠣᠯᠭᠠᠪᠠ᠃
2. ᠭᠤᠷᠪᠠᠳᠤᠭᠠᠷ ᠵᠦᠢᠯ ᠠᠴᠠ ᠵᠢᠷᠭᠤᠳᠤᠭᠠᠷ ᠵᠦᠢᠯ ᠳᠤ᠂ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠪᠦᠷᠢᠯᠳᠦᠯ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠶᠢᠩᠭᠤ ᠶᠢᠨ ᠪᠠᠶᠢᠭᠤᠯᠤᠮᠵᠢ᠂ ᠬᠢᠨᠠᠨ ᠲᠣᠭᠲᠠᠭᠠᠬᠤ ᠺᠣᠮᠢᠰ ᠤᠨ ᠱᠠᠩᠨᠠᠯ ᠲᠣᠭᠲᠠᠭᠠᠬᠤ ᠶᠢ ᠬᠡᠷᠡᠭᠵᠢᠭᠦᠯᠬᠦ ᠲᠥᠰᠥᠯ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠤ ᠨᠡᠷᠡᠰ ᠵᠢᠴᠢ ᠮᠡᠳᠡᠭᠦᠯᠦᠨ ᠵᠥᠪᠰᠢᠶᠡᠷᠡᠭᠦᠯᠵᠦ ᠬᠢᠨᠠᠨ ᠬᠠᠷᠭᠤᠭᠤᠯᠬᠤ ᠶᠢ ᠲᠣᠭᠲᠠᠭᠠᠵᠤ᠂ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠶᠢᠨ ᠠᠯᠪᠠᠨ ᠵᠠᠷ ᠢ ᠨᠡᠶᠢᠲᠡᠯᠡᠬᠦ ᠶᠢ ᠲᠣᠳᠣᠷᠬᠠᠢ ᠲᠣᠭᠲᠠᠭᠠᠪᠠ᠃
3. ᠳᠣᠯᠣᠳᠤᠭᠠᠷ ᠵᠦᠢᠯ ᠠᠴᠠ ᠠᠷᠪᠠᠨ ᠳᠥᠷᠪᠡᠳᠦᠭᠡᠷ ᠵᠦᠢᠯ ᠳᠤ᠂ ᠲᠤᠰᠬᠠᠢ ᠠᠰᠢᠭ ᠤᠨ ᠱᠠᠩᠨᠠᠯ ᠤᠨ ᠰᠢᠯᠭᠠᠷᠠᠭᠤᠯᠤᠯᠲᠠ ᠳᠤ ᠣᠷᠣᠯᠴᠠᠬᠤ ᠪᠠᠷ ᠮᠡᠳᠡᠭᠦᠯᠬᠦ ᠭᠤᠣᠯ ᠴᠣᠭᠴᠠ ᠶᠢ ᠲᠣᠰ ᠲᠣᠰ ᠲᠣᠳᠣᠷᠬᠠᠶᠢᠯᠠᠵᠤ᠂ ᠲᠤᠰᠬᠠᠢ ᠠᠰᠢᠭ ᠤᠨ ᠱᠠᠩᠨᠠᠯ ᠳᠤ ᠣᠷᠣᠯᠴᠠᠬᠤ ᠳᠤ ᠲᠤᠰᠢᠶᠠᠬᠤ ᠴᠢᠬᠤᠯᠠᠲᠠᠢ ᠮᠠᠲ᠋ᠧᠷᠢᠶᠠᠯ᠂ ᠲᠤᠰᠬᠠᠢ ᠠᠰᠢᠭ ᠤᠨ ᠱᠠᠩᠨᠠᠯ ᠢ ᠮᠡᠳᠡᠭᠦᠯᠦᠨ ᠲᠠᠨᠢᠯᠴᠠᠭᠤᠯᠬᠤ ᠠᠷᠭ᠎ᠠ ᠮᠠᠶ᠋ᠢᠭ᠂ ᠰᠢᠯᠢᠳᠡᠭ ᠢ ᠨᠢ ᠰᠣᠩᠭᠤᠨ ᠲᠠᠨᠢᠯᠴᠠᠭᠤᠯᠬᠤ ᠲᠤᠰᠬᠠᠢ ᠠᠰᠢᠭ ᠤᠨ ᠱᠠᠩᠨᠠᠯ ᠤᠨ ᠬᠤᠪᠢᠶᠠᠷᠢᠯᠠᠯᠲᠠ ᠶᠢᠨ ᠣᠷᠣᠨ ᠲᠤᠭ᠎ᠠ ᠶᠢᠨ ᠲᠣᠭᠲᠠᠭᠠᠯ ᠂ ᠲᠠᠨᠢᠯᠴᠠᠭᠤᠯᠤᠭᠰᠠᠨ ᠨᠢᠭᠡᠴᠡ ᠪᠤᠶᠤ ᠠᠺᠠᠳᠧᠮᠢᠴᠢ ᠠᠴᠠ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠬᠤ ᠲᠣᠭᠲᠠᠭᠠᠯ ᠢ ᠲᠣᠳᠣᠷᠬᠠᠶᠢᠯᠠᠪᠠ᠃
4. ᠠᠷᠪᠠᠨ ᠲᠠᠪᠤᠳᠤᠭᠠᠷ ᠵᠦᠢᠯ ᠳᠤ ᠬᠢᠨᠠᠨ ᠲᠣᠭᠲᠠᠭᠠᠬᠤ ᠺᠣᠮᠢᠰ ᠤᠨ ᠠᠯᠪᠠᠨ ᠭᠡᠷ ᠤᠨ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠲᠣᠭᠲᠠᠭᠠᠯ ᠢ ᠲᠣᠳᠣᠷᠬᠠᠶᠢᠯᠠᠵᠤ᠂ ᠲᠤᠰᠬᠠᠢ ᠮᠡᠷᠭᠡᠵᠢᠯᠲᠡᠨ ᠢ ᠰᠣᠩᠭᠤᠨ ᠰᠣᠩᠭᠤᠵᠤ ᠬᠡᠯᠪᠡᠷᠢ ᠶᠢᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠬᠢᠨᠠᠨ ᠲᠣᠭᠲᠠᠭᠠᠬᠤ ᠲᠣᠭᠲᠠᠭᠠᠯ ᠢ ᠲᠣᠳᠣᠷᠬᠠᠶᠢᠯᠠᠭᠰᠠᠨ ᠤ ᠬᠠᠮᠲᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠯ᠂ ᠲᠤᠭ᠎ᠠ ᠬᠡᠮᠵᠢᠶ᠎ᠡ ᠶᠢᠨ ᠲᠠᠯ᠎ᠠ ᠪᠠᠷ ᠵᠠᠷᠴᠢᠮ ᠤᠨ ᠴᠢᠨᠠᠷᠲᠠᠢ ᠲᠣᠭᠲᠠᠭᠠᠯ ᠭᠠᠷᠭᠠᠵᠠᠢ᠃
5. ᠠᠷᠪᠠᠨ ᠵᠢᠷᠭᠤᠳᠤᠭᠠᠷ ᠵᠦᠢᠯ ᠠᠴᠠ ᠠᠷᠪᠠᠨ ᠨᠠᠢᠮᠠᠳᠤᠭᠠᠷ ᠵᠦᠢᠯ ᠬᠦᠷᠲᠡᠯ᠎ᠡ᠂ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠪᠠᠷᠢᠮᠵᠢᠶ᠎ᠠ ᠶᠢ ᠲᠣᠰ ᠲᠣᠰ ᠲᠣᠳᠣᠷᠬᠠᠶᠢᠯᠠᠵᠤ᠂ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠲᠠᠰ ᠳᠠᠷᠠᠭᠠᠯᠠᠯ ᠪᠠ ᠳᠦᠷᠢᠮ ᠢ ᠲᠣᠳᠣᠷᠬᠠᠶᠢᠯᠠᠵᠤ᠂ ᠬᠠᠮᠲᠤ ᠪᠠᠷ ᠬᠢᠨᠠᠨ ᠶᠠᠷᠢᠯᠴᠠᠬᠤ ᠬᠤᠷᠠᠯ ᠳᠤ ᠣᠷᠣᠯᠴᠠᠭᠰᠠᠳ ᠵᠢᠴᠢ ᠬᠤᠷᠠᠯ ᠤᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃
6. ᠠᠷᠪᠠ ᠶᠢᠰᠦᠳᠦᠭᠡᠷ ᠵᠦᠢᠯ ᠠᠴᠠ ᠬᠤᠷᠢᠨ ᠨᠢᠭᠡᠳᠦᠭᠡᠷ ᠵᠦᠢᠯ ᠬᠦᠷᠲᠡᠯ᠎ᠡ᠂ ᠱᠠᠩᠨᠠᠯ ᠣᠯᠬᠤ ᠪᠠᠷ ᠪᠠᠶᠢᠭ᠎ᠠ ᠨᠡᠷᠡᠰ ᠢ ᠨᠡᠶᠢᠲᠡᠯᠡᠬᠦ ᠬᠠᠮᠢᠶ᠎ᠠ ᠪᠦᠬᠦᠢ ᠲᠣᠭᠲᠠᠭᠠᠯ ᠢ ᠲᠤᠰ ᠲᠤᠰ ᠲᠣᠳᠣᠷᠬᠠᠶᠢᠯᠠᠵᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠢ ᠰᠢᠯᠭᠠᠷᠠᠭᠤᠯᠤᠯᠲᠠ ᠠᠴᠠ ᠭᠠᠷᠭᠠᠬᠤ ᠠᠯᠬᠤᠮ ᠳᠠᠷᠠᠭ᠎ᠠ ᠪᠠ ᠠᠷᠭ᠎ᠠ ᠶᠢ ᠲᠣᠳᠣᠷᠬᠠᠶᠢᠯᠠᠵᠤ᠂ ᠵᠠᠷᠯᠠᠨ ᠨᠡᠶᠢᠲᠡᠯᠡᠬᠦ ᠬᠤᠭᠤᠴᠠᠭᠠᠨ ᠳᠠᠬᠢ ᠲᠥᠷᠥᠯ ᠵᠦᠢᠯ ᠪᠠ ᠬᠤᠪᠢ ᠬᠥᠮᠥᠨ ᠤ ᠣᠨᠳᠣᠣ ᠰᠠᠨᠠᠯ ᠲᠠᠢ ᠪᠠᠶᠢᠬᠤ ᠶᠢ ᠲᠤᠰᠬᠠᠬᠤ ᠠᠷᠭ᠎ᠠ ᠵᠠᠮ ᠪᠠ ᠠᠷᠭ᠎ᠠ ᠶᠢ ᠲᠣᠳᠣᠷᠬᠠᠶᠢᠯᠠᠵᠤ᠂ ᠣᠨᠳᠣᠣ ᠰᠠᠨᠠᠯ ᠳᠤᠷᠠᠳᠤᠭᠰᠠᠨ ᠨᠢᠭᠡᠴᠡ ᠪᠠ ᠬᠤᠪᠢ ᠬᠥᠮᠥᠨ ᠤ ᠲᠤᠰᠢᠶᠠᠪᠠᠰᠤ ᠵᠣᠬᠢᠬᠤ ᠬᠠᠮᠢᠶ᠎ᠠ ᠪᠦᠬᠦᠢ ᠮᠠᠲ᠋ᠧᠷᠢᠶᠠᠯ ᠢ ᠲᠣᠳᠣᠷᠬᠠᠶᠢᠯᠠᠵᠤ᠂ ᠬᠢᠨᠠᠨ ᠲᠣᠭᠲᠠᠭᠠᠬᠤ ᠺᠣᠮᠢᠰ ᠤᠨ ᠠᠯᠪᠠᠨ ᠭᠡᠷ ᠤᠨ ᠪᠠᠶᠢᠳᠠᠯ ᠢ ᠬᠢᠨᠠᠨ ᠬᠠᠷᠭᠤᠭᠤᠯᠬᠤ ᠪᠣᠳᠠᠲᠠᠢ ᠠᠷᠭ᠎ᠠ ᠶᠢ ᠲᠣᠳᠣᠷᠬᠠᠶᠢᠯᠠᠵᠤ᠂ ᠬᠢᠨᠠᠨ ᠲᠣᠭᠲᠠᠭᠠᠬᠤ ᠺᠣᠮᠢᠰ ᠤᠨ ᠬᠤᠷᠠᠯ ᠢᠶᠠᠷ ᠰᠤᠳᠤᠯᠤᠨ ᠰᠢᠢᠳᠪᠦᠷᠢᠯᠡᠬᠦ ᠠᠷᠭ᠎ᠠ ᠶᠢ ᠲᠣᠳᠣᠷᠬᠠᠶᠢᠯᠠᠪᠠ᠃
7. ᠬᠤᠷᠢᠨ ᠬᠤᠶᠠᠳᠤᠭᠠᠷ ᠵᠦᠢᠯ ᠠᠴᠠ ᠬᠤᠷᠢᠨ ᠳᠥᠷᠪᠡᠳᠦᠭᠡᠷ ᠵᠦᠢᠯ ᠬᠦᠷᠲᠡᠯ᠎ᠡ᠂ ᠰᠢᠯᠭᠠᠷᠠᠭᠤᠯᠤᠯᠲᠠ ᠳᠤ ᠣᠷᠣᠯᠴᠠᠬᠤ ᠶᠠᠪᠤᠴᠠ ᠳᠤ ᠲᠤᠰᠬᠠᠢ ᠠᠰᠢᠭ ᠤᠨ ᠡᠷᠬᠡᠲᠦ ᠬᠥᠮᠥᠨ ᠳᠤ ᠬᠤᠪᠢᠷᠠᠯᠲᠠ ᠭᠠᠷᠬᠤ ᠦᠶ᠎ᠡ ᠶᠢᠨ ᠲᠤᠰᠬᠠᠢ ᠠᠰᠢᠭ ᠤᠨ ᠱᠠᠩᠨᠠᠯ ᠣᠯᠭᠤᠬᠤ ᠲᠣᠭᠲᠠᠭᠠᠯ ᠢ ᠲᠤᠰ ᠲᠤᠰ ᠲᠣᠳᠣᠷᠬᠠᠶᠢᠯᠠᠵᠤ᠂ ᠰᠢᠯᠭᠠᠷᠠᠭᠤᠯᠤᠯᠲᠠ ᠶᠢᠨ ᠳᠤᠮᠳᠠᠬᠢ ᠰᠠᠬᠢᠯᠭ᠎ᠠ ᠪᠠᠲᠤ᠂ ᠠᠷᠢᠭᠤᠨ ᠴᠢᠬᠡᠴᠢ᠂ ᠨᠢᠭᠤᠴᠠ ᠶᠢ ᠬᠠᠮᠠᠭᠠᠯᠠᠬᠤ ᠲᠣᠭᠲᠠᠭᠠᠯ ᠢ ᠲᠣᠳᠣᠷᠬᠠᠶᠢᠯᠠᠵᠤ᠂ ᠲᠤᠰᠬᠠᠢ ᠠᠰᠢᠭ ᠤᠨ ᠱᠠᠩᠨᠠᠯ ᠤᠨ ᠤᠬᠠᠭᠤᠯᠭ᠎ᠠ ᠰᠣᠯᠢᠯᠴᠠᠭ᠎ᠠ᠂ ᠵᠢᠱᠢᠶᠡᠴᠢ ᠪᠠᠷ ᠠᠬᠢᠭᠤᠯᠬᠤ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠵᠠᠢ᠃
8. ᠬᠤᠷᠢᠨ ᠲᠠᠪᠤᠳᠤᠭᠠᠷ ᠵᠦᠢᠯ ᠠᠴᠠ ᠬᠤᠷᠢᠨ ᠵᠢᠷᠭᠤᠳᠤᠭᠠᠷ ᠵᠦᠢᠯ ᠬᠦᠷᠲᠡᠯ᠎ᠡ᠂ ᠱᠠᠩᠨᠠᠯ ᠰᠢᠯᠭᠠᠷᠠᠭᠤᠯᠬᠤ ᠶᠠᠪᠤᠴᠠ ᠳᠤ ᠭᠠᠷᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ ᠬᠡᠯᠪᠡᠷᠢ ᠵᠢᠴᠢ ᠲᠤᠰᠬᠠᠢ ᠠᠰᠢᠭ ᠤᠨ ᠱᠠᠩᠨᠠᠯ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ ᠢ ᠲᠣᠳᠣᠷᠬᠠᠢ ᠲᠣᠭᠲᠠᠭᠠᠵᠠᠢ᠃
9. ᠬᠤᠷᠢᠨ ᠳᠣᠯᠣᠳᠤᠭᠠᠷ ᠵᠦᠢᠯ ᠠᠴᠠ ᠬᠤᠷᠢᠨ ᠨᠠᠢᠮᠠᠳᠤᠭᠠᠷ ᠵᠦᠢᠯ ᠳᠤ ︽ᠨᠠᠷᠢᠨ ᠳᠦᠷᠢᠮ︾ ᠢ ᠲᠠᠶᠢᠯᠪᠤᠷᠢᠯᠠᠬᠤ ᠨᠢᠭᠡᠴᠡ ᠶᠢ ᠲᠤᠰ ᠲᠤᠰ ᠲᠣᠳᠣᠷᠬᠠᠶᠢᠯᠠᠵᠤ᠂ ︽ᠨᠠᠷᠢᠨ ᠳᠦᠷᠢᠮ︾ ᠢ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠳᠣᠷᠬᠠᠢ ᠲᠣᠭᠲᠠᠭᠠᠵᠠᠢ᠃
ᠤᠭ ᠮᠠᠲ᠋ᠧᠷᠢᠶᠠᠯ ᠤᠨ ᠬᠠᠶ᠋ᠢᠭ᠄
http://amr.nmg.gov.cn/zfxxgk/fdzdgknr/gfxwj/qt/202308/t20230814_2361183.html