2023 ᠣᠨ ᠤ 8 ᠳ᠋ᠤᠭᠠᠷ ᠰᠠᠷ᠎ᠠ ᠶᠢᠨ 25 ᠤ ᠡᠳᠦᠷ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ︵ᠳᠣᠷᠣᠭᠰᠢ ︽ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄
ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠪᠠ ᠶᠠᠪᠤᠴᠠ
ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠰᠤᠯᠤᠯᠲᠠ ᠶᠢᠨ ᠬᠤᠯᠪᠣᠭᠳᠠᠬᠤ ᠠᠳᠠᠯᠢ ᠪᠤᠰᠤ ᠪᠣᠳᠠᠲᠤ ᠬᠡᠷᠡᠭ ᠪᠠ ᠦᠢᠯᠡ ᠪᠠᠶᠢᠳᠠᠯ ᠤᠨ ᠶᠣᠰᠣᠭᠠᠷ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠠᠬᠢ ᠵᠠᠷᠴᠢᠮ ᠤᠨ ᠴᠢᠨᠠᠷᠲᠠᠶ ᠲᠣᠭᠲᠠᠭᠠᠯ ᠪᠤᠶᠤ ᠵᠣᠬᠢᠬᠤ ᠬᠠᠷᠢᠮᠠᠬᠠᠶ ᠴᠢᠨᠠᠷᠲᠠᠶ ᠬᠠᠤᠯᠢ ᠬᠡᠷᠡᠭᠵᠢᠭᠦᠯᠬᠦ ᠡᠷᠬᠡ ᠮᠡᠳᠡᠯ᠂ ᠲᠠᠰᠤᠯᠤᠯᠲᠠ ᠶᠢᠨ ᠬᠡᠮᠵᠢᠶ᠎ᠡ ᠵᠡᠷᠭᠡ ᠠᠭᠤᠯᠭ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠣᠨᠴᠠ ᠲᠣᠭᠲᠠᠭᠰᠠᠨ ᠬᠡᠯᠪᠡᠷᠢ ᠪᠠᠷ ᠨᠡᠶᠢᠭᠡᠮ ᠳᠤ ᠨᠡᠶᠢᠲᠡᠯᠡᠬᠦ ᠶᠢᠨ ᠬᠠᠮᠲᠤ ᠬᠡᠷᠡᠭᠵᠢᠭᠦᠯᠬᠦ ᠪᠣᠳᠠᠲᠠᠶ ᠬᠠᠤᠯᠢ ᠬᠡᠷᠡᠭᠵᠢᠭᠦᠯᠬᠦ ᠬᠡᠮᠵᠢᠶ᠎ᠡ ᠪᠠ ᠪᠠᠷᠢᠮᠵᠢᠶ᠎ᠠ ᠪᠣᠯᠤᠨ᠎ᠠ᠃
ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ 2021 ᠣᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠳᠤ ︽ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠵᠤ ᠪᠣᠯᠤᠨ᠎ᠠ᠂ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠬᠦ ᠬᠡᠷᠡᠭᠲᠡᠶ︾ ᠭᠡᠵᠦ ᠲᠣᠭᠲᠠᠭᠠᠵᠠᠶ᠃ 2022 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ﹇ 2022﹈ 27 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 2022 ᠣᠨ ᠤ 10 ᠳ᠋ᠤᠭᠠᠷ ᠰᠠᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ﹇2022 ﹈ 2 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠳᠤ ᠤᠯᠠᠮ ᠨᠢᠭᠡ ᠠᠯᠬᠤᠮ ᠱᠠᠭᠠᠷᠳᠠᠯᠭ᠎ᠠ ᠳᠤᠷᠠᠳᠪᠠ᠃ ᠣᠶᠢᠷ᠎ᠠ ᠶᠢᠨ ᠬᠡᠳᠦᠨ ᠵᠢᠯ ᠤᠨ ᠲᠤᠷᠰᠢ᠂ ᠦᠨᠳᠦᠰᠦᠨ ᠱᠠᠲᠤᠨ ᠳᠤ ᠬᠠᠤᠯᠢ ᠬᠡᠷᠡᠭᠵᠢᠭᠦᠯᠦᠯᠲᠡ ᠶᠢᠨ ᠦᠢᠯᠡᠳᠦᠭᠦᠯᠦᠭᠡ ᠳᠤᠮᠳᠠ ᠣᠷᠣᠰᠢᠵᠤ ᠪᠠᠶᠢᠭ᠎ᠠ ᠲᠠᠰᠤᠯᠤᠯᠲᠠ ᠶᠢᠨ ᠲᠥᠭᠡᠷᠢᠭᠳᠡᠯ ᠢ ᠰᠢᠢᠳᠪᠦᠷᠢᠯᠡᠬᠦ ᠴᠢᠬᠤᠯᠠ ᠲᠠᠢ ᠪᠠᠶᠢᠨ᠎ᠠ ᠭᠡᠵᠦ ᠲᠤᠰᠬᠠᠵᠠᠢ᠃ ᠡᠶᠢᠮᠦ ᠠᠴᠠ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠣᠯᠥᠯᠳᠡ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠠᠠᠳᠠᠭᠠᠬᠤ ᠴᠢᠬᠤᠯᠠᠳᠡᠢ ᠪᠠᠶᠢᠵᠦ᠂ ᠵᠠᠬ᠎ᠠ ᠳᠡᠯᠭᠡᠬᠦᠷ ᠤᠨ ᠬᠢᠨᠡᠯᠳᠡ ᠬᠠᠮᠢᠶᠡᠷᠦᠯᠳᠡ ᠶᠢᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠣᠯᠥᠯᠳᠡ ᠶᠢᠨ ᠦᠢᠯᠡ ᠠᠵᠢᠯᠯᠠᠭ᠎ᠠ ᠶᠢ ᠣᠯᠡᠮ ᠨᠢᠭᠡ ᠠᠯᠬᠤᠮ ᠵᠢᠷᠦᠮᠵᠢᠭᠤᠯᠵᠦ᠂ ᠵᠠᠬ᠎ᠠ ᠳᠡᠯᠭᠡᠬᠦᠷ ᠤᠨ ᠬᠢᠨᠡᠯᠳᠡ ᠬᠠᠮᠢᠶᠡᠷᠦᠯᠳᠡ ᠶᠢᠨ ᠬᠠᠥᠯᠢᠵᠢᠯᠳᠡ ᠶᠢ ᠠᠬᠢᠭᠤᠯᠥᠨ᠂ ᠲᠣᠬᠠᠢ ᠶᠢᠨ ᠬᠦᠮᠦᠨ ᠤ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠵᠦ᠂ ᠵᠠᠰᠠᠭ ᠵᠠᠬᠢᠷᠭᠠᠨ ᠤ ᠬᠠᠥᠯᠢ ᠪᠠᠷ ᠭᠡᠷᠡᠭᠵᠢᠬᠦᠯᠬᠦ ᠳᠤ ᠴᠢᠩᠭ᠎ᠠ ᠰᠢᠢᠳᠬᠡᠬᠦ ᠶᠢ ᠨᠢ ᠴᠢᠩᠭ᠎ᠠ ᠰᠢᠢᠳᠬᠡᠬᠦ ᠦᠭᠡᠢ᠂ ᠠᠭᠤᠴᠢᠯᠠᠨ ᠰᠢᠳᠭᠡᠬᠦ ᠶᠢ ᠨᠢ ᠠᠭᠤᠴᠢᠯᠠᠬᠤ ᠦᠭᠡᠢ᠂ ᠬᠡᠳᠦ ᠬᠦᠩᠭᠡᠨ ᠬᠡᠳᠦ ᠬᠦᠨᠳᠦ ᠪᠠᠶᠢᠬᠤ᠂ ᠨᠢᠭᠡ ᠳᠥᠷᠦᠯ ᠤᠨ ᠭᠡᠷᠡᠭ ᠲᠤ ᠠᠳᠡᠯᠢ ᠪᠣᠰᠥ ᠰᠢᠢᠳᠬᠡᠯ ᠦᠭᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠠᠠᠯᠠᠨ᠎ᠠ᠃
ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ 2023 ᠣᠨ ᠤ 1 ᠳ᠋ᠦ᠋ᠭᠡᠷ ᠰᠠᠷ᠎ᠠ ᠠᠴᠠ ᠡᠬᠢᠯᠡᠨ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠶᠢ ᠲᠣᠭᠲᠠᠭᠠᠬᠤ ᠠᠵᠢᠯ ᠢ ᠡᠬᠢᠯᠡᠭᠦᠯᠪᠡ᠃ ᠵᠤᠷᠪᠤᠰ ᠳᠠᠷᠠᠭᠠᠯᠠᠨ ᠡᠮᠬᠢᠯᠡᠵᠦ᠂ ᠢᠯᠡ ᠪᠠᠷ ᠰᠠᠨᠠᠯ ᠬᠤᠷᠢᠶᠠᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠵᠤ᠂ ᠬᠠᠮᠲᠤ ᠪᠠᠷ ᠶᠠᠷᠢᠯᠴᠠᠨ ᠲᠣᠭᠲᠠᠭᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠮᠤᠭ ᠡᠴᠦᠰ ᠲᠤ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠶᠢ ᠪᠣᠶ ᠪᠣᠯᠭᠠᠨ᠎ᠠ᠃
ᠬᠤᠶᠠᠷ᠂ ᠲᠣᠭᠲᠠᠭᠠᠭᠰᠠᠨ ᠦᠨᠳᠦᠰᠦᠯᠡᠯ
1. ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠥᠭᠬᠦ ᠬᠠᠤᠯᠢ︾
2. ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾
3. ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︿ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠲᠤᠬᠠᠶ ᠵᠢᠯᠣᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾
4. ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ︵2022 ᠣᠨ ᠤ ᠬᠡᠪᠯᠡᠯ︶︾
5.︽︿ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠠᠰᠣᠯᠥᠯᠳᠡ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠵᠢᠷᠦᠮᠵᠢᠭᠤᠯᠬᠤ ᠠᠷᠭ᠎ᠠ﹀ ᠶᠢ ᠲᠠᠷᠣᠮᠠᠯᠯᠠᠨ ᠲᠠᠷᠬᠠᠭᠠᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯ︾
6. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠳᠤ ᠲᠣᠬᠢᠷᠠᠬᠤ ᠲᠦᠷᠢᠮ︾
ᠭᠤᠷᠪᠠ᠂ ᠭᠤᠣᠯ ᠠᠭᠤᠯᠭ᠎ᠠ
︵ᠨᠢᠭᠡ︶ ᠬᠤᠯᠪᠤᠭᠳᠠᠬᠤ ᠬᠦᠷᠢᠶ᠎ᠡ ᠬᠡᠪᠴᠢᠶ᠎ᠡ᠃ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠨᠢ 153 ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠬᠤᠯᠪᠣᠭᠳᠠᠵᠤ᠂ ᠨᠡᠶᠢᠲᠡ 579 ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠤᠨ ᠵᠦᠢᠯᠡᠰ ᠨᠢ ᠭᠤᠤᠯᠳᠠᠭᠤ ᠵᠣᠭᠤᠰ ᠢᠶᠠᠷ ᠲᠣᠷᠭᠠᠬᠤ ᠳᠤ ᠴᠢᠭᠯᠡᠭᠦᠯᠦᠨ ᠲᠠᠰᠤᠯᠪᠠ᠃ ᠡᠭᠦᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠬᠤ᠂ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ᠂ ᠰᠦᠯᠵᠢᠶᠡᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠠᠮᠢᠶᠠᠷᠤᠯᠲᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠦᠨ᠎ᠡ ᠬᠠᠩᠰᠢ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ᠂ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ᠂ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷ ᠤᠨ ᠬᠥᠭᠵᠢᠯᠲᠡ ᠬᠢᠭᠡᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ᠂ ᠪᠠᠷᠢᠮᠵᠢᠶᠠᠵᠢᠭᠤᠯᠤᠭᠰᠠᠨ ᠬᠢᠨᠠᠯᠲᠠ ᠬᠠᠮᠢᠶᠠᠷᠤᠯᠲᠠ᠂ ᠭᠡᠷᠡᠴᠢᠯᠡᠯ ᠵᠥᠪᠰᠢᠶᠡᠷᠡᠯ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠢᠨ ᠬᠢᠨᠠᠯᠲᠠ ᠬᠠᠮᠢᠶᠠᠷᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ 15 ᠶᠡᠭᠡ ᠲᠥᠷᠥᠯ ᠪᠠᠭᠲᠠᠨ᠎ᠠ᠃
︵ᠬᠤᠶᠠᠷ︶ ᠦᠨᠳᠦᠰᠦᠨ ᠪᠤᠷᠤ ᠲᠥᠯᠥᠪ᠃ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠨᠢ ᠳ᠋ᠤᠭᠠᠷ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠰᠢᠢᠳᠬᠡᠬᠦ ᠦᠨᠳᠦᠰᠦ ᠪᠠᠷᠢᠮᠲᠠ᠂ ᠲᠣᠬᠢᠷᠠᠬᠤ ᠪᠠᠶᠢᠳᠠᠯ᠂ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠵᠡᠷᠭᠡ ᠲᠠᠪᠤᠨ ᠬᠡᠰᠡᠭ ᠢᠶᠠᠷ ᠪᠦᠷᠢᠯᠳᠦᠪᠡ᠃ ︽ᠬᠠᠤᠯᠢ ᠠᠴᠠ ᠵᠥᠷᠢᠴᠡᠭᠰᠡᠨ ᠠᠵᠢᠯᠯᠠᠭ᠎ᠠ︾ ᠭᠡᠳᠡᠭ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠨᠡᠷᠡᠶᠢᠳᠦᠯ᠂ ᠡᠩ ᠤᠨ ᠪᠠᠶᠢᠳᠠᠯ ᠳᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠷᠢᠶᠠᠩᠭᠤᠶᠢᠯᠠᠨ ᠲᠣᠭᠠᠴᠢᠯᠲᠠ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠶᠢᠨ ᠵᠦᠢᠯ ᠵᠤᠷᠪᠤᠰ ᠤᠨ ᠳᠣᠲᠣᠷᠠᠬᠢ ᠵᠦᠢᠯᠡᠰ᠂ ᠵᠦᠢᠯ ᠵᠤᠷᠪᠤᠰ ᠢᠶᠠᠷ ᠬᠤᠷᠢᠶᠠᠩᠭᠤᠶᠢᠯᠠᠨ ᠥᠭᠦᠯᠡᠬᠦ ᠶᠢᠨ ᠠᠷᠭ᠎ᠠ ᠦᠭᠡᠢ ᠪᠣᠯ᠂᠂ ᠁ ᠳ᠋ᠤᠭᠠᠷ ᠵᠤᠷᠪᠤᠰ ︵ᠵᠤᠷᠪᠤᠰ᠂ ᠵᠦᠢᠯ︶ ᠵᠤᠷᠪᠤᠰ ᠲᠤ ᠵᠢᠭᠠᠵᠤ ᠭᠠᠷᠬᠠᠭᠰᠠᠨ ᠦᠢᠯᠡ ᠠᠵᠢᠯᠯᠠᠭ᠎ᠠ ᠶᠢᠨ ᠲᠣᠭᠲᠠᠭᠠᠯ ᠠᠴᠠ ᠵᠥᠷᠢᠴᠡᠪᠡ ᠭᠡᠵᠦ ᠲᠣᠭᠠᠴᠢᠨ᠎ᠠ᠃ ︽ᠰᠢᠢᠳᠬᠡᠬᠦ ᠦᠨᠳᠦᠰᠦ ᠪᠠᠷᠢᠮᠲᠠ︾ ᠭᠡᠳᠡᠭ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠣᠳᠠᠲᠠᠶ ᠰᠢᠢᠳᠬᠡᠬᠦ ᠵᠦᠢᠯ ᠵᠤᠷᠪᠤᠰ ᠢ ᠵᠢᠭᠠᠵᠤ ᠪᠤᠶ᠃ ᠲᠣᠬᠢᠷᠠᠬᠤ ᠪᠠᠶᠢᠳᠠᠯ ᠢ ︽ᠬᠥᠩᠭᠡᠨ ᠰᠢᠢᠳᠬᠡᠯ︾ ︽ᠡᠩ ᠤᠨ ᠰᠢᠢᠳᠬᠡᠯ︾ ︽ᠬᠦᠨᠳᠦ ᠰᠢᠢᠳᠬᠡᠯ︾ ᠭᠡᠬᠦ ᠭᠤᠷᠪᠠᠨ ᠲᠥᠷᠥᠯ ᠬᠡᠯᠪᠡᠷᠢ ᠪᠠᠷ ᠬᠤᠪᠢᠶᠠᠷᠢᠯᠠᠨ᠎ᠠ᠃ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ︾ ︵ᠳᠣᠷᠣᠭᠰᠢ ︽ᠬᠡᠷᠡᠭᠯᠡᠬᠦ ᠲᠦᠷᠢᠮ︾ ᠭᠡᠵᠦ ᠲᠣᠪᠴᠢᠯᠠᠨ᠎ᠠ︶ ᠳᠤ ᠲᠣᠭᠲᠠᠭᠠᠭᠰᠠᠨ ︽ᠬᠥᠩᠭᠡᠨ ᠰᠢᠢᠳᠬᠡᠯ︾ ︽ᠡᠩ ᠤᠨ ᠰᠢᠢᠳᠬᠡᠯ︾ ︽ᠬᠦᠨᠳᠦ ᠰᠢᠢᠳᠬᠡᠯ︾ ᠭᠡᠬᠦ ᠭᠤᠷᠪᠠᠨ ᠵᠦᠢᠯ ᠤᠨ ᠪᠠᠶᠢᠳᠠᠯ ᠤᠨ ᠶᠣᠰᠣᠭᠠᠷ ᠪᠣᠳᠠᠲᠠᠶ ᠰᠢᠢᠳᠬᠡᠯ ᠤᠨ ᠬᠡᠮᠵᠢᠶ᠎ᠡ ᠶᠢ ᠲᠣᠳᠣᠷᠬᠠᠶᠢᠯᠠᠵᠤ᠂ ᠲᠣᠰ ᠲᠣᠰ 30% ︵ᠲᠣᠰ ᠲᠤᠭ᠎ᠠ ᠶᠢ ᠪᠠᠭᠲᠠᠭᠠᠨ᠎ᠠ︶ ᠠᠴᠠ ᠳᠣᠭᠤᠭᠰᠢᠬᠢ ᠬᠡᠰᠡᠭ᠂ 30% ︵ᠲᠣᠰ ᠲᠤᠭ᠎ᠠ ᠶᠢ ᠪᠠᠭᠲᠠᠭᠠᠬᠤ ᠦᠭᠡᠢ︶ ᠠᠴᠠ ᠳᠡᠭᠡᠭᠰᠢᠬᠢ ᠬᠡᠰᠡᠭ ᠠᠴᠠ 70% ︵ᠲᠣᠰ ᠲᠤᠭ᠎ᠠ ᠶᠢ ᠪᠠᠭᠲᠠᠭᠠᠬᠤ ᠦᠭᠡᠢ︶ ᠠᠴᠠ ᠳᠣᠭᠤᠭᠰᠢᠬᠢ ᠬᠡᠰᠡᠭ᠂ 70% ︵ᠲᠣᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢᠬᠢ ᠬᠡᠰᠡᠭ ᠤᠨ ᠬᠠᠷᠢᠴᠠᠯ ᠢᠶᠠᠷ ᠲᠣᠰ ᠵᠣᠭᠤᠰ ᠤᠨ ᠪᠣᠳᠠᠲᠠᠶ ᠲᠤᠭ᠎ᠠ ᠶᠢ ᠪᠤᠳᠤᠨ᠎ᠠ᠃
︵ᠭᠤᠷᠪᠠ︶ ᠣᠨᠴᠠᠭᠠᠢ ᠲᠤᠳᠣᠷᠬᠠᠶᠢᠯᠠᠯᠲᠠ
1.︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃
2.ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠳᠤ ᠣᠷᠣᠭᠤᠯᠤᠭᠰᠠᠨ ᠦᠭᠡᠢ ᠪᠠᠶᠢᠪᠠᠯ᠂ ︽ᠲᠣᠬᠢᠷᠠᠬᠤ ᠳᠦᠷᠢᠮ︾ ᠤᠨ ᠲᠣᠭᠲᠠᠭᠠᠯ ᠶᠣᠰᠣᠭᠠᠷ ᠲᠠᠰᠤᠯᠤᠨ᠎ᠠ᠃
3.︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠳᠠᠬᠢ ︽ᠬᠥᠩᠭᠡᠨ ᠰᠢᠢᠳᠬᠡᠯ︾ ᠨᠢ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠶᠢᠨ ᠳᠣᠲᠣᠷᠠᠬᠢ ︽ᠳᠡᠭᠡᠭᠰᠢᠬᠢ︾ ︽ᠳᠣᠭᠤᠭᠰᠢᠬᠢ︾ ᠳᠤ ᠴᠥᠮ ᠲᠤᠰ ᠲᠤᠭ᠎ᠠ ᠶᠢ ᠪᠠᠭᠲᠠᠭᠠᠵᠤ᠂ ︽ᠡᠩ ᠤᠨ ᠰᠢᠢᠳᠬᠡᠯ︾ ᠨᠢ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠶᠢᠨ ᠳᠣᠲᠣᠷᠠᠬᠢ ︽ᠳᠡᠭᠡᠭᠰᠢᠬᠢ︾ ︽ᠳᠣᠭᠤᠭᠰᠢᠬᠢ︾ ᠳᠤ ᠲᠤᠰ ᠲᠤᠭ᠎ᠠ ᠶᠢ ᠪᠠᠭᠲᠠᠭᠠᠬᠤ ᠦᠭᠡᠢ᠂ ︽ᠬᠦᠨᠳᠦ ᠰᠢᠢᠳᠬᠡᠯ︾ ᠨᠢ ︽ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ︾ ᠶᠢᠨ ᠳᠣᠲᠣᠷᠠᠬᠢ ︽ᠳᠡᠭᠡᠭᠰᠢᠬᠢ︾ ︽ᠳᠣᠭᠤᠭᠰᠢᠬᠢ︾ ᠳᠤ ᠲᠤᠰ ᠲᠤᠭ᠎ᠠ ᠶᠢ ᠪᠠᠭᠲᠠᠭᠠᠨ᠎ᠠ᠃
4.ᠬᠠᠤᠯᠢ ᠶᠢᠨ ᠵᠣᠷᠪᠤᠰ ᠲᠤ ︽ᠦᠢᠯᠡ ᠪᠠᠢᠳᠠᠯ ᠨᠢ ᠬᠦᠨᠳᠦ ︵ᠦᠢᠯᠡ ᠪᠠᠢᠳᠠᠯ ᠨᠢ ᠬᠦᠨᠳᠦ ᠨᠣᠴᠢᠲᠠᠢ︶︾᠂ ᠁ ᠵᠣᠭᠤᠰ ᠢᠶᠠᠷ ᠲᠣᠷᠭᠠᠨ᠎ᠠ ︽᠁ ᠵᠣᠭᠤᠰ ᠢᠶᠠᠷ ᠲᠣᠷᠭᠠᠪᠠᠯ ᠲᠠᠭᠠᠷᠠᠨ᠎ᠠ᠂ ᠁ ᠶᠢ ᠁ ᠵᠣᠭᠤᠰ ᠢᠶᠠᠷ ᠲᠣᠷᠭᠠᠨ᠎ᠠ︶︾ ᠭᠡᠬᠦ ᠵᠡᠷᠭᠡ ᠪᠠᠷ ᠥᠭᠦᠯᠡᠭᠰᠡᠨ ᠵᠠᠰᠠᠭ ᠵᠠᠬᠢᠷᠭᠠᠨ ᠤ ᠰᠢᠢᠳᠬᠡᠯ ᠢ ︽ᠬᠥᠩᠭᠡᠨ ᠰᠢᠢᠳᠬᠡᠯ︾᠂ ︽ᠡᠩ ᠤᠨ ᠪᠠᠶᠢᠳᠠᠯ︾᠂ ︽ᠬᠦᠨᠳᠦ ᠰᠢᠢᠳᠬᠡᠯ︾ ᠵᠦᠢᠯ ᠤᠨ ᠳᠣᠤᠷ᠎ᠠ ᠴᠥᠮ ᠵᠣᠭᠤᠰ ᠢᠶᠠᠷ ᠲᠣᠷᠭᠠᠬᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠳᠣᠷᠬᠠᠶᠢᠯᠠᠪᠠ᠃ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠲᠣᠭᠠᠴᠢᠪᠠᠯ ᠁ ᠬᠠᠤᠯᠢ ᠶᠢᠨ ᠵᠣᠷᠪᠤᠰ ᠲᠤ ︽᠁ ᠵᠣᠭᠤᠰ ᠢᠶᠠᠷ ᠲᠣᠷᠭᠠᠬᠤ ᠶᠢᠨ ᠬᠠᠮᠲᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ︾ ᠭᠡᠵᠦ ᠥᠭᠦᠯᠡᠭᠰᠡᠨ ᠵᠠᠰᠠᠭ ᠵᠠᠬᠢᠷᠭᠠᠨ ᠤ ᠰᠢᠢᠳᠬᠡᠯ ᠨᠢ ︽ᠬᠥᠩᠭᠡᠨ ᠰᠢᠢᠳᠬᠡᠯ︾᠂ ︽ᠡᠩ ᠤᠨ ᠪᠠᠶᠢᠳᠠᠯ︾᠂ ︽ᠬᠦᠨᠳᠦ ᠰᠢᠢᠳᠬᠡᠯ︾ ᠵᠦᠢᠯ ᠤᠨ ᠳᠣᠤᠷ᠎ᠠ ᠴᠥᠮ ᠵᠣᠭᠤᠰ ᠢᠶᠠᠷ ᠲᠣᠷᠭᠠᠬᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶ᠎ᠠ ᠶᠢ ᠲᠣᠳᠣᠷᠬᠠᠶᠢᠯᠠᠪᠠ᠃
5.ᠪᠣᠳᠠᠲᠠᠢ ᠬᠡᠷᠡᠭᠵᠢᠭᠦᠯᠦᠯᠲᠡ ᠳᠤ ︽ᠲᠣᠬᠢᠷᠠᠬᠤ ᠳᠦᠷᠢᠮ︾ ᠤᠨ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠠᠷᠪᠠᠨ ᠳᠥᠷᠪᠡᠳᠦᠭᠡᠷ ᠵᠦᠢᠯ᠂ ᠠᠷᠪᠠᠨ ᠲᠠᠪᠤᠳᠤᠭᠠᠷ ᠵᠦᠢᠯ᠂ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠠᠷᠪᠠᠨ ᠨᠠᠶ᠋ᠮᠠᠳᠤᠭᠠᠷ ᠵᠦᠢᠯ᠂ ᠠᠷᠪᠠ ᠶᠢᠰᠦᠳᠦᠭᠡᠷ ᠵᠦᠢᠯ ᠢ ᠦᠨᠳᠦᠰᠦᠯᠡᠵᠦ ᠶᠡᠷᠦᠩᠬᠡᠶᠢᠯᠡᠨ ᠲᠠᠰᠤᠯᠤᠨ᠎ᠠ᠃
ᠤᠭ ᠮᠠᠲ᠋ᠧᠷᠢᠶᠠᠯ ᠤᠨ ᠬᠠᠶ᠋ᠢᠭ᠄
http://amr.nmg.gov.cn/zfxxgk/fdzdgknr/gfxwj/202301/t20230120_2218293.html