ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠨᠢᠭᠡᠳᠦᠭᠡᠷ ᠤᠯᠠᠷᠢᠯ ᠤᠨ ᠪᠥᠬᠦ ᠤᠯᠤᠰ ᠤᠨ 12315 ᠲᠠᠪᠴᠠᠩ ᠤᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠠᠷᠢᠮᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/4/25

ᠨᠢᠭᠡ᠂ ᠦᠨᠳᠦᠰᠦᠨ ᠪᠠᠶᠢᠳᠠᠯ

    2024 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠶᠢ ᠨᠡᠶᠢᠲᠡ 86991 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 7.23% ᠪᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 35724 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 41.07% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 21.05% ᠪᠠᠷ ᠨᠡᠮᠡᠭᠳᠡᠪᠡ︔ ᠢᠯᠡᠴᠢᠯᠡᠨ ᠮᠡᠳᠡᠭᠦᠯᠦᠯᠲᠡ 7691 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 8.84% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 23.39% ᠪᠠᠷ ᠨᠡᠮᠡᠭᠳᠡᠪᠡ᠃  ᠯᠠᠪᠯᠠᠭ᠎ᠠ 43576 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 50.09% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.97% ᠪᠠᠷ ᠪᠠᠭᠤᠷᠠᠪᠠ᠃ ᠮᠠᠷᠭᠤᠯᠳᠤᠭᠠᠨ ᠳᠤ ᠬᠤᠯᠪᠣᠭᠳᠠᠭᠰᠠᠨ ᠵᠣᠭᠤᠰ ᠤᠨ ᠲᠤᠭ᠎ᠠ 4089.93 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 1157.33 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠨᠢᠭᠡᠨᠲᠡ 38447 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 88.56% ᠳᠤ ᠬᠥᠷᠪᠡ᠃
    

    2024 ᠣᠨ ᠤ ᠨᠢᠭᠡᠳᠦᠭᠡᠷ ᠤᠯᠠᠷᠢᠯ ᠳᠤ ᠪᠥᠬᠦ ᠣᠷᠣᠨ ᠤ 12315 ᠭᠥᠯᠢᠶᠡᠨ ᠠᠪᠤᠭᠰᠠᠨ ᠬᠡᠮᠵᠢᠶᠡᠨ ᠤ ᠠᠳᠠᠯᠢ ᠬᠤᠭᠤᠴᠠᠭᠠᠨ ᠤ ᠬᠠᠷᠢᠴᠠᠭᠤᠯᠤᠯ ᠤᠨ ᠵᠢᠷᠤᠭ᠄
    

2.1.png

ᠡᠯ᠎ᠡ ᠠᠶᠢᠮᠠᠭ ᠬᠤᠲᠠ ᠶᠢᠨ ᠬᠦᠯᠢᠶᠡᠨ ᠠᠪᠤᠭᠰᠠᠨ ᠬᠡᠮᠵᠢᠶ᠎ᠡ ᠶᠢᠨ ᠪᠦᠷᠢᠳᠬᠡᠯ ᠤᠨ ᠬᠦᠰᠦᠨᠦᠭᠲᠦ ︵ᠨᠢᠭᠡᠴᠢ᠄ ᠬᠤᠪᠢ︶


1.png

 

ᠬᠦᠯᠢᠶᠡᠨ ᠠᠪᠤᠭᠰᠠᠨ ᠶᠡᠷᠦᠩᠬᠡᠢ ᠬᠡᠮᠵᠢᠶ᠎ᠡ ᠶᠢᠨ ᠡᠮᠦᠨ᠎ᠡ ᠭᠤᠷᠪᠠ ᠳᠤ ᠪᠠᠶᠢᠭ᠎ᠠ ᠬᠥᠬᠡᠬᠤᠳᠠ 13503 ᠬᠤᠪᠢ᠂ ᠪᠤᠭᠤᠲᠤ ᠬᠤᠳᠠ 12641 ᠬᠤᠪᠢ᠂ ᠤᠯᠠᠭᠠᠨᠬᠠᠳᠠ ᠬᠤᠳᠠ 8102 ᠬᠤᠪᠢ ᠪᠤᠢ᠃ ᠡᠯ᠎ᠡ ᠵᠦᠢᠯ ᠤᠨ ᠲᠤᠭ᠎ᠠ ᠪᠠᠷᠢᠮᠲᠠ ᠶᠢᠨ ᠳᠣᠲᠣᠷ᠎ᠠ᠂ ᠵᠠᠭᠠᠯᠳᠤᠯᠭ᠎ᠠ ᠶᠢᠨ ᠲᠤᠭ᠎ᠠ ᠬᠡᠮᠵᠢᠶ᠎ᠡ ᠶᠢᠨ ᠡᠮᠦᠨ᠎ᠡ ᠭᠤᠷᠪᠠ ᠳᠤ ᠵᠢᠭᠰᠠᠭᠠᠭᠰᠠᠨ ᠨᠢ ᠬᠥᠬᠡᠬᠤᠲᠠ 10971 ᠬᠤᠪᠢ᠂ ᠤᠯᠠᠭᠠᠨᠬᠠᠳᠠ ᠬᠤᠲᠠ 7287 ᠬᠤᠪᠢ᠂ ᠪᠤᠭᠤᠲᠤ ᠬᠤᠲᠠ 5342 ᠬᠤᠪᠢ᠂ ᠢᠯᠡᠴᠢᠯᠡᠨ ᠮᠡᠳᠡᠭᠦᠯᠦᠭᠰᠡᠨ ᠲᠤᠭ᠎ᠠ ᠬᠡᠮᠵᠢᠶ᠎ᠡ ᠶᠢᠨ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢ ᠬᠥᠬᠡᠬᠤᠲᠠ 2531 ᠬᠤᠪᠢ᠂ ᠪᠤᠭᠤᠲᠤ ᠬᠤᠲᠠ 1092 ᠬᠤᠪᠢ᠂ ᠤᠯᠠᠭᠠᠨᠬᠠᠳᠠ ᠬᠤᠲᠠ 785 ᠬᠤᠪᠢ ᠪᠣᠶ᠃

ᠬᠦᠯᠢᠶᠡᠨ ᠠᠪᠤᠭᠰᠠᠨ ᠬᠡᠮᠵᠢᠶ᠎ᠡ ᠶᠢ ᠰᠠᠷ᠎ᠠ ᠪᠠᠷ ᠪᠣᠳᠣᠭᠰᠠᠨ ᠪᠦᠷᠢᠳᠬᠡᠯ᠄
 

2.2.png  


ᠬᠦᠯᠢᠶᠡᠨ ᠠᠪᠤᠭᠰᠠᠨ ᠬᠡᠮᠵᠢᠶ᠎ᠡ ᠨᠢ ᠰᠠᠷ᠎ᠠ ᠪᠦᠷᠢ ᠶᠡᠷᠦᠩᠬᠡᠶ ᠳᠡᠭᠡᠨ ᠤᠷᠢᠳᠠᠪᠠᠷ ᠪᠠᠭᠤᠷᠠᠵᠤ ᠳᠠᠷᠠᠭ᠎ᠠ ᠨᠢ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ 2 ᠳ᠋ᠤᠭᠠᠷ ᠰᠠᠷ᠎ᠠ ᠳᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠨᠥᠯᠥᠭᠡ ᠠᠴᠠ ᠪᠣᠯᠵᠤ᠂ ᠶᠡᠷᠦᠩᠬᠡᠶ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠨᠡᠯᠢᠶᠡᠳ ᠴᠥᠭᠡᠨ ᠪᠠᠶᠢᠨ᠎ᠠ︔ 3 ᠳ᠋ᠤᠭᠠᠷ ᠰᠠᠷ᠎ᠠ ᠳᠤ ︽3 · 15︾ ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠨᠥᠯᠥᠭᠡ ᠠᠴᠠ ᠪᠣᠯᠵᠣ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠰᠠᠭᠤᠨ ᠯᠠᠪᠯᠠᠬᠤ ᠬᠡᠮᠵᠢᠶ᠎ᠡ ᠴᠥᠮ ᠨᠡᠮᠡᠭᠳᠡᠪᠡ᠃

ᠬᠤᠶᠠᠷ᠂ ᠵᠠᠭᠠᠯᠳᠤᠭᠰᠠᠨ ᠪᠠᠶᠢᠳᠠᠯ ᠤᠨ ᠲᠤᠭ᠎ᠠ ᠪᠦᠷᠢᠳᠭᠡᠯ ᠤᠨ ᠵᠠᠳᠠᠯᠤᠯᠲᠠ

    ᠵᠠᠭᠠᠯᠳᠤᠯᠭ᠎ᠠ ᠶᠢ 35724 ᠬᠤᠪᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 21.05% ᠨᠡᠮᠡᠭᠳᠡᠪᠡ᠃ ᠡᠭᠦᠨ ᠳᠤ ᠲᠠᠸᠠᠷ ᠤᠨ ᠲᠥᠷᠥᠯ 20882 ᠬᠤᠪᠢ᠂ ᠦᠢᠯᠡᠴᠢᠯᠡᠭᠡᠨ ᠤ ᠲᠥᠷᠥᠯ 14842 ᠬᠤᠪᠢ ᠪᠤᠢ᠃ ᠵᠠᠭᠠᠯᠳᠤᠯᠭ᠎ᠠ ᠳᠤ ᠬᠤᠯᠪᠣᠭᠳᠠᠭᠰᠠᠨ ᠮᠠᠷᠭᠤᠯᠳᠤᠭᠠᠨ ᠤ ᠵᠣᠭᠤᠰ ᠤᠨ ᠲᠤᠭ᠎ᠠ 4089.93 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 1157.33 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ 2024 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ ᠵᠠᠭᠠᠯᠳᠤᠯᠭ᠎ᠠ ᠶᠢ ᠨᠢᠭᠡᠨᠲᠡ 31837 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 89.12% ᠲᠤ ᠬᠦᠷᠴᠡᠢ᠃

ᠬᠡᠷᠡᠭᠯᠡᠭᠡᠨ ᠤ ᠲᠥᠷᠥᠯ ᠢᠯᠭᠠᠯ ᠢᠶᠠᠷ ᠬᠤᠪᠢᠶᠠᠭᠰᠠᠨ ᠬᠦᠰᠦᠨᠦᠭᠲᠦ ︵ᠨᠢᠭᠡ︶ ︵ᠬᠤᠶᠠᠷ︶᠃

︵ᠨᠢᠭᠡ︶ ᠲᠠᠸᠠᠷ ᠤᠨ ᠲᠥᠷᠥᠯ ᠳᠤ ᠬᠤᠯᠪᠣᠭᠳᠠᠬᠤ ︵ᠨᠢᠭᠡᠴᠢ᠄ ᠬᠤᠪᠢ︶

 

 2.png

ᠲᠠᠸᠠᠷ ᠤᠨ ᠲᠥᠷᠥᠯ ᠤᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 34.38% ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠵᠦᠢᠯ ᠪᠣᠯ ᠲᠤᠰ ᠪᠦᠷᠢ ᠢᠳᠡᠭᠡᠨ 9 079 ᠬᠤᠪᠢ᠂ ᠬᠤᠪᠴᠠᠰᠤ ᠬᠤᠨᠠᠷ 2239 ᠬᠤᠪᠢ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 1 510 ᠬᠤᠪᠢ᠂ ᠭᠡᠷ ᠤᠨ ᠡᠳ᠋ᠯᠡᠯ ᠬᠡᠷᠡᠭᠰᠡᠯ 1 137 ᠬᠤᠪᠢ᠂ ᠵᠠᠰᠠᠯ ᠵᠢᠮᠰᠡᠭ 773 ᠬᠤᠪᠢ ᠪᠣᠢ᠃

ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠶᠡᠭᠡ ᠲᠥᠷᠥᠯ ᠨᠢ ᠲᠠᠸᠠᠷ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠠᠷᠢᠴᠠᠯ᠄
  

2.3.png  

ᠲᠠᠸᠠᠷ ᠤᠨ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠ ᠳᠤ ᠡᠩ ᠤᠨ ᠬᠡᠷᠡᠭᠯᠡᠭᠡᠨ ᠤ ᠲᠡᠷᠭᠡ 983 ᠬᠤᠪᠢ᠂ ᠭᠠᠷ ᠤᠲᠠᠰᠤ 573 ᠬᠤᠪᠢ᠂ ᠠᠮᠤ ᠭᠤᠯᠢᠷ ᠵᠢᠴᠢ ᠲᠡᠭᠦᠨ ᠤ ᠪᠦᠲᠦᠭᠡᠭᠳᠡᠬᠦᠨ ︵ᠥᠪᠡᠷᠲᠡᠭᠡᠨ ᠦᠢᠯᠡᠳᠦᠭᠰᠡᠨ︶ 443 ᠬᠤᠪᠢ᠂ ᠮᠢᠬᠠᠨ ᠤ ᠪᠦᠲᠦᠭᠡᠭᠳᠡᠬᠦᠨ ︵ᠥᠪᠡᠷᠲᠡᠭᠡᠨ ᠦᠢᠯᠡᠳᠦᠭᠰᠡᠨ︶ 409 ᠬᠤᠪᠢ᠂ ᠥᠳᠥᠨ ᠬᠤᠪᠴᠠᠰᠤ 363 ᠬᠤᠪᠢ᠂ ᠪᠣᠷᠴᠠ ᠶᠢᠨ ᠲᠥᠷᠥᠯ 344 ᠬᠤᠪᠢ᠂ ᠠᠷᠠᠰᠤᠨ ᠱᠠᠬᠠᠶ 269 ᠬᠤᠪᠢ᠂ ᠬᠥᠳᠡᠯᠭᠡᠭᠡᠨ ᠤ ᠱᠠᠬᠠᠶ 267 ᠬᠤᠪᠢ᠂ ᠣᠨᠴᠠᠭᠠᠶ ᠪᠤᠰᠤ ᠬᠡᠷᠡᠭᠴᠡᠭᠡᠨ ᠤ ᠵᠠᠰᠠᠯ ᠴᠢᠮᠡᠭᠯᠡᠯ ᠤᠨ ᠡᠳ᠋ 258 ᠬᠤᠪᠢ᠂ ᠰᠢᠵᠢᠷ ᠠᠯᠳᠠᠨ ᠡᠯᠭᠦᠭᠡ ᠲᠣᠨᠤᠭ ᠵᠠᠰᠠᠯ ᠵᠢᠮᠰᠡᠭ 255 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ ᠵᠦᠢᠯ︾ ᠢ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠬᠤ ᠦᠭᠡᠢ︶ ᠪᠠᠶᠢᠵᠤ᠂ ᠬᠤᠳᠠᠯᠳᠤᠭᠠᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 19.94% ᠶᠢ ᠡᠵᠡᠯᠡᠪᠡ᠃

ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠶᠡᠭᠡ ᠲᠥᠷᠥᠯ ᠪᠠ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢ᠄ ᠢᠳᠡᠭᠡᠨ᠂ ᠬᠤᠪᠴᠠᠰᠤ ᠬᠤᠨᠠᠷ ᠱᠠᠬᠠᠶ ᠮᠠᠯᠠᠭᠠᠶ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ᠂ ᠬᠡᠷ ᠤᠨ ᠡᠳ᠋ᠯᠡᠯ ᠬᠡᠷᠡᠭᠰᠡᠯ᠂ ᠵᠠᠰᠠᠯ ᠵᠢᠮᠰᠡᠭ ᠨᠢ ᠮᠥᠨ ᠬᠦ ᠲᠠᠸᠠᠷ ᠤᠨ ᠶᠡᠭᠡ ᠲᠥᠷᠥᠯ ᠤᠨ ᠵᠠᠭᠠᠯᠳᠤᠯᠭ᠎ᠠ ᠶᠢᠨ ᠲᠦᠷᠦᠭᠦᠤ ᠲᠠᠪᠤᠨ ᠨᠡᠷᠡᠰ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 55.33%᠂ 37.19%᠂ 17.78%᠂ 17.7%᠂ 16.42% ᠢᠶᠠᠷ ᠨᠡᠮᠡᠭᠳᠡᠪᠡ᠃ ᠢᠳᠡᠭᠡᠨ ᠤ ᠲᠥᠷᠥᠯ ᠤᠨ ᠵᠠᠭᠠᠯᠳᠤᠯᠭ᠎ᠠ ᠨᠢ ᠮᠥᠨ ᠬᠦ ᠵᠠᠭᠠᠯᠳᠤᠯᠭ᠎ᠠ ᠶᠢᠨ ᠭᠤᠤᠯᠳᠠᠯᠭ᠎ᠠ ᠪᠠᠶᠢᠵᠤ᠂ ᠭᠤᠤᠯ ᠠᠰᠠᠭᠤᠳᠠᠯ ᠨᠢ ᠦᠨ᠎ᠡ ᠬᠠᠩᠰᠢ᠂ ᠬᠤᠳᠠᠯ ᠬᠠᠭᠤᠷᠮᠠᠭ ᠴᠢᠨᠠᠷ ᠮᠠᠭᠤ᠂ ᠬᠤᠳᠠᠯ ᠬᠠᠭᠤᠷᠮᠠᠭ ᠤᠬᠠᠭᠤᠯᠭ᠎ᠠ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠵᠡᠷᠭᠡ ᠪᠣᠯᠤᠨ᠎ᠠ᠂ ᠵᠢᠱᠢᠶᠡᠯᠡᠪᠡᠯ ᠢᠳᠡᠭᠡᠨ ᠤ ᠪᠣᠭᠤᠳᠠᠯ ᠤᠨ ᠳᠣᠲᠣᠷ᠎ᠠ ᠣᠨᠳᠣᠤ ᠶᠠᠭᠤᠮ᠎ᠠ ︵ᠬᠤᠷᠣᠬᠠᠶ᠂ ᠬᠤᠯᠢᠴᠠ︶ ᠲᠠᠢ᠂ ᠬᠤᠭᠤᠴᠠᠭ᠎ᠠ ᠨᠢ ᠥᠩᠭᠡᠷᠡᠭᠰᠡᠨ ᠴᠢᠨᠠᠷ ᠨᠢ ᠬᠤᠪᠢᠷᠬᠠᠰᠠᠨ ᠢᠳᠡᠭᠡᠨ ᠢ ᠪᠣᠷᠣᠯᠠᠭᠤᠯᠤᠭᠰᠠᠨ᠂ ᠦᠢᠯᠡᠳᠬᠦᠨ ᠤ ᠪᠣᠭᠤᠳᠠᠯ ᠤᠨ ᠱᠣᠰᠢᠭ᠎ᠠ ᠲᠡᠮᠳᠡᠭ ᠪᠠ ᠵᠠᠷ ᠮᠡᠳᠡᠭᠡᠨ ᠤ ᠤᠬᠠᠭᠤᠯᠭ᠎ᠠ ᠶᠢᠨ ᠦᠭᠡᠨ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭᠯᠡᠭᠡᠨ ᠤ ᠦᠭᠡ ᠵᠡᠷᠭᠡ ᠪᠠᠭᠲᠠᠨ᠎ᠠ᠃ ᠢᠳᠡᠭᠡᠨ ᠤ ᠠᠮᠤᠷ ᠲᠦᠪᠰᠢᠨ ᠨᠢ ᠬᠡᠷᠡᠭᠯᠡᠭᠴᠢᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠬᠡᠷᠡᠭᠯᠡᠭᠴᠢᠳ ᠵᠢᠩᠬᠢᠨᠢ ᠠᠷᠭ᠎ᠠ ᠵᠠᠮ ᠢᠶᠠᠷ ᠢᠳᠡᠭᠡᠨ ᠬᠤᠳᠠᠯᠳᠤᠨ ᠠᠪᠬᠤ ᠶᠢᠨ ᠬᠠᠮᠲᠤ ᠪᠠᠷᠢᠮᠲᠠ᠂ ᠪᠠᠷᠠᠭ᠎ᠠ ᠬᠤᠳᠠᠯᠳᠤᠨ ᠠᠪᠬᠤ ᠵᠢᠵᠢᠭ ᠪᠠᠷᠢᠮᠲᠠ ᠵᠡᠷᠭᠡ ᠭᠡᠷᠡᠴᠢ ᠪᠠᠷᠢᠮᠲᠠ ᠠᠪᠬᠤ ᠬᠡᠷᠡᠭᠲᠡᠶ᠃ ᠬᠤᠳᠠᠯᠳᠤᠨ ᠠᠪᠬᠤ ᠳᠠᠭᠠᠨ ᠢᠳᠡᠭᠡᠨ ᠤ ᠪᠣᠭᠤᠳᠠᠯ ᠤᠨ ᠲᠡᠮᠳᠡᠭ ᠨᠢ ᠪᠦᠷᠢᠨ ᠭᠦᠢᠴᠡᠳ ᠪᠠᠶᠢᠬᠤ ᠡᠰᠡᠬᠦ ᠶᠢ ᠠᠩᠬᠠᠷᠤᠨ ᠪᠠᠶᠢᠴᠠᠭᠠᠨ ᠦᠵᠡᠵᠦ᠂ ᠢᠳᠡᠭᠡᠨ ᠤ ᠭᠠᠳᠠᠷ ᠪᠣᠭᠤᠳᠠᠯ ᠨᠢ ᠲᠠᠸᠠᠷ ᠤᠨ ᠨᠡᠷᠡᠶᠢᠳᠦᠯ᠂ ᠮᠠᠲ᠋ᠧᠷᠢᠶᠠᠯ ᠤᠨ ᠬᠦᠰᠦᠨᠦᠭ᠂ ᠴᠡᠪᠡᠷ ᠠᠭᠤᠯᠤᠭᠳᠠᠴᠠ᠂ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ᠂ ᠤᠲᠠᠰᠤ᠂ ᠦᠢᠯᠡᠳᠬᠦᠨ ᠤ ᠪᠠᠷᠢᠮᠵᠢᠶ᠎ᠠ ᠶᠢᠨ ᠳ᠋ᠤᠭᠠᠷ ᠵᠡᠷᠭᠡ ᠠᠭᠤᠯᠭ᠎ᠠ ᠶᠢ ᠲᠣᠳᠣᠷᠬᠠᠶᠢᠯᠠᠭᠰᠠᠨ ᠡᠰᠡᠬᠦ ᠶᠢ ᠠᠩᠬᠠᠷᠬᠤ ᠬᠡᠷᠡᠭᠲᠡᠢ᠃ ᠢᠳᠡᠭᠡᠨ ᠤ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠣᠯᠤᠨ ᠴᠢᠨᠠᠷ ᠢ ᠪᠠᠲᠤᠯᠠᠬᠤ ᠬᠤᠭᠤᠴᠠᠭ᠎ᠠ ᠶᠢ ᠠᠩᠬᠠᠷᠬᠤ ᠬᠡᠷᠡᠭᠲᠡᠢ᠃ ᠰᠤᠯᠠ ᠰᠠᠪᠠᠯᠠᠬᠤ ᠢᠳᠡᠭᠡᠨ ᠬᠤᠳᠠᠯᠳᠤᠨ ᠠᠪᠬᠤ ᠳᠠᠭᠠᠨ ᠰᠤᠯᠠ ᠰᠠᠪᠠᠯᠠᠬᠤ ᠢᠳᠡᠭᠡᠨ ᠡᠵᠡᠩᠨᠡᠭᠴᠢ ᠶᠢᠨ ᠡᠷᠡᠭᠦᠯ ᠬᠠᠮᠠᠭᠠᠯᠠᠯ ᠤᠨ ᠪᠠᠶᠢᠳᠠᠯ ᠂ ᠡᠵᠡᠩᠨᠡᠭᠴᠢ ᠳᠤ ᠡᠷᠡᠭᠦᠯ ᠮᠡᠨᠳᠦ ᠶᠢᠨ ᠦᠨᠡᠮᠯᠡᠯ ᠪᠠᠶᠢᠬᠤ ᠡᠰᠡᠬᠦ᠂ ᠡᠷᠡᠭᠦᠯ ᠬᠠᠮᠠᠭᠠᠯᠠᠯ ᠤᠨ ᠬᠢᠷᠢ ᠲᠡᠩᠴᠡᠭᠰᠡᠨ ᠦᠨᠡᠮᠯᠡᠯ ᠵᠡᠷᠭᠡ ᠬᠠᠮᠢᠶ᠎ᠠ ᠪᠦᠬᠦᠢ ᠭᠡᠷᠡᠴᠢ ᠦᠨᠡᠮᠯᠡᠯ ᠪᠠᠶᠢᠵᠤ᠂ ᠢᠯᠠᠭ᠎ᠠ ᠶᠢ ᠰᠡᠷᠭᠡᠶᠢᠯᠡᠬᠦ ᠲᠣᠭᠤᠰᠣ ᠰᠡᠷᠭᠡᠶᠢᠯᠡᠬᠦ ᠪᠡᠯᠡᠳᠬᠡᠮᠵᠢ ᠪᠠᠶᠢᠬᠤ ᠡᠰᠡᠬᠦ ᠶᠢ ᠠᠩᠬᠠᠷᠬᠤ ᠬᠡᠷᠡᠭᠲᠡᠶ᠃ ᠮᠢᠬᠠᠨ ᠤ ᠵᠦᠢᠯ᠂ ᠳᠠᠪᠤᠰᠤᠯᠠᠭᠰᠠᠨ ᠪᠦᠲᠦᠭᠡᠭᠳᠡᠬᠦᠨ ᠬᠤᠳᠠᠯᠳᠤᠨ ᠠᠪᠬᠤ ᠳᠤ ᠬᠠᠮᠤᠭ ᠤᠨ ᠰᠠᠶᠢᠨ ᠨᠢ ᠵᠢᠷᠤᠮᠵᠢᠯ ᠲᠠᠢ᠂ ᠲᠣᠭᠲᠠᠮᠠᠯ ᠵᠠᠬ᠎ᠠ ᠳᠡᠯᠭᠡᠭᠦᠷ ᠪᠤᠶᠤ ᠡᠭᠦᠳᠡᠨ ᠳᠡᠯᠭᠡᠭᠦᠷ ᠠᠴᠠ ᠬᠤᠳᠠᠯᠳᠤᠨ ᠠᠪᠴᠤ᠂ ᠨᠡᠭᠦᠳᠡᠯ ᠬᠤᠳᠠᠯᠳᠤᠭᠠᠴᠢᠨ ᠠᠴᠠ ︵ᠲᠣᠭᠲᠠᠮᠠᠯ ᠡᠵᠡᠩᠨᠡᠯᠲᠡ ᠶᠢᠨ ᠭᠠᠵᠠᠷ ᠦᠭᠡᠢ᠂ ᠲᠡᠷᠭᠡ ᠲᠦᠯᠬᠢᠵᠦ ᠪᠣᠷᠣᠯᠠᠭᠤᠯᠤᠨ ᠬᠤᠳᠠᠯᠳᠤᠬᠤ︶ ᠪᠣᠯᠭᠤᠮᠵᠢᠲᠠᠢ ᠢᠳᠡᠭᠡᠨ ᠬᠤᠳᠠᠯᠳᠤᠨ ᠠᠪᠬᠤ ᠬᠡᠷᠡᠭᠲᠡᠶ᠃

︵ᠨᠢᠭᠡ︶ ᠦᠢᠯᠡᠴᠢᠯᠡᠭᠡᠨ ᠤ ᠲᠥᠷᠥᠯ ᠳᠤ ᠬᠤᠯᠪᠣᠭᠳᠠᠬᠤ ︵ᠨᠢᠭᠡᠴᠢ᠄ ᠬᠤᠪᠢ︶

 

3.png

ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 6.22% ᠪᠠᠷ ᠨᠡᠮᠡᠭᠳᠡᠵᠦ᠂ ᠵᠠᠭᠠᠯᠳᠤᠯᠭ᠎ᠠ ᠶᠢᠨ ᠬᠡᠮᠵᠢᠶ᠎ᠡ ᠶᠢᠨ ᠡᠮᠦᠨ᠎ᠡ ᠲᠠᠪᠤ ᠳᠤ ᠵᠢᠭᠰᠠᠭᠠᠭᠳᠠᠭᠰᠠᠨ ᠨᠢ ᠲᠣᠰ ᠲᠣᠰ ᠢᠳᠡᠭᠡᠨ ᠤᠮᠳᠠᠭᠠᠨ ᠪᠠ ᠬᠤᠨᠣᠭᠯᠠᠬᠤ ᠦᠢᠯᠡᠴᠢᠯᠡᠭᠡ 3161 ᠬᠤᠪᠢ᠂ ᠪᠣᠷᠣᠯᠠᠭᠤᠯᠬᠤ ᠦᠢᠯᠡᠴᠢᠯᠡᠭᠡ 2960 ᠬᠤᠪᠢ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠶᠢᠨ ᠦᠢᠯᠡᠴᠢᠯᠡᠭᠡ 1229 ᠬᠤᠪᠢ᠂ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 1073 ᠬᠤᠪᠢ᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 933 ᠬᠤᠪᠢ ᠪᠤᠢ᠃

ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠶᠡᠭᠡ ᠲᠥᠷᠥᠯ ᠤᠨ ᠦᠢᠯᠡᠴᠢᠯᠡᠭᠡᠨ ᠤ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠳᠠᠬᠢ ᠬᠠᠷᠢᠴᠠᠯ᠄
    

 2.4.png

ᠦᠢᠯᠡᠴᠢᠯᠡᠭᠡᠨ ᠤ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠ ᠳᠤ ᠤᠷᠢᠳᠴᠢᠯᠠᠨ ᠰᠦᠢᠳᠬᠡᠯ ᠲᠤᠰᠢᠶᠠᠬᠤ ᠺᠠᠷᠲ ᠤᠨ ᠦᠢᠯᠡᠴᠢᠯᠡᠭᠡ 1793 ᠬᠤᠪᠢ᠂ ᠬᠤᠭᠤᠯᠠᠨ ᠭᠡᠷ ᠤᠨ ᠦᠢᠯᠡᠴᠢᠯᠡᠭᠡ 1619 ᠬᠤᠪᠢ᠂ ᠪᠠᠭᠤᠳᠠᠯ ᠬᠤᠨᠣᠭᠯᠠᠬᠤ ᠦᠢᠯᠡᠴᠢᠯᠡᠭᠡ 828 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 405 ᠬᠤᠪᠢ᠂ ᠬᠠᠭᠤᠷᠠᠢ ᠪᠠᠷ ᠤᠬᠢᠶᠠᠬᠤ ᠦᠢᠯᠡᠴᠢᠯᠡᠭᠡ 361 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 294 ᠬᠤᠪᠢ᠂ ᠬᠤᠪᠢ ᠬᠥᠮᠦᠨ ᠤ ᠳᠦᠷᠰᠦᠯᠡᠨ ᠪᠢᠴᠢᠬᠦ ᠭᠡᠷᠡᠯ ᠵᠢᠷᠤᠭ ᠤᠨ ᠦᠢᠯᠡᠴᠢᠯᠡᠭᠡ 216 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 205 ᠬᠤᠪᠢ᠂ ᠺᠢᠨᠣ᠋ ᠲᠢᠶᠠᠲᠷ ᠤᠨ ᠺᠢᠨᠣ᠋ ᠭᠠᠷᠭᠠᠬᠤ ᠦᠢᠯᠡᠴᠢᠯᠡᠭᠡ 196 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 177 ᠬᠤᠪᠢ ︵ᠬᠦᠯᠢᠶᠡᠨ ᠠᠪᠤᠭᠰᠠᠨ ᠬᠡᠮᠵᠢᠶ᠎ᠡ ᠳᠠᠬᠢ ᠠᠯᠢᠪᠠ ︽ᠪᠤᠰᠤᠳ ᠵᠦᠢᠯ︾ ᠢ ᠨᠡᠷᠡᠰ ᠤᠨ ᠵᠢᠭᠰᠠᠭᠠᠯᠲᠠ ᠳᠤ ᠪᠣᠳᠣᠵᠤ ᠣᠷᠣᠭᠤᠯᠬᠤ ᠦᠭᠡᠢ︶ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠲᠣᠭᠠᠨ ᠤ 41.06% ᠶᠢ ᠡᠵᠡᠯᠡᠪᠡ᠃

    ᠦᠢᠯᠡᠴᠢᠯᠡᠭᠡᠨ ᠤ ᠶᠡᠭᠡ ᠲᠥᠷᠥᠯ ᠤᠨ ᠵᠠᠭᠠᠯᠳᠤᠯᠭ᠎ᠠ ᠨᠢᠲᠤᠨᠤᠨ ᠤ ᠬᠢ ᠲᠠᠢ ᠵᠢᠭᠠᠬᠠᠨ ᠠᠳᠠᠯᠢ ᠦᠭᠡᠢ᠄ ᠢᠳᠡᠭᠡᠨ ᠤᠮᠳᠠᠭᠠᠨ ᠪᠠ ᠬᠤᠨᠤᠭᠯᠠᠬᠤ ᠦᠢᠯᠡᠴᠢᠯᠡᠭᠡ ᠲᠡᠷᠢᠭᠦᠨ ᠪᠠᠶᠢᠷᠢᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 53.08% ᠪᠠᠷ ᠨᠡᠮᠡᠭᠳᠡᠨ᠂ ᠰᠢᠨ᠎ᠡ ᠵᠢᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠡᠷᠡᠭᠯᠡᠭᠴᠢᠳ ᠤᠨ ᠶᠠᠪᠤᠵᠤ ᠰᠠᠭᠤᠬᠤ ᠬᠡᠷᠡᠭᠴᠡᠭᠡ ᠥᠷᠨᠢᠭᠦᠨ ᠪᠣᠯᠵᠤ᠂ ᠡᠭᠦᠨ ᠤ ᠳᠡᠭᠡᠷ᠎ᠡ ᠥᠪᠥᠷ ᠮᠣᠩᠭᠤᠯ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠵᠦ᠂ ᠬᠥᠮᠦᠨ ᠤ ᠲᠤᠭ᠎ᠠ ᠨᠡᠮᠡᠭᠳᠡᠵᠦ᠂ ᠭᠠᠳᠠᠨ᠎ᠠ ᠢᠳᠡᠭᠡᠨ ᠤᠮᠳᠠᠭᠠᠨ ᠪᠠ ᠬᠤᠨᠤᠵᠤ ᠬᠡᠪᠲᠡᠬᠦ ᠦᠢᠯᠡᠴᠢᠯᠡᠭᠡ ᠶᠢ ᠭᠥᠯᠢᠶᠡᠨ ᠠᠪᠬᠤ ᠦᠶ᠎ᠡ ᠳᠤ᠂ ᠬᠤᠭᠤᠯᠠ ᠢᠳᠡᠵᠦ ᠬᠤᠨᠤᠵᠤ ᠬᠡᠪᠲᠡᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠨᠤᠵᠤ ᠬᠡᠪᠲᠡᠬᠦ ᠲᠥᠬᠦᠭᠡᠷᠦᠮᠵᠢ ᠪᠦᠷᠢᠨ ᠪᠤᠰᠤ᠂ ᠦᠢᠯᠡᠴᠢᠯᠡᠭᠡᠨ ᠤ ᠣᠪᠣᠷ ᠬᠠᠨᠤᠮᠵᠢ ᠥᠬᠡᠶ ᠪᠠ ᠳ᠋ᠦᠩᠨᠡᠨ ᠪᠤᠳᠦᠵᠤ ᠰᠦᠢᠳᠬᠡᠯ ᠬᠤᠷᠢᠶᠠᠬᠤ ᠵᠣᠬᠢᠰ ᠥᠬᠡᠶ ᠵᠡᠷᠭᠡ ᠠᠴᠠ ᠪᠣᠯᠵᠣ ᠬᠡᠷᠡᠭᠯᠡᠭᠡᠨ ᠤ ᠵᠢᠭᠤᠷᠠᠯᠳᠤᠭᠠᠨ ᠡᠭᠦᠰᠦᠭᠰᠡᠨ ᠪᠠᠶᠢᠨ᠎ᠠ᠃ ᠵᠢᠰᠦ ᠭᠤᠶᠣᠯᠠᠵᠤ ᠦᠰᠦ ᠵᠠᠰᠠᠬᠤ ᠪᠡᠶ᠎ᠡ ᠤᠬᠢᠶᠠᠬᠤ ᠦᠢᠯᠡᠴᠢᠯᠡᠭᠡ ᠳᠥᠷᠪᠡᠳᠦᠭᠡᠷ ᠪᠠᠶᠢᠷᠢ ᠠᠴᠠ ᠭᠤᠷᠪᠠᠳᠤᠭᠠᠷ ᠪᠠᠶᠢᠷᠢᠨ ᠳᠤ ᠬᠦᠷᠲᠡᠯ᠎ᠡ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 42.58% ᠪᠠᠷ ᠨᠡᠮᠡᠭᠳᠡᠨ᠂ ᠭᠤᠤᠯ ᠠᠰᠠᠭᠤᠳᠠᠯ ᠨᠢ ᠬᠤᠳᠠᠯ ᠬᠠᠭᠤᠷᠮᠠᠭ ᠤᠬᠠᠭᠤᠯᠭ᠎ᠠ ᠦᠢᠯᠡᠴᠢᠯᠡᠭᠡᠨ ᠤ ᠦᠷ᠎ᠡ ᠪᠦᠲᠦᠮᠵᠢ ᠶᠢ ᠶᠡᠬᠡᠰᠬᠡᠵᠦ᠂ ᠬᠡᠷᠡᠭᠯᠡᠭᠴᠢᠳ ᠦᠢᠯᠡᠴᠢᠯᠡᠭᠡ ᠬᠦᠯᠢᠶᠡᠭᠰᠡᠨ ᠤ ᠳᠠᠷᠠᠭ᠎ᠠ ᠡᠷᠡᠭᠦᠯ ᠪᠤᠰᠤ ᠲᠤᠰᠬᠠᠯ ᠭᠠᠷᠴᠤ᠂ ᠪᠣᠯᠵᠣᠨ ᠲᠣᠭᠲᠠᠭᠰᠠᠨ ᠶᠣᠰᠣᠭᠠᠷ ᠦᠢᠯᠡᠴᠢᠯᠡᠭᠡ ᠬᠠᠩᠭᠠᠭᠰᠠᠨ ᠥᠬᠡᠶ ᠪᠥᠭᠡᠳ ᠡᠵᠡᠩᠨᠡᠯᠲᠡ ᠪᠠᠨ ᠵᠣᠭᠰᠣᠭᠠᠭᠰᠠᠨ ᠤ ᠳᠠᠷᠠᠭ᠎ᠠ ᠤᠷᠢᠳᠴᠢᠯᠠᠨ ᠰᠦᠢᠳᠬᠡᠯ ᠲᠤᠰᠢᠶᠠᠬᠤ ᠺᠠᠷᠲ᠂ ᠭᠡᠰᠢᠭᠦᠨ ᠤ ᠺᠠᠷᠲ ᠤᠨ ᠵᠣᠭᠤᠰ ᠢ ᠪᠤᠴᠠᠭᠠᠵᠤ ᠥᠭᠭᠦᠭᠰᠡᠨ ᠦᠭᠡᠢ ᠵᠡᠷᠭᠡ ᠬᠡᠷᠡᠭᠯᠡᠭᠡᠨ ᠤ ᠵᠢᠭᠤᠷᠠᠯᠳᠤᠭᠠᠨ ᠳᠤ ᠲᠥᠪᠯᠡᠷᠡᠪᠡ᠃ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ ᠨᠢ ᠵᠢᠷᠭᠤᠳᠤᠭᠠᠷ ᠲᠤ ᠪᠠᠶᠢᠭᠰᠠᠨ ᠠᠴᠠ ᠲᠠᠪᠤᠳᠤᠭᠠᠷ ᠪᠠᠶᠢᠷᠢᠨ ᠳᠤ ᠬᠦᠷᠲᠡᠯ᠎ᠡ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 15.33% ᠪᠠᠷ ᠨᠡᠮᠡᠭᠳᠡᠨ᠂ ᠭᠤᠣᠯ ᠠᠰᠠᠭᠤᠳᠠᠯ ᠨᠢ ᠡᠵᠡᠩᠨᠡᠭᠴᠢᠳ ᠤᠨ ᠭᠡᠷ᠎ᠡ ᠶᠢᠨ ᠪᠣᠯᠵᠣᠯ ᠠᠴᠠ ᠵᠥᠷᠢᠴᠡᠨ ᠦᠢᠯᠡᠴᠢᠯᠡᠭᠡᠨ ᠤ ᠠᠭᠤᠯᠭ᠎ᠠ᠂ ᠲᠠᠯᠠᠪᠤᠷ ᠭᠠᠵᠠᠷ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠭᠡᠷ᠎ᠡ ᠳᠤ ᠲᠣᠭᠲᠠᠭᠰᠠᠨ ᠵᠦᠢᠯᠡᠰ ᠢ ᠭᠦᠢᠴᠡᠳᠬᠡᠬᠦ ᠶᠢ ᠲᠡᠪᠴᠢᠵᠦ᠂ ᠡᠵᠡᠩᠨᠡᠭᠴᠢᠳ ᠠᠵᠢᠯ ᠢᠶᠠᠨ ᠵᠣᠭᠰᠣᠭᠠᠭᠰᠠᠨ ᠤ ᠳᠠᠷᠠᠭ᠎ᠠ ᠤᠷᠢᠳᠴᠢᠯᠠᠨ ᠲᠤᠰᠢᠶᠠᠭᠰᠠᠨ ᠮᠥᠩᠭᠦ ᠶᠢ ᠪᠤᠴᠠᠭᠠᠬᠤ ᠡᠭᠦᠷᠭᠡ ᠠᠴᠠ ᠵᠠᠶᠢᠯᠠᠬᠤ ᠵᠡᠷᠭᠡ ᠠᠰᠠᠭᠤᠳᠠᠯ ᠳᠤ ᠲᠥᠪᠯᠡᠷᠡᠪᠡ᠃ ᠤᠷᠢᠳᠴᠢᠯᠠᠨ ᠰᠦᠢᠳᠬᠡᠯ ᠲᠤᠰᠢᠶᠠᠬᠤ ᠺᠠᠷᠲ ᠢ ᠬᠤᠳᠠᠯᠳᠤᠨ ᠠᠪᠬᠤ ᠳᠤ ᠵᠣᠬᠢᠬᠤ ᠬᠠᠷᠠᠭᠠᠯᠵᠠᠯ ᠦᠵᠡᠭᠦᠯᠬᠦ ᠠᠴᠠ ᠪᠣᠯᠵᠤ᠂ ᠤᠯᠠᠮ ᠠᠴᠠ ᠤᠯᠠᠮ ᠣᠯᠠᠨ ᠬᠡᠷᠡᠭᠯᠡᠭᠴᠢᠳ ᠡᠶᠢᠮᠦ ᠬᠡᠷᠡᠭᠯᠡᠭᠡᠨ ᠤ ᠵᠠᠭᠪᠤᠷ ᠢ ᠬᠦᠯᠢᠶᠡᠨ ᠠᠪᠳᠠᠭ ᠪᠠᠶᠢᠨ᠎ᠠ᠂ ᠭᠡᠪᠡᠴᠦ ᠬᠡᠷᠡᠭᠯᠡᠭᠡ ᠬᠢᠬᠦ ᠠᠴᠠ ᠡᠮᠦᠨ᠎ᠡ ᠡᠵᠡᠩᠨᠡᠯᠲᠡ ᠶᠢᠨ ᠭᠤᠣᠯ ᠴᠣᠭᠴᠠ ᠨᠢ ᠬᠠᠤᠯᠢ ᠶᠣᠰᠣᠨ ᠤ ᠡᠰᠡᠬᠦ᠂ ᠡᠵᠡᠩᠨᠡᠯᠲᠡ ᠶᠢᠨ ᠦᠨᠡᠮᠯᠡᠯ ᠪᠠ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠠᠢᠬᠤ ᠡᠰᠡᠬᠦ᠂ ᠵᠣᠭᠤᠰ ᠲᠤᠰᠢᠶᠠᠬᠤ ᠨᠢᠭᠡᠴᠢ ᠨᠢ ᠡᠵᠡᠩᠨᠡᠯᠲᠡ ᠶᠢᠨ ᠭᠤᠣᠯ ᠴᠣᠭᠴᠠ ᠲᠠᠢ ᠨᠢᠭᠡᠳᠦᠯᠲᠡᠢ ᠪᠠᠶᠢᠬᠤ ᠡᠰᠡᠬᠦ ᠶᠢ ᠨᠤᠲᠠᠯᠠᠬᠤ ᠶᠢᠨ ᠬᠠᠮᠲᠤ ᠤᠳᠠᠭ᠎ᠠ ᠪᠦᠷᠢ ᠶᠢᠨ ᠬᠡᠷᠡᠭᠯᠡᠭᠡᠨ ᠤ ᠲᠡᠮᠳᠡᠭᠯᠡᠯ ᠢ ᠰᠠᠶᠢᠲᠤᠷ ᠦᠯᠡᠳᠡᠭᠡᠵᠦ᠂ ᠬᠤᠶᠢᠰᠢᠳᠠ ᠬᠡᠷᠡᠭᠯᠡᠭᠡᠨ ᠤ ᠵᠢᠭᠤᠷᠠᠯᠳᠤᠭᠠᠨ ᠡᠭᠦᠰᠬᠦ ᠦᠶ᠎ᠡ ᠳᠤ ᠭᠡᠷᠡᠴᠢ ᠭᠠᠷᠭᠠᠬᠤ ᠳᠤ ᠪᠦᠷᠢᠨ ᠭᠦᠢᠴᠡᠳ ᠬᠦᠴᠦᠨ ᠲᠠᠢ ᠪᠣᠯᠵᠤ ᠴᠢᠳᠠᠨ᠎ᠠ᠃

ᠭᠤᠷᠪᠠ᠂ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠦᠷᠢᠳᠬᠡᠯ ᠤᠨ ᠵᠠᠳᠠᠯᠤᠯᠲᠠ

    ᠢᠯᠡᠴᠢᠯᠡᠨ ᠮᠡᠳᠡᠭᠦᠯᠦᠭᠰᠡᠨ 7691 ᠬᠡᠷᠡᠭ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 23.39% ᠪᠠᠷ ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ ᠳᠤ 4737 ᠬᠤᠪᠢ ᠬᠤᠯᠪᠣᠭᠳᠠᠵᠤ᠂ ᠦᠢᠯᠡᠴᠢᠯᠡᠭᠡᠨ ᠤ ᠲᠥᠷᠥᠯ ᠳᠤ 2954 ᠬᠤᠪᠢ ᠬᠤᠯᠪᠣᠭᠳᠠᠵᠠᠶ᠃ 4 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ ᠨᠡᠶᠢᠲᠡ 6653 ᠬᠤᠪᠢ ᠶᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 86.50% ᠳᠤ ᠬᠦᠷᠪᠡ᠃

ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠠᠸᠠᠷ᠂ ᠦᠢᠯᠡᠴᠢᠯᠡᠭᠡᠨ ᠤ ᠲᠥᠷᠥᠯ ᠬᠤᠪᠢᠶᠠᠭᠰᠠᠨ ᠬᠦᠰᠦᠨᠦᠭᠲᠦ᠄

 4.png

ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭᠠᠨ ᠤ ᠬᠢ ᠠᠴᠠ 56.75% ᠪᠠᠷ ᠨᠡᠮᠡᠭᠳᠡᠵᠦ᠂ ᠲᠣᠰ ᠲᠥᠷᠥᠯ ᠤᠨ ᠢᠯᠡᠴᠢᠯᠡᠨ ᠮᠡᠳᠡᠭᠦᠯᠦᠯᠲᠡ ᠶᠢᠨ ᠳᠤᠮᠳᠠ᠂ ᠢᠳᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠯᠲᠡ 2472 ᠬᠤᠪᠢ ᠪᠠᠶᠢᠵᠤ᠂ ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ ᠤ 52.18% ᠶᠢ ᠡᠵᠡᠯᠡᠪᠡ᠃ ᠢᠳᠡᠭᠡᠨ ᠤ ᠵᠦᠢᠯ ᠤᠨ ᠢᠯᠡᠴᠢᠯᠡᠨ ᠮᠡᠳᠡᠭᠦᠯᠦᠯᠲᠡ ᠳᠤ ᠢᠳᠡᠭᠡᠨ ᠤᠮᠳᠠᠭᠠᠨ ᠤ ᠵᠦᠢᠯᠡᠰ᠂ ᠮᠠᠯ ᠵᠢᠭᠦᠷᠲᠡᠨ ᠤ ᠮᠢᠬ᠎ᠠ ᠵᠢᠴᠢ ᠳᠠᠭᠠᠯᠲᠠ ᠪᠦᠲᠦᠭᠡᠭᠳᠡᠬᠦᠨ᠂ ᠴᠠᠭᠠᠨ ᠢᠳᠡᠭᠡ᠂ ᠮᠢᠬᠠᠨ ᠤ ᠪᠦᠲᠦᠭᠡᠭᠳᠡᠬᠦᠨ᠂ ᠤᠮᠳᠠᠭᠠᠨ᠂ ᠵᠢᠮᠢᠰ ᠤᠨ ᠲᠥᠷᠥᠯ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ ᠵᠡᠷᠭᠡ ᠳᠤ ᠬᠤᠯᠪᠣᠭᠳᠠᠨ᠎ᠠ᠂ ᠵᠠᠷ ᠮᠡᠳᠡᠭᠡ᠂ ᠦᠨ᠎ᠡ ᠬᠠᠩᠰᠢ᠂ ᠵᠢᠩ ᠳᠤᠲᠠᠭᠳᠠᠬᠤ᠂ ᠬᠤᠭᠤᠴᠠᠭ᠎ᠠ ᠬᠡᠲᠦᠷᠡᠭᠰᠡᠨ ᠦᠢᠯᠡᠳᠬᠦᠨ ᠵᠡᠷᠭᠡ ᠠᠰᠠᠭᠤᠳᠠᠯ ᠢᠶᠠᠷ ᠭᠤᠣᠯᠯᠠᠪᠠ᠃ ᠪᠤᠰᠤᠳ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠣᠯᠠᠨ ᠲᠠᠸᠠᠷ ᠲᠤ ᠣᠨᠴᠠᠭᠠᠶ ᠪᠤᠰᠤ ᠬᠡᠷᠡᠭᠴᠡᠭᠡᠨ ᠤ ᠵᠠᠰᠠᠯ ᠴᠢᠮᠡᠭᠯᠡᠯ ᠤᠨ ᠡᠳ᠋᠂ ᠲᠠᠸᠠᠷ ᠤᠨ ᠭᠡᠷ ᠪᠠᠶᠢᠰᠢᠩ᠂ ᠬᠢᠲᠠᠳ ᠧᠦ᠋ᠷᠣᠫᠠ ᠪᠡᠯᠡᠨ ᠡᠮ᠂ ᠡᠳᠦᠷ ᠲᠤᠲᠤᠮ ᠤᠨ ᠬᠡᠷᠡᠭᠯᠡᠭᠡᠨ ᠤ ᠡᠮ᠂ ᠬᠢᠲᠠᠳ ᠪᠡᠯᠡᠨ ᠡᠮ᠂ ᠭᠠᠳᠠᠷ ᠬᠤᠪᠴᠠᠰᠤ᠂ ᠣᠨᠴᠠᠭᠠᠶ ᠬᠡᠷᠡᠭᠴᠡᠭᠡᠨ ᠤ ᠵᠠᠰᠠᠯ ᠴᠢᠮᠡᠭᠯᠡᠯ ᠤᠨ ᠡᠳ᠋᠂ ᠴᠠᠬᠢᠯᠭᠠᠨ ᠱᠠᠲᠤ᠂ ᠮᠠᠰᠢᠨ ᠲᠡᠷᠭᠡ ᠵᠢᠴᠢ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠶᠢ ᠪᠠᠭᠲᠠᠭᠠᠵᠤ᠂ ᠭᠤᠤᠯᠳᠠᠭᠤ ᠦᠨ᠎ᠡ ᠬᠠᠩᠰᠢ᠂ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ᠂ ᠮᠠᠭᠤ ᠪᠠᠷ ᠰᠠᠶᠢᠨ ᠢ ᠣᠷᠣᠯᠠᠭᠤᠯᠬᠤ᠂ ︽ᠭᠤᠷᠪᠠ ᠦᠭᠡᠶ︾᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ ᠤᠨ ᠲᠡᠮᠳᠡᠭ᠂ ᠬᠤᠳᠠᠯ ᠬᠠᠭᠤᠷᠮᠠᠭ ᠤᠬᠠᠭᠤᠯᠭ᠎ᠠ᠂ ᠦᠨᠡᠮᠯᠡᠯ ᠦᠭᠡᠢ ᠪᠠᠷ ᠡᠵᠡᠩᠨᠡᠬᠦ ᠵᠢᠴᠢ ᠶᠠᠰᠤ ᠴᠢᠨᠠᠷ ᠤᠨ ᠠᠰᠠᠭᠤᠳᠠᠯ ᠵᠡᠷᠭᠡ ᠳᠤ ᠬᠤᠯᠪᠣᠭᠳᠠᠨ᠎ᠠ᠃

    ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭᠠᠨ ᠤ ᠬᠢ ᠠᠴᠠ 8.00% ᠪᠠᠷ ᠪᠠᠭᠠᠰᠴᠤ᠂ ᠲᠣᠰ ᠲᠥᠷᠥᠯ ᠤᠨ ᠢᠯᠡᠴᠢᠯᠡᠨ ᠮᠡᠳᠡᠭᠦᠯᠦᠯᠲᠡ ᠬᠠᠮᠤᠭ ᠤᠨ ᠣᠯᠠᠨ ᠢᠳᠡᠭᠡᠨ ᠤᠮᠳᠠᠭᠠᠨ ᠪᠠ ᠬᠤᠨᠣᠭᠤᠯᠬᠤ ᠦᠢᠯᠡᠴᠢᠯᠡᠭᠡ 830 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ ᠤ 28.10% ᠶᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ ᠪᠠᠷ ᠡᠵᠡᠩᠨᠡᠬᠦ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠦᠢᠯᠡᠴᠢᠯᠡᠭᠡ ᠨᠢ ᠭᠤᠤᠯᠳᠠᠭᠤ ᠵᠢᠵᠢᠭᠯᠡᠨ ᠬᠤᠳᠠᠯᠳᠤᠬᠤ ᠦᠢᠯᠡᠴᠢᠯᠡᠭᠡ᠂ ᠡᠮᠨᠡᠯᠭᠡ ᠶᠢᠨ ᠬᠤᠷᠢᠶᠠᠨ ᠤ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ᠂ ᠲᠣᠭᠤᠷᠢᠨ ᠦᠵᠡᠵᠦ ᠵᠤᠭ᠎ᠠ ᠴᠡᠩᠭᠡᠯ ᠤᠨ ᠦᠢᠯᠡᠴᠢᠯᠡᠭᠡ᠂ ᠤᠬᠢᠶᠠᠯᠭ᠎ᠠ ᠢᠯᠢᠬᠦ ᠵᠠᠰᠠᠯᠭ᠎ᠠ ᠶᠢᠨ ᠦᠢᠯᠡᠴᠢᠯᠡᠭᠡ᠂ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡ᠂ ᠲᠡᠷᠭᠡᠨ ᠵᠣᠭᠰᠣᠭᠠᠯ ᠵᠢᠴᠢ ᠪᠤᠰᠤᠳ ᠵᠦᠢᠯ ᠳᠤ ᠬᠤᠯᠪᠣᠭᠳᠠᠨ᠎ᠠ᠃ ᠭᠤᠣᠯ ᠠᠰᠠᠭᠤᠳᠠᠯ ᠨᠢ ᠦᠨ᠎ᠡ ᠬᠠᠩᠰᠢ᠂ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠴᠢᠳ ᠢ ᠮᠡᠬᠡᠯᠡᠭᠦ ᠪᠠ ᠦᠨᠡᠮᠯᠡᠯ ᠦᠭᠡᠢ ᠪᠠᠷ ᠡᠵᠡᠩᠨᠡᠬᠦ ᠵᠡᠷᠭᠡ ᠪᠣᠯᠣᠨ᠎ᠠ᠃

ᠳᠥᠷᠪᠡ᠂ ᠯᠠᠪᠯᠠᠭ᠎ᠠ ᠶᠢᠨ ᠪᠠᠶᠢᠳᠠᠯ ᠤᠨ ᠪᠦᠷᠢᠳᠬᠡᠯ ᠵᠠᠳᠠᠯᠤᠯᠲᠠ

    ᠯᠠᠪᠯᠠᠭ᠎ᠠ ᠶᠢᠨ ᠬᠦᠯᠢᠶᠡᠨ ᠠᠪᠤᠭᠰᠠᠨ ᠬᠡᠮᠵᠢᠶ᠎ᠡ 43576 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.97% ᠪᠠᠷ ᠪᠠᠭᠤᠷᠠᠪᠠ᠂ ᠡᠭᠦᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠬᠤᠯᠪᠣᠭᠳᠠᠭᠰᠠᠨ 3914 ᠬᠤᠪᠢ ᠪᠠᠶᠢᠵᠤ᠂ ᠯᠠᠪᠯᠠᠭ᠎ᠠ ᠶᠢᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ᠄ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠬᠡᠷᠡᠭ 2434 ᠬᠤᠪᠢ᠂ ᠦᠢᠯᠡᠴᠢᠯᠡᠭᠡᠨ ᠤ ᠬᠡᠷᠡᠭᠯᠡᠭᠡ ᠶᠢᠨ ᠬᠢᠨᠠᠯᠲᠠ ᠬᠠᠮᠢᠶᠠᠷᠤᠯᠲᠠ ᠶᠢᠨ 288 ᠬᠤᠪᠢ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ 188 ᠬᠤᠪᠢ᠂ ᠦᠢᠯᠡᠳᠬᠦᠨ ︵ᠲᠠᠸᠠᠷ︶ ᠤᠨ ᠶᠠᠰᠤ ᠴᠢᠨᠠᠷ 130 ᠬᠤᠪᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯ 105 ᠬᠤᠪᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ 71 ᠬᠤᠪᠢ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠯᠭᠡ 16008 ᠬᠤᠪᠢ᠂   ᠪᠤᠰᠤᠳ ᠰᠠᠯᠠᠭ᠎ᠠ ᠮᠥᠴᠢᠷ ᠤᠨ ᠯᠠᠪᠯᠠᠭ᠎ᠠ ᠨᠢ ᠭᠤᠤᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠦᠳᠠᠨ᠂ ᠭᠠᠶᠢᠯᠢ ᠶᠢᠨ ᠶᠠᠪᠤᠳᠠᠯ᠂ ᠢᠯᠴᠢ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠶ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠳᠤ ᠬᠤᠯᠪᠣᠭᠳᠠᠨ᠎ᠠ᠃

ᠲᠠᠶᠢᠯᠪᠤᠷᠢ᠄ ᠳᠣᠰ ᠮᠠᠲᠠᠭᠦᠯᠣᠯᠲᠠ ᠶᠢᠨ ᠳᠤᠭ᠎ᠠ ᠪᠠᠷᠢᠮᠲᠠ ᠨᠢ ᠪᠦᠭᠦ ᠤᠯᠤᠰ ᠤᠨ 12315 ᠲᠠᠪᠴᠠᠩ ᠠᠴᠠ ᠢᠷᠠᠯᠲᠠ ᠲᠠᠢ᠃ 

 

ᠢᠷᠡᠯᠲᠡ᠄ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ
Baidu
map