|
ᠬᠥᠯᠥᠨ ᠪᠤᠶᠢᠷ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ |
|
ᠨᠡᠶᠢᠲᠡᠯᠡᠭᠰᠡᠨ ᠴᠠᠭ᠄
2024/6/20
|
6 ᠳ᠋ᠤᠭᠠᠷ ᠰᠠᠷ᠎ᠠ ᠶᠢᠨ 18 ᠤ ᠡᠳᠥᠷ᠂ ᠬᠥᠯᠤᠨ ᠪᠤᠶᠢᠷ ᠬᠤᠳᠠ ᠶᠢᠨ ᠤᠨᠴᠠ ᠲᠥᠷᠤᠯ ᠤᠨ ᠲᠥᠬᠦᠭᠡᠷᠥᠮᠵᠢ ᠶᠢ ᠬᠢᠨᠠᠨ ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯ ᠤᠨ ᠰᠠᠭᠤᠳᠠᠯ ᠤᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠬᠥᠯᠤᠨ ᠪᠤᠶᠢᠷ ᠤᠨ ᠬᠤᠪᠢᠶᠠᠷᠢ ᠬᠤᠷᠢᠶᠠᠨ ᠳᠤ ᠬᠤᠷᠠᠯᠳᠤᠭᠤᠯᠵᠤ᠂ ᠥᠪᠡᠷᠳᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠶᠢᠨ ᠤᠨᠴᠠ ᠲᠥᠷᠤᠯ ᠤᠨ ᠲᠣᠨᠤᠭ ᠲᠥᠬᠦᠭᠡᠷᠥᠮᠵᠢ ᠶᠢᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠬᠤ ᠠᠵᠢᠯᠲᠠᠨ ᠤ ᠲᠥᠯᠥᠭᠡᠯᠡᠭᠴᠢ ᠬᠠᠷᠢᠶᠠᠲᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠣᠳᠠᠲᠠᠶ ᠪᠠᠶᠢᠳᠠᠯ ᠪᠠ ᠬᠢᠨᠠᠯᠲᠠ ᠬᠠᠮᠢᠶᠠᠷᠤᠯᠲᠠ᠂ ᠰᠢᠯᠭᠠᠨ ᠪᠠᠶᠢᠴᠠᠭᠠᠬᠤ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ᠂ ᠪᠦᠬᠦᠯᠢ ᠡᠳᠦᠷ ᠤᠨ᠂ ᠣᠨᠣᠰᠢᠯᠠᠯᠲᠠ ᠶᠢᠨ ᠮᠠᠶ᠋ᠢᠭ ᠤᠨ ᠰᠢᠯᠭᠠᠨ ᠪᠠᠶᠢᠴᠠᠭᠠᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠳᠤ ᠦᠷᠭᠦᠯᠵᠢᠯᠡᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ ᠭᠡᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠡᠯ᠎ᠡ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠦᠨᠳᠦᠰᠦᠯᠡᠨ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠵᠦ᠂ ᠬᠦᠴᠦᠲᠡᠶ ᠭᠠᠷᠳᠠᠴᠠ ᠪᠤᠢ ᠪᠣᠯᠭᠠᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠱᠠᠭᠠᠷᠳᠠᠪᠠ᠃ |
|
|
|
ᠢᠷᠡᠯᠲᠡ᠄
ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲ᠊
|