ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠠᠬᠢᠭᠤᠯᠵᠤ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/6/13

 ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠭᠤᠷᠪᠠᠨ ᠥᠨᠳᠥᠷ ᠦᠷ᠎ᠡ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ ᠥᠭᠡᠷᠡᠴᠢᠯᠡᠯᠲᠡ ᠶᠢᠨ ᠡᠭᠦᠷᠭᠡ ᠶᠢ ᠨᠢᠭᠡᠨᠲᠡ ᠪᠡᠶᠡᠯᠡᠭᠦᠯᠪᠡ᠂ ᠨᠢᠭᠡ ᠳᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ᠶᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠪᠡ᠃ ᠠᠵᠤ ᠠᠬᠤᠶᠢᠯᠠᠯ ᠬᠤᠪᠢᠷᠠᠭᠤᠯᠤᠯᠲᠠ ᠶᠢᠨ ᠳᠠᠩᠰᠠᠯᠠᠯᠲᠠ ᠶᠢ ᠭᠦᠢᠴᠡᠳᠭᠡᠭᠰᠡᠨ ᠤ ᠳᠠᠷᠠᠭ᠎ᠠ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠᠷ ᠳᠠᠮᠵᠢᠭᠤᠯᠤᠨ᠂ ᠠᠯᠪᠠᠨ ᠲᠠᠮᠠᠭ᠎ᠠ ᠰᠡᠶᠢᠯᠦᠨ ᠵᠣᠬᠢᠶᠠᠭᠰᠠᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠤᠪᠢᠷᠠᠭᠤᠯᠬᠤ᠂ ᠭᠠᠶᠢᠯᠢ ᠡᠵᠡᠮᠳᠡᠬᠦ ᠲᠥᠬᠦᠭᠡᠷᠦᠮᠵᠢ ᠶᠢ ᠬᠤᠪᠢᠷᠠᠭᠤᠯᠤᠨ ᠲᠠᠷᠬᠠᠭᠠᠬᠤ᠂ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢ ᠬᠤᠪᠢᠷᠠᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠤᠭᠰᠠᠨ ᠳᠠᠩᠰᠠᠯᠠᠯᠲᠠ ᠶᠢ ᠬᠤᠪᠢᠷᠠᠭᠤᠯᠬᠤ᠂ ᠦᠨᠳᠦᠰᠦᠨ ᠲᠠᠩᠰᠠᠨ ᠡᠷᠦᠬᠡ ᠶᠢ ᠬᠤᠪᠢᠷᠠᠭᠤᠯᠬᠤ ᠪᠠᠷ ᠪᠣᠯᠵᠣᠬᠤ ᠪᠤᠶᠤ ᠬᠤᠪᠢᠷᠠᠭᠤᠯᠤᠨ ᠭᠦᠢᠴᠡᠳᠬᠡᠬᠦ ᠶᠢ ᠪᠡᠶᠡᠯᠡᠭᠦᠯᠦᠨ᠎ᠡ᠃ ᠬᠤᠶᠠᠷ ᠲᠤ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠶᠢ ︽ᠨᠢᠭᠡ ᠰᠦᠯᠵᠢᠶ᠎ᠡ ᠪᠠᠷ ᠭᠦᠢᠴᠡᠳᠬᠡᠬᠦ︾ ᠶᠢ ᠬᠡᠷᠡᠭᠵᠢᠭᠦᠯᠪᠡ᠃ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠪᠠ ᠪᠠᠩᠬᠢ ᠶᠢᠨ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ᠂ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ ᠤᠷᠢᠳᠴᠢᠯᠠᠨ ᠪᠠᠶᠢᠴᠠᠭᠠᠬᠤ ᠦᠢᠯᠡᠴᠢᠯᠡᠭᠡ ᠬᠠᠩᠭᠠᠬᠤ᠂ ︽ᠦᠨᠡᠮᠯᠡᠯ ᠳᠠᠭᠠᠳᠬᠠᠯ ᠢ ᠬᠠᠮᠲᠤᠷᠠᠨ ᠭᠦᠢᠴᠡᠳᠭᠡᠬᠦ︾ ︽ᠦᠨᠡᠮᠯᠡᠯ ᠳᠤ ᠬᠤᠯᠪᠣᠭᠠᠯᠠᠨ ᠭᠦᠢᠴᠡᠳᠭᠡᠬᠦ︾ ᠬᠦᠴᠦᠨ ᠥᠬᠡᠶ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠬᠦ᠂ ᠠᠯᠪᠠᠨ ᠲᠠᠮᠠᠭ᠎ᠠ ᠰᠡᠶᠢᠯᠦᠨ ᠵᠣᠬᠢᠶᠠᠭᠰᠠᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠵᠡᠷᠭᠡ ᠳᠤ ᠨᠢ ᠬᠦᠴᠦᠨ ᠥᠬᠡᠶ ᠪᠣᠯᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠶᠢ ︽ᠨᠢᠭᠡ ᠰᠦᠯᠵᠢᠶ᠎ᠡ ᠪᠠᠷ ᠭᠦᠢᠴᠡᠳᠬᠡᠬᠦ︾ ᠶᠢ ᠬᠡᠷᠡᠭᠵᠢᠭᠦᠯᠪᠡ᠃ ᠭᠤᠷᠪᠠ ᠳᠤ ᠢᠳᠡᠭᠡᠨ ᠤᠮᠳᠠᠭᠠᠨ ᠤ ᠳᠡᠯᠭᠡᠭᠦᠷ ᠨᠡᠭᠡᠭᠡᠨ ᠡᠷᠭᠢᠯᠡᠬᠦ ᠳᠤ ︽ᠨᠢᠭᠡ ᠴᠣᠭᠴᠠᠵᠢᠭᠤᠯᠤᠨ ᠭᠦᠢᠴᠡᠳᠬᠡᠬᠦ︾ ᠶᠢ ᠬᠡᠷᠡᠭᠵᠢᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠰᠦᠯᠵᠢᠶᠡᠨ ᠳᠡᠭᠡᠷ᠎ᠡ ᠢᠳᠡᠭᠡᠨ ᠤᠮᠳᠠᠭᠠᠨ ᠤ ᠳᠡᠯᠭᠡᠭᠦᠷ ᠢ ᠨᠡᠭᠡᠭᠡᠨ ᠡᠷᠭᠢᠯᠡᠬᠦ ︽ᠨᠢᠭᠡ ᠶᠠᠪᠤᠳᠠᠯ︾ ᠤᠨ ᠲᠤᠰᠬᠠᠶ ᠲᠣᠭᠤᠷᠢᠭ ᠭᠠᠷᠭᠠᠵᠤ᠂ ᠰᠦᠯᠵᠢᠶᠡᠨ ᠭᠠᠳᠠᠨ᠎ᠠ ︽ᠨᠢᠭᠡ ᠯᠡ ᠶᠠᠪᠤᠳᠠᠯ︾ ᠤᠨ ᠴᠣᠩᠬᠤᠪᠴᠢ ᠭᠠᠷᠭᠠᠵᠤ᠂ ᠭᠦᠢᠴᠡᠳᠬᠡᠬᠦ ᠭᠤᠶᠤᠴᠢᠯᠠᠯ ᠢ ︽ᠨᠢᠭᠡ ᠯᠡ ᠤᠳᠠᠭ᠎ᠠ ᠳᠤ ᠲᠤᠰᠢᠶᠠᠬᠤ︾ ᠶᠢ ᠪᠡᠶᠡᠯᠡᠭᠦᠯᠵᠦ᠂ ᠭᠦᠢᠴᠡᠳᠬᠡᠭᠰᠡᠨ ᠦᠷ᠎ᠡ ᠳ᠋ᠦᠩ ᠢ ︽ᠣᠯᠠᠨ ᠲᠠᠯ᠎ᠠ ᠠᠴᠠ ᠣᠯᠭᠤᠬᠤ︾ ᠶᠢ ᠪᠡᠶᠡᠯᠡᠭᠦᠯᠪᠡ᠃ ᠠᠵᠤ ᠠᠬᠤᠶᠢᠯᠠᠯ ᠢ ᠳᠠᠩᠰᠠᠯᠠᠨ ᠲᠡᠮᠲᠡᠭᠯᠡᠵᠦ ᠴᠤᠭᠯᠠᠭᠤᠯᠤᠭᠰᠠᠨ ᠨᠡᠶᠢᠲᠡᠯᠢᠭ ᠴᠢᠨᠠᠷᠲᠠᠢ ᠮᠡᠳᠡᠭᠡ ᠵᠠᠩᠭᠢ ᠶᠢ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ᠂ ᠭᠠᠯ ᠰᠡᠷᠭᠡᠶᠢᠯᠡᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ ᠰᠢᠰᠲ᠋ᠧᠮ ᠳᠤ ᠴᠠᠭ ᠲᠣᠬᠠᠢ ᠳᠤᠨᠢ ᠬᠠᠮᠲᠤ ᠳᠤ ᠪᠠᠨ ᠬᠦᠷᠲᠡᠵᠦ᠂ ︽ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ︾ ᠶᠢ ᠠᠬᠢᠭᠤᠯᠪᠠ᠃

 ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠬᠦᠴᠦᠨ ᠥᠬᠡᠶ ᠪᠣᠯᠭᠠᠬᠤ ︽ᠨᠢᠭᠡ ᠶᠠᠪᠤᠳᠠᠯ︾ ᠢ ᠡᠨᠡ ᠵᠢᠯ ᠤᠨ 5 ᠳ᠋ᠤᠭᠠᠷ ᠰᠠᠷ᠎ᠠ ᠶᠢᠨ 20 ᠤ ᠡᠳᠦᠷ ᠰᠦᠯᠵᠢᠶᠡᠨ ᠳᠤ ᠣᠷᠣᠭᠤᠯᠤᠨ ᠬᠡᠷᠡᠭᠵᠢᠭᠦᠯᠵᠦ᠂ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ︽ᠨᠢᠭᠡ ᠶᠠᠪᠤᠳᠠᠯ︾ ᠤᠨ ᠲᠤᠬᠠᠶᠢᠯᠠᠭᠰᠠᠨ ᠠᠵᠢᠯ ᠢ ᠨᠡᠶᠢᠲᠡ 1933 ᠬᠤᠪᠢ᠂ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ︽ᠨᠢᠭᠡ ᠶᠠᠪᠤᠳᠠᠯ︾ ᠤᠨ ᠲᠤᠬᠠᠶᠢᠯᠠᠭᠰᠠᠨ ᠠᠵᠢᠯ ᠢ ᠨᠡᠶᠢᠲᠡ 288 ᠬᠤᠪᠢ ᠭᠦᠢᠴᠡᠳᠬᠡᠪᠡ︔ ᠢᠳᠡᠭᠡᠨ ᠤᠮᠳᠠᠭᠠᠨ ᠤ ᠳᠡᠯᠭᠡᠭᠦᠷ ᠢ ᠨᠡᠭᠡᠭᠡᠨ ᠡᠷᠬᠢᠯᠡᠬᠦ ︽ᠨᠢᠭᠡ ᠶᠠᠪᠤᠳᠠᠯ︾ ᠢ ᠡᠨᠡ ᠵᠢᠯ ᠤᠨ 5 ᠳ᠋ᠤᠭᠠᠷ ᠰᠠᠷ᠎ᠠ ᠶᠢᠨ 14 ᠤ ᠡᠳᠦᠷ ᠰᠢᠯᠢᠳᠡᠭᠵᠢᠭᠦᠯᠦᠨ ᠲᠠᠰ ᠳᠡᠪᠰᠢᠭᠦᠯᠵᠦ᠂ ᠰᠦᠯᠵᠢᠶᠡᠨ ᠳᠤ ᠣᠷᠣᠭᠤᠯᠤᠨ ᠬᠡᠷᠡᠭᠵᠢᠭᠦᠯᠵᠦ᠂ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠡᠶᠢᠲᠡ 1015 ᠬᠤᠪᠢ ᠲᠤᠬᠠᠶᠢᠯᠠᠭᠰᠠᠨ ᠠᠵᠢᠯ ᠢ ᠭᠦᠢᠴᠡᠳᠬᠡᠪᠡ᠃

 

ᠢᠷᠡᠯᠲᠡ᠄ ᠠᠯᠪᠠᠨ ᠭᠡᠷ
Baidu
map