|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠳᠤ ᠬᠠᠤᠯᠢ ᠪᠤᠰᠤ ᠪᠠᠷ ᠨᠡᠮᠡᠯᠲᠡ ᠡᠳ᠋ ᠨᠡᠮᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ |
|
ᠨᠡᠶᠢᠲᠡᠯᠡᠭᠰᠡᠨ ᠴᠠᠭ᠄
2024/6/18
|
ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠢᠳᠡᠭᠡᠨ ᠤ ᠨᠡᠮᠡᠯᠲᠡ ᠡᠳ᠋ ᠢ ᠳᠤᠷ᠎ᠠ ᠪᠠᠷ ᠢᠶᠠᠨ ᠬᠡᠷᠡᠭᠯᠡᠬᠦ ᠪᠠ ᠬᠠᠤᠯᠢ ᠪᠤᠰᠤ ᠪᠠᠷ ᠨᠡᠮᠡᠯᠲᠡ ᠡᠳ᠋ ᠨᠡᠮᠡᠬᠦ ᠳᠤ ᠴᠢᠩᠭ᠎ᠠ ᠴᠣᠬᠢᠯᠲᠠ ᠥᠭᠬᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠨᠡ ᠵᠢᠯ ᠤᠨ 4 ᠳ᠋ᠦ᠋ᠭᠡᠷ ᠰᠠᠷ᠎ᠠ ᠠᠴᠠ ᠡᠬᠢᠯᠡᠨ ᠪᠦᠬᠦ ᠣᠷᠣᠨ ᠳᠤ ᠢᠳᠡᠭᠡᠨ ᠤ ᠨᠡᠮᠡᠯᠲᠡ ᠡᠳ᠋ ᠢ ᠳᠤᠷ᠎ᠠ ᠪᠠᠷ ᠢᠶᠠᠨ ᠬᠡᠷᠡᠭᠯᠡᠬᠦ ᠪᠠ ᠬᠠᠤᠯᠢ ᠪᠤᠰᠤ ᠪᠠᠷ ᠨᠡᠮᠡᠯᠲᠡ ᠡᠳ᠋ ᠨᠡᠮᠡᠬᠦ ᠦᠢᠯᠡ ᠠᠵᠢᠯᠯᠠᠭ᠎ᠠ ᠶᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠠᠴᠠ ᠳᠠᠪᠠᠭᠤᠯᠤᠨ ᠬᠡᠷᠡᠭᠯᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠬᠠᠤᠯᠢ ᠪᠤᠰᠤ ᠪᠠᠷ ᠢᠳᠡᠭᠡᠨ ᠤ ᠪᠤᠰᠤ ᠲᠦᠭᠦᠬᠡᠶ ᠮᠠᠲ᠋ᠧᠷᠢᠶᠠᠯ᠂ ᠢᠳᠡᠭᠡᠨ ᠤ ᠪᠤᠰᠤ ᠪᠣᠳᠠᠰ᠂ ᠡᠮ ᠤᠨ ᠵᠦᠢᠯ ᠪᠣᠯᠤᠨ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠥᠨᠥᠭᠡᠯ ᠪᠣᠯᠵᠤ ᠮᠡᠳᠡᠬᠦ ᠪᠤᠰᠤᠳ ᠪᠣᠳᠠᠰ ᠢ ᠨᠡᠮᠡᠬᠦ ᠦᠢᠯᠡ ᠠᠵᠢᠯᠯᠠᠭ᠎ᠠ ᠵᠢᠴᠢ ᠱᠣᠰᠢᠭ᠎ᠠ ᠲᠡᠮᠳᠡᠭ ᠢ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ 6 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠡᠶᠢᠲᠡ 476 ᠠᠵᠤ ᠠᠬᠤᠶᠢᠯᠠᠯ ᠢ ᠪᠠᠶᠢᠴᠠᠭᠠᠵᠤ᠂ 63 ᠠᠰᠠᠭᠤᠳᠠᠯ ᠢ ᠢᠯᠡᠷᠡᠭᠦᠯᠵᠦ᠂ 11 ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ 12 ᠠᠵᠤ ᠠᠬᠤᠶᠢᠯᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ |
|
|
|
ᠢᠷᠡᠯᠲᠡ᠄
ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ
|