ᠳᠡᠯᠡᠬᠡᠢ ᠶᠢᠨ ᠬᠡᠮᠵᠢᠯᠲᠡ ᠶᠢᠨ ᠡᠳᠦᠷ — ᠮᠠᠨ ᠤ ᠣᠷᠣᠨ ᠤ ︽5 · 20 ᠤ ᠳᠡᠯᠡᠬᠡᠢ ᠶᠢᠨ ᠬᠡᠮᠵᠢᠯᠲᠡ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠪᠠᠶᠠᠯᠢᠭ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2024/5/23

    2024 ᠣᠨ ᠤ 5 ᠳ᠋ᠤᠭᠠᠷ ᠰᠠᠷ᠎ᠠ ᠶᠢᠨ 20 ᠤ ᠡᠳᠦᠷ ᠪᠣᠯ ᠬᠤᠷᠢᠨ ᠲᠠᠪᠤᠳᠤᠭᠠᠷ ︽ᠳᠡᠯᠡᠬᠡᠶ ᠶᠢᠨ ᠬᠡᠮᠵᠢᠯᠲᠡ ᠶᠢᠨ ᠡᠳᠦᠷ︾ ᠪᠣᠯᠤᠨ᠎ᠠ᠃ ᠪᠦᠭᠦ ᠪᠥᠮᠪᠥᠷᠴᠡᠭ ᠤᠨ ᠭᠤᠣᠯ ᠰᠠᠲᠣᠪ ᠪᠤᠯ ︽ᠦᠷᠭᠦᠯᠵᠢᠯᠡᠬᠦ ᠬᠥᠭᠵᠢᠯᠲᠡ︾᠂ ᠳᠣᠮᠲᠠᠲᠤ ᠤᠯᠤᠰ ᠤᠨ ᠣᠨᠴᠠᠭᠠᠢ ᠭᠤᠣᠯ ᠰᠠᠲᠣᠪ ᠪᠣᠯ ︽ᠬᠡᠮᠵᠢᠯᠲᠡ ᠪᠠᠷ ᠰᠢᠨ᠎ᠠ ᠴᠢᠨᠠᠷ ᠤᠨ ᠣᠢᠢᠯᠠᠣᠠᠪᠤᠷᠢᠯᠠᠯ ᠤᠨ ᠬᠦᠴᠦᠨ ᠤ ᠰᠠᠭᠤᠷᠢ ᠶᠢ ᠴᠣᠬᠴᠠᠯᠠᠵᠤ᠂ ᠣᠢᠷᠭᠦᠯᠵᠢᠯᠠᠭᠦ ᠬᠦᠢᠭᠵᠢᠯᠲᠠ ᠶᠢ ᠠᠬᠢᠭᠤᠯᠤᠶ᠎ᠠ︾ ᠪᠣᠯᠣᠨ᠎ᠠ᠃ ᠡᠨᠡ ᠬᠤᠭᠤᠴᠠᠭᠠᠨ ᠳᠤ᠂ ᠪᠥᠬᠦ ᠣᠷᠣᠨ ᠤ ᠡᠯ᠎ᠡ ᠠᠶᠢᠮᠠᠭ ᠬᠤᠲᠠ ᠣᠯᠠᠨ ᠶᠠᠩᠵᠤ ᠬᠡᠯᠪᠡᠷᠢ ᠶᠢᠨ ︽ᠳᠡᠯᠡᠬᠡᠶ ᠶᠢᠨ ᠬᠡᠮᠵᠢᠯᠲᠡ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃

    ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠲᠥᠷᠥᠯ ᠤᠨ ᠬᠡᠲᠦ ᠳᠡᠯᠭᠡᠭᠦᠷ᠂ ᠣᠨᠴᠠ ᠭᠠᠷᠤᠯᠲᠠ ᠶᠢᠨ ᠳᠡᠯᠭᠡᠭᠦᠷ᠂ ᠰᠢᠷᠠᠭᠰᠠᠨ ᠮᠢᠬᠠᠨ ᠤ ᠳᠡᠯᠭᠡᠭᠦᠷ ᠵᠡᠷᠭᠡ ᠬᠤᠳᠠᠯᠳᠤᠭᠠᠴᠢᠨ ᠤ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠳᠤ ᠪᠠᠶᠢᠴᠠᠭᠠᠯᠲᠠ ᠬᠢᠵᠦ᠂ ᠳᠡᠯᠭᠡᠭᠦᠷ ᠤᠨ ᠴᠠᠢ᠂ ᠦᠬᠡᠷ ᠤᠨ ᠪᠣᠷᠴᠠ᠂ ᠴᠠᠭᠠᠨ ᠢᠳᠡᠭᠡᠨ᠂ ᠠᠷᠢᠬᠢᠨ ᠤ ᠲᠥᠷᠥᠯ ᠤᠨ ᠦᠢᠯᠡᠳᠬᠦᠨ ᠤ ᠬᠡᠮᠵᠢᠶᠡᠯᠡᠨ ᠪᠣᠭᠤᠳᠠᠯᠯᠠᠭᠰᠠᠨ ᠲᠠᠸᠠᠷ ᠤᠨ ᠴᠡᠪᠡᠷ ᠠᠭᠤᠯᠤᠭᠳᠠᠴᠠ ᠶᠢᠨ ᠲᠣᠳᠣᠷᠬᠠᠶᠢᠯᠠᠯ ᠪᠠ ᠬᠡᠮᠵᠢᠶᠡᠯᠡᠨ ᠪᠣᠭᠤᠳᠠᠯᠯᠠᠭᠰᠠᠨ ᠲᠠᠸᠠᠷ ᠤᠨ ᠴᠡᠪᠡᠷ ᠠᠭᠤᠯᠤᠭᠳᠠᠴᠠ ᠨᠢ ᠬᠢᠷᠢ ᠲᠡᠩᠴᠡᠭᠰᠡᠨ ᠡᠰᠡᠬᠦ︔ ᠳᠡᠯᠭᠡᠭᠦᠷ ᠤᠨ ᠬᠡᠮᠵᠢᠯᠲᠡ ᠶᠢᠨ ᠨᠢᠭᠡᠴᠢ ᠶᠢ ᠬᠡᠷᠡᠭᠯᠡᠭᠰᠡᠨ ᠨᠢ ᠵᠥᠪ ᠣᠨᠣᠪᠴᠢᠲᠠᠶ ᠡᠰᠡᠬᠦ︔ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠡᠰᠡᠬᠦ᠂ ᠯᠤᠮᠪᠤ ᠬᠠᠳᠠᠭᠰᠠᠨ ᠡᠰᠡᠬᠦ᠂ ᠰᠢᠯᠭᠠᠨ ᠲᠣᠭᠲᠠᠭᠠᠭᠰᠠᠨ ᠨᠢ ᠬᠦᠴᠦᠨ ᠲᠠᠢ ᠬᠤᠭᠤᠴᠠᠭ᠎ᠠ ᠳᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠯ᠎ᠡ ᠲᠥᠷᠥᠯ ᠤᠨ ᠳᠡᠯᠭᠡᠭᠦᠷ ᠢ ᠨᠡᠶᠢᠲᠡ 20 ᠭᠠᠷᠤᠶ ᠪᠠᠶᠢᠴᠠᠭᠠᠵᠤ᠂ ᠡᠭᠦᠨ ᠳᠤ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠭᠰᠠᠨ ᠥᠬᠡᠶ ᠡᠷᠦᠬᠡ 7 ᠪᠠᠶᠢᠵᠤ᠂ ᠪᠤᠷᠤᠭᠤ ᠬᠡᠮᠵᠢᠯᠲᠡ ᠶᠢᠨ ᠨᠢᠭᠡᠴᠢ ᠶᠢ ᠬᠡᠷᠡᠭᠯᠡᠭᠰᠡᠨ ᠨᠢ 3 ᠪᠠᠶᠢᠵᠤ᠂ ᠲᠠᠸᠠᠷ ᠢ ᠵᠢᠩᠯᠡᠭᠦᠷ ᠶᠢᠨ ᠫᠢᠯᠠ ᠲᠠᠢ ᠨᠢ ᠵᠢᠩᠨᠡᠭᠰᠡᠨ 1 ᠡᠷᠦᠬᠡ ᠪᠠᠶᠢᠵᠤ᠂ ᠨᠢᠭᠡᠨᠲᠡ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃

    ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ︽ᠭᠡᠮ ᠬᠢᠭᠰᠡᠨ ᠵᠢᠩᠯᠡᠭᠦᠷ︾ ᠢ ᠲᠥᠪᠯᠡᠷᠡᠭᠦᠯᠦᠨ ᠤᠰᠠᠳᠬᠠᠬᠤ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠬᠡᠮᠵᠢᠯᠲᠡ ᠶᠢᠨ ᠮᠡᠳᠡᠯᠭᠡ ᠬᠢᠭᠡᠳ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠬᠡᠮᠵᠢᠯᠲᠡ ᠶᠢᠨ ᠲᠠᠯ᠎ᠠ ᠪᠠᠷ ᠭᠡᠮ ᠬᠢᠬᠦ ᠶᠢ ᠰᠡᠷᠭᠡᠶᠢᠯᠡᠬᠦ ᠠᠷᠭ᠎ᠠ ᠶᠢ ᠲᠦᠭᠡᠮᠡᠯᠵᠢᠭᠦᠯᠦᠨ᠂ ᠬᠡᠷᠡᠭᠯᠡᠭᠴᠢᠳ ᠤᠨ ᠬᠡᠮᠵᠢᠯᠲᠡ ᠶᠢᠨ ᠭᠡᠮ ᠬᠢᠬᠦ ᠶᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠲᠡ 42 ︽ᠬᠡᠮ ᠬᠢᠭᠰᠡᠨ ᠵᠢᠩᠯᠡᠭᠦᠷ︾ ᠢ ᠤᠰᠠᠳᠬᠠᠵᠤ᠂ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢᠨ ᠬᠡᠮᠵᠢᠭᠦᠷ᠂ ᠡᠯᠧᠺᠲᠷᠣᠨ ᠵᠢᠩᠯᠡᠭᠦᠷ᠂ ᠡᠮ ᠳᠡᠩᠰᠡ ᠵᠡᠷᠭᠡ 150 ᠶᠢ ᠰᠢᠯᠭᠠᠨ ᠲᠣᠭᠲᠠᠭᠠᠵᠤ᠂ 100 ᠭᠠᠷᠤᠶ ᠬᠡᠰᠡᠭ ᠪᠢᠩᠭᠠᠨ ᠲᠤᠤᠬᠠᠢ ᠲᠠᠷᠬᠠᠭᠠᠵᠤ᠂ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 122 ᠭᠠᠷ ᠤᠲᠠᠰᠤ ᠶᠢ ︽ᠲᠤᠤᠬᠠᠢ︾ ᠪᠣᠯᠭᠠᠬᠤ᠂ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ 400 ᠭᠠᠷᠤᠶ ᠬᠥᠮᠦᠨ ᠤᠳᠠᠭ᠎ᠠ ᠳᠤ ᠬᠦᠷᠴᠦ᠂ ᠬᠡᠮᠵᠢᠯᠲᠡ ᠶᠢᠨ ᠨᠡᠶᠢᠭᠡᠮ ᠤᠨ ᠲᠠᠨᠢᠨ ᠮᠡᠳᠡᠬᠦᠢ ᠶᠢᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠦᠨᠡᠨ ᠬᠦ ᠳᠡᠭᠡᠭᠰᠢᠯᠡᠭᠦᠯᠪᠡ᠃

    ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠥᠨᠳᠡᠯᠡᠨ ᠪᠢᠴᠢᠭᠡᠰᠦ ᠡᠯᠭᠦᠬᠦ᠂ ᠦᠵᠡᠭᠦᠯᠭᠡ ᠶᠢᠨ ᠰᠠᠮᠪᠠᠷ᠎ᠠ ᠡᠯᠭᠦᠬᠦ᠂ ᠬᠡᠮᠵᠢᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠬᠡᠮᠵᠢᠯᠲᠡ ᠬᠢᠭᠡᠳ ᠠᠷᠠᠳ ᠤᠨ ᠠᠮᠢᠳᠤᠷᠠᠯ ᠤᠨ ᠤᠬᠠᠭᠤᠯᠭ᠎ᠠ ᠶᠢᠨ ᠥᠩᠭᠡᠲᠦ ᠬᠠᠭᠤᠳᠠᠰᠤ ᠪᠠ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠤᠩᠰᠢᠬᠤ ᠪᠢᠴᠢᠭ ᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠮᠵᠢᠯᠲᠡ ᠶᠢᠨ ᠡᠳᠦᠷ ᠲᠤᠲᠤᠮ ᠤᠨ ᠠᠮᠢᠳᠤᠷᠠᠯ ᠳᠠᠬᠢ ᠴᠢᠬᠤᠯᠠ ᠦᠢᠯᠡᠳᠦᠯ ᠢ ᠲᠠᠨᠢᠯᠴᠠᠭᠤᠯᠵᠤ᠂ ᠬᠡᠮᠵᠢᠯᠲᠡ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠡᠭᠦᠨ ᠤ ᠬᠠᠮᠲᠤ᠂ ᠠᠵᠢᠯᠲᠠᠳ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠪᠠᠶᠢᠩᠭᠤ ᠬᠡᠷᠡᠭᠯᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠤᠨ ᠠᠵᠢᠯᠯᠠᠭ᠎ᠠ᠂ ᠬᠡᠮ ᠬᠢᠬᠦ ᠶᠢ ᠰᠡᠷᠭᠡᠶᠢᠯᠡᠬᠦ ᠵᠡᠷᠭᠡ ᠠᠭᠤᠯᠭ᠎ᠠ ᠶᠢ ᠦᠵᠡᠭᠦᠯᠵᠦ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠣᠯᠠᠨ ᠨᠡᠶᠢᠲᠡ ᠶᠢᠨ ᠬᠡᠮᠵᠢᠯᠲᠡ ᠶᠢᠨ ᠠᠵᠢᠯ ᠤᠨ ᠲᠤᠬᠠᠶ ᠲᠠᠨᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠪᠡ᠃

    ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠠᠭᠠᠨᠬᠤᠲᠠ ᠶᠢᠨ ᠱᠠᠨ ᠴᠧᠩ ᠵᠠᠮ ᠤᠨ ᠨᠡᠶᠢᠭᠡᠮ ᠲᠣᠭᠤᠷᠢᠭ ᠲᠤ ᠬᠦᠷᠴᠦ ︽ᠦᠨᠡᠨᠴᠢ ᠢᠲᠡᠭᠡᠮᠵᠢ ᠶᠢᠨ ᠬᠡᠮᠵᠢᠯᠲᠡ︾ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠬᠡᠮᠵᠢᠯᠲᠡ ᠶᠢᠨ ᠦᠨᠳᠦᠰᠦᠨ ᠮᠡᠳᠡᠯᠭᠡ ᠵᠢᠴᠢ ᠰᠢᠯᠭᠠᠨ ᠬᠡᠮᠵᠢᠬᠦ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ ᠭᠠᠷᠭᠠᠵᠤ᠂ ᠠᠵᠢᠯᠲᠠᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠪᠠᠷ ᠬᠠᠷᠠᠭ᠎ᠠ ᠶᠢ ᠪᠠᠶᠢᠴᠠᠭᠠᠨ ᠰᠢᠯᠭᠠᠵᠤ᠂ ᠬᠦᠷᠭᠡᠵᠦ ᠢᠷᠡᠭᠰᠡᠨ ᠡᠯᠧᠺᠲᠷᠣᠨ ᠴᠢᠰᠤᠨ ᠳᠠᠷᠤᠯᠲᠠ ᠶᠢᠨ ᠬᠡᠮᠵᠢᠭᠦᠷ᠂ ᠪᠡᠶ᠎ᠡ ᠶᠢᠨ ᠬᠦᠨᠳᠦ ᠶᠢᠨ ᠵᠢᠩᠯᠡᠭᠦᠷ ᠵᠡᠷᠭᠡ ᠬᠡᠮᠵᠢᠯᠲᠡ ᠶᠢᠨ ᠪᠠᠭᠠᠵᠢ ᠬᠡᠷᠡᠭᠰᠡᠯ ᠳᠤ ᠰᠦᠢᠳᠬᠡᠯ ᠬᠤᠷᠢᠶᠠᠬᠤ ᠥᠬᠡᠶ ᠪᠠᠷ ᠰᠢᠯᠭᠠᠨ ᠬᠡᠮᠵᠢᠪᠡ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠡᠮᠵᠢᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠮᠦᠰᠴᠦ ᠵᠡᠭᠦᠬᠦ᠂ ᠢᠳᠡᠬᠦ᠂ ᠰᠠᠭᠤᠬᠤ᠂ ᠶᠠᠪᠤᠬᠤ᠂ ᠡᠮᠨᠡᠬᠦ ᠵᠡᠷᠭᠡ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠡᠮᠵᠢᠯᠲᠡ ᠶᠢᠨ ᠲᠦᠭᠡᠮᠡᠯ ᠴᠢᠨᠠᠷ ᠪᠠ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠬᠡᠮᠵᠢᠯᠲᠡ ᠶᠢᠨ ᠮᠡᠷᠭᠡᠵᠢᠯ ᠤᠨ ᠵᠥᠪᠯᠡᠯᠭᠡ ᠥᠭᠬᠦ ᠪᠠ ᠡᠷᠬᠡ ᠪᠠᠨ ᠬᠠᠮᠠᠭᠠᠯᠠᠬᠤ ᠦᠢᠯᠡᠴᠢᠯᠡᠭᠡ ᠬᠠᠩᠭᠠᠪᠠ᠃

    ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠰᠢᠯᠭᠠᠨ ᠬᠡᠮᠵᠢᠬᠦ ᠲᠥᠪ ᠤᠨ ᠣᠯᠠᠨ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠰᠢᠷᠢᠰ ᠤᠬᠠᠭᠤᠯᠭ᠎ᠠ᠂ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠡᠮᠵᠢᠯᠲᠡ ᠶᠢᠨ ᠮᠡᠳᠡᠯᠭᠡ ᠬᠢᠭᠡᠳ ᠦᠢᠯᠡᠴᠢᠯᠡᠭᠡ ᠶᠢ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ᠂ ᠰᠤᠷᠭᠠᠭᠤᠯᠢ᠂ ᠲᠣᠰᠣ ᠨᠡᠮᠡᠬᠦ ᠥᠷᠲᠡᠭᠡ ᠵᠡᠷᠭᠡ ᠣᠯᠠᠨ ᠲᠦᠮᠡᠨ ᠤ ᠨᠢᠭᠲᠠ ᠠᠩᠬᠠᠷᠴᠤ ᠪᠠᠶᠢᠭ᠎ᠠ ᠬᠦᠷᠢᠶᠡᠨ ᠳᠤ ᠬᠦᠷᠭᠡᠵᠦ᠂ ᠰᠤᠷᠭᠠᠭᠤᠯᠢ ᠶᠢᠨ ᠬᠦᠷᠢᠶᠡᠨ ᠳᠤ ᠬᠡᠮᠵᠢᠯᠲᠡ ᠶᠢᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠶᠢᠯᠤᠮᠵᠢ ᠥᠷᠨᠢᠭᠦᠯᠵᠦ᠂ ᠣᠯᠠᠨ ᠲᠦᠮᠡᠨ ᠤ 700 ᠭᠠᠷᠤᠶ ᠬᠡᠮᠵᠢᠯᠲᠡ ᠶᠢᠨ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠥᠬᠡᠶ ᠪᠠᠷ ᠰᠢᠯᠭᠠᠨ ᠲᠣᠭᠲᠠᠭᠠᠵᠤ᠂ ᠬᠡᠮᠵᠢᠯᠲᠡ ᠶᠢᠨ ᠮᠡᠷᠭᠡᠵᠢᠯ ᠤᠨ ᠯᠠᠪᠯᠠᠭ᠎ᠠ ᠶᠢ 560 ᠬᠥᠮᠦᠨ ᠤᠳᠠᠭ᠎ᠠ ᠬᠠᠩᠭᠠᠪᠠ᠃ ᠣᠯᠠᠨ ᠲᠦᠮᠡᠨ ᠳᠤ ᠬᠡᠮᠵᠢᠯᠲᠡ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ 6000 ᠭᠠᠷᠤᠶ ᠲᠠᠷᠬᠠᠭᠠᠵᠤ᠂ ᠬᠤᠳᠠᠯᠳᠤᠭᠠᠨ ᠤ ᠲᠠᠯᠠᠪᠤᠷ ᠲᠤ ᠬᠡᠮᠵᠢᠭᠦᠷ ᠤᠨ ᠮᠡᠳᠡᠯᠭᠡ ᠶᠢᠨ ᠵᠠᠷᠯᠠᠯ 200 ᠭᠠᠷᠤᠶ ᠬᠠᠭᠤᠳᠠᠰᠤ ᠨᠠᠭᠠᠵᠤ᠂ ᠠᠷᠠᠳ ᠣᠯᠠᠨ ᠳᠤ ᠠᠷᠠᠳ ᠤᠨ ᠠᠮᠢᠳᠤᠷᠠᠯ ᠳᠤ ᠦᠵᠡᠭᠦᠯᠬᠦ ᠬᠡᠮᠵᠢᠯᠲᠡ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠤᠯᠪᠠ᠃

    ︽5 · 20︾ ᠤ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠡᠮᠵᠢᠶᠡᠯᠡᠨ ᠪᠣᠭᠤᠳᠠᠯᠯᠠᠭᠰᠠᠨ ᠲᠠᠸᠠᠷ ᠤᠨ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠨ ᠥᠭᠴᠦ᠂ ᠣᠶᠢᠷ᠎ᠠ ᠬᠠᠪᠢ ᠶᠢᠨ ᠬᠤᠳᠠᠯᠳᠤᠭᠠᠨ ᠤ ᠡᠷᠦᠬᠡ ᠳᠤ ᠡᠯᠧᠺᠲᠷᠣᠨ ᠵᠢᠩᠯᠡᠭᠦᠷ ᠢ ᠰᠢᠯᠭᠠᠨ ᠪᠠᠶᠢᠴᠠᠭᠠᠬᠤ ᠶᠢᠨ ᠬᠠᠮᠲᠤ᠂ ᠡᠵᠡᠩᠨᠡᠭᠴᠢ ᠪᠠ ᠣᠯᠠᠨ ᠲᠦᠮᠡᠨ ᠳᠤ ᠬᠡᠮᠵᠢᠶᠡᠯᠡᠨ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠦᠭᠡᠮᠡᠯᠵᠢᠭᠦᠯᠦᠨ᠂ ︽ᠭᠠᠷ ᠤᠲᠠᠰᠤᠨ ᠲᠤᠤᠬᠠᠢ︾ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠭᠠᠷ ᠤᠲᠠᠰᠤᠨ ᠤ ᠬᠦᠨᠳᠦ ᠶᠢ ᠬᠡᠮᠵᠢᠵᠦ᠂ ᠬᠦᠨᠳᠦ ᠶᠢᠨ ᠬᠡᠮᠵᠢᠶᠡᠨ ᠤ ᠲᠡᠮᠳᠡᠭ ᠬᠠᠳᠠᠵᠤ ᠥᠭᠪᠡ᠃

    ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠣᠷᠣᠵᠤ᠂ ᠲᠤᠬᠠᠶ ᠶᠢᠨ ᠲᠠᠯᠠᠪᠠᠶ ᠳᠤ ᠠᠷᠠᠳ ᠤᠨ ᠬᠡᠷᠡᠭᠯᠡᠭᠡᠨ ᠤ ᠳᠥᠷᠪᠡᠨ ᠬᠡᠮᠵᠢᠭᠦᠷ᠂ ᠴᠢᠰᠤᠨ ᠳᠠᠷᠤᠯᠲᠠ ᠶᠢᠨ ᠬᠡᠮᠵᠢᠭᠦᠷ᠂ ᠡᠯᠧᠺᠲᠷᠣᠨ ᠵᠢᠩᠯᠡᠭᠦᠷ᠂ ᠨᠢᠳᠦᠨ ᠰᠢᠯ ᠵᠡᠷᠭᠡ ᠬᠡᠷᠡᠭᠯᠡᠭᠡᠨ ᠤ ᠶᠡᠷᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠦᠢᠳᠬᠡᠯ ᠬᠤᠷᠢᠶᠠᠬᠤ ᠥᠬᠡᠶ ᠪᠠᠷ ᠰᠢᠯᠭᠠᠨ ᠬᠡᠮᠵᠢᠬᠦ ᠦᠢᠯᠡᠴᠢᠯᠡᠭᠡ ᠬᠠᠩᠭᠠᠵᠤ᠂ ᠲᠤᠬᠠᠶ ᠶᠢᠨ ᠲᠠᠯᠠᠪᠠᠶ ᠳᠤ ᠴᠢᠰᠤᠨ ᠳᠠᠷᠤᠯᠲᠠ ᠶᠢᠨ ᠬᠡᠮᠵᠢᠭᠦᠷ 26᠂ ᠡᠯᠧᠺᠲᠷᠣᠨ ᠵᠢᠩᠯᠡᠭᠦᠷ 13 ᠶᠢ ᠰᠢᠯᠭᠠᠨ ᠲᠣᠭᠲᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ 300 ᠭᠠᠷᠤᠶ ᠬᠤᠪᠢ ᠲᠠᠷᠬᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭᠠᠨ ᠤ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ᠂ ᠨᠢᠳᠦᠨ ᠰᠢᠯ ᠤᠨ ᠳᠡᠯᠭᠡᠭᠦᠷ ᠵᠡᠷᠭᠡ ᠳᠤ ᠪᠠᠶᠢᠴᠠᠭᠠᠯᠲᠠ ᠬᠢᠪᠡ᠃

    ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠮᠵᠢᠯᠲᠡ ᠶᠢᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠬᠦᠷᠴᠦ ᠣᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢᠨ ᠬᠡᠮᠵᠢᠭᠦᠷ᠂ ᠪᠡᠶ᠎ᠡ ᠶᠢᠨ ᠬᠦᠨᠳᠦ ᠶᠢᠨ ᠵᠢᠩᠯᠡᠭᠦᠷ ᠵᠡᠷᠭᠡ ᠠᠷᠠᠳ ᠤᠨ ᠬᠡᠷᠡᠭᠯᠡᠭᠡᠨ ᠤ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ᠂ ᠬᠡᠮᠵᠢᠯᠲᠡ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠪᠡ︔  ︽ᠬᠡᠮᠵᠢᠯᠲᠡ ᠪᠠᠷ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠠᠶᠠᠯᠠᠯ︾ ᠤᠨ ᠠᠵᠢᠯᠯᠠᠭ᠎ᠠ ᠲᠠᠢ ᠤᠶᠠᠯᠳᠤᠭᠤᠯᠪᠠ︔ ᠬᠡᠮᠵᠢᠯᠲᠡ ᠶᠢᠨ ᠡᠳᠦᠷ ᠤᠨ ᠲᠤᠷᠰᠢᠯᠲᠠ ᠶᠢᠨ ᠲᠠᠰᠤᠭ ᠢ ᠨᠡᠭᠡᠭᠡᠬᠦ ᠠᠵᠢᠯᠯᠠᠭ᠎ᠠ ᠶᠢ ᠥᠷᠨᠢᠭᠦᠯᠪᠡ︔ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠡᠮᠵᠢᠯᠲᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠲᠣᠰᠣ ᠨᠡᠮᠡᠬᠦ ᠥᠷᠲᠡᠭᠡ ᠶᠢᠨ ᠲᠣᠰᠣ ᠨᠡᠮᠡᠬᠦ ᠮᠠᠰᠢᠨ᠂ ᠬᠤᠳᠠᠯᠳᠤᠭᠠᠨ ᠤ ᠬᠡᠲᠦ ᠳᠡᠯᠭᠡᠭᠦᠷ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠪᠠ ᠨᠡᠭᠦᠳᠡᠯ ᠳᠡᠯᠭᠡᠭᠡ ᠮᠠᠶᠢᠮᠠᠶ ᠳᠤ ᠬᠡᠷᠡᠭᠯᠡᠬᠦ ᠡᠯᠧᠺᠲᠷᠣᠨ ᠵᠢᠩᠯᠡᠭᠦᠷ᠂ ᠠᠯᠲᠠ ᠮᠥᠩᠭᠦᠨ ᠵᠠᠰᠠᠯ ᠴᠢᠮᠡᠭᠯᠡᠯ ᠤᠨ ᠡᠯᠧᠺᠲᠷᠣᠨ ᠲᠡᠩᠨᠡᠭᠦᠷ ᠵᠢᠴᠢ ᠬᠡᠮᠵᠢᠶᠡᠯᠡᠨ ᠪᠣᠭᠤᠳᠠᠯᠯᠠᠬᠤ ᠲᠠᠸᠠᠷ ᠤᠨ ᠴᠡᠪᠡᠷ ᠠᠭᠤᠯᠤᠭᠳᠠᠴᠠ ᠵᠡᠷᠭᠡ ᠠᠯᠢ ᠣᠯᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ︽ᠭᠡᠮᠲᠦ ᠵᠢᠩᠯᠡᠭᠦᠷ︾ ᠢᠶᠠᠷ ᠵᠢᠩ ᠯᠠᠩ ᠳᠤᠲᠠᠬᠤ ᠪᠠ ᠲᠣᠰᠣ ᠨᠡᠮᠡᠬᠦ ᠮᠠᠰᠢᠨ ᠢ ᠠᠰᠢᠭᠯᠠᠨ ᠭᠡᠮ ᠬᠢᠬᠦ ᠵᠡᠷᠭᠡ ᠬᠡᠷᠡᠭᠯᠡᠭᠴᠢᠳ ᠢ ᠮᠡᠬᠡᠯᠡᠭᠰᠡᠨ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃

    ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠢᠶ᠎ᠠ ᠪᠠᠭᠰᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠳᠤ ᠬᠦᠷᠴᠦ 2024 ᠣᠨ ᠤ ︽5 · 20 ᠤ ᠳᠡᠯᠡᠬᠡᠢ ᠶᠢᠨ ᠬᠡᠮᠵᠢᠯᠲᠡ ᠶᠢᠨ ᠡᠳᠦᠷ︾ — ᠬᠡᠮᠵᠢᠯᠲᠡ ᠶᠢᠨ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠰᠤᠷᠤᠭᠴᠢᠳ ᠲᠤ ᠠᠮᠢᠳᠤᠷᠠᠯ ᠳᠤᠮᠳᠠ ᠬᠡᠷᠡᠭᠯᠡᠬᠦ ᠴᠠᠬᠢᠯᠭᠠᠨ ᠡᠨᠧᠷᠭᠢ ᠶᠢᠨ ᠬᠡᠮᠵᠢᠭᠦᠷ᠂ ᠤᠰᠤᠨ ᠤ ᠬᠡᠮᠵᠢᠭᠦᠷ ᠤᠨ ᠪᠦᠲᠦᠴᠡ᠂ ᠬᠡᠷᠡᠭᠯᠡᠬᠦ ᠵᠢᠴᠢ ᠴᠠᠬᠢᠯᠭᠠᠨ ᠠᠷᠪᠢᠯᠠᠵᠤ ᠤᠰᠤ ᠠᠷᠪᠢᠯᠠᠬᠤ ᠵᠢᠴᠢ ᠬᠡᠷᠭᠢᠨ ᠬᠠᠷᠠᠭ᠎ᠠ ᠶᠢ ᠬᠠᠮᠠᠭᠠᠯᠠᠬᠤ ᠵᠢᠴᠢ ᠬᠠᠭᠤᠷᠮᠠᠭ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠯᠠᠷᠠᠭᠤᠯᠬᠤ ᠵᠡᠷᠭᠡ ᠮᠡᠳᠡᠯᠭᠡ ᠶᠢ ᠲᠠᠶᠢᠯᠪᠤᠷᠢᠯᠠᠪᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠡᠮᠵᠢᠯᠲᠡ ᠶᠢ ᠦᠨᠡᠨ ᠬᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠡᠷᠭᠡᠳᠡ ᠬᠦᠷᠭᠡᠵᠦ᠂ ᠪᠠᠭᠰᠢ ᠪᠠ ᠰᠤᠷᠤᠭᠴᠢᠳ ᠤᠨ ᠡᠨᠧᠷᠭᠢ ᠠᠷᠪᠢᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃

    ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠬᠠᠶ ᠬᠤᠲᠠ ᠶᠢᠨ ᠰᠢᠯᠭᠠᠨ ᠬᠡᠮᠵᠢᠬᠦ ᠲᠥᠪ ᠲᠠᠢ ᠬᠠᠮᠲᠤᠷᠠᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠡᠯᠧᠺᠲᠷᠣᠨ ᠦᠨ᠎ᠡ ᠪᠤᠳᠤᠬᠤ ᠵᠢᠩᠯᠡᠭᠦᠷ ᠲᠤ ᠲᠤᠰᠬᠠᠶ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠬᠤᠳᠠᠯᠳᠤᠭᠠᠴᠢᠨ ᠡᠷᠦᠬᠡ ᠶᠢᠨ ᠬᠡᠷᠡᠭᠯᠡᠵᠦ ᠪᠠᠶᠢᠭ᠎ᠠ ᠡᠯᠧᠺᠲᠷᠣᠨ ᠦᠨ᠎ᠡ ᠪᠤᠳᠤᠬᠤ ᠵᠢᠩᠯᠡᠭᠦᠷ ᠢ ᠰᠦᠢᠳᠬᠡᠯ ᠬᠤᠷᠢᠶᠠᠬᠤ ᠥᠬᠡᠶ ᠪᠠᠷ ᠰᠢᠯᠭᠠᠨ ᠲᠣᠭᠲᠠᠭᠠᠪᠠ᠃ ᠲᠣᠰ ᠤᠳᠠᠭᠠᠨ ᠤ ᠬᠢᠨᠠᠯᠲᠠ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ 595 ᠡᠯᠧᠺᠲᠷᠣᠨ ᠦᠨ᠎ᠡ ᠪᠤᠳᠤᠬᠤ ᠵᠢᠩᠯᠡᠭᠦᠷ᠂ 19 ᠬᠡᠲᠦ ᠳᠡᠯᠭᠡᠭᠦᠷ ᠢ ᠰᠦᠢᠳᠬᠡᠯ ᠬᠤᠷᠢᠶᠠᠬᠤ ᠥᠬᠡᠶ ᠪᠠᠷ ᠰᠢᠯᠭᠠᠨ ᠲᠣᠭᠲᠠᠭᠠᠵᠤ᠂ ᠴᠥᠮ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠤᠯᠢ ᠶᠢ ᠵᠥᠷᠢᠴᠡᠨ ᠬᠡᠮ ᠬᠢᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠰᠡᠨ ᠥᠬᠡᠶ᠃

    ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠶᠢᠮᠠᠭ ᠤᠨ ᠰᠢᠯᠭᠠᠨ ᠬᠡᠮᠵᠢᠬᠦ ᠲᠥᠪ ᠲᠠᠢ ᠬᠠᠮᠲᠤᠷᠠᠨ ᠮᠠᠨᠳᠤᠯ ᠨᠡᠶᠢᠭᠡᠮ ᠲᠣᠭᠤᠷᠢᠭ ᠲᠤ ᠴᠢᠰᠤᠨ ᠳᠠᠷᠤᠯᠲᠠ ᠶᠢᠨ ᠬᠡᠮᠵᠢᠭᠦᠷ᠂ ᠪᠡᠶ᠎ᠡ ᠶᠢᠨ ᠬᠦᠨᠳᠦ ᠶᠢᠨ ᠵᠢᠩᠯᠡᠭᠦᠷ ᠵᠡᠷᠭᠡ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢ ᠥᠷᠨᠢᠭᠦᠯᠵᠦ᠂ ᠠᠵᠢᠯᠯᠠᠭᠠᠨ ᠤ ᠬᠤᠭᠤᠴᠠᠭᠠᠨ ᠳᠤ ᠴᠢᠰᠤᠨ ᠳᠠᠷᠤᠯᠲᠠ ᠶᠢᠨ ᠬᠡᠮᠵᠢᠭᠦᠷ ᠵᠡᠷᠭᠡ 37 ᠲᠣᠨᠤᠭ ᠢ ᠰᠢᠯᠭᠠᠨ ᠲᠣᠭᠲᠠᠭᠠᠪᠠ︔ ᠳᠤᠮᠳᠠᠳᠤ ᠤᠯᠤᠰ ᠤᠨ ᠴᠢᠯᠠᠭᠤᠨ ᠲᠣᠰᠣ᠂ ᠴᠠᠬᠢᠯᠭᠠᠨ ᠬᠠᠩᠭᠠᠬᠤ ᠺᠣᠮᠫᠠᠨᠢ᠂ ᠰᠢᠲᠠᠮᠠᠬᠠᠶ ᠬᠡᠢ ᠶᠢᠨ ᠺᠣᠮᠫᠠᠨᠢ ᠵᠡᠷᠭᠡ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠨᠢᠭᠡᠴᠢ ᠲᠠᠢ ᠬᠠᠮᠲᠤᠷᠠᠨ᠂ ᠤᠬᠠᠭᠤᠯᠭ᠎ᠠ ᠶᠢᠨ ᠤᠷᠢᠶ᠎ᠠ ᠡᠯᠭᠦᠬᠦ᠂ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠤᠬᠠᠭᠤᠯᠭ᠎ᠠ ᠶᠢᠨ ᠤᠷᠢᠶ᠎ᠠ ᠶᠢ ᠦᠷᠭᠦᠯᠵᠢᠯᠡᠨ ᠨᠡᠪᠲᠡᠷᠡᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠪᠡ᠃

    ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︽ᠬᠡᠮᠵᠢᠯᠲᠡ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠢᠰᠤᠨ ᠳᠠᠷᠤᠯᠲᠠ ᠶᠢᠨ ᠬᠡᠮᠵᠢᠭᠦᠷ ᠪᠣᠯᠤᠨ ᠬᠡᠷ ᠤᠨ ᠪᠡᠶ᠎ᠡ ᠶᠢᠨ ᠬᠦᠨᠳᠦ ᠶᠢᠨ ᠵᠢᠩᠯᠡᠭᠦᠷ᠂ ᠰᠠᠭᠤᠭᠠᠯᠢ ᠠᠷᠠᠳ ᠲᠤ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠪᠠ ᠡᠳᠦᠷ ᠲᠤᠲᠤᠮ ᠤᠨ ᠬᠠᠮᠠᠭᠠᠯᠠᠬᠤ ᠠᠷᠭ᠎ᠠ ᠶᠢ ᠲᠠᠶᠢᠯᠪᠤᠷᠢᠯᠠᠨ ᠥᠭᠬᠦ ᠶᠢᠨ ᠬᠠᠮᠲᠤ ᠰᠠᠭᠤᠭᠠᠯᠢ ᠠᠷᠠᠳ ᠲᠤ ᠬᠡᠮᠵᠢᠯᠲᠡ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃ ᠲᠣᠰ ᠤᠳᠠᠭ᠎ᠠ ᠰᠠᠭᠤᠭᠠᠯᠢ ᠠᠷᠠᠳ ᠤᠨ ᠴᠢᠰᠤᠨ ᠳᠠᠷᠤᠯᠲᠠ ᠶᠢᠨ ᠬᠡᠮᠵᠢᠭᠦᠷ᠂ ᠪᠡᠶ᠎ᠡ ᠶᠢᠨ ᠬᠦᠨᠳᠦ ᠶᠢᠨ ᠵᠢᠩᠯᠡᠭᠦᠷ 27 ᠢ ᠰᠦᠢᠳᠬᠡᠯ ᠬᠤᠷᠢᠶᠠᠬᠤ ᠥᠬᠡᠶ ᠪᠠᠷ ᠪᠠᠶᠢᠴᠠᠭᠠᠨ ᠰᠢᠯᠭᠠᠵᠤ᠂ ᠤᠬᠠᠭᠤᠯᠭ᠎ᠠ ᠶᠢᠨ ᠥᠩᠭᠡᠲᠦ ᠬᠠᠭᠤᠳᠠᠰᠤ 100 ᠭᠠᠷᠤᠶ ᠬᠤᠪᠢ ᠲᠠᠷᠬᠠᠭᠠᠪᠠ᠃

    ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠡᠳᠦ ᠳᠡᠯᠭᠡᠭᠦᠷ ᠲᠤ ᠭᠦᠨᠵᠡᠭᠡᠢᠷᠡᠨ ᠰᠦᠢᠳᠭᠡᠯ ᠬᠤᠷᠢᠶᠠᠬᠤ ᠦᠭᠡᠢ ᠪᠠᠷ ᠪᠠᠶᠢᠴᠠᠭᠠᠨ ᠰᠢᠯᠭᠠᠬᠤ ᠠᠵᠢᠯᠯᠠᠭ᠎ᠠ ᠬᠠᠩᠭᠠᠵᠤ᠂ ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠦᠨᠡᠨ ᠪᠣᠳᠠᠲᠠᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠳᠤ ᠬᠡᠮᠵᠢᠯᠲᠡ ᠶᠢᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠡᠳ᠋ᠯᠡᠭᠦᠯᠪᠡ︔ ᠲᠣᠰᠣ ᠨᠡᠮᠡᠬᠦ ᠮᠠᠰᠢᠨ᠂ ᠨᠢᠳᠦᠨ ᠰᠢᠯ ᠦᠢᠯᠡᠳᠴᠦ ᠲᠣᠬᠢᠷᠠᠭᠤᠯᠬᠤ ᠭᠠᠵᠠᠷ᠂ ᠡᠯᠧᠺᠲᠷᠣᠨ ᠦᠨ᠎ᠡ ᠪᠣᠳᠣᠬᠤ ᠵᠢᠩᠯᠡᠭᠦᠷ ᠵᠡᠷᠭᠡ ᠬᠡᠮᠵᠢᠯᠲᠡ ᠶᠢᠨ ᠲᠤᠰᠬᠠᠶ ᠵᠦᠢᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ︔ ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠬᠦᠷᠴᠦ ᠬᠡᠮᠵᠢᠯᠲᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠤᠬᠠᠭᠤᠯᠵᠤ᠂ ᠡᠨᠧᠷᠭᠢ ᠶᠢᠨ ᠬᠡᠮᠵᠢᠯᠲᠡ ᠶᠢᠨ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠳᠤ ᠰᠠᠶᠢᠨ ᠰᠠᠭᠤᠷᠢ ᠲᠠᠯᠪᠢᠪᠠ᠃ 

 

ᠢᠷᠡᠯᠲᠡ᠄ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
Baidu
map