ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ 5ᠳ᠋ᠤᠭᠠᠷ ᠰᠠᠷ᠎ᠠ ᠶᠢᠨ ᠪᠥᠬᠦ ᠤᠯᠤᠰ ᠤᠨ 12315 ᠲᠠᠪᠴᠠᠩ ᠤᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠠᠷᠢᠮᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/6/11

ᠨᠢᠭᠡ᠂ ᠦᠨᠳᠦᠰᠦᠨ ᠪᠠᠶᠢᠳᠠᠯ

    2024 ᠣᠨ ᠤ 1 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ ᠤᠨ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠶᠢ ᠨᠡᠶᠢᠲᠡ 149487 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 7.48 % ᠪᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 60409 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.08% ᠪᠠᠷ ᠨᠡᠮᠡᠭᠳᠡᠪᠡ︔ ᠢᠯᠡᠴᠢᠯᠡᠨ ᠮᠡᠳᠡᠭᠦᠯᠦᠯᠲᠡ 13444 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21.73 % ᠢᠶᠠᠷ ᠨᠡᠮᠡᠭᠳᠡᠪᠡ᠃ ᠯᠠᠪᠯᠠᠭ᠎ᠠ 75634 ᠪᠠᠶᠢᠵᠤ᠂ ᠠᠳᠠᠯᠢ ᠬᠤᠭᠤᠴᠠᠭᠠᠨ ᠠᠴᠠ 1.63% ᠪᠠᠭᠤᠷᠠᠪᠠ᠃ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠨᠡᠶᠢᠲᠡ 67219 ᠬᠤᠪᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 91.02% ᠳᠤ ᠬᠦᠷᠴᠦ᠂ ᠮᠠᠷᠭᠤᠯᠳᠤᠭᠠᠨ ᠳᠤ ᠬᠤᠯᠪᠣᠭᠳᠠᠭᠰᠠᠨ ᠵᠣᠭᠤᠰ ᠤᠨ ᠲᠤᠭ᠎ᠠ ᠨᠢ 6960.31 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 2105.95 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃   

    2024 ᠣᠨ ᠤ 5 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠯᠲᠠ ᠶᠢ ᠨᠡᠶᠢᠲᠡ 32625 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 6.47% ᠪᠠᠷ ᠨᠡᠮᠡᠭᠳᠡᠵᠦ᠂ ᠲᠣᠭᠤᠷᠢᠭᠤ ᠠᠳᠠᠯᠢᠳᠬᠠᠯ ᠨᠢ 9.22% ᠢᠶᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 13196 ᠬᠤᠪᠢ ᠪᠠᠶᠢᠵᠤ᠂ ᠶᠡᠷᠦᠩᠬᠡᠶ ᠬᠡᠮᠵᠢᠶᠡᠨ ᠤ 40.45% ᠶᠢ ᠡᠵᠡᠯᠡᠪᠡ︔ ᠢᠯᠡᠴᠢᠯᠡᠨ ᠮᠡᠳᠡᠭᠦᠯᠦᠯᠲᠡ 3005 ᠬᠤᠪᠢ ᠪᠠᠶᠢᠵᠤ᠂ ᠶᠡᠷᠦᠩᠬᠡᠢ ᠬᠡᠮᠵᠢᠶᠡᠨ ᠤ 9.21% ᠶᠢ ᠡᠵᠡᠯᠡᠪᠡ︔ ᠯᠠᠪᠯᠠᠭ᠎ᠠ 16424 ᠬᠤᠪᠢ ᠪᠠᠶᠢᠵᠤ᠂ ᠶᠡᠷᠦᠩᠬᠡᠢ ᠬᠡᠮᠵᠢᠶᠡᠨ ᠤ 50.34% ᠶᠢ ᠡᠵᠡᠯᠡᠪᠡ᠃

    2024 ᠣᠨ ᠤ 5 ᠳ᠋ᠤᠭᠠᠷ ᠰᠠᠷ᠎ᠠ ᠳᠤ ᠪᠥᠬᠦ ᠣᠷᠣᠨ ᠤ 12315 ᠭᠥᠯᠢᠶᠡᠨ ᠠᠪᠤᠭᠰᠠᠨ ᠬᠡᠮᠵᠢᠶᠡᠨ ᠤ ᠠᠳᠠᠯᠢ ᠬᠤᠭᠤᠴᠠᠭᠠᠨ ᠤ ᠬᠠᠷᠢᠴᠠᠭᠤᠯᠤᠯ ᠤᠨ ᠵᠢᠷᠤᠭ᠄

 

    ᠡᠯ᠎ᠡ ᠠᠶᠢᠮᠠᠭ ᠬᠤᠲᠠ ᠶᠢᠨ ᠰᠢᠢᠳᠪᠦᠷᠢᠯᠡᠭᠰᠡᠨ ᠪᠠᠶᠢᠳᠠᠯ ᠤᠨ ᠲᠤᠭ᠎ᠠ ᠪᠦᠷᠢᠳᠬᠡᠯ ᠤᠨ ᠬᠦᠰᠦᠨᠦᠭᠲᠦ ︵ᠨᠢᠭᠡᠴᠢ᠄ ᠬᠤᠪᠢ︶

 

微信截图_20240618115017.png

    ᠰᠢᠢᠳᠪᠦᠷᠢᠯᠡᠭᠰᠡᠨ ᠶᠡᠷᠦᠩᠬᠡᠢ ᠬᠡᠮᠵᠢᠶ᠎ᠡ ᠶᠢᠨ ᠡᠮᠦᠨ᠎ᠡ ᠭᠤᠷᠪᠠ ᠳᠤ ᠪᠠᠶᠢᠭ᠎ᠠ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠣᠨ᠎ᠠ᠃ ᠡᠯ᠎ᠡ ᠵᠦᠢᠯ ᠤᠨ ᠲᠤᠭ᠎ᠠ ᠪᠠᠷᠢᠮᠲᠠ ᠳᠤ ᠵᠠᠭᠠᠯᠳᠤᠯᠭ᠎ᠠ ᠶᠢ ᠰᠢᠢᠳᠪᠦᠷᠢᠯᠡᠭᠰᠡᠨ ᠬᠡᠮᠵᠢᠶ᠎ᠡ ᠶᠢᠨ ᠡᠮᠦᠨ᠎ᠡ ᠭᠤᠷᠪᠠ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠣᠨ᠎ᠠ᠃ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠬᠡᠮᠵᠢᠶ᠎ᠡ ᠶᠢᠨ ᠡᠮᠦᠨ᠎ᠡ ᠭᠤᠷᠪᠠ ᠨᠢ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ ᠪᠣᠯᠣᠨ᠎ᠠ᠃

ᠬᠤᠶᠠᠷ᠂ ᠵᠠᠭᠠᠯᠳᠤᠭᠰᠠᠨ ᠪᠠᠶᠢᠳᠠᠯ ᠤᠨ ᠲᠤᠭ᠎ᠠ ᠪᠠᠷᠢᠮᠳᠠ ᠶᠢᠨ ᠪᠦᠷᠢᠳᠬᠡᠯ

    5 ᠳ᠋ᠤᠭᠠᠷ ᠰᠠᠷ᠎ᠠ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢ ᠨᠡᠶᠢᠲᠡ 13196 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 15.30 % ᠨᠡᠮᠡᠭᠳᠡᠪᠡ᠃ ᠡᠭᠦᠨ ᠳᠤ ᠲᠠᠸᠠᠷ ᠤᠨ ᠲᠥᠷᠥᠯ ᠨᠢ 8417 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠨᠢ 4779 ᠬᠤᠪᠢ ᠪᠤᠢ᠃ ᠵᠠᠭᠠᠯᠳᠤᠯᠭ᠎ᠠ ᠳᠤ ᠬᠤᠯᠪᠣᠭᠳᠠᠭᠰᠠᠨ ᠮᠠᠷᠭᠤᠯᠳᠤᠭᠠᠨ ᠤ ᠵᠣᠭᠤᠰ ᠤᠨ ᠲᠤᠭ᠎ᠠ 732.85 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 320.07 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ 6 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ 9329 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 70.70% ᠳᠤ ᠬᠦᠷᠪᠡ᠃

    ᠪᠤᠰᠤᠳᠴᠢ ᠴᠤᠭᠴᠠ ᠶᠢᠨ ᠲᠦᠷᠦᠯ ᠢᠯᠭᠠᠯ ᠤᠨ ᠬᠦᠰᠦᠨᠦᠭᠲᠦ ︵ᠨᠢᠭᠡ︶᠂ ︵ᠬᠤᠶᠠᠷ︶

    ︵ᠨᠢᠭᠡ︶ ᠲᠠᠸᠠᠷ ᠤᠨ ᠲᠦᠷᠦᠯ ᠳᠤ ᠬᠤᠯᠪᠤᠭᠳᠠᠬᠤ

 

微信截图_20240618115110.png

 

    ᠲᠠᠸᠠᠷ ᠤᠨ ᠲᠥᠷᠥᠯ ᠤᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠠᠴᠠ 32.66 % ᠪᠠᠷ ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠶᠡᠭᠡ ᠲᠦᠷᠦᠯ ᠪᠣᠯ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭᠠᠢ᠂ ᠵᠠᠮ ᠬᠠᠷᠢᠯᠴᠠᠭᠠᠨ ᠤ ᠪᠠᠭᠠᠵᠢ᠂ ᠭᠡᠷ ᠤᠨ ᠡᠳ᠋ᠯᠡᠯ ᠬᠡᠷᠡᠭᠰᠡᠯ᠂ ᠮᠡᠳᠡᠭᠡᠯᠡᠯ ᠤᠨ ᠦᠢᠯᠡᠳᠬᠦᠨ ᠪᠣᠯᠣᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠥᠷᠥᠯ ᠤᠨ ᠲᠠᠸᠠᠷ ᠤᠨ ᠶᠡᠭᠡ ᠲᠥᠷᠥᠯ ᠨᠢ ᠲᠠᠸᠠᠷ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠠᠷᠢᠴᠠᠯ᠄

 

    ᠵᠠᠭᠠᠯᠳᠤᠯᠭ᠎ᠠ ᠶᠢᠨ ᠬᠡᠮᠵᠢᠶ᠎ᠡ ᠨᠢ ᠨᠢᠭᠡᠳᠦᠭᠡᠷ ᠲᠤ ᠪᠠᠶᠢᠭ᠎ᠠ ᠢᠳᠡᠭᠡᠨ ᠤ ᠲᠥᠷᠥᠯ 4761 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 56.56% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠵᠠᠭᠠᠯᠳᠤᠯᠭ᠎ᠠ ᠨᠡᠯᠢᠶᠡᠳ ᠠᠷᠪᠢᠨ ᠪᠠᠶᠢᠭ᠎ᠠ ᠲᠠᠸᠠᠷ ᠪᠣᠯ ᠡᠩ ᠤᠨ ᠢᠳᠡᠭᠡᠨ ᠤ ᠵᠦᠢᠯ 3676 ᠬᠤᠪᠢ᠂ ᠠᠷᠢᠬᠢ ᠪᠣᠯᠤᠨ ᠤᠮᠳᠠᠭᠠᠨ ᠤ ᠵᠦᠢᠯ 667 ᠬᠤᠪᠢ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ 289 ᠬᠤᠪᠢ᠂ ᠢᠳᠡᠭᠡᠨ ᠳᠤ ᠬᠤᠯᠪᠣᠭᠳᠠᠬᠤ ᠦᠢᠯᠡᠳᠬᠦᠨ 62 ᠬᠤᠪᠢ᠂ ᠡᠷᠡᠭᠦᠯᠵᠢᠯ ᠤᠨ ᠢᠳᠡᠭᠡᠨ 37 ᠬᠤᠪᠢ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ 29 ᠬᠤᠪᠢ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡ ᠪᠦᠬᠦᠢ ᠨᠠᠶᠢᠷᠠᠯᠭ᠎ᠠ ᠲᠠᠢ ᠢᠳᠡᠭᠡᠨ 1 ᠬᠤᠪᠢ ᠪᠤᠶ᠃

    ᠵᠠᠭᠠᠯᠳᠤᠯᠭ᠎ᠠ ᠶᠢᠨ ᠬᠡᠮᠵᠢᠶ᠎ᠡ ᠨᠢ ᠬᠤᠶᠠᠳᠤᠭᠠᠷ ᠲᠤ ᠪᠠᠶᠢᠭ᠎ᠠ ᠬᠤᠪᠴᠠᠰᠤ ᠬᠤᠨᠠᠷ ᠱᠠᠬᠠᠢ ᠮᠠᠯᠠᠭᠠᠢ 601 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 7.14% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ ᠵᠠᠭᠠᠯᠳᠤᠯᠭ᠎ᠠ ᠨᠡᠯᠢᠶᠡᠳ ᠠᠷᠪᠢᠨ ᠪᠠᠶᠢᠭ᠎ᠠ ᠲᠠᠸᠠᠷ ᠪᠣᠯ ᠱᠠᠬᠠᠢ 260 ᠬᠤᠪᠢ᠂ ᠭᠠᠳᠠᠷ ᠬᠤᠪᠴᠠᠰᠤ 92 ᠬᠤᠪᠢ᠂ ᠦᠮᠦᠳᠦ 84 ᠬᠤᠪᠢ᠂ ᠴᠠᠮᠴᠠ 49 ᠬᠤᠪᠢ᠂ ᠪᠠᠩᠵᠠᠯ 38 ᠬᠤᠪᠢ᠂ ᠳᠣᠲᠣᠷ ᠬᠠᠨᠲᠠᠭᠠᠰᠤ 15 ᠬᠤᠪᠢ᠂ ᠳᠣᠲᠣᠷ ᠬᠤᠪᠴᠠᠰᠤ 15 ᠬᠤᠪᠢ᠂ ᠪᠤᠰᠤᠳ ᠵᠠᠭᠠᠯᠳᠤᠯᠭ᠎ᠠ 48 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠭᠤᠷᠪᠠᠳᠤᠭᠠᠷ ᠲᠤ ᠪᠠᠶᠢᠭ᠎ᠠ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠲᠥᠷᠥᠯ 529 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠶᠢᠨ 6.28% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ ᠮᠠᠰᠢᠨ ᠲᠡᠷᠭᠡ ᠪᠠ ᠮᠠᠰᠢᠨ ᠲᠡᠷᠭᠡᠨ ᠤ ᠰᠡᠯᠪᠢᠭ ᠲᠣᠨᠤᠭ 374 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠤᠭ78 ᠬᠤᠪᠢ᠂ ᠮᠣᠲ᠋ᠣᠷ ᠪᠠ ᠲᠤᠰᠠᠯᠠᠬᠤ ᠬᠦᠴᠦᠨ ᠤ ᠮᠠᠰᠢᠨ ᠲᠡᠷᠭᠡ 77 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠳᠥᠷᠪᠡᠳᠦᠭᠡᠷ ᠲᠤ ᠪᠠᠶᠢᠭ᠎ᠠ ᠭᠡᠷ ᠤᠨ ᠬᠡᠷᠡᠭᠰᠡᠯ ᠤᠨ ᠲᠥᠷᠥᠯ ᠵᠦᠢᠯ 339 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 3.99% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠭᠡᠷ ᠤᠨ ᠡᠳ᠋ᠯᠡᠯ ᠬᠡᠷᠡᠭᠰᠡᠯ 149 ᠬᠤᠪᠢ᠂ ᠲᠣᠭᠤᠭᠠᠨ ᠭᠡᠷ ᠤᠨ ᠬᠡᠷᠡᠭᠯᠡᠭᠡᠨ ᠤ ᠵᠦᠢᠯ 48 ᠬᠤᠪᠢ᠂ ᠨᠢᠳᠦᠨ ᠰᠢᠯ 36 ᠬᠤᠪᠢ᠂ ᠴᠠᠭ 27 ᠬᠤᠪᠢ᠂ ᠬᠠᠶᠢᠷᠴᠠᠭ ᠪᠣᠭᠴᠣ 25 ᠬᠤᠪᠢ᠂ ᠡᠳᠦᠷ ᠲᠤᠲᠤᠮ ᠤᠨ ᠬᠡᠷᠡᠭᠯᠡᠭᠡᠨ ᠤ ᠵᠦᠢᠯ 36 ᠬᠤᠪᠢ᠂ ᠠᠷᠢᠭᠤᠨ ᠴᠡᠪᠡᠷ ᠤᠨ ᠬᠡᠷᠡᠭᠯᠡᠭᠡᠨ ᠤ ᠵᠦᠢᠯ 18 ᠬᠤᠪᠢ᠂ ᠣᠷᠣ ᠶᠢᠨ ᠬᠡᠷᠡᠭᠰᠡᠯ 9 ᠬᠤᠪᠢ᠂ ᠨᠡᠬᠡᠮᠡᠯ ᠡᠳ᠋ 1 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠲᠠᠪᠤᠳᠤᠭᠠᠷ ᠲᠤ ᠪᠠᠶᠢᠭ᠎ᠠ ᠮᠡᠳᠡᠭᠡᠯᠡᠯ ᠤᠨ ᠦᠢᠯᠡᠳᠬᠦᠨ ᠤ ᠲᠦᠷᠦᠯ 218 ᠪᠠᠶᠢᠵᠤ᠂ ᠲᠠᠸᠠᠷ ᠤᠨ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 2.59% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤᠮᠳᠠ ᠭᠠᠷ ᠤᠲᠠᠰᠤ ᠪᠣᠯᠣᠨ ᠰᠡᠯᠪᠢᠭ ᠲᠣᠨᠤᠭ201 ᠬᠤᠪᠢ᠂ ᠲᠣᠭᠲᠠᠮᠠᠯ ᠤᠲᠠᠰᠤ1 ᠬᠤᠪᠢ᠂ ᠪᠤᠰᠤᠳ ᠴᠢᠮᠡᠭᠡ ᠮᠡᠳᠡᠭᠡᠯᠡᠯ ᠤᠨ ᠦᠢᠯᠡᠳᠬᠦᠨ16 ᠬᠤᠪᠢ ᠪᠤᠢ᠃

    ᠲᠠᠸᠠᠷ ᠤᠨ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨᠡᠬᠢ ᠠᠷᠪᠠᠨ ᠨᠡᠷᠡᠰ ᠲᠤ ᠠᠮᠤ ᠭᠤᠯᠢᠷ ᠵᠢᠴᠢ ᠲᠡᠭᠦᠨ ᠤ ᠦᠢᠯᠡᠳᠬᠦᠨ ︵ᠥᠪᠡᠰᠦᠪᠡᠨ ᠦᠢᠯᠡᠳᠪᠦᠷᠢᠯᠡᠭᠰᠡᠨ︶ 325 ᠬᠤᠪᠢ᠂ ᠡᠩ ᠤᠨ ᠰᠠᠭᠤᠳᠠᠯ ᠤᠨ ᠮᠠᠰᠢᠨ ᠲᠡᠷᠭᠡ 287 ᠬᠤᠪᠢ᠂ ᠭᠠᠷ ᠤᠲᠠᠰᠤ 182 ᠬᠤᠪᠢ᠂ ᠲᠠᠮᠢᠷ ᠤᠨ ᠬᠥᠳᠡᠯᠭᠡᠭᠡᠨ ᠤ ᠱᠠᠬᠠᠢ159 ᠬᠤᠪᠢ᠂ ᠮᠢᠬᠠᠨ ᠤ ᠪᠦᠲᠦᠭᠡᠭᠳᠡᠬᠦᠨ ︵ᠥᠪᠡᠰᠦᠪᠡᠨ ᠦᠢᠯᠡᠳᠦᠭᠰᠡᠨ︶ 149 ᠬᠤᠪᠢ᠂ ᠲᠠᠯᠬ᠎ᠠ 118 ᠬᠤᠪᠢ᠂ᠵᠢᠮᠢᠰ ᠤᠨ ᠠᠮᠲᠠᠲᠤ ᠨᠡᠭᠦᠷᠡᠰᠦᠬᠦ᠋ᠴᠢᠯ ᠤᠨ ᠤᠮᠳᠠᠭᠠᠨ ᠤ ᠵᠦᠢᠯ 105 ᠬᠤᠪᠢ᠂ ᠠᠮᠲᠠ ᠣᠷᠣᠭᠤᠯᠤᠭᠰᠠᠨ ᠮᠢᠬᠠᠨ ᠤ ᠵᠦᠢᠯ 102 ᠬᠤᠪᠢ᠂ ᠲᠣᠰᠣᠨ ᠳᠤ ᠪᠤᠴᠠᠯᠭᠠᠭᠰᠠᠨ ᠳᠥᠭᠦᠮ ᠭᠤᠯᠢᠷ 102 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ︾ ᠢ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠬᠤ ᠦᠭᠡᠶ︶ ᠪᠠᠶᠢᠵᠤ᠂ ᠬᠤᠳᠠᠯᠳᠤᠭᠠᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 20.41% ᠶᠢ ᠡᠵᠡᠯᠡᠪᠡ᠃

    ︵ᠬᠤᠶᠠᠷ︶ ᠦᠢᠯᠡᠴᠢᠯᠡᠭᠡᠨ ᠤ ᠲᠦᠷᠦᠯ ᠳᠤ ᠬᠤᠯᠪᠤᠭᠳᠠᠬᠤ

微信截图_20240618115125.png

    ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 6.29% ᠪᠠᠭᠤᠷᠠᠪᠠ᠃ ᠵᠠᠭᠠᠯᠳᠤᠬᠤ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠶᠡᠭᠡ ᠲᠥᠷᠥᠯ ᠨᠢ ᠪᠣᠷᠣᠯᠠᠭᠤᠯᠬᠤ ᠦᠢᠯᠡᠴᠢᠯᠡᠭᠡ᠂ ᠢᠳᠡᠭᠡᠨ ᠤᠮᠳᠠᠭᠠᠨ ᠪᠠ ᠬᠤᠨᠤᠭ ᠪᠠᠭᠤᠳᠠᠯ ᠤᠨ ᠦᠢᠯᠡᠴᠢᠯᠡᠭᠡ᠂ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠶᠢᠨ ᠦᠢᠯᠡᠴᠢᠯᠡᠭᠡ᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ ᠵᠡᠷᠭᠡ ᠶᠢ ᠪᠠᠭᠲᠠᠭᠠᠪᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠲᠣᠮᠣ ᠲᠥᠷᠥᠯ ᠨᠢ ᠦᠢᠯᠡᠴᠢᠯᠡᠭᠡᠨ ᠤ ᠶᠡᠷᠦᠩᠬᠡᠢ ᠬᠡᠮᠵᠢᠶᠡᠨ ᠳᠠᠬᠢ ᠬᠠᠷᠢᠴᠠᠯ᠄

 

    ᠵᠠᠭᠠᠯᠳᠤᠯᠭ᠎ᠠ ᠶᠢᠨ ᠬᠡᠮᠵᠢᠶ᠎ᠡ ᠨᠢ ᠨᠢᠭᠡᠳᠦᠭᠡᠷ ᠲᠤ ᠪᠠᠶᠢᠭ᠎ᠠ ᠪᠣᠷᠣᠯᠠᠭᠤᠯᠬᠤ ᠦᠢᠯᠡᠴᠢᠯᠡᠭᠡ 1176 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 24.61% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠤᠷᠢᠳᠴᠢᠯᠠᠨ ᠰᠦᠢᠳᠬᠡᠯ ᠲᠤᠰᠢᠶᠠᠬᠤ ᠺᠠᠷᠲ ᠤᠨ ᠦᠢᠯᠡᠴᠢᠯᠡᠭᠡ 743 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 167 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 68 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 42 ᠬᠤᠪᠢ᠂ ᠱᠠᠩᠨᠠᠯ ᠲᠠᠢ ᠪᠣᠷᠣᠯᠠᠭᠤᠯᠬᠤ ᠦᠢᠯᠡᠴᠢᠯᠡᠭᠡ 29 ᠬᠤᠪᠢ᠂ ᠵᠠᠬᠢᠶᠠᠯᠠᠨ ᠬᠤᠳᠠᠯᠳᠤᠨ ᠠᠪᠬᠤ ᠦᠢᠯᠡᠴᠢᠯᠡᠭᠡ 24 ᠬᠤᠪᠢ᠂ ᠬᠠᠷᠠᠭᠠᠯᠵᠠᠯ ᠤᠨ ᠺᠠᠷᠲ ᠢᠶᠠᠷ ᠪᠣᠷᠣᠯᠠᠭᠤᠯᠬᠤ ᠦᠢᠯᠡᠴᠢᠯᠡᠭᠡ 15 ᠬᠤᠪᠢ᠂ ᠱᠠᠩᠨᠠᠯ ᠰᠤᠭᠤᠴᠢᠨ ᠪᠣᠷᠣᠯᠠᠭᠤᠯᠬᠤ ᠦᠢᠯᠡᠴᠢᠯᠡᠭᠡ 11 ᠬᠤᠪᠢ᠂ ᠪᠤᠰᠤᠳ ᠵᠦᠢᠯ ᠤᠨ ᠪᠣᠷᠣᠯᠠᠭᠤᠯᠭ᠎ᠠ ᠶᠢᠨ ᠦᠢᠯᠡᠴᠢᠯᠡᠭᠡ 77 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠬᠤᠶᠠᠳᠤᠭᠠᠷ ᠲᠤ ᠪᠠᠶᠢᠭ᠎ᠠ ᠢᠳᠡᠭᠡᠨ ᠤᠮᠳᠠᠭᠠᠨ ᠪᠠ ᠬᠤᠨᠤᠭ ᠪᠠᠭᠤᠳᠠᠯ ᠤᠨ ᠦᠢᠯᠡᠴᠢᠯᠡᠭᠡ 954 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 19.96% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠢᠳᠡᠭᠡᠨ ᠤᠮᠳᠠᠭᠠᠨ ᠤ ᠦᠢᠯᠡᠴᠢᠯᠡᠭᠡ 648 ᠬᠤᠪᠢ᠂ ᠬᠤᠨᠤᠭ ᠪᠠᠭᠤᠳᠠᠯ ᠤᠨ ᠦᠢᠯᠡᠴᠢᠯᠡᠭᠡ 306 ᠬᠤᠪᠢ ᠪᠤᠢ᠃

    ᠵᠠᠭᠠᠯᠳᠤᠬᠤ ᠬᠡᠮᠵᠢᠶ᠎ᠡ ᠨᠢ ᠭᠤᠷᠪᠠᠳᠤᠭᠠᠷ ᠲᠤ ᠪᠠᠶᠢᠭ᠎ᠠ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 342 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 7.16% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ 225 ᠬᠤᠪᠢ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 70 ᠬᠤᠪᠢ᠂ ᠠᠩᠬ᠎ᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 40 ᠬᠤᠪᠢ᠂ ᠳᠤᠮᠳᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 7 ᠬᠤᠪᠢ ᠪᠤᠢ᠃

    ᠵᠠᠭᠠᠯᠳᠤᠬᠤ ᠬᠡᠮᠵᠢᠶ᠎ᠡ ᠨᠢ ᠳᠥᠷᠪᠡᠳᠦᠭᠡᠷ ᠲᠤ ᠪᠠᠶᠢᠭ᠎ᠠ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠶᠢᠨ ᠦᠢᠯᠡᠴᠢᠯᠡᠭᠡ 322 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 6.74% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ 207 ᠬᠤᠪᠢ᠂ ᠪᠡᠶ᠎ᠡ ᠤᠬᠢᠶᠠᠬᠤ ᠢᠯᠢᠬᠦ ᠵᠠᠰᠠᠯᠭ᠎ᠠ ᠶᠢᠨ ᠦᠢᠯᠡᠴᠢᠯᠡᠭᠡ 115 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠲᠠᠪᠤᠳᠤᠭᠠᠷ ᠲᠤ ᠪᠠᠶᠢᠭ᠎ᠠ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 267 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 5.59% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂   ᠪᠡᠶ᠎ᠡ ᠴᠢᠭᠢᠷᠠᠭᠵᠢᠭᠤᠯᠬᠤ ᠦᠢᠯᠡᠴᠢᠯᠡᠭᠡ 135 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ ᠤᠨ ᠦᠢᠯᠡᠴᠢᠯᠡᠭᠡ 73 ᠬᠤᠪᠢ᠂ ᠺᠢᠨᠣ᠋ ᠭᠠᠷᠭᠠᠬᠤ ᠦᠢᠯᠡᠴᠢᠯᠡᠭᠡ 21 ᠬᠤᠪᠢ᠂ ᠲᠣᠭᠯᠠᠯᠲᠠ ᠭᠠᠷᠭᠠᠬᠤ ᠤᠷᠠᠯᠢᠭ ᠤᠨ ᠦᠢᠯᠡᠴᠢᠯᠡᠭᠡ 20 ᠬᠤᠪᠢ᠂ ᠨᠣᠮ ᠤᠨ ᠰᠠᠩ ᠤᠨ ᠳᠠᠩᠰᠠ ᠡᠪᠬᠡᠮᠡᠯ ᠤᠨ ᠣᠷᠳᠣᠨ ᠤ ᠦᠢᠯᠡᠴᠢᠯᠡᠭᠡ 18 ᠬᠤᠪᠢ ᠪᠤᠢ᠃

    ᠦᠢᠯᠡᠴᠢᠯᠡᠭᠡᠨ ᠤ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠ ᠳᠤ ᠤᠷᠢᠳᠴᠢᠯᠠᠨ ᠰᠦᠢᠳᠬᠡᠯ ᠥᠭᠬᠦ ᠺᠠᠷᠲ ᠤᠨ ᠦᠢᠯᠡᠴᠢᠯᠡᠭᠡ 743 ᠬᠤᠪᠢ᠂ ᠬᠤᠭᠤᠯᠠᠨ ᠭᠡᠷ ᠤᠨ ᠦᠢᠯᠡᠴᠢᠯᠡᠭᠡ 448 ᠬᠤᠪᠢ᠂ ᠬᠤᠨᠤᠭ ᠪᠠᠭᠤᠳᠠᠯ ᠤᠨ ᠦᠢᠯᠡᠴᠢᠯᠡᠭᠡ 282 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 167 ᠬᠤᠪᠢ᠂ ᠬᠠᠭᠤᠷᠠᠶ ᠪᠠᠷ ᠤᠬᠢᠶᠠᠬᠤ ᠦᠢᠯᠡᠴᠢᠯᠡᠭᠡ 93 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 74 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 68 ᠬᠤᠪᠢ᠂ ᠬᠤᠪᠢ ᠬᠥᠮᠦᠨ ᠤ ᠳᠦᠷᠰᠦᠯᠡᠨ ᠪᠢᠴᠢᠬᠦ ᠭᠡᠷᠡᠯ ᠵᠢᠷᠤᠭ ᠤᠨ ᠦᠢᠯᠡᠴᠢᠯᠡᠭᠡ 57 ᠬᠤᠪᠢ᠂ ᠭᠠᠷ ᠤᠲᠠᠰᠤ ᠰᠡᠯᠪᠢᠨ ᠵᠠᠰᠠᠬᠤ ᠦᠢᠯᠡᠴᠢᠯᠡᠭᠡ 52 ᠬᠤᠪᠢ᠂ ᠨᠢᠭᠤᠷ ᠤᠨ ᠰᠤᠪᠢᠯᠠᠯᠲᠠ ᠶᠢᠨ ᠦᠢᠯᠡᠴᠢᠯᠡᠭᠡ51 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ︾ ᠢ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠬᠤ ᠦᠭᠡᠶ︶ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 42.58% ᠶᠢ ᠡᠵᠡᠯᠡᠪᠡ᠃

ᠭᠤᠷᠪᠠ᠂ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠦᠷᠢᠳᠭᠡᠯ

    5 ᠳ᠋ᠤᠭᠠᠷ ᠰᠠᠷ᠎ᠠ ᠳᠤ 3005 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 18.68% ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ ᠳᠤ 1829 ᠬᠤᠪᠢ ᠬᠤᠯᠪᠣᠭᠳᠠᠵᠤ᠂ ᠦᠢᠯᠡᠴᠢᠯᠡᠭᠡᠨ ᠤ ᠲᠥᠷᠥᠯ ᠳᠤ 1176 ᠬᠤᠪᠢ ᠬᠤᠯᠪᠣᠭᠳᠠᠵᠤ᠂ 6 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ ᠨᠡᠶᠢᠲᠡ 2070 ᠬᠤᠪᠢ ᠶᠢ ᠨᠢ ᠰᠢᠢᠳᠪᠦᠷᠢᠯᠡᠵᠦ ᠳᠠᠭᠤᠰᠬᠠᠪᠠ᠃

    ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠠᠸᠠᠷ᠂ ᠦᠢᠯᠡᠴᠢᠯᠡᠭᠡᠨ ᠤ ᠲᠥᠷᠥᠯ ᠬᠤᠪᠢᠶᠠᠭᠰᠠᠨ ᠬᠦᠰᠦᠨᠦᠭᠲᠦ᠄

 

 微信截图_20240618115139.png

    ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠬᠠᠮᠤᠭ ᠤᠨ ᠶᠡᠭᠡ ᠪᠣᠯᠬᠤ ᠢᠳᠡᠭᠡᠨ ᠤ ᠲᠥᠷᠥᠯ 1038 ᠬᠤᠪᠢ᠂ ᠲᠠᠸᠠᠷ ᠤᠨ ᠲᠥᠷᠥᠯ ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ ᠤ 56.75% ᠶᠢ ᠡᠵᠡᠯᠡᠪᠡ᠃ ᠭᠤᠤᠯᠳᠠᠭᠤ ᠡᠩ ᠤᠨ ᠢᠳᠡᠭᠡᠨ᠂ ᠠᠷᠢᠬᠢ ᠪᠣᠯᠤᠨ ᠤᠮᠳᠠᠭᠠᠨ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠳᠤ ᠬᠤᠯᠪᠣᠭᠳᠠᠵᠤ᠂ ᠢᠯᠵᠢᠷᠡᠨ ᠴᠢᠨᠠᠷ ᠬᠤᠪᠢᠷᠠᠭᠰᠠᠨ᠂ ᠸᠠᠯᠠᠵᠤ ᠬᠤᠷᠣᠬᠠᠶᠢᠲᠤᠭᠰᠠᠨ᠂ ᠪᠤᠵᠠᠷ ᠪᠤᠷᠲᠠᠭ ᠴᠡᠪᠡᠷ ᠪᠤᠰᠤ᠂ ᠡᠯᠳᠡᠪ ᠵᠦᠢᠯ ᠤᠨ ᠪᠣᠳᠠᠰ ᠬᠤᠯᠢᠯᠳᠤᠭᠰᠠᠨ᠂ ᠬᠠᠭᠤᠷᠮᠠᠭ ᠡᠳ᠋ ᠬᠤᠯᠢᠬᠤ ᠪᠤᠶᠤ ᠬᠡᠪ ᠤᠨ ᠪᠤᠰᠤ ᠰᠡᠷᠡᠵᠦ ᠮᠡᠳᠡᠭᠳᠡᠬᠦᠶᠢᠴᠡ ᠪᠣᠳᠠᠰ ᠬᠤᠯᠢᠭᠰᠠᠨ ᠢᠳᠡᠭᠡᠨ᠂ ᠦᠨ᠎ᠡ ᠬᠠᠩᠰᠢ᠂ ᠲᠠᠸᠠᠷ ᠤᠨ ᠲᠡᠮᠳᠡᠭ᠂ ᠵᠠᠷ ᠮᠡᠳᠡᠭᠡ᠂ ᠵᠢᠩ ᠯᠠᠩ ᠳᠤᠲᠠᠭᠳᠠᠬᠤ ᠵᠡᠷᠭᠡ ᠠᠰᠠᠭᠤᠳᠠᠯ ᠳᠤ ᠬᠤᠯᠪᠣᠭᠳᠠᠪᠠ᠃ ᠪᠤᠰᠤᠳ ᠨᠡᠯᠢᠶᠡᠳ ᠣᠯᠠᠨ ᠢᠯᠡᠴᠢᠯᠡᠨ ᠮᠡᠳᠡᠭᠦᠯᠦᠭᠰᠡᠨ ᠲᠠᠸᠠᠷ ᠲᠤ ᠣᠨᠴᠠᠭᠠᠶ ᠪᠤᠰᠤ ᠬᠡᠷᠡᠭᠴᠡᠭᠡᠨ ᠤ ᠵᠠᠰᠠᠯ ᠴᠢᠮᠡᠭᠯᠡᠯ ᠤᠨ ᠡᠳ᠋᠂ ᠬᠢᠲᠠᠳ ᠪᠡᠯᠡᠨ ᠡᠮ᠂ ᠴᠠᠬᠢᠯᠭᠠᠨ ᠱᠠᠲᠤ᠂ ᠲᠡᠮᠦᠷᠯᠢᠭ ᠪᠠᠭᠠᠵᠢ ᠬᠡᠷᠡᠭᠰᠡᠯ᠂ ᠰᠢᠩᠭᠡᠨ ᠪᠡᠶᠡᠲᠦ ᠲᠦᠯᠡᠰᠢ ᠵᠡᠷᠭᠡ ᠪᠠᠭᠲᠠᠵᠤ᠂ ᠭᠤᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠥᠬᠡᠶ ᠪᠠᠷ ᠡᠵᠡᠩᠨᠡᠬᠦ᠂ ︽ᠭᠤᠷᠪᠠ ᠥᠬᠡᠶ︾᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠬᠠᠭᠤᠷᠮᠠᠭᠯᠠᠭᠰᠠᠨ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ ᠳᠤ ᠬᠤᠯᠪᠣᠭᠳᠠᠪᠠ᠃

    ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠭᠰᠡᠨ ᠢᠶᠠᠷ ᠬᠠᠮᠤᠭ ᠤᠨ ᠣᠯᠠᠨ ᠪᠣᠯᠬᠤ ᠢᠳᠡᠭᠡᠨ ᠤᠮᠳᠠᠭᠠᠨ ᠪᠠ ᠬᠤᠨᠤᠭ ᠪᠠᠭᠤᠳᠠᠯ ᠤᠨ ᠦᠢᠯᠡᠴᠢᠯᠡᠭᠡ 311 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ ᠤ 26.45% ᠶᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ ᠪᠠᠷ ᠡᠵᠡᠩᠨᠡᠬᠦ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠦᠢᠯᠡᠴᠢᠯᠡᠭᠡ ᠨᠢ ᠭᠤᠤᠯᠳᠠᠭᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡ᠂ ᠵᠢᠵᠢᠭᠯᠡᠨ ᠬᠤᠳᠠᠯᠳᠤᠬᠤ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ᠂ ᠲᠣᠭᠤᠷᠢᠨ ᠦᠵᠡᠵᠦ ᠵᠤᠭ᠎ᠠ ᠴᠡᠩᠭᠡᠯ ᠤᠨ ᠦᠢᠯᠡᠴᠢᠯᠡᠭᠡ᠂ ᠤᠬᠢᠶᠠᠯᠭ᠎ᠠ ᠢᠯᠢᠬᠦ ᠵᠠᠰᠠᠯᠭ᠎ᠠ ᠶᠢᠨ ᠦᠢᠯᠡᠴᠢᠯᠡᠭᠡ᠂ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡ ᠵᠡᠷᠭᠡ ᠳᠤ ᠬᠤᠯᠪᠣᠭᠳᠠᠵᠤ᠂ ᠭᠤᠤᠯ ᠠᠰᠠᠭᠤᠳᠠᠯ ᠨᠢ ᠦᠨᠡᠮᠯᠡᠯ ᠥᠬᠡᠶ ᠪᠠᠷ ᠡᠵᠡᠩᠨᠡᠬᠦ᠂ ᠬᠤᠳᠠᠯ ᠬᠠᠭᠤᠷᠮᠠᠭ ᠵᠠᠷ ᠮᠡᠳᠡᠭᠡᠨ ᠤ ᠤᠬᠠᠭᠤᠯᠭ᠎ᠠ᠂ ᠦᠢᠯᠡᠴᠢᠯᠡᠭᠡᠨ ᠤ ᠶᠠᠰᠤ ᠴᠢᠨᠠᠷ ᠮᠠᠭᠤ ᠪᠠ ᠬᠡᠷᠡᠭᠯᠡᠭᠴᠢᠳ ᠢ ᠮᠡᠬᠡᠯᠡᠭᠰᠡᠨ ᠵᠡᠷᠭᠡ ᠪᠣᠯᠤᠨ᠎ᠠ᠃

ᠳᠥᠷᠪᠡ᠂ ᠯᠠᠪᠯᠠᠭ᠎ᠠ ᠶᠢᠨ ᠪᠠᠶᠢᠳᠠᠯ ᠤᠨ ᠲᠤᠭ᠎ᠠ ᠪᠦᠷᠢᠳᠬᠡᠯ

    5 ᠳ᠋ᠤᠭᠠᠷ ᠰᠠᠷ᠎ᠠ ᠳᠤ 16424 ᠬᠤᠪᠢ ᠠᠰᠠᠭᠤᠨ ᠯᠠᠪᠯᠠᠭ᠎ᠠ ᠶᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 1.46% ᠪᠠᠷ ᠪᠠᠭᠤᠷᠠᠪᠠ᠂ ᠡᠭᠦᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠬᠤᠯᠪᠣᠭᠳᠠᠭᠰᠠᠨ 2466 ᠬᠤᠪᠢ᠂ ᠯᠠᠪᠯᠠᠭ᠎ᠠ ᠶᠢᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠭᠡᠪᠡᠯ᠄ ᠵᠠᠭᠠᠯᠳᠤᠵᠤ ᠢᠯᠡᠴᠢᠯᠡᠨ ᠮᠡᠳᠡᠭᠦᠯᠵᠦ ᠰᠢᠢᠳᠪᠦᠷᠢᠯᠡᠬᠦ 996 ᠬᠤᠪᠢ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ 266 ᠬᠤᠪᠢ᠂ ᠦᠢᠯᠡᠴᠢᠯᠡᠭᠡᠨ ᠤ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ 171 ᠬᠤᠪᠢ᠂ ᠦᠢᠯᠡᠳᠬᠦᠨ ︵ᠲᠠᠸᠠᠷ︶ ᠤᠨ ᠶᠠᠰᠤ ᠴᠢᠨᠠᠷ 93 ᠬᠤᠪᠢ᠂ ᠢᠳᠡᠭᠡᠨ ᠤ ᠬᠢᠨᠠᠯᠲᠠ ᠬᠠᠮᠢᠶᠠᠷᠤᠯᠲᠠ 58 ᠬᠤᠪᠢ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠨ ᠲᠡᠮᠳᠡᠭᠯᠡᠬᠦ 41 ᠬᠤᠪᠢ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ 39 ᠬᠤᠪᠢ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ 5738 ᠬᠤᠪᠢ ᠪᠣᠶ᠃ ᠪᠤᠰᠤᠳ ᠰᠠᠯᠠᠭ᠎ᠠ ᠮᠥᠴᠢᠷ ᠤᠨ ᠠᠰᠠᠭᠤᠨ ᠯᠠᠪᠯᠠᠭ᠎ᠠ ᠳᠤ ᠭᠤᠤᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠤᠳᠠᠨ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ ᠳᠤ ᠬᠤᠯᠪᠣᠭᠳᠠᠪᠠ᠃

    ᠲᠠᠶᠢᠯᠪᠤᠷᠢ᠄ ᠳᠣᠰ ᠮᠠᠲᠠᠭᠦᠯᠣᠯᠲᠠ ᠶᠢᠨ ᠳᠤᠭ᠎ᠠ ᠪᠠᠷᠢᠮᠲᠠ ᠨᠢ ᠪᠦᠭᠦ ᠤᠯᠤᠰ ᠤᠨ 12315 ᠲᠠᠪᠴᠠᠩ ᠠᠴᠠ ᠢᠷᠠᠯᠲᠠ ᠲᠠᠢ



 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ
Baidu
map