ᠮᠠᠨ ᠤ ᠣᠷᠣᠨ 923 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠨᠤᠲᠠᠯᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/7

    5 ᠳ᠋ᠤᠭᠠᠷ ᠰᠠᠷ᠎ᠠ ᠶᠢᠨ ᠳᠤᠮᠳᠠᠴᠢ ᠰᠡᠭᠦᠯᠴᠢ ᠪᠠᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ ᠨᠤᠲᠠᠯᠠᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠷᠢᠶ᠎ᠡ ᠴᠠᠷᠠᠭ᠎ᠠ ᠬᠤᠪᠢᠶᠠᠨ 7 ᠤᠳᠠᠭ᠎ᠠ ᠲᠥᠷᠥᠯ ᠵᠦᠢᠯ ᠲᠣᠭᠲᠠᠭᠠᠬᠤ ᠨᠤᠲᠠᠯᠠᠯᠲᠠ ᠶᠢᠨ ᠬᠤᠪᠢᠶᠠᠷᠢ ᠬᠤᠷᠠᠯ ᠢ ᠵᠣᠬᠢᠶᠠᠨ ᠪᠠᠶᠢᠭᠤᠯᠵᠤ᠂ ᠠᠵᠢᠯ ᠲᠥᠷᠥᠯ ᠤᠨ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠡᠷᠭᠡ 50 ᠭᠠᠷᠤᠶ ᠲᠤᠰᠬᠠᠶ ᠮᠡᠷᠭᠡᠵᠢᠯᠲᠡᠨ ᠠᠴᠠ 923 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠳᠤ ᠨᠤᠲᠠᠯᠠᠯᠲᠠ ᠬᠢᠪᠠ᠃

    ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠢ ᠡᠯᠰᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠡᠯ᠎ᠡ ᠨᠢᠭᠡᠴᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠲᠠᠪᠴᠠᠩ ᠳᠤ ᠳᠡᠪᠰᠢᠭᠦᠯᠦᠨ ᠮᠡᠳᠡᠭᠦᠯᠦᠭᠰᠡᠨ ᠰᠠᠨᠠᠭᠤᠯᠭ᠎ᠠ 1067 ᠵᠦᠢᠯ ᠳᠤ ᠬᠦᠷᠴᠦ᠂ 2023 ᠣᠨ ᠤ ᠬᠢ ᠠᠴᠠ 10% ᠪᠠᠷ ᠨᠡᠮᠡᠭᠳᠡᠪᠡ᠃ ᠮᠠᠨ ᠤ ᠣᠷᠣᠨ ᠤ 26 ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠪᠠᠷ ᠳᠡᠮᠵᠢᠨ᠂ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠤᠨ ᠭᠤᠶᠤᠴᠢᠯᠠᠯ ᠢ 923 ᠵᠦᠢᠯ ᠳᠤᠷᠠᠳᠴᠤ᠂ 2023 ᠣᠨ ᠤ ᠬᠢ ᠠᠴᠠ 30% ᠪᠠᠷ ᠨᠡᠮᠡᠭᠳᠡᠪᠡ᠃

    ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠢ ᠮᠡᠳᠡᠭᠦᠯᠬᠦ ᠶᠢᠨ ᠴᠢᠬᠤᠯᠠ ᠴᠢᠨᠠᠷ᠂ ᠬᠡᠷᠡᠭᠯᠡᠭᠡᠨ ᠤ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠨ᠎ᠡ ᠶᠢ ᠡᠭᠦᠳᠬᠦ ᠴᠢᠨᠠᠷ ᠵᠡᠷᠭᠡ ᠶᠢ ᠬᠦᠢᠴᠡᠳ ᠵᠠᠳᠠᠯᠤᠨ ᠨᠤᠲᠠᠯᠠᠬᠤ ᠶᠢᠨ ᠬᠠᠮᠲᠤ ᠲᠥᠷᠥᠯ ᠵᠦᠢᠯ ᠲᠣᠭᠲᠠᠭᠠᠬᠤ ᠶᠢ ᠰᠠᠨᠠᠭᠤᠯᠬᠤ ᠡᠰᠡᠬᠦ ᠲᠤᠬᠠᠢ ᠨᠤᠲᠠᠯᠠᠯᠲᠠ ᠶᠢᠨ ᠰᠠᠨᠠᠯ ᠪᠦᠷᠢᠯᠳᠦᠵᠦ᠂ ᠬᠤᠷᠠᠯ ᠤᠨ ᠡᠴᠦᠰ ᠲᠤ ᠲᠥᠷᠥᠯ ᠵᠦᠢᠯ ᠲᠣᠭᠲᠠᠭᠠᠬᠤ ᠭᠡᠵᠦ ᠪᠠᠶᠢᠭ᠎ᠠ ᠲᠥᠷᠥᠯ ᠵᠦᠢᠯ ᠢ 431 ᠲᠣᠭᠲᠠᠭᠠᠪᠠ᠃ ᠣᠳᠣᠬᠠᠨ ᠳᠤ ᠨᠤᠲᠠᠯᠠᠯᠲᠠ ᠶᠢᠨ ᠰᠠᠨᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ 2024 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠪᠠ᠃ ᠲᠣᠰ ᠪᠦᠯᠦᠭ ᠨᠡᠶᠢᠲᠡ 312 ᠲᠥᠷᠥᠯ ᠪᠠᠶᠢᠵᠤ᠂ 305 ᠲᠥᠷᠥᠯ ᠵᠦᠢᠯ ᠢ ᠲᠣᠭᠲᠠᠭᠠᠵᠤ᠂ 7 ᠲᠥᠷᠥᠯ ᠵᠦᠢᠯ ᠳᠤ ᠵᠠᠰᠠᠪᠤᠷᠢ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ ᠬᠥᠳᠡᠭᠡ ᠠᠵᠤ ᠠᠬᠤᠢ ᠶᠢᠨ ᠪᠠᠷᠢᠮᠵᠢᠶ᠎ᠠ 205᠂ ᠠᠵᠤ ᠦᠢᠯᠡᠳᠪᠦᠷᠢ ᠶᠢᠨ ᠪᠠᠷᠢᠮᠵᠢᠶ᠎ᠠ 37᠂ ᠦᠢᠯᠡᠴᠢᠯᠡᠭᠡᠨ ᠤ ᠦᠢᠯᠡᠰ ᠤᠨ 5 ᠪᠣᠯᠤᠨ ᠨᠡᠶᠢᠭᠡᠮ ᠤᠨ ᠠᠵᠢᠯ ᠦᠢᠯᠡᠰ ᠤᠨ ᠪᠠᠷᠢᠮᠵᠢᠶ᠎ᠠ 65 ᠵᠦᠢᠯ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠬᠤᠪᠢᠷᠠᠭᠤᠯᠤᠯᠲᠠ ᠶᠢᠨ ᠪᠠᠷᠢᠮᠵᠢᠶ᠎ᠠ 134 ᠲᠥᠷᠥᠯ ᠵᠦᠢᠯ ᠪᠠᠶᠢᠵᠤ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ 43᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ 91 ᠪᠤᠢ᠃ ᠭᠤᠣᠯᠳᠠᠭᠤ ᠴᠥᠯᠡᠷᠬᠡᠭᠵᠢᠯ ᠢ ᠵᠠᠰᠠᠬᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ᠂ ᠨᠡᠭᠦᠷᠡᠰᠦᠲᠥ᠋ᠷᠥᠭᠴᠢ ᠶᠢᠨ ᠤᠯᠠ ᠮᠥᠷ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠢ ᠵᠠᠮ ᠬᠠᠷᠢᠯᠴᠠᠭ᠎ᠠ᠂ ᠲᠤᠮᠤ ᠳ᠋ᠠᠶᠢᠲ᠋ᠠ᠂ ᠭᠠᠯ ᠤᠨᠲᠠᠷᠠᠭᠠᠬᠤ᠂ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠳᠠᠨ᠎ᠠ᠃

 

ᠢᠷᠡᠯᠲᠡ᠄ ᠪᠠᠷᠢᠮᠵᠢᠶᠠᠵᠢᠯ ᠤᠨ ᠭᠠᠵᠠᠷ
Baidu
map