|
ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠲᠡᠭᠡᠮᠵᠢ +︾ ᠬᠡᠷᠡᠭᠯᠡᠭᠡᠨ ᠤ ᠲᠠᠯᠠᠪᠤᠷ ᠢᠶᠠᠨ ᠰᠢᠨ᠎ᠡ ᠪᠠᠷ ᠡᠭᠦᠳᠦᠨ ᠥᠷᠭᠡᠳᠬᠡᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ |
|
ᠨᠡᠶᠢᠲᠡᠯᠡᠭᠰᠡᠨ ᠴᠠᠭ᠄
2024/4/19
|
ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠦᠨᠡᠨᠴᠢ ᠢᠲᠡᠭᠡᠮᠵᠢᠲᠡᠶ ᠲᠦᠩᠯᠢᠶᠣᠤ︾ ᠶᠢᠨ ᠪᠠᠶᠢᠭᠤᠯᠤᠯᠲᠠ ᠶᠢ ᠦᠷᠭᠦᠯᠵᠢᠯᠡᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠶᠠᠪᠤᠴᠠ ᠳᠤ᠂ ︽ᠢᠲᠡᠭᠡᠮᠵᠢ +︾ ᠬᠡᠷᠡᠭᠯᠡᠭᠡᠨ ᠤ ᠲᠠᠯᠠᠪᠤᠷ ᠢ ᠲᠠᠰᠤᠷᠠᠯᠲᠠ ᠥᠬᠡᠶ ᠰᠢᠨ᠎ᠡ ᠶᠢ ᠡᠭᠦᠳᠦᠨ ᠥᠷᠭᠡᠳᠬᠡᠵᠦ᠂ ᠪᠥᠬᠦ ᠬᠤᠲᠠ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠤᠬᠠᠮᠰᠠᠷ ᠢ ᠳᠡᠭᠡᠭᠰᠢᠯᠡᠭᠦᠯᠦᠨ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠲᠣᠭᠲᠠᠴᠠ ᠶᠢ ᠪᠦᠲᠦᠮᠵᠢᠲᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ ᠨᠢᠭᠡ ᠲᠠᠯ᠎ᠠ ᠪᠠᠷ᠂ ᠢᠲᠡᠭᠡᠮᠵᠢ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢ ᠳᠡᠯᠭᠡᠷᠡᠭᠦᠯᠦᠨ᠂ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠵᠤ᠂ ᠢᠲᠡᠭᠡᠮᠵᠢ ᠶᠢ ᠲᠦᠰᠢᠭᠯᠡᠬᠦ᠂ ᠪᠠᠷᠢᠴᠠᠭ᠎ᠠ ᠦᠭᠡᠢ᠂ ᠳᠠᠭᠠᠭᠠᠯᠲᠠ ᠦᠭᠡᠢ᠂ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠮᠠᠶ᠋ᠢᠭ ᠢ ᠠᠪᠴᠤ᠂ ᠬᠠᠮᠤᠭ ᠤᠨ ᠲᠦᠷᠭᠡᠨ ᠳᠤ ᠪᠠᠨ 30 ᠮᠢᠨᠦ᠋ᠲ ᠲᠤ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠡᠭᠦᠨ ᠢᠶᠠᠷ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠨᠠᠮᠳᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠡᠢ᠃ ᠣᠲᠣ ᠪᠣᠯᠲᠠᠯ᠎ᠠ᠂ ᠲᠦᠩᠯᠢᠶᠣᠤ ᠬᠤᠲᠠ ᠶᠢᠨ ᠢᠲᠡᠭᠡᠮᠵᠢ ᠣᠯᠭᠤᠬᠤ ᠵᠢᠭᠡᠯᠡᠯᠭᠡ ᠶᠢᠨ ᠡᠷᠦᠬᠡ 104 ᠪᠠᠶᠢᠵᠤ᠂ ᠵᠢᠭᠡᠯᠡᠯᠭᠡ ᠶᠢᠨ ᠪᠥᠬᠦ ᠲᠤᠭ᠎ᠠ ᠨᠢ 3616.39 ᠲᠦᠮᠡᠨ ᠲᠥᠭᠦᠷᠢᠭ ᠪᠣᠯᠤᠨ᠎ᠠ᠃ ᠨᠥᠭᠦᠭᠡ ᠲᠠᠯ᠎ᠠ ᠪᠠᠷ᠂ ᠢᠲᠡᠭᠡᠮᠵᠢ ᠶᠢ ᠰᠡᠷᠭᠦᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠠᠬᠤᠶᠢᠯᠠᠯ ᠤᠨ ᠰᠢᠨ᠎ᠡ ᠳᠦᠷᠢ ᠲᠥᠷᠬᠦ ᠶᠢ ᠳᠠᠬᠢᠨ ᠪᠣᠶ ᠪᠣᠯᠭᠠᠵᠤ᠂ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠳᠤ ᠢᠲᠡᠭᠡᠯ ᠠᠯᠳᠠᠭᠰᠠᠨ ᠮᠡᠳᠡᠭᠡ ᠵᠠᠩᠭᠢ ᠶᠢ ᠠᠯᠢ ᠲᠦᠷᠭᠡᠨ ᠢᠶᠠᠷ ᠵᠠᠰᠠᠨ ᠰᠡᠷᠭᠦᠭᠡᠵᠦ᠂ ᠢᠲᠡᠭᠡᠯ ᠠᠯᠳᠠᠭᠰᠠᠨ ᠠᠴᠠ ᠪᠣᠯᠤᠭᠰᠠᠨ ᠨᠠᠵᠠᠭᠠᠶ ᠨᠥᠯᠥᠭᠡ ᠶᠢ ᠪᠠᠭᠤᠷᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠵᠠᠰᠠᠨ ᠰᠡᠷᠭᠦᠭᠡᠬᠦ ︽ᠬᠤᠤᠰ ᠵᠠᠮ︾ ᠢ ᠨᠡᠭᠡᠭᠡᠵᠦ᠂ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠠᠵᠤ ᠠᠬᠤᠶᠢᠯᠠᠯ ᠳᠤ ᠬᠠᠤᠯᠢ ᠲᠣᠭᠲᠠᠭᠠᠯ ᠶᠣᠰᠣᠭᠠᠷ ︽ᠵᠠᠰᠠᠵᠤ ᠳᠡᠶᠢᠯᠬᠦ ᠶᠢ ᠨᠢ ᠴᠥᠮ ᠵᠠᠰᠠᠵᠤ᠂ ᠵᠠᠰᠠᠪᠠᠰᠤ ᠵᠣᠬᠢᠬᠤ ᠶᠢ ᠨᠢ ᠵᠠᠪᠠᠯ ᠵᠠᠰᠠᠬᠤ︾ ᠶᠢ ᠪᠡᠶᠡᠯᠡᠭᠦᠯᠪᠡ᠃ ᠵᠢᠯ ᠤᠨ ᠡᠬᠢᠨ ᠠᠴᠠ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 46 ᠠᠵᠤ ᠠᠬᠤᠶᠢᠯᠠᠯ ᠢ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠵᠤ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠵᠢᠭᠰᠠᠭᠠᠯᠲᠠ ᠶᠢᠨ 3 ᠠᠵᠤ ᠠᠬᠤᠶᠢᠯᠠᠯ ᠢ ᠰᠢᠯᠵᠢᠭᠦᠯᠦᠨ ᠭᠠᠷᠭᠠᠪᠠ᠃ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠢᠲᠡᠭᠡᠮᠵᠢ +︾ ᠬᠡᠷᠡᠭᠯᠡᠭᠡᠨ ᠤ ᠲᠠᠯᠠᠪᠤᠷ ᠢ ᠦᠷᠭᠦᠯᠵᠢᠯᠡᠨ ᠥᠷᠭᠡᠳᠬᠡᠵᠦ᠂ ᠦᠨᠡᠨᠴᠢ ᠢᠲᠡᠭᠡᠮᠵᠢ ᠶᠢᠨ ᠭᠤᠤᠯ ᠴᠣᠭᠴᠠ ᠶᠢ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃ |
|
|
|
ᠢᠷᠡᠯᠲᠡ᠄
ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
|