︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠲᠦᠷᠢᠮ︾ ᠵᠡᠷᠭᠡ ᠶᠢ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠵᠠᠰᠠᠪᠤᠷᠢ ᠣᠷᠣᠭᠤᠯᠪᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠡ᠄
ᠨᠢᠭᠡ᠂ ᠨᠡᠶᠢᠲᠡᠯᠡᠭᠰᠡᠨ ᠠᠬᠤᠶ ᠪᠠᠶᠢᠳᠠᠯ
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠯᠤᠭ᠎ᠠ ᠢᠵᠢ ᠪᠦᠷᠢᠳᠦᠭᠦᠯᠦᠨ ᠵᠣᠯᠭᠠᠭᠤᠯᠬᠤ ᠶᠢ ᠰᠠᠶᠢᠲᠤᠷ ᠬᠢᠬᠦ ᠶᠢᠨ ᠲᠥᠯᠥᠭᠡ᠂ 2018 ᠣᠨ ᠤ 12 ᠳ᠋ᠤᠭᠠᠷ ᠰᠠᠷ᠎ᠠ ᠳᠤ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠬ᠎ᠠ ᠬᠢᠨᠠᠯᠲᠠ ᠲᠠᠷᠬᠠᠭᠠᠭᠰᠠᠨ ﹇2018 ﹈ 6 ᠳ᠋ᠤᠭᠠᠷ ᠲᠣᠭᠠᠲᠤ︶ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ᠠᠷᠭ᠎ᠠ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ᠂ ᠳᠠᠬᠢᠨ ᠬᠢᠨᠠᠬᠤ ᠵᠡᠷᠭᠡ ᠠᠵᠢᠯ ᠳᠤ ᠪᠦᠲᠦᠮᠵᠢᠲᠡᠶ ᠵᠢᠷᠤᠮᠵᠢᠯ᠂ ᠵᠢᠯᠣᠭᠤᠳᠬᠤ ᠦᠢᠯᠡᠳᠦᠯ ᠦᠵᠡᠭᠦᠯᠪᠡ᠃ ᠣᠲᠣ ᠪᠣᠯᠲᠠᠯ᠎ᠠ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠣᠷᠣᠨ ᠨᠤᠲᠤᠭ ᠤᠨ ᠪᠠᠷᠢᠮᠵᠢᠶ᠎ᠠ ᠨᠡᠶᠢᠲᠡ 2551 ᠵᠦᠢᠯ ᠪᠠᠶᠢᠬᠤ ᠪᠥᠭᠡᠳ ᠨᠡᠶᠢᠭᠡᠮ ᠳᠠᠶᠠᠭᠠᠷ ᠲᠤ ᠰᠦᠢᠳᠬᠡᠯ ᠬᠤᠷᠢᠶᠠᠬᠤ ᠥᠬᠡᠶ ᠪᠠᠷ ᠢᠯᠡ ᠪᠣᠯᠭᠠᠵᠤ᠂ ᠳᠠᠷᠢᠵᠤ ᠲᠡᠵᠢᠭᠡᠬᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠬᠠᠶᠠᠭᠳᠠᠮᠠᠯ ᠬᠠᠭᠤᠴᠢᠨ ᠠᠰᠢᠭᠯᠠᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠢᠳᠡᠭᠡᠨ ᠤᠮᠳᠠᠭᠠᠨ ᠤ ᠦᠢᠯᠡᠴᠢᠯᠡᠭᠡ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ ᠶᠠᠰᠤ ᠴᠢᠨᠠᠷ ᠤᠨ ᠰᠠᠭᠤᠷᠢ ᠵᠡᠷᠭᠡ ᠴᠢᠬᠤᠯᠠ ᠬᠦᠷᠢᠶᠡᠨ ᠳᠤ ᠬᠤᠯᠪᠣᠭᠳᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
ᠭᠡᠪᠡᠴᠦ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷᠯᠢᠭ 26 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠲᠦᠷᠢᠮ︾ ᠢ ᠨᠡᠶᠢᠲᠡᠯᠡᠭᠰᠡᠨ ᠵᠢᠴᠢ ᠮᠠᠨ ᠤ ᠣᠷᠣᠨ ᠤ ᠠᠵᠤ ᠠᠬᠤᠶ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠳᠠᠭᠠᠯᠳᠤᠨ᠂ ︽ᠠᠷᠭ᠎ᠠ︾ ᠨᠢᠭᠡᠨᠲᠡ ᠣᠳᠣᠬᠠᠨ ᠤ ᠬᠡᠷᠡᠭᠴᠡᠭᠡ ᠳᠤ ᠵᠣᠬᠢᠴᠠᠬᠤ ᠥᠬᠡᠶ ᠪᠣᠯᠵᠠᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠲᠦᠷᠢᠮ︾ ᠵᠡᠷᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠤᠰᠠᠳᠠ᠂ ︽ᠤᠯᠤᠰ ᠤᠨ ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ︾ ᠪᠠ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠤᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠃ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠨᠢ ᠮᠠᠨ ᠤ ᠣᠷᠣᠨ ᠤ ᠪᠠᠷᠢᠮᠵᠢᠶᠠᠵᠢᠭᠤᠯᠤᠭᠰᠠᠨ ᠬᠠᠤᠯᠢ ᠲᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠴᠤᠪᠤᠷᠠᠯ ᠢ ᠰᠢᠯᠢᠳᠡᠭᠵᠢᠭᠦᠯᠦᠨ᠂ ᠪᠠᠷᠢᠮᠵᠢᠶ᠎ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
ᠬᠤᠶᠠᠷ᠂ ᠪᠢᠴᠢᠭ ᠮᠠᠲ᠋ᠧᠷᠢᠶᠠᠯ ᠤᠨ ᠦᠨᠳᠦᠰᠦᠯᠡᠯ
ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾᠂ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷᠯᠢᠭ 26 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠲᠦᠷᠢᠮ︾ ᠵᠡᠷᠭᠡ ᠶᠢ ᠦᠨᠳᠦᠰᠦᠯᠡᠪᠡ᠃
ᠭᠤᠷᠪᠠ᠂ ᠲᠤᠭᠤᠷᠪᠢᠨ ᠪᠢᠴᠢᠭᠰᠡᠨ ᠶᠠᠪᠤᠴᠠ
ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ 2 ᠳ᠋ᠤᠭᠠᠷ ᠰᠠᠷ᠎ᠠ ᠳᠤ ︽ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠃ ᠥᠷᠭᠡᠨ ᠢᠶᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠨ ᠪᠥᠬᠦ ᠲᠠᠯ᠎ᠠ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 6 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭᠠᠨ ᠤ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2023 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2018 ᠣᠨ ᠤ 12 ᠳ᠋ᠤᠭᠠᠷ ᠰᠠᠷ᠎ᠠ ᠶᠢᠨ 14 ᠤ ᠡᠳᠦᠷ ᠨᠡᠶᠢᠲᠡᠯᠡᠭᠰᠡᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠵᠠᠬ᠎ᠠ ᠬᠢᠨᠠᠯᠲᠠ ᠲᠠᠷᠬᠠᠭᠠᠭᠰᠠᠨ ﹇2018 ﹈ 6 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃
ᠳᠥᠷᠪᠡ᠂ ᠭᠤᠤᠯ ᠠᠭᠤᠯᠭ᠎ᠠ
︽ᠬᠠᠮᠢᠶᠠᠷᠤᠯᠲᠠ ᠶᠢᠨ ᠠᠷᠭ᠎ᠠ︾ ᠳᠤ ᠨᠡᠶᠢᠲᠡ ᠳᠣᠯᠣᠭᠠᠨ ᠪᠦᠯᠦᠭ ᠳᠥᠴᠢᠨ ᠳᠣᠯᠣᠭᠠᠨ ᠵᠦᠢᠯ ᠪᠠ 12 ᠳᠠᠭᠠᠯᠳᠤᠭᠤᠯᠤᠯ ᠵᠦᠢᠯ ᠪᠠᠶᠢᠵᠤ᠂ ᠳᠣᠣᠷᠠᠬᠢ ᠠᠭᠤᠯᠭ᠎ᠠ ᠶᠢ ᠪᠠᠭᠲᠠᠭᠠᠨ᠎ᠠ᠄
ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠢᠭᠡᠳᠦᠭᠡᠷ ᠵᠦᠢᠯ ᠠᠴᠠ ᠳᠣᠯᠣᠳᠤᠭᠠᠷ ᠵᠦᠢᠯ ᠬᠦᠷᠲᠡᠯ᠎ᠡ᠃ ᠠᠷᠭ᠎ᠠ ᠶᠢ ᠲᠤᠭᠤᠷᠪᠢᠨ ᠪᠢᠴᠢᠬᠦ ᠦᠨᠳᠦᠰᠦᠯᠡᠯ᠂ ᠬᠡᠷᠡᠭᠯᠡᠬᠦ ᠬᠦᠷᠢᠶ᠎ᠡ ᠬᠡᠪᠴᠢᠶ᠎ᠡ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠰᠢᠨᠵᠢ ᠴᠢᠨᠠᠷ᠂ ᠲᠣᠭᠲᠠᠭᠠᠬᠤ ᠬᠦᠷᠢᠶ᠎ᠡ ᠬᠡᠪᠴᠢᠶ᠎ᠡ᠂ ᠦᠨᠳᠦᠰᠦᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠭᠲᠠᠭᠠᠪᠠ᠃ ᠵᠢᠷᠭᠤᠳᠤᠭᠠᠷ ᠵᠦᠢᠯ ᠢ ᠲᠣᠭᠲᠠᠭᠠᠬᠤ ᠬᠡᠪᠴᠢᠶᠡᠨ ᠳᠤ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠠᠢ ᠳᠤ ᠬᠠᠷᠢᠶᠠᠯᠠᠭᠳᠠᠬᠤ ᠦᠭᠡᠢ ᠠᠭᠤᠯᠭ᠎ᠠ ᠶᠢ ᠲᠣᠳᠣᠷᠬᠠᠶᠢᠯᠠᠪᠠ︔ ᠳᠣᠯᠣᠳᠤᠭᠠᠷ ᠵᠦᠢᠯ ᠢ ᠲᠣᠭᠲᠠᠭᠠᠬᠤ ᠱᠠᠭᠠᠷᠳᠠᠯᠭ᠎ᠠ ᠶᠢ ᠲᠡᠭᠦᠯᠳᠡᠷᠵᠢᠭᠦᠯᠪᠡ᠃
ᠬᠤᠶᠠᠳᠤᠭᠠᠷ ᠪᠦᠯᠦᠭ ᠨᠢ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ᠂ ᠨᠠᠶᠢᠮᠠᠳᠤᠭᠠᠷ ᠵᠦᠢᠯ ᠠᠴᠠ ᠬᠤᠷᠢᠨ ᠳᠣᠯᠣᠳᠤᠭᠠᠷ ᠵᠦᠢᠯ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠵᠥᠪᠰᠢᠶᠡᠷᠡᠨ ᠨᠡᠶᠢᠲᠡᠯᠡᠬᠦ᠂ ᠳᠠᠩᠰᠠᠯᠠᠭᠤᠯᠬᠤ ᠵᠡᠷᠭᠡ ᠱᠠᠭᠠᠷᠳᠠᠯᠭ᠎ᠠ ᠶᠢ ᠲᠣᠭᠲᠠᠭᠠᠪᠠ᠃ ᠶᠢᠰᠦᠳᠦᠭᠡᠷ ᠵᠦᠢᠯ ᠤᠨ ᠲᠤᠰᠬᠠᠢ ᠠᠰᠢᠭ ᠲᠤ ᠬᠤᠯᠪᠣᠭᠳᠠᠭᠰᠠᠨ ᠪᠠᠷᠢᠮᠵᠢᠶᠠᠲᠤ ᠰᠢᠢᠳᠪᠦᠷᠢᠯᠡᠬᠦ ᠱᠠᠭᠠᠷᠳᠠᠯᠭ᠎ᠠ︔ ᠠᠷᠪᠠᠨ ᠭᠤᠷᠪᠠᠳᠤᠭᠠᠷ ᠵᠦᠢᠯ ᠤᠨ ᠪᠠᠷᠢᠮᠵᠢᠶ᠎ᠠ ᠲᠣᠭᠲᠠᠭᠠᠬᠤ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠬᠤ ᠱᠠᠭᠠᠷᠳᠠᠯᠭ᠎ᠠ︔ ᠠᠷᠪᠠᠨ ᠲᠠᠪᠤᠳᠤᠭᠠᠷ ᠵᠦᠢᠯ ᠳᠠᠬᠢ ᠲᠤᠭᠤᠷᠪᠢᠨ ᠪᠢᠴᠢᠬᠦ ᠨᠢᠭᠡᠴᠢ ᠶᠢᠨ ᠠᠵᠢᠯ ᠤᠨ ᠠᠭᠤᠯᠭ᠎ᠠ᠂ ᠥᠷᠭᠡᠨ ᠢᠶᠠᠷ ᠰᠠᠨᠠᠯ ᠬᠤᠷᠢᠶᠠᠬᠤ ᠡᠲᠡᠭᠡᠳ ᠵᠢᠴᠢ ᠲᠤᠭ᠎ᠠ᠂ ᠵᠢᠴᠢ ᠢᠯᠡ ᠪᠠᠷ ᠰᠠᠨᠠᠯ ᠬᠤᠷᠢᠶᠠᠬᠤ ᠴᠠᠭ ᠤᠨ ᠬᠢᠵᠠᠭᠠᠷ︔ ᠠᠷᠪᠠᠨ ᠵᠢᠷᠭᠤᠳᠤᠭᠠᠷ ᠵᠦᠢᠯ ᠤᠨ ᠬᠦᠷᠭᠡᠨ ᠬᠢᠨᠠᠭᠤᠯᠬᠤ ᠨᠤᠤᠷᠠᠭ ᠢ ᠮᠡᠳᠡᠭᠦᠯᠦᠨ ᠬᠦᠷᠭᠡᠬᠦ ᠱᠠᠭᠠᠷᠳᠠᠯᠭ᠎ᠠ᠂ ᠬᠢᠨᠠᠨ ᠪᠠᠶᠢᠴᠠᠭᠠᠬᠤ ᠭᠤᠣᠯᠳᠠᠯᠭ᠎ᠠ︔ ᠠᠷᠪᠠ ᠶᠢᠰᠦᠳᠦᠭᠡᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠢᠨᠠᠨ ᠪᠠᠶᠢᠴᠠᠭᠠᠬᠤ ᠠᠭᠤᠯᠭ᠎ᠠ︔ ᠬᠤᠷᠢᠨ ᠭᠤᠷᠪᠠᠳᠤᠭᠠᠷ ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠷᠥᠯ ᠵᠦᠢᠯ ᠢ ᠬᠤᠪᠢᠷᠠᠭᠤᠯᠬᠤ ᠪᠤᠶᠤ ᠵᠣᠭᠰᠣᠭᠠᠬᠤ ᠰᠠᠨᠠᠭᠤᠯᠤᠭ᠎ᠠ ᠳᠤᠷᠠᠳᠴᠤ ᠪᠣᠯᠬᠤ ᠠᠭᠤᠯᠭ᠎ᠠ︔ ᠬᠤᠷᠢᠨ ᠳᠥᠷᠪᠡᠳᠦᠭᠡᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠢᠯᠡ ᠪᠣᠯᠭᠠᠬᠤ ᠴᠠᠭ ᠤᠨ ᠬᠢᠵᠠᠭᠠᠷ ᠵᠢᠴᠢ ᠨᠥᠬᠦᠴᠡᠯ︔ ᠬᠤᠷᠢᠨ ᠵᠢᠷᠭᠤᠳᠤᠭᠠᠷ ᠵᠦᠢᠯ ᠪᠠ ᠬᠤᠷᠢᠨ ᠳᠣᠯᠣᠳᠤᠭᠠᠷ ᠵᠦᠢᠯ ᠤᠨ ᠠᠮᠢ ᠠᠬᠤᠢ ᠶᠢᠨ ᠣᠷᠴᠢᠨ ᠲᠣᠭᠤᠷᠢᠨ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠠᠭᠤᠯᠭ᠎ᠠ ᠶᠢ ᠰᠢᠨ᠎ᠡ ᠪᠠᠷ ᠨᠡᠮᠡᠪᠡ᠃
ᠭᠤᠷᠪᠠᠳᠤᠭᠠᠷ ᠪᠦᠯᠦᠭ ᠨᠢ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ᠂ ᠬᠤᠷᠢᠨ ᠨᠠᠢᠮᠠᠳᠤᠭᠠᠷ ᠵᠦᠢᠯ ᠠᠴᠠ ᠭᠤᠴᠢᠨ ᠬᠤᠶᠠᠳᠤᠭᠠᠷ ᠵᠦᠢᠯ ᠬᠦᠷᠲᠡᠯ᠎ᠡ᠃ ᠰᠢᠯᠵᠢᠯᠲᠡ ᠶᠢᠨ ᠬᠤᠭᠤᠴᠠᠭ᠎ᠠ᠂ ᠬᠡᠷᠡᠭᠵᠢᠭᠦᠯᠬᠦ ᠭᠤᠣᠯ ᠴᠣᠭᠴᠠ᠂ ᠵᠠᠰᠠᠭ ᠤᠨ ᠣᠷᠳᠣᠨ ᠤ ᠬᠡᠷᠡᠭᠯᠡᠯᠲᠡ᠂ ᠨᠡᠶᠢᠭᠡᠮ ᠤᠨ ᠣᠷᠣᠯᠴᠠᠯᠭ᠎ᠠ᠂ ᠮᠡᠳᠡᠭᠡ ᠵᠠᠩᠭᠢ ᠶᠢᠨ ᠬᠠᠷᠢᠭᠤ ᠲᠤᠰᠬᠠᠯ ᠵᠡᠷᠭᠡ ᠠᠭᠤᠯᠭ᠎ᠠ ᠶᠢ ᠲᠣᠭᠲᠠᠭᠠᠵᠠᠶ᠃ ᠬᠤᠷᠢᠨ ᠨᠠᠶ᠋ᠮᠠᠳᠤᠭᠠᠷ ᠵᠦᠢᠯ ᠳᠤ ᠰᠢᠯᠵᠢᠯᠲᠡ ᠶᠢᠨ ᠬᠤᠭᠤᠴᠠᠭ᠎ᠠ ᠶᠢ ᠰᠢᠯᠢᠳᠡᠭᠵᠢᠭᠦᠯᠦᠨ ᠪᠠᠭᠠᠰᠬᠠᠵᠤ᠂ 3 ᠰᠠᠷ᠎ᠠ ᠪᠠᠶᠢᠭᠰᠠᠨ ᠢ 1 ᠰᠠᠷ᠎ᠠ ᠪᠣᠯᠭᠠᠨ ᠪᠠᠭᠠᠰᠬᠠᠪᠠ᠃ ᠭᠤᠴᠢᠨ ᠬᠤᠶᠠᠳᠤᠭᠠᠷ ᠵᠦᠢᠯ ᠳᠤ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ ᠠᠷᠭ᠎ᠠ ᠵᠠᠮ᠂ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠭᠤᠯᠭ᠎ᠠ ᠶᠢ ᠨᠡᠮᠡᠪᠡ᠃
ᠳᠥᠷᠪᠡᠳᠦᠭᠡᠷ ᠪᠦᠯᠦᠭ ᠨᠢ ᠣᠷᠣᠨ ᠨᠤᠲᠤᠭ ᠤᠨ ᠪᠠᠷᠢᠮᠵᠢᠶ᠎ᠠ ᠶᠢ ᠳᠠᠬᠢᠨ ᠬᠢᠨᠠᠬᠤ᠂ ᠭᠤᠴᠢᠨ ᠭᠤᠷᠪᠠᠳᠤᠭᠠᠷ ᠵᠦᠢᠯ ᠠᠴᠠ ᠭᠤᠴᠢᠨ ᠲᠠᠪᠤᠳᠤᠭᠠᠷ ᠵᠦᠢᠯ ᠬᠦᠷᠲᠡᠯ᠎ᠡ᠃ ᠳᠠᠬᠢᠨ ᠬᠢᠨᠠᠬᠤ ᠦᠶᠡᠯᠡᠯ ᠤᠨ ᠬᠤᠭᠤᠴᠠᠭ᠎ᠠ᠂ ᠳᠠᠬᠢᠨ ᠬᠢᠨᠠᠭᠰᠠᠨ ᠪᠠᠶᠢᠳᠠᠯ ᠪᠠ ᠳᠠᠬᠢᠨ ᠬᠢᠨᠠᠭᠰᠠᠨ ᠳ᠋ᠦᠩᠨᠡᠯᠲᠡ ᠵᠡᠷᠭᠡ ᠠᠭᠤᠯᠭ᠎ᠠ ᠶᠢ ᠲᠣᠭᠲᠠᠭᠠᠪᠠ᠃ ᠳᠠᠬᠢᠨ ᠬᠢᠨᠠᠭᠰᠠᠨ ᠪᠠᠶᠢᠳᠠᠯ ᠤᠨ ᠳᠦᠷᠰᠦᠯᠡᠯ ᠳᠤ ᠵᠠᠰᠠᠪᠤᠷᠢ ᠣᠷᠣᠭᠤᠯᠪᠠ᠃
ᠲᠠᠪᠤᠳᠤᠭᠠᠷ ᠪᠦᠯᠦᠭ ᠨᠢ ᠣᠷᠣᠨ ᠨᠤᠲᠤᠭ ᠤᠨ ᠪᠠᠷᠢᠮᠵᠢᠶ᠎ᠠ ᠶᠢᠨ ᠬᠢᠨᠠᠯᠲᠠ ᠬᠠᠮᠢᠶᠠᠷᠤᠯᠲᠠ᠂ ᠭᠤᠴᠢᠨ ᠵᠢᠷᠭᠤᠳᠤᠭᠠᠷ ᠵᠦᠢᠯ ᠠᠴᠠ ᠳᠥᠴᠢᠳᠦᠭᠡᠷ ᠵᠦᠢᠯ ᠬᠦᠷᠲᠡᠯ᠎ᠡ᠃ ᠪᠠᠷᠢᠮᠵᠢᠶ᠎ᠠ ᠶᠢ ᠲᠤᠭᠤᠷᠪᠢᠬᠤ᠂ ᠲᠠᠬᠢᠨ ᠬᠢᠨᠠᠬᠤ ᠶᠢᠨ ᠬᠢᠨᠠᠯᠲᠠ ᠬᠠᠮᠢᠶᠠᠷᠤᠯᠲᠠ᠂ ᠮᠠᠷᠭᠤᠯᠳᠤᠭᠠᠨ ᠢ ᠰᠢᠢᠳᠪᠦᠷᠢᠯᠡᠬᠦ᠂ ᠢᠯᠡᠴᠢᠯᠡᠨ ᠮᠡᠳᠡᠭᠦᠯᠬᠦ ᠵᠡᠷᠭᠡ ᠠᠭᠤᠯᠭ᠎ᠠ ᠶᠢ ᠲᠣᠭᠲᠠᠭᠠᠪᠠ᠃
ᠵᠢᠷᠭᠤᠳᠤᠭᠠᠷ ᠪᠦᠯᠦᠭ ᠨᠢ ᠠᠶᠢᠮᠠᠭ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ᠂ ᠳᠥᠴᠢᠨ ᠨᠢᠭᠡᠳᠦᠭᠡᠷ ᠵᠦᠢᠯ ᠠᠴᠠ ᠳᠥᠴᠢᠨ ᠲᠠᠪᠤᠳᠤᠭᠠᠷ ᠵᠦᠢᠯ ᠬᠦᠷᠲᠡᠯ᠎ᠡ᠃ ᠠᠶᠢᠮᠠᠭ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠬᠦᠷᠢᠶ᠎ᠡ᠂ ᠠᠰᠢᠭᠯᠠᠬᠤ ᠬᠦᠷᠢᠶ᠎ᠡ᠂ ᠲᠣᠭᠲᠠᠭᠠᠬᠤ ᠶᠠᠪᠤᠴᠠ ᠵᠡᠷᠭᠡ ᠠᠭᠤᠯᠭ᠎ᠠ ᠶᠢ ᠲᠣᠭᠲᠠᠭᠠᠪᠠ᠃ ᠳᠥᠴᠢᠨ ᠳᠥᠷᠪᠡᠳᠦᠭᠡᠷ ᠵᠦᠢᠯ ᠪᠠ ᠳᠥᠴᠢᠨ ᠲᠠᠪᠤᠳᠤᠭᠠᠷ ᠵᠦᠢᠯ ᠳᠤ ᠭᠤᠤᠯᠳᠠᠯᠭ᠎ᠠ ᠲᠠᠢ ᠵᠠᠰᠠᠪᠤᠷᠢ ᠣᠷᠣᠭᠤᠯᠵᠤ᠂ ᠳᠠᠩᠰᠠᠯᠠᠭᠤᠯᠬᠤ ᠶᠢ ᠬᠢᠨᠠᠨ ᠪᠠᠶᠢᠴᠠᠭᠠᠬᠤ᠂ ᠪᠠᠷᠢᠮᠵᠢᠶ᠎ᠠ ᠶᠢ ᠦᠨᠡᠯᠡᠬᠦ ᠵᠡᠷᠭᠡ ᠪᠣᠳᠠᠲᠠᠶ ᠱᠠᠭᠠᠷᠳᠠᠯᠭ᠎ᠠ ᠶᠢ ᠰᠢᠨ᠎ᠡ ᠪᠠᠷ ᠨᠡᠮᠡᠪᠡ᠃
ᠳᠣᠯᠣᠳᠤᠭᠠᠷ ᠪᠦᠯᠦᠭ ᠨᠢ ᠳᠠᠭᠠᠯᠳᠤᠭᠤᠯᠤᠭᠰᠠᠨ ᠳᠦᠷᠢᠮ᠂ ᠳᠥᠴᠢᠨ ᠵᠢᠷᠭᠤᠳᠤᠭᠠᠷ ᠵᠦᠢᠯ ᠪᠠ ᠳᠥᠴᠢᠨ ᠳᠣᠯᠣᠳᠤᠭᠠᠷ ᠵᠦᠢᠯ᠃ ᠲᠣᠰ ᠠᠷᠭ᠎ᠠ ᠶᠢᠨ ᠲᠠᠶᠢᠯᠪᠤᠷᠢᠯᠠᠬᠤ ᠰᠠᠯᠠᠭ᠎ᠠ ᠮᠥᠴᠢᠷ᠂ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠲᠣᠭᠲᠠᠭᠠᠪᠠ᠃
ᠳᠠᠭᠠᠯᠳᠤᠭᠤᠯᠤᠯ 12 ᠪᠠᠶᠢᠵᠤ᠂ ᠣᠷᠣᠨ ᠨᠤᠲᠤᠭ ᠤᠨ ᠪᠠᠷᠢᠮᠵᠢᠶ᠎ᠠ ᠶᠢᠨ ᠰᠠᠨᠠᠯ ᠬᠤᠷᠢᠶᠠᠵᠤ ᠬᠤᠷᠢᠶᠠᠩᠭᠤᠶᠢᠯᠠᠨ ᠰᠢᠢᠳᠪᠦᠷᠢᠯᠡᠬᠦ ᠬᠦᠰᠦᠨᠦᠭᠲᠦ᠂ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢᠨ ᠦᠨᠡᠯᠡᠨ ᠵᠢᠱᠢᠬᠦ ᠠᠵᠢᠯ ᠤᠨ ᠮᠡᠳᠡᠭᠦᠯᠦᠯᠲᠡ᠂ ᠳᠠᠬᠢᠨ ᠬᠢᠨᠠᠬᠤ ᠰᠠᠨᠠᠭᠤᠯᠭ᠎ᠠ ᠶᠢᠨ ᠬᠦᠰᠦᠨᠦᠭᠲᠦ ᠶᠢ ᠰᠢᠨ᠎ᠡ ᠪᠠᠷ ᠨᠡᠮᠡᠵᠦ᠂ ᠨᠡᠶᠢᠲᠡᠯᠡᠬᠦ ᠺᠠᠷᠲ᠂ ᠬᠤᠷᠠᠯ ᠤᠨ ᠲᠣᠪᠴᠢ ᠲᠡᠮᠳᠡᠭᠯᠡᠯ ᠪᠠ ᠨᠠᠶᠢᠷᠠᠭᠤᠯᠤᠨ ᠵᠣᠬᠢᠶᠠᠬᠤ ᠲᠣᠳᠣᠷᠬᠠᠶᠢᠯᠠᠯᠲᠠ ᠳᠤ ᠵᠠᠰᠠᠪᠤᠷᠢ ᠣᠷᠣᠭᠤᠯᠪᠠ᠃
ᠤᠭ ᠮᠠᠲ᠋ᠧᠷᠢᠶᠠᠯ ᠤᠨ ᠬᠠᠶ᠋ᠢᠭ᠄
http://amr.nmg.gov.cn/zfxxgk/fdzdgknr/gfxwj/qt/202306/t20230625_2336717.html