|
ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠯ ᠤᠨ ᠮᠡᠷᠭᠡᠵᠢᠯ ᠤᠨ ᠵᠥᠪᠯᠡᠯ ᠵᠢᠩᠬᠢᠨᠢ ᠪᠠᠷ ᠪᠠᠶᠢᠭᠤᠯᠤᠭᠳᠠᠪᠠ |
|
ᠨᠡᠶᠢᠲᠡᠯᠡᠭᠰᠡᠨ ᠴᠠᠭ᠄
2024/3/28
|
3 ᠳ᠋ᠤᠭᠠᠷ ᠰᠠᠷ᠎ᠠ ᠶᠢᠨ 26 ᠤ ᠡᠳᠤᠷ᠂ ᠤᠷᠳᠤᠰ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠯ ᠤᠨ ᠮᠡᠷᠭᠡᠵᠢᠯ ᠤᠨ ᠵᠦᠪᠯᠡᠯ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠭᠤᠯᠪᠠ᠂ ᠡᠨᠡ ᠪᠣᠯ ᠤᠷᠳᠤᠰ ᠬᠤᠳᠠ ᠶᠢᠨ ᠠᠩᠬᠠᠳᠠᠬᠴᠢ ᠲᠤᠰᠬᠠᠢ ᠪᠠᠷᠢᠮᠵᠢᠶᠠᠵᠢᠯ ᠤᠨ ᠮᠡᠷᠭᠡᠵᠢᠯ ᠤᠨ ᠵᠦᠪᠯᠡᠯ ᠪᠤᠯᠬᠤ ᠪᠦᠭᠡᠳ ᠦᠪᠡᠷᠳᠡᠭᠡᠨ ᠵᠠᠰᠠᠬᠤ ᠤᠷᠤᠨ ᠤ ᠠᠩᠬᠠᠳᠠᠬᠴᠢ ᠠᠶᠢᠮᠠᠬ ᠬᠤᠳᠠ ᠶᠢᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠠᠨ ᠤ ᠪᠠᠷᠢᠮᠵᠢᠶᠠᠵᠢᠯ ᠤᠨ ᠮᠡᠷᠭᠡᠵᠢᠯ ᠤᠨ ᠵᠦᠪᠯᠡᠯ ᠪᠤᠯᠤᠨ᠎ᠠ᠃ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠯ ᠤᠨ ᠮᠡᠷᠭᠡᠵᠢᠯ ᠤᠨ ᠵᠥᠪᠯᠡᠯ ᠢ ᠪᠠᠶᠢᠭᠤᠯᠵᠤ ᠠᠵᠢᠯᠯᠠᠭᠤᠯᠤᠭᠰᠠᠨ ᠨᠢ᠂ ᠪᠠᠷᠢᠮᠵᠢᠶᠠᠵᠢᠯ ᠤᠨ ᠲᠤᠰᠬᠠᠶ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠭᠰᠡᠨ ᠤ ᠳᠠᠷᠠᠭᠠᠬᠢ ᠬᠠᠮᠢᠶ᠎ᠠ ᠪᠥᠬᠦᠶ ᠪᠠᠷᠢᠮᠵᠢᠶ᠎ᠠ ᠶᠢ ᠰᠤᠳᠤᠯᠤᠨ ᠦᠢᠯᠡᠳᠬᠦ ᠪᠠ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠡᠯ᠎ᠡ ᠲᠤᠰᠬᠠᠶ ᠮᠡᠷᠭᠡᠵᠢᠯ ᠤᠨ ᠬᠦᠷᠢᠶ᠎ᠡ ᠶᠢ ᠬᠠᠮᠤᠷᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯᠯᠠᠭ᠎ᠠ ᠶᠢ ᠵᠢᠷᠤᠮᠵᠢᠭᠤᠯᠤᠨ ᠵᠢᠯᠣᠭᠤᠳᠴᠤ᠂ ᠣᠷᠳᠣᠰ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠷᠢᠮᠵᠢᠶᠠᠵᠢᠯ ᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃ |
|
|
|
ᠢᠷᠡᠯᠲᠡ᠄
ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
|