ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠩᠬᠠᠳᠠᠭᠴᠢ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢ ᠠᠮᠵᠢᠯᠲᠠ ᠲᠠᠢ ᠲᠠᠷᠬᠠᠭᠠᠪᠠ
ᠨᠡᠶᠢᠲᠡᠯᠡᠭᠰᠡᠨ ᠴᠠᠭ᠄
2024/3/12

  3 ᠳ᠋ᠤᠭᠠᠷ ᠰᠠᠷ᠎ᠠ ᠶᠢᠨ 4 ᠤ ᠡᠳᠦᠷ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠩᠬᠠᠳᠠᠭᠴᠢ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢ ᠠᠮᠵᠢᠯᠲᠠ ᠲᠠᠢ ᠲᠠᠷᠬᠠᠭᠠᠪᠠ᠃ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠨᠢ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠵᠤ᠂ ᠬᠡᠷᠡᠭᠯᠡᠭᠴᠢᠳ ᠰᠦᠯᠵᠢᠶᠡᠨ ᠳᠡᠭᠡᠷ᠎ᠡ ᠭᠤᠶᠤᠴᠢᠯᠠᠬᠤ ᠠᠴᠠ ᠢᠲᠡᠭᠡᠮᠵᠢ ᠣᠯᠭᠤᠬᠤ ᠪᠣᠯᠲᠠᠯ᠎ᠠ ᠵᠥᠪᠬᠡᠨ 30 ᠮᠢᠨᠦ᠋ᠲ ᠬᠡᠷᠡᠭᠯᠡᠵᠦ᠂ ᠢᠲᠡᠭᠡᠮᠵᠢ ᠶᠢᠨ ᠵᠣᠭᠤᠰ ᠤᠨ ᠲᠤᠭ᠎ᠠ ᠨᠢ 5 ᠲᠦᠮᠡᠨ ᠲᠥᠭᠦᠷᠢᠭ ᠪᠣᠯᠤᠨ᠎ᠠ᠃

374fb55d909630583b005840f7921b9.png

  ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠬᠠᠮᠲᠤᠷᠠᠨ ᠭᠠᠷᠭᠠᠵᠤ᠂ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠨ᠂ ︽ᠢᠲᠡᠭᠡᠮᠵᠢ ᠶᠢ ᠲᠦᠰᠢᠭᠯᠡᠬᠦ᠂ ᠪᠠᠷᠢᠴᠠᠭᠠᠯᠠᠬᠤ ᠥᠬᠡᠶ᠂ ᠳᠠᠭᠠᠭᠠᠯᠲᠠ ᠥᠬᠡᠶ᠂ ᠰᠦᠯᠵᠢᠶᠡᠨ ᠳᠡᠭᠡᠷ᠎ᠡ ᠭᠦᠢᠴᠡᠳᠬᠡᠬᠦ︾ ᠠᠷᠭ᠎ᠠ ᠮᠠᠶ᠋ᠢᠭ ᠢᠶᠠᠷ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠢᠭᠡᠯᠡᠯᠭᠡ ᠬᠠᠩᠭᠠᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠵᠦ᠂ ᠵᠢᠭᠡᠯᠡᠯᠭᠡ ᠭᠤᠶᠤᠴᠢᠯᠠᠬᠤ᠂ ᠭᠡᠷ᠎ᠡ ᠲᠣᠭᠲᠠᠬᠤ᠂ ᠵᠣᠭᠤᠰ ᠭᠠᠷᠭᠠᠨ ᠠᠪᠴᠤ ᠵᠣᠭᠤᠰ ᠬᠡᠷᠡᠭᠯᠡᠬᠦ ᠵᠡᠷᠭᠡ ᠭᠤᠭᠴᠤᠭ᠎ᠠ ᠪᠠᠷ ᠳᠡᠮᠵᠢᠨ᠂ ᠬᠢᠨᠠᠨ ᠵᠥᠪᠰᠢᠶᠡᠷᠡᠬᠦ ᠴᠠᠭ ᠤᠨ ᠤᠷᠳᠤ ᠨᠢ ᠰᠦᠯᠵᠢᠶᠡᠨ ᠭᠠᠳᠠᠨ᠎ᠠ 3 - 5 ᠠᠵᠢᠯᠯᠠᠬᠤ ᠡᠳᠦᠷ ᠪᠠᠶᠢᠭᠰᠠᠨ ᠠᠴᠠ ᠪᠠᠨ ᠬᠠᠮᠤᠭ ᠤᠨ ᠬᠤᠷᠳᠤᠨ ᠳᠤ ᠪᠠᠨ 30 ᠮᠢᠨᠦ᠋ᠲ ᠪᠣᠯᠵᠣ᠂ ᠢᠲᠡᠭᠡᠮᠵᠢ ᠪᠠᠷ ᠬᠦᠴᠦᠨ ᠣᠯᠭᠤᠬᠤ ᠠᠷᠭ᠎ᠠ ᠮᠠᠶ᠋ᠢᠭ ᠢᠶᠠᠷ ᠢᠲᠡᠭᠡᠮᠵᠢᠲᠦ ᠵᠢᠭᠡᠯᠡᠯᠭᠡ ᠶᠢᠨ ᠲᠡᠳᠬᠦᠮᠵᠢ ᠶᠢ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠨᠠᠮᠳᠠᠭᠤᠯᠪᠠ᠃

  ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢ ᠠᠮᠵᠢᠯᠲᠠ ᠲᠠᠢ ᠨᠠᠶᠢᠳᠠᠪᠤᠷᠢᠵᠢᠭᠤᠯᠤᠭᠰᠠᠨ ᠨᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ ᠤ ᠰᠢᠰᠲ᠋ᠧᠮ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠨᠠᠩ ᠭᠦᠨᠵᠡᠭᠡᠶ ᠦᠢᠯᠡᠳᠦᠯᠭᠡ ᠪᠣᠯᠤᠨ᠎ᠠ᠃

  ᠲᠠᠷᠠᠭᠠᠴᠢ ᠶᠢᠨ ᠠᠯᠬᠤᠮ ᠳᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠢᠲᠡᠭᠡᠮᠵᠢ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠢᠲᠡᠭᠡᠮᠵᠢ ᠪᠠᠷ ᠬᠦᠴᠦᠨ ᠣᠯᠭᠤᠬᠤ ᠲᠠᠯ᠎ᠠ ᠪᠠᠷ ᠬᠢ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃


ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
Baidu
map