ᠡᠨᠡ ᠵᠢᠯ ᠠᠴᠠ ᠨᠠᠭᠠᠰᠢ ᠂ ᠠᠯᠠᠱᠠ ᠠᠶᠢᠮᠠᠭ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠠᠮᠠᠭᠠᠯᠠᠬᠤ ᠪᠠ ᠬᠡᠷᠡᠭᠯᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠭᠦᠯᠵᠦ᠂ ᠠᠵᠤ ᠠᠬᠤᠶᠢᠯᠠᠯ ᠳᠤ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃
ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠪᠠᠶᠢᠭᠤᠯᠤᠯᠲᠠ ᠳᠤ ︽ ᠵᠢᠷᠤᠭ ᠲᠥᠯᠥᠪᠯᠡᠭᠡ ︾ ᠵᠢᠷᠤᠭᠯᠠᠪᠠ
ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠦᠵᠦ ᠲᠥᠯᠥᠪᠯᠡᠭᠡ ᠶᠢ ᠴᠢᠩᠭᠠᠳᠬᠠᠵᠤ᠂ ᠤᠷᠢᠳ ᠬᠤᠵᠢᠳ ︽︿ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ ︵2021 - 2035 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠲᠥᠰᠦᠯ︾ ︽ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠲᠤᠰᠠᠯᠠᠬᠤ ᠪᠠ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠶᠢ ᠳᠠᠷᠤᠮᠠᠯᠯᠠᠨ ᠲᠠᠷᠬᠠᠭᠠᠵᠤ᠂ ᠪᠥᠬᠦ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠ ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠡᠷᠴᠢᠮ ᠢᠶᠠᠨ ᠴᠢᠩᠭᠠᠷᠠᠭᠤᠯᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠶᠢ ᠪᠠᠲᠤᠯᠠᠬᠤ ᠶᠢ ᠵᠣᠷᠢᠭᠵᠢᠭᠤᠯᠪᠠ᠃ ᠲᠤᠰᠬᠠᠶ ᠠᠰᠢᠭ ᠢ ᠬᠤᠪᠢᠷᠠᠭᠤᠯᠬᠤ ᠲᠤᠰᠬᠠᠶ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠬᠦ᠂ ᠤᠷᠲᠤᠳᠬᠠᠬᠤ᠂ ᠴᠢᠩᠭᠠᠳᠬᠠᠬᠤ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠢ ᠢᠳᠡᠪᠬᠢᠲᠡᠶ ᠪᠠᠷ ᠪᠡᠯᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠲᠥᠷᠥᠯ ᠤᠨ ᠲᠤᠰᠬᠠᠶ ᠠᠰᠢᠭ ᠤᠨ ᠵᠠᠮᠴᠢᠯᠠᠭᠴᠢ ᠪᠠᠷ ᠭᠤᠶᠤᠴᠢᠯᠠᠨ ᠮᠡᠳᠡᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠲᠥᠯᠥᠪᠵᠢᠭᠦᠯᠭᠡ ᠳᠤ ᠠᠷᠭ᠎ᠠ ᠵᠠᠮ ᠤᠨ ᠵᠢᠯᠣᠭᠤᠳᠣᠯᠭ᠎ᠠ ᠬᠠᠩᠭᠠᠨ᠎ᠠ᠃
ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠶ ᠬᠥᠭᠵᠢᠯᠲᠡ ᠳᠤ ︽ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠪᠡ ︾
ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠤ ᠠᠬᠤᠶᠢᠯᠠᠯ ᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠥᠪᠥᠷ ᠮᠣᠩᠭᠤᠯ ᠤᠨ ᠷᠦᠢ ᠳ᠋ᠠ ᠲᠠᠢ ᠹᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠷᠦᠢ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠯᠤᠰ ᠤᠨ ᠲᠠᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢᠶᠠᠷ ᠵᠥᠪᠰᠢᠶᠡᠷᠡᠭᠳᠡᠪᠡ᠃ ︽ᠠᠯᠠᠱᠠ ᠶᠢᠨ ᠴᠠᠭᠠᠨ ᠨᠣᠣᠯᠣᠭᠤᠷ ᠤᠨ ᠢᠮᠠᠭ᠎ᠠ︾ ︽ᠠᠯᠠᠱᠠ ᠶᠢᠨ ᠬᠤᠤᠰ ᠪᠥᠬᠦᠲᠦ ᠲᠡᠮᠡᠭᠡ︾ ᠨᠢ ᠳᠤᠮᠳᠠᠳᠤ ᠧᠦ᠋ᠷᠣᠫᠠ ᠶᠢᠨ ᠭᠠᠵᠠᠷ ᠵᠦᠶ ᠶᠢᠨ ᠲᠡᠮᠳᠡᠭ ᠤᠨ ᠬᠡᠯᠡᠯᠴᠡᠭᠡᠷ ᠤᠨ ᠬᠤᠶᠠᠳᠤᠭᠠᠷ ᠪᠦᠯᠦᠭ ᠤᠨ ᠬᠠᠮᠠᠭᠠᠯᠠᠯᠲᠠ ᠶᠢᠨ ᠨᠡᠷᠡᠰ ᠲᠤ ᠰᠣᠩᠭᠤᠭᠳᠠᠪᠠ᠃ ᠥᠪᠥᠷ ᠮᠣᠩᠭᠤᠯ ᠤᠨ ᠶᠠᠩ ᠹᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ︽ᠨᠢᠭᠡ ᠲᠥᠷᠥᠯ ᠤᠨ a — ᠠᠮᠢᠨᠤ᠋ ᠺᠧᠲ᠋ᠣᠨ ᠠᠭᠤᠯᠤᠭᠰᠠᠨ ᠣᠯᠠᠨ ᠴᠢᠳᠠᠮᠵᠢᠲᠤ ᠲᠣᠮᠣ ᠮᠣᠯᠧᠺᠦ᠋ᠯᠲᠦ ᠬᠡᠷᠡᠯ ᠡᠭᠦᠰᠭᠡᠬᠦ ᠡᠳ᠋ ᠵᠢᠴᠢ ᠲᠡᠭᠦᠨ ᠤ ᠦᠢᠯᠡᠳᠴᠦ ᠪᠦᠲᠦᠭᠡᠬᠦ ᠠᠷᠭ᠎ᠠ ᠪᠠ ᠬᠡᠷᠡᠭᠴᠡᠭᠡ︾ ᠨᠢ PCT ᠫᠷᠤᠭ᠍ᠷᠠᠮ ᠢᠶᠠᠷ ᠳᠠᠮᠵᠢᠭᠤᠯᠤᠨ ᠲᠤᠰᠬᠠᠶ ᠠᠰᠢᠭ ᠤᠨ ᠭᠤᠶᠤᠴᠢᠯᠠᠯ ᠳᠡᠪᠰᠢᠭᠦᠯᠵᠦ᠂ ᠮᠠᠨ ᠤ ᠠᠶᠢᠮᠠᠭ ᠤᠨ PCT ᠲᠤᠰᠬᠠᠶ ᠠᠰᠢᠭ ᠤᠨ ᠭᠤᠶᠤᠴᠢᠯᠠᠯ ᠤᠨ ᠲᠡᠭ ᠰᠢᠪᠲᠤᠯᠤᠯᠲᠠ ᠶᠢ ᠪᠡᠶᠡᠯᠡᠭᠦᠯᠪᠡ᠃ ᠥᠪᠥᠷ ᠮᠣᠩᠭᠤᠯ ᠤᠨ ᠱᠧᠩ ᠱᠢ ᠬᠢᠮᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠠᠨᠢᠯᠴᠠᠭᠤᠯᠤᠭᠰᠠᠨ ︽ᠨᠢᠭᠡ ᠵᠦᠢᠯ ᠤᠨ 3 — ᠠᠮᠢᠨᠤ᠋ — 1᠂ 2 — ᠫᠷᠣᠫᠢᠯ ᠬᠤᠶᠠᠷᠴᠢ ᠠᠯᠺᠦᠦᠯ ᠦᠢᠯᠡᠳᠪᠦᠷᠢᠯᠡᠬᠦ ᠤᠷ᠎ᠠ ᠮᠡᠷᠭᠡᠵᠢᠯ︾ ᠨᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠤᠨ ᠰᠢᠯᠢᠳᠡᠭ ᠱᠠᠩᠨᠠᠯ ᠢ ᠬᠦᠷᠲᠡᠪᠡ᠃ ᠥᠪᠥᠷ ᠮᠣᠩᠭᠤᠯ ᠤᠨ ᠲᠢᠶᠠᠨ ᠲᠦᠸᠧ ᠺᠣᠮᠫᠠᠨᠢ ᠶᠢᠨ ᠲᠡᠮᠡᠭᠡᠨ ᠰᠦᠨ ᠤ ᠰᠢᠷᠢᠰ ᠵᠠᠰᠠᠯ ᠴᠢᠮᠡᠭ ᠤᠨ ᠡᠳ᠋ ᠤᠨ ᠲᠤᠰᠬᠠᠢ ᠠᠰᠢᠭ ᠨᠢ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠠᠵᠤ ᠦᠢᠯᠡᠰᠵᠢᠯᠲᠡ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ ᠃ ᠠᠯᠠᠱᠠ ᠠᠶᠢᠮᠠᠭ ᠤᠨ ᠲᠠᠸᠠᠷ ᠤᠨ ᠲᠡᠮᠳᠡᠭᠲᠦ ᠶᠢᠨ ᠨᠡᠷᠡᠲᠦ ᠲᠡᠮᠳᠡᠭ ᠢ ᠵᠢᠯᠣᠭᠤᠳᠬᠤ ᠥᠷᠲᠡᠭᠡ ᠪᠦᠬᠦ ᠤᠯᠤᠰ ᠤᠨ ᠠᠩᠬᠠᠳᠠᠭᠴᠢ ᠪᠦᠯᠦᠭ ︽ᠮᠢᠩᠭᠠᠨ ᠠᠵᠤ ᠠᠬᠤᠶᠢᠯᠠᠯ ᠵᠠᠭᠤᠨ ᠬᠤᠲᠠ︾ ᠶᠢᠨ ᠲᠠᠸᠠᠷ ᠤᠨ ᠲᠡᠮᠳᠡᠭ ᠤᠨ ᠨᠡᠷᠡᠲᠦ ᠲᠡᠮᠳᠡᠭ ᠤᠨ ᠵᠢᠯᠣᠭᠤᠳᠬᠤ ᠥᠷᠲᠡᠭᠡ ᠪᠠᠷ ᠰᠣᠩᠭᠤᠭᠳᠠᠪᠠ᠃
ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠬᠡᠯᠬᠢᠶ᠎ᠡ ᠶᠢ ᠤᠷᠲᠤᠳᠬᠠᠬᠤ︾ ᠶᠢ ᠬᠠᠮᠵᠢᠯᠴᠠᠨ ᠬᠠᠮᠠᠭᠠᠯᠠᠪᠠ
ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠯᠤᠭ᠎ᠠ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠵᠢᠯᠴᠠᠨ ᠬᠠᠮᠠᠭᠠᠯᠠᠬᠤ ᠬᠠᠮᠲᠤᠷᠠᠯᠴᠠᠭᠠᠨ ᠤ ᠬᠡᠯᠡᠯᠴᠡᠭᠡᠷ ︾ ᠲᠤ ᠭᠠᠷ ᠤᠨ ᠥᠰᠥᠭ ᠵᠢᠷᠤᠵᠤ᠂ ᠪᠠᠶᠠᠨᠨᠠᠭᠤᠷ᠂ ᠦᠬᠠᠶ ᠬᠤᠲᠠ ᠲᠠᠢ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠵᠦ ᠬᠠᠮᠠᠭᠠᠯᠠᠬᠤ ᠬᠠᠮᠲᠤᠷᠠᠯᠴᠠᠭᠠᠨ ᠤ ᠬᠡᠯᠡᠯᠴᠡᠭᠡᠷ ︾ ᠲᠤ ᠭᠠᠷ ᠤᠨ ᠥᠰᠥᠭ ᠵᠢᠷᠤᠵᠤ᠂ ᠠᠯᠠᠱᠠ ᠠᠶᠢᠮᠠᠭ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠯᠠᠱᠠ ᠪᠣᠭᠤᠮᠲᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠯᠤᠭ᠎ᠠ ᠬᠠᠮᠲᠤᠷᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠵᠦ ᠬᠠᠮᠵᠢᠯᠴᠠᠬᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠵᠤ᠂ ︽ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠰᠠᠨᠠᠮᠵᠢ ︾ ᠶᠢ ᠨᠡᠶᠢᠲᠡᠯᠡᠵᠦ᠂ ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠲᠤᠰᠠᠯᠠᠮᠵᠢ ᠶᠢᠨ ᠲᠥᠪ ᠤᠨ ᠠᠯᠠᠱᠠ ᠶᠢᠨ ᠬᠤᠪᠢᠶᠠᠷᠢ ᠲᠥᠪ ᠵᠢᠴᠢ ᠠᠵᠢᠯ ᠤᠨ ᠥᠷᠲᠡᠭᠡ ᠶᠢ ᠪᠠᠶᠢᠭᠤᠯᠵᠤ᠂ ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠢ ᠪᠠᠶᠢᠭᠤᠯᠪᠠ᠃ ︽ᠠᠯᠠᠱᠠ ᠠᠶᠢᠮᠠᠭ ᠤᠨ ᠳᠤᠮᠳᠠ ᠵᠢᠵᠢᠭ ᠠᠵᠤ ᠠᠬᠤᠶᠢᠯᠠᠯ ᠤᠨ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠠᠷᠭᠠᠴᠠᠬᠤ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠬᠤ ᠶᠢ ᠵᠢᠯᠣᠭᠤᠳᠬᠤ ᠦᠢᠯᠡᠴᠢᠯᠡᠭᠡ ᠶᠢ ᠳᠡᠭᠡᠭᠰᠢᠯᠡᠭᠦᠯᠪᠡ᠃ ︽ᠬᠤᠶᠠᠷ ᠲᠠᠯ᠎ᠠ ᠳᠤ ᠴᠣᠬᠢᠯᠲᠠ ᠥᠭᠬᠦ︾ ︽ᠬᠥᠬᠡ ᠣᠭᠲᠠᠷᠭᠤᠶ︾ ︽ᠮᠥᠷᠳᠡᠨ ᠤᠬᠤᠴᠢᠯᠠᠬᠤ︾ ︽ᠲᠡᠮᠦᠷ ᠨᠢᠳᠤᠷᠭ᠎ᠠ︾ ᠵᠡᠷᠭᠡ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ ᠃ ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ 106 ᠡᠷᠦᠬᠡ ᠤᠳᠠᠭ᠎ᠠ ᠪᠠᠶᠢᠴᠠᠭᠠᠵᠤ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ 6 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃
ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠰᠢᠰᠲ᠋ᠧᠮ ᠤᠨ ︽ᠴᠢᠳᠠᠮᠵᠢ ᠶᠢ ᠥᠷᠭᠡᠳᠬᠡᠪᠡ ︾
ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠨᠢᠭᠡ ᠥᠷᠲᠡᠭᠡᠨ ᠤ ᠮᠠᠶ᠋ᠢᠭ︾ ᠤᠨ ᠬᠤᠷᠠᠮᠠᠯ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ ᠤᠨ ᠦᠢᠯᠡᠴᠢᠯᠡᠭᠡᠨ ᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠬᠢᠭᠡᠳ ᠰᠢᠨ᠎ᠡ ᠶᠢ ᠡᠭᠦᠳᠬᠦ ᠶᠢ ᠳᠡᠮᠵᠢᠬᠦ ᠲᠥᠪ ︵TISC︶ ᠤᠨ ᠡᠬᠢ ᠪᠠᠶᠠᠯᠢᠭ ᠲᠤ ᠲᠦᠰᠢᠭᠯᠡᠨ᠂ ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠷᠦᠩᠬᠡᠶᠢᠯᠡᠭᠰᠡᠨ ᠳ᠋ᠠᠶᠢᠲ᠋ᠠ ᠬᠥᠮᠥᠷᠭᠡ ᠶᠢᠨ ᠲᠠᠪᠴᠠᠩ ᠪᠠ ᠭᠠᠷ ᠤᠲᠠᠰᠤᠨ ᠤ APP ᠶᠢ ᠪᠠᠶᠢᠭᠤᠯᠵᠤ᠂ ᠪᠥᠬᠦ ᠠᠶᠢᠮᠠᠭ ᠤᠨ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠳᠤ ᠲᠦᠷᠭᠡᠨ ᠬᠢᠨᠠᠨ ᠪᠠᠶᠢᠴᠠᠭᠠᠬᠤ᠂ ᠡᠷᠬᠡ ᠣᠯᠭᠤᠬᠤ᠂ ᠡᠷᠬᠡ ᠶᠢ ᠨᠤᠲᠠᠯᠠᠨ ᠲᠣᠭᠲᠠᠭᠠᠬᠤ᠂ ᠡᠷᠬᠡ ᠶᠢ ᠬᠠᠮᠠᠭᠠᠯᠠᠬᠤ ᠪᠠ ᠬᠠᠮᠵᠢᠯᠴᠠᠨ ᠬᠠᠮᠠᠭᠠᠯᠠᠬᠤ ᠵᠡᠷᠭᠡ ᠠᠭᠤᠯᠭ᠎ᠠ ᠶᠢ ᠪᠠᠭᠲᠠᠭᠠᠭᠰᠠᠨ ︽ᠨᠢᠭᠡ ᠥᠷᠲᠡᠭᠡᠨ ᠤ ᠮᠠᠶ᠋ᠢᠭ︾ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠬᠠᠩᠭᠠᠪᠠ ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠠᠬᠢᠭᠤᠯᠵᠤ᠂ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠠᠵᠢᠯ ᠤᠨ ᠨᠠᠷᠢᠨ ᠬᠠᠭᠤᠳᠠᠰᠤ︾ ᠶᠢ ᠲᠣᠭᠲᠠᠭᠠᠨ ᠨᠡᠶᠢᠲᠡᠯᠡᠵᠦ᠂ ︽ᠠᠯᠠᠱᠠ ᠠᠶᠢᠮᠠᠭ ᠤᠨ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠦᠭᠯᠡᠭᠦᠷ︾ ︽ᠠᠯᠠᠱᠠ ᠠᠶᠢᠮᠠᠭ ᠤᠨ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠵᠦᠭᠯᠡᠭᠦᠷ︾ ᠢ ᠨᠠᠶᠢᠷᠠᠭᠤᠯᠤᠨ ᠳᠠᠷᠤᠮᠠᠯᠯᠠᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠵᠦ᠂ ᠨᠡᠶᠢᠭᠡᠮ ᠨᠡᠶᠢᠲᠡ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠶᠢ ᠬᠦᠷᠢᠶᠡᠯᠡᠩ ᠳᠤ ᠣᠷᠣᠭᠤᠯᠬᠤ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠭᠦᠨᠵᠡᠭᠡᠶ ᠥᠷᠨᠢᠭᠦᠯᠵᠦ᠂ ᠠᠶᠢᠮᠠᠭ ᠤᠨ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠣᠭᠠᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠪᠠᠩᠬᠢ ᠠᠵᠤ ᠠᠬᠤᠶᠢᠯᠠᠯ︾ ᠤᠨ ᠨᠡᠪᠲᠡᠷᠡᠯᠴᠡᠬᠦ ᠬᠥᠭᠦᠷᠭᠡ ᠶᠢ ᠪᠠᠶᠢᠭᠤᠯᠪᠠ ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠶᠢᠨ ︽ᠴᠠᠭᠠᠨ ᠨᠡᠷᠡᠰ ᠤᠨ ᠵᠢᠭᠰᠠᠭᠠᠯᠲᠠ︾ ᠶᠢᠨ ᠳᠦᠷᠢᠮ ᠢ ᠨᠡᠶᠢᠲᠡᠯᠡᠪᠡ ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠬᠠᠮᠢᠶᠠᠷᠤᠭᠴᠢ ᠮᠠᠶ᠋ᠢᠭ︾ ᠤᠨ ᠪᠥᠬᠦ ᠬᠡᠯᠬᠢᠶᠡᠨ ᠤ ᠪᠦᠬᠦᠯᠢ ᠡᠳᠦᠷ ᠤᠨ ᠦᠢᠯᠡᠴᠢᠯᠡᠭᠡᠨ ᠤ ᠰᠢᠨ᠎ᠡ ᠲᠣᠭᠲᠠᠴᠠ ᠶᠢ ᠭᠠᠷᠭᠠᠵᠤ᠂ ᠪᠥᠬᠦ ᠠᠶᠢᠮᠠᠭ ᠤᠨ ᠰᠢᠨ᠎ᠡ ᠶᠢ ᠡᠭᠦᠳᠬᠦ ᠭᠤᠤᠯ ᠴᠣᠭᠴᠠ ᠳᠤ ᠲᠤᠰᠬᠠᠶ ᠠᠰᠢᠭ ᠤᠨ ᠵᠠᠮᠴᠢᠯᠠᠯᠲᠠ᠂ ᠬᠡᠪᠯᠡᠯ ᠤᠨ ᠡᠷᠬᠡ ᠶᠢᠨ ᠳᠡᠩᠰᠡᠯᠡᠯᠲᠡ᠂ ᠲᠠᠸᠠᠷ ᠤᠨ ᠲᠡᠮᠳᠡᠭ ᠵᠢᠴᠢ ᠲᠤᠰᠬᠠᠶ ᠠᠰᠢᠭ ᠢ ᠳᠠᠩᠰᠠᠯᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠂ ᠵᠢᠭᠡᠯᠡᠯᠭᠡ ᠵᠢᠴᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠵᠡᠷᠭᠡ ︽ᠨᠢᠭᠡ ᠥᠷᠲᠡᠭᠡᠨ ᠤ ᠮᠠᠶ᠋ᠢᠭ ᠤᠨ ᠨᠠᠶᠢᠳᠠᠨ ᠬᠠᠮᠢᠶᠠᠷᠤᠭᠤᠯᠬᠤ︾ ᠦᠢᠯᠡᠴᠢᠯᠡᠭᠡ ᠬᠠᠩᠭᠠᠪᠠ ᠃ ᠲᠤᠰᠬᠠᠶ ᠠᠰᠢᠭ ᠢ ᠲᠦᠷᠭᠡᠨ ᠤᠷᠢᠳᠴᠢᠯᠠᠨ ᠬᠢᠨᠠᠬᠤ ᠠᠵᠢᠯ ᠢ ᠢᠳᠡᠪᠬᠢᠲᠡᠶ ᠠᠬᠢᠭᠤᠯᠵᠤ᠂ ᠪᠥᠬᠦ ᠠᠶᠢᠮᠠᠭ ᠤᠨ ᠲᠤᠰᠬᠠᠶ ᠠᠰᠢᠭ ᠢ ᠤᠷᠢᠳᠴᠢᠯᠠᠨ ᠬᠢᠨᠠᠬᠤ ᠦᠢᠯᠡᠴᠢᠯᠡᠭᠡᠨ ᠤ ᠳᠠᠩᠰᠠᠯᠠᠭᠤᠯᠬᠤ ᠭᠤᠤᠯ ᠴᠣᠭᠴᠠ 18 ᠪᠣᠯᠵᠣ᠂ ᠨᠢᠭᠡᠨᠲᠡ 21 ᠲᠤᠰᠬᠠᠶ ᠠᠰᠢᠭ ᠲᠦᠷᠭᠡᠨ ᠤᠷᠢᠳᠴᠢᠯᠠᠨ ᠬᠢᠨᠠᠬᠤ ᠵᠠᠮ ᠳᠤ ᠠᠮᠵᠢᠯᠲᠠ ᠲᠠᠢ ᠪᠠᠷ ᠣᠷᠣᠵᠤ ᠡᠷᠬᠡ ᠣᠯᠵᠤ᠂ ᠳᠤᠮᠳᠠᠴᠢ ᠡᠷᠬᠡ ᠣᠯᠭᠤᠬᠤ ᠦᠶᠡᠯᠡᠯ ᠤᠨ ᠬᠤᠭᠤᠴᠠᠭ᠎ᠠ ᠨᠢ 1.5 ᠰᠠᠷ᠎ᠠ ᠪᠣᠯᠪᠠ᠃ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠤᠯᠪᠣᠭᠠᠴᠢᠨ ᠤ ᠳᠦᠷᠢᠮ︾ ᠢ ᠰᠦᠪᠡᠭᠴᠢᠯᠡᠨ ᠪᠠᠶᠢᠭᠤᠯᠵᠤ᠂ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾ ᠠᠵᠤ ᠠᠬᠤᠶᠢᠯᠠᠯ ᠳᠤ ᠴᠢᠭᠯᠡᠭᠦᠯᠦᠨ ︽ᠴᠡᠭ ᠠᠴᠠ ᠴᠡᠭ ᠲᠤ ᠬᠦᠷᠬᠦ︾ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ ᠂ ︽ᠨᠢᠭᠡ ᠳᠤ ᠨᠢᠭᠡ︾ ᠶᠢᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ ᠭᠦᠨᠵᠡᠭᠡᠶᠢᠷᠡᠨ ᠮᠡᠳᠡᠯᠭᠡ ᠶᠢᠨ ᠥᠮᠴᠢᠯᠡᠯ ᠤᠨ ᠡᠷᠬᠡ ᠪᠠᠨ ᠬᠠᠮᠠᠭᠠᠯᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ ᠃