ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠠᠯᠪᠠᠨ ᠤ ᠰᠦᠯᠵᠢᠶ᠎ᠡ ᠶᠢᠨ 26 ᠤ ᠡᠳᠦᠷ ᠨᠡᠢᠲᠡᠯᠡᠭᠰᠡᠨ ᠮᠡᠳᠡᠭᠡ᠄ ᠳᠤᠮᠳᠠᠳᠤ ᠤᠯᠤᠰ ᠲᠤ ᠳᠠᠩᠰᠠᠯᠠᠭᠤᠯᠤᠭᠰᠠᠨ ᠨᠣᠮᠧᠷ ᠨᠢ CUSA 24092203180057 ᠪᠣᠯᠬᠤ ᠠᠮᠧᠷᠢᠺᠠ ᠶᠢᠨ ᠤᠮᠳᠠᠭᠠᠨ ᠦᠢᠯᠡᠳᠪᠦᠷᠢᠯᠡᠬᠦ ᠠᠵᠤ ᠠᠬᠤᠢᠯᠠᠯ JERRY&SONS PHARMACEUTICAL INC ᠨᠢ ᠳᠠᠩᠰᠠᠯᠠᠯᠲᠠ ᠭᠤᠶᠤᠴᠢᠯᠠᠬᠤ ᠦᠶᠡᠰ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠠᠢ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠴᠠ ᠣᠷᠣᠭᠤᠯᠬᠤ ᠢᠳᠡᠭᠡᠨ ᠤ ᠵᠦᠢᠯ ᠤᠨ ᠬᠢᠯᠢ ᠶᠢᠨ ᠭᠠᠳᠠᠨᠠᠬᠢ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠩᠰᠠᠯᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠠᠵᠤ ᠠᠬᠤᠶᠢᠯᠠᠯ ᠤᠨ ᠳᠤᠮᠳᠠᠳᠤ ᠤᠯᠤᠰ ᠲᠤ ᠳᠠᠩᠰᠠᠯᠠᠭᠤᠯᠬᠤ ᠬᠢᠷᠢ ᠭᠡᠮ ᠢ ᠨᠢᠭᠡᠨᠲᠡ ᠬᠦᠴᠦᠨ ᠦᠭᠡᠶ ᠪᠣᠯᠭᠠᠪᠠ᠃ ᠪᠦᠬᠦ ᠠᠭᠤᠯᠭ᠎ᠠ ᠨᠢ ᠲᠤᠤᠷᠠᠬᠢ ᠮᠡᠳᠤ᠄
ᠪᠣᠭᠤᠮᠲᠠ ᠶᠢᠨ ᠶᠡᠷᠦᠩᠬᠡᠢ ᠵᠠᠬᠢᠷᠭ᠎ᠠ ᠠᠴᠠ 1 ᠤᠮᠳᠠᠭᠠᠨ ᠤ ᠠᠵᠤ ᠠᠬᠤᠶᠢᠯᠠᠯ ᠤᠨ ᠳᠤᠮᠳᠠᠳᠤ ᠤᠯᠤᠰ ᠲᠤ ᠳᠠᠩᠰᠠᠯᠠᠭᠤᠯᠬᠤ ᠬᠢᠷᠢ ᠬᠡᠮ ᠢ ᠬᠦᠴᠦᠨ ᠦᠭᠡᠢ ᠪᠣᠯᠭᠠᠪᠠ
ᠬᠢᠨᠠᠨ ᠬᠠᠷᠭᠤᠭᠤᠯᠤᠭᠰᠠᠨ ᠢᠶᠠᠷ᠂ ᠳᠤᠮᠳᠠᠳᠤ ᠤᠯᠤᠰ ᠲᠤ ᠳᠠᠩᠰᠠᠯᠠᠭᠤᠯᠤᠭᠰᠠᠨ ᠨᠣᠮᠧᠷ ᠨᠢ CUSA24092203180057 ᠪᠣᠯᠬᠤ ᠠᠮᠧᠷᠢᠺᠠ ᠶᠢᠨ ᠤᠮᠳᠠᠭᠠᠨ ᠦᠢᠯᠡᠳᠪᠦᠷᠢᠯᠡᠬᠦ ᠠᠵᠤ ᠠᠬᠤᠢᠯᠠᠯ JERRY&SONS PHARMACEUTICAL INC ᠨᠢ ᠳᠠᠩᠰᠠᠯᠠᠯᠲᠠ ᠭᠤᠶᠤᠴᠢᠯᠠᠬᠤ ᠦᠶᠡᠰ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠠᠢ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠴᠠ ᠣᠷᠣᠭᠤᠯᠬᠤ ᠢᠳᠡᠭᠡᠨ ᠤ ᠵᠦᠢᠯ ᠤᠨ ᠬᠢᠯᠢ ᠶᠢᠨ ᠭᠠᠳᠠᠨᠠᠬᠢ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠩᠰᠠᠯᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠠᠵᠤ ᠠᠬᠤᠶᠢᠯᠠᠯ ᠤᠨ ᠳᠤᠮᠳᠠᠳᠤ ᠤᠯᠤᠰ ᠲᠤ ᠳᠠᠩᠰᠠᠯᠠᠭᠤᠯᠬᠤ ᠬᠢᠷᠢ ᠭᠡᠮ ᠢ ᠨᠢᠭᠡᠨᠲᠡ ᠬᠦᠴᠦᠨ ᠦᠭᠡᠶ ᠪᠣᠯᠭᠠᠪᠠ᠃ ᠪᠣᠭᠤᠮᠲᠠ ᠨᠤᠭᠤᠳ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ ᠦᠢᠯᠡᠳᠬᠦᠨ ᠤ ᠪᠣᠭᠤᠮᠲᠠ ᠳᠤ ᠮᠡᠳᠡᠭᠦᠯᠦᠭᠰᠡᠨ ᠲᠡᠮᠳᠡᠭᠯᠡᠯ ᠢ ᠣᠯᠵᠤ ᠮᠡᠳᠡᠭᠰᠡᠨ ᠦᠭᠡᠢ᠃
ᠪᠣᠭᠤᠮᠲᠠ ᠶᠢᠨ ᠶᠡᠷᠦᠩᠬᠡᠢ ᠵᠠᠬᠢᠷᠭ᠎ᠠ ᠬᠡᠷᠡᠭᠯᠡᠭᠴᠢᠳ ᠲᠤ ᠰᠠᠨᠠᠭᠤᠯᠬᠤ ᠨᠢ᠄
1. ᠳᠤᠮᠳᠠᠳᠤ ᠤᠯᠤᠰ ᠲᠤ ᠳᠠᠩᠰᠠᠯᠠᠭᠤᠯᠤᠭᠰᠠᠨ ᠨᠣᠮᠧᠷ ᠨᠢ CUSA24092203180057 ᠪᠣᠯᠬᠤ ᠠᠮᠧᠷᠢᠺᠠ ᠶᠢᠨ ᠠᠵᠤ ᠠᠬᠤᠢᠯᠠᠯ JERRY&SONS PHARMACEUTICAL INC ᠶᠢᠨ ᠤᠮᠳᠠᠭᠠᠨ ᠤ ᠦᠢᠯᠡᠳᠬᠦᠨ ᠪᠣᠯ ᠲᠢᠶᠠᠨ ᠴᠢ ᠡᠸᠦ᠋ᠷᠦᠫᠡ ᠤᠯᠠᠭᠠᠨ ᠭᠦᠢᠯᠡᠰᠦᠨ ᠤ ᠰᠢᠭᠦᠰᠦ ︵TiQ Prune Juice︶᠃
2. ᠲᠤᠰ ᠠᠵᠤ ᠠᠬᠤᠶᠢᠯᠠᠯ ᠤᠨ ᠤᠮᠳᠠᠭᠠᠨ ᠢ ᠬᠤᠳᠠᠯᠳᠤᠵᠤ ᠠᠪᠤᠭᠰᠠᠨ ᠪᠠᠶᠢᠪᠠᠯ᠂ ᠤᠤᠭᠤᠬᠤ ᠪᠠᠨ ᠵᠣᠭᠰᠣᠭᠠᠵᠤ᠂ ᠬᠤᠳᠠᠯᠳᠤᠵᠤ ᠠᠪᠤᠭᠰᠠᠨ ᠠᠷᠭ᠎ᠠ ᠵᠠᠮ ᠢᠶᠠᠷ ᠪᠠᠷᠠᠭ᠎ᠠ ᠪᠠᠨ ᠪᠤᠴᠠᠭᠠᠬᠤ ᠪᠠᠷ ᠬᠠᠷᠢᠯᠴᠠᠭᠠᠷᠠᠢ᠃