ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠳᠡᠭᠡᠷ᠎ᠡ ᠬᠠᠭᠠᠰ ᠵᠢᠯ ᠤᠨ ᠪᠥᠬᠦ ᠤᠯᠤᠰ ᠤᠨ 12315 ᠲᠠᠪᠴᠠᠩ ᠤᠨ ᠵᠠᠭᠠᠯᠳᠤᠵᠤ ᠢᠯᠡᠴᠢᠯᠡᠨ ᠮᠡᠳᠡᠭᠦᠯᠵᠦ ᠯᠠᠪᠯᠠᠭᠰᠠᠨ ᠪᠠᠶᠢᠳᠠᠯ ᠤᠨ ᠳ᠋ᠠᠶᠢᠲ᠋ᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/7/9

    ᠨᠢᠭᠡ᠂ ᠦᠨᠳᠦᠰᠦᠨ ᠪᠠᠶᠢᠳᠠᠯ

    2024 ᠣᠨ ᠤ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠪᠥᠬᠦ ᠤᠯᠤᠰ ᠤᠨ 12315 ᠲᠠᠪᠴᠠᠩ ᠨᠢ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠶᠢ ᠨᠡᠶᠢᠲᠡ179818 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 5.91% ᠪᠠᠷ ᠨᠡᠮᠡᠭᠳᠡᠪᠡ᠃ ᠡᠭᠦᠨ ᠳᠤ᠂ ᠵᠠᠭᠠᠯᠳᠤᠯᠭ᠎ᠠ 72674 ᠬᠤᠪᠢ ᠪᠠᠶᠢᠵᠤ᠂ ᠪᠦᠬᠦ ᠬᠡᠮᠵᠢᠶᠡᠨ ᠤ 40.42% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 16.58% ᠪᠠᠷ ᠨᠡᠮᠡᠭᠳᠡᠪᠡ︔ ᠢᠯᠡᠴᠢᠯᠡᠨ ᠮᠡᠳᠡᠭᠦᠯᠦᠯᠲᠡ 16262 ᠬᠤᠪᠢ ᠪᠠᠶᠢᠵᠤ᠂ ᠪᠦᠬᠦ ᠬᠡᠮᠵᠢᠶᠡᠨ ᠤ 9.04% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 21.75 % ᠢᠶᠠᠷ ᠨᠡᠮᠡᠭᠳᠡᠪᠡ᠃ ᠯᠠᠪᠯᠠᠭ᠎ᠠ 90882 ᠬᠤᠪᠢ ᠪᠠᠶᠢᠵᠤ᠂ ᠪᠦᠬᠦ ᠬᠡᠮᠵᠢᠶᠡᠨ ᠤ 50.54%  ᠶᠢ ᠡᠵᠡᠯᠡᠵᠦ᠂ ᠠᠳᠠᠯᠢ ᠬᠤᠭᠤᠴᠠᠭᠠᠨ ᠠᠴᠠ 3.41% ᠪᠠᠭᠤᠷᠠᠪᠠ᠃ 

 

    2024 ᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ 12315 ᠭᠥᠯᠢᠶᠡᠨ ᠠᠪᠤᠭᠰᠠᠨ ᠬᠡᠮᠵᠢᠶᠡᠨ ᠤ ᠠᠳᠠᠯᠢ ᠬᠤᠭᠤᠴᠠᠭᠠᠨ ᠤ ᠬᠠᠷᠢᠴᠠᠭᠤᠯᠤᠯ ᠤᠨ ᠵᠢᠷᠤᠭ᠄


图片1.png


    ᠡᠯ᠎ᠡ ᠠᠶᠢᠮᠠᠭ ᠬᠤᠲᠠ ᠶᠢᠨ ᠰᠢᠢᠳᠪᠦᠷᠢᠯᠡᠭᠰᠡᠨ ᠪᠠᠶᠢᠳᠠᠯ ᠤᠨ ᠲᠤᠭ᠎ᠠ ᠪᠦᠷᠢᠳᠬᠡᠯ ᠤᠨ ᠬᠦᠰᠦᠨᠦᠭᠲᠦ ︵ᠨᠢᠭᠡᠴᠢ᠄ ᠬᠤᠪᠢ︶


    ᠡᠯ᠎ᠡ ᠠᠶᠢᠮᠠᠭ ᠤᠨ ᠰᠢᠢᠳᠪᠦᠷᠢᠯᠡᠭᠰᠡᠨ ᠬᠡᠮᠵᠢᠶ᠎ᠡ ᠠᠴᠠ ᠦᠵᠡᠪᠡᠯ᠂ ᠰᠢᠢᠳᠪᠦᠷᠢᠯᠡᠭᠰᠡᠨ ᠶᠡᠷᠦᠩᠬᠡᠢ ᠬᠡᠮᠵᠢᠶ᠎ᠡ ᠶᠢᠨ ᠡᠮᠦᠨ᠎ᠡ ᠭᠤᠷᠪᠠ ᠳᠤ ᠪᠠᠶᠢᠭ᠎ᠠ ᠨᠢ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 28897 ᠬᠤᠪᠢ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 25287 ᠬᠤᠪᠢ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 14012 ᠬᠤᠪᠢ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 8664 ᠬᠤᠪᠢ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 8287 ᠬᠤᠪᠢ ᠰᠢᠢᠳᠪᠦᠷᠢᠯᠡᠪᠡ᠃

    ᠬᠦᠯᠢᠶᠡᠨ ᠠᠪᠤᠭᠰᠠᠨ ᠬᠡᠮᠵᠢᠶ᠎ᠡ ᠶᠢᠨ ᠰᠠᠷ᠎ᠠ ᠪᠠᠷ ᠪᠦᠷᠢᠳᠬᠡᠭᠰᠡᠨ ᠬᠦᠰᠦᠨᠦᠭᠲᠦ ︵ᠨᠢᠭᠡᠴᠢ᠄ ᠬᠤᠪᠢ︶


微信截图_20240717150832.png

    ᠰᠠᠷ᠎ᠠ ᠶᠢᠨ ᠬᠠᠨᠳᠤᠰᠢ ᠶᠢᠨ ᠵᠢᠷᠤᠭ᠄

图片2.png


    2 ᠳ᠋ᠤᠭᠠᠷ ᠰᠠᠷ᠎ᠠ ᠶᠢᠨ ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠵᠢᠷᠤᠮᠵᠢᠭᠤᠯᠤᠨ᠂ ᠬᠡᠷᠡᠭᠯᠡᠭᠡᠨ ᠤ ᠣᠷᠴᠢᠨ ᠲᠣᠭᠤᠷᠢᠨ ᠡᠳᠦᠷ ᠢᠷᠡᠬᠦᠶ᠎ᠡ ᠲᠣᠭᠲᠠᠭᠤᠨ ᠪᠥᠭᠡᠳ ᠡᠷᠡᠭᠦᠯ ᠪᠠᠶᠢᠵᠤ᠂ ᠡᠯ᠎ᠡ ᠵᠦᠢᠯ ᠤᠨ ᠳ᠋ᠠᠶᠢᠲ᠋ᠠ ᠨᠡᠯᠢᠶᠡᠳ ᠪᠠᠭ᠎ᠠ ᠪᠠᠶᠢᠵᠤ᠂ 3 ᠳ᠋ᠤᠭᠠᠷ ᠰᠠᠷ᠎ᠠ ᠠᠴᠠ ᠬᠤᠶᠢᠰᠢ ᠳ᠋ᠠᠶᠢᠲ᠋ᠠ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃

    ᠬᠤᠶᠠᠷ᠂ ᠵᠠᠭᠠᠯᠳᠤᠭᠰᠠᠨ ᠪᠠᠶᠢᠳᠠᠯ ᠤᠨ ᠲᠤᠭ᠎ᠠ ᠪᠠᠷᠢᠮᠳᠠ ᠶᠢᠨ ᠪᠦᠷᠢᠳᠬᠡᠯ

    ᠳᠡᠭᠡᠷ᠎ᠡ ᠬᠠᠭᠠᠰ ᠵᠢᠯ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢ ᠨᠡᠶᠢᠲᠡ 72674 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 16.58 % ᠪᠠᠷ ᠨᠡᠮᠡᠭᠳᠡᠪᠡ᠃ ᠡᠭᠦᠨ ᠳᠤ ᠲᠠᠸᠠᠷ ᠤᠨ ᠲᠥᠷᠥᠯ ᠨᠢ 43785 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠨᠢ 28889 ᠬᠤᠪᠢ ᠪᠤᠢ᠃ ᠵᠠᠭᠠᠯᠳᠤᠯᠭ᠎ᠠ ᠳᠤ ᠬᠤᠯᠪᠣᠭᠳᠠᠭᠰᠠᠨ ᠮᠠᠷᠭᠤᠯᠳᠤᠭᠠᠨ ᠤ ᠵᠣᠭᠤᠰ ᠤᠨ ᠲᠤᠭ᠎ᠠ 8133.10 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 2482.63 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ 7 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ 66900 ᠬᠤᠪᠢ ᠶᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 92.05% ᠳᠤ ᠬᠦᠷᠪᠡ᠃ 

    ᠬᠡᠷᠡᠭᠯᠡᠭᠡ ᠶᠢᠨ ᠲᠥᠷᠥᠯ ᠢᠯᠭᠠᠯ ᠤᠨ ᠬᠤᠪᠢᠶᠠᠷᠢᠯᠠᠯ ᠢ ᠬᠦᠰᠦᠨᠦᠭᠲᠦ ︵ᠨᠢᠭᠡ︶᠂ ︵ᠬᠤᠶᠠᠷ︶  ᠲᠤ ᠦᠵᠡᠭᠡᠷᠡᠢ

    ︵ᠨᠢᠭᠡ︶ ᠲᠠᠸᠠᠷ ᠤᠨ ᠲᠦᠷᠦᠯ ᠳᠤ ᠬᠤᠯᠪᠤᠭᠳᠠᠬᠤ ︵ᠨᠢᠭᠡᠴᠢ᠄ ᠬᠤᠪᠢ︶

ᠲᠠᠸᠠᠷ ᠤᠨ ᠲᠥᠷᠥᠯ ᠤᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠠᠴᠠ 28.65 % ᠪᠠᠷ ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠠᠸᠠᠷ ᠤᠨ ᠶᠡᠭᠡ ᠲᠦᠷᠦᠯ ᠪᠣᠯ ᠢᠳᠡᠭᠡᠨ ᠤ ᠲᠥᠷᠥᠯ 21124 ᠬᠤᠪᠢ᠂ ᠬᠤᠪᠴᠠᠰᠤ ᠬᠤᠨᠠᠷ ᠱᠠᠬᠠᠢ ᠮᠠᠯᠠᠭᠠᠢ ᠶᠢᠨ ᠲᠥᠷᠥᠯ 4028 ᠬᠤᠪᠢ᠂ ᠵᠠᠮ ᠬᠠᠷᠢᠯᠴᠠᠭᠠᠨ ᠤ ᠪᠠᠭᠠᠵᠢ ᠶᠢᠨ ᠲᠥᠷᠥᠯ 3071 ᠬᠤᠪᠢ᠂ ᠭᠡᠷ ᠤᠨ ᠡᠳ᠋ᠯᠡᠯ ᠬᠡᠷᠡᠭᠰᠡᠯ ᠤᠨ ᠲᠥᠷᠥᠯ 2178 ᠬᠤᠪᠢ᠂ ᠵᠠᠰᠠᠯ ᠵᠢᠮᠰᠡᠭ ᠤᠨ ᠲᠥᠷᠥᠯ 1381 ᠬᠤᠪᠢ ᠪᠤᠢ᠃

ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠥᠷᠥᠯ ᠤᠨ ᠲᠠᠸᠠᠷ ᠤᠨ ᠶᠡᠭᠡ ᠲᠥᠷᠥᠯ ᠨᠢ ᠲᠠᠸᠠᠷ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠠᠷᠢᠴᠠᠯ᠄


图片3.png


    ᠵᠠᠭᠠᠯᠳᠤᠯᠭ᠎ᠠ ᠶᠢᠨ ᠬᠡᠮᠵᠢᠶ᠎ᠡ ᠨᠢ ᠨᠢᠭᠡᠳᠦᠭᠡᠷ ᠲᠤ ᠪᠠᠶᠢᠭ᠎ᠠ ᠢᠳᠡᠭᠡᠨ ᠤ ᠲᠥᠷᠥᠯ 21124 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 48.24 % ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠡᠩ ᠤᠨ ᠢᠳᠡᠭᠡᠨ ᠤ ᠵᠦᠢᠯ 16357 ᠬᠤᠪᠢ᠂ ᠠᠷᠢᠬᠢ ᠪᠣᠯᠤᠨ ᠤᠮᠳᠠᠭᠠᠨ ᠤ ᠵᠦᠢᠯ 2347 ᠬᠤᠪᠢ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ 1814 ᠬᠤᠪᠢ᠂ ᠢᠳᠡᠭᠡᠨ ᠳᠤ ᠬᠤᠯᠪᠣᠭᠳᠠᠬᠤ ᠦᠢᠯᠡᠳᠬᠦᠨ 285 ᠬᠤᠪᠢ᠂ ᠡᠷᠡᠭᠦᠯᠵᠢᠯ ᠤᠨ ᠢᠳᠡᠭᠡᠨ 165 ᠬᠤᠪᠢ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ 150 ᠬᠤᠪᠢ᠂ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡ ᠪᠦᠬᠦᠢ ᠨᠠᠶᠢᠷᠠᠯᠭ᠎ᠠ ᠲᠠᠢ ᠢᠳᠡᠭᠡᠨ 6 ᠬᠤᠪᠢ ᠪᠤᠶ᠃ ᠵᠠᠭᠠᠯᠳᠤᠯᠭ᠎ᠠ ᠶᠢᠨ ᠲᠤᠰᠬᠠᠯ ᠨᠡᠯᠢᠶᠡᠳ ᠠᠷᠪᠢᠨ ᠪᠠᠶᠢᠬᠤ ᠨᠢ ᠢᠳᠡᠭᠡᠨ ᠤ ᠪᠣᠭᠤᠳᠠᠯ ᠪᠠᠭᠯᠠᠭ᠎ᠠ ᠨᠢ ᠵᠢᠷᠤᠮᠵᠢᠯ ᠦᠭᠡᠢ᠂ ᠢᠳᠡᠭᠡᠨ ᠳᠤ ᠣᠨᠳᠣᠣ ᠪᠣᠳᠠᠰ ᠠᠭᠤᠯᠤᠭᠳᠠᠵᠤ ᠪᠠᠶᠢᠬᠤ᠂ ᠴᠢᠨᠠᠷ ᠬᠤᠪᠢᠷᠠᠵᠤ ᠬᠤᠭᠤᠴᠠᠭ᠎ᠠ ᠠᠴᠠ ᠥᠩᠭᠡᠷᠡᠭᠰᠡᠨ᠂ ᠱᠣᠰᠢᠭ᠎ᠠ ᠬᠦᠰᠦᠨᠦᠭᠲᠦ ᠳᠤ ᠦ ᠰᠡᠪ ᠲᠠᠢ᠂ ᠵᠠᠷ ᠮᠡᠳᠡᠭᠡᠨ ᠤ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ ᠵᠡᠷᠭᠡ ᠠᠰᠠᠭᠤᠳᠠᠯ ᠪᠣᠯᠣᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠬᠤᠶᠠᠳᠤᠭᠠᠷ ᠲᠤ ᠪᠠᠶᠢᠭ᠎ᠠ ᠬᠤᠪᠴᠠᠰᠤ ᠬᠤᠨᠠᠷ ᠱᠠᠬᠠᠢ ᠮᠠᠯᠠᠭᠠᠢ ᠶᠢᠨ ᠲᠥᠷᠥᠯ 4028 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 9.20% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ ᠱᠠᠬᠠᠢ 1486 ᠬᠤᠪᠢ᠂ ᠭᠠᠳᠠᠷ ᠬᠤᠪᠴᠠᠰᠤ 1087 ᠬᠤᠪᠢ᠂ ᠦᠮᠦᠳᠦ 476 ᠬᠤᠪᠢ᠂ ᠪᠤᠰᠤᠳ ᠵᠠᠭᠠᠯᠳᠤᠯᠭ᠎ᠠ ᠶᠢᠨ ᠬᠡᠮᠵᠢᠶ᠎ᠡ ᠨᠡᠯᠢᠶᠡᠳ ᠠᠷᠪᠢᠨ ᠪᠠᠶᠢᠬᠤ ᠨᠢ ᠴᠠᠮᠴᠠ 190 ᠬᠤᠪᠢ᠂ ᠪᠠᠩᠵᠠᠯ 189 ᠬᠤᠪᠢ᠂ ᠨᠣᠣᠰᠣᠨ ᠬᠠᠨᠲᠠᠭᠠᠰᠤ 123 ᠬᠤᠪᠢ᠂ ᠳᠣᠲᠣᠷ ᠬᠤᠪᠴᠠᠰᠤ 87 ᠬᠤᠪᠢ ᠪᠤᠢ᠃  ᠭᠤᠣᠯ ᠨᠢ ᠭᠤᠲᠤᠯ ᠮᠠᠯᠠᠭᠠᠢ ᠬᠠᠭᠠᠷᠠᠬᠤ᠂ ᠬᠤᠪᠴᠠᠰᠤ ᠶᠢᠨ ᠥᠩᠭᠡ ᠨᠢ ᠪᠠᠭᠤᠷᠠᠬᠤ᠂ ᠪᠥᠮᠪᠥᠭᠡᠯᠡᠬᠦ ᠪᠣᠯᠤᠨ ᠬᠤᠳᠠᠯᠳᠤᠭᠠᠴᠢᠨ ︽ᠭᠤᠷᠪᠠ ᠶᠢ ᠪᠠᠲᠤᠯᠠᠬᠤ︾ ᠲᠣᠭᠲᠠᠭᠠᠯ ᠢ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠪᠣᠯᠣᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠭᠤᠷᠪᠠᠳᠤᠭᠠᠷ ᠲᠤ ᠪᠠᠶᠢᠭ᠎ᠠ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠲᠥᠷᠥᠯ 3071 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠶᠢᠨ 7.01% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ ᠮᠠᠰᠢᠨ ᠲᠡᠷᠭᠡ ᠪᠠ ᠮᠠᠰᠢᠨ ᠲᠡᠷᠭᠡᠨ ᠤ ᠰᠡᠯᠪᠢᠭ ᠲᠣᠨᠤᠭ 2398 ᠬᠤᠪᠢ᠂ ᠮᠣᠲ᠋ᠣᠷ ᠪᠠ ᠬᠥᠳᠡᠯᠭᠡᠭᠦᠷᠲᠦ ᠳᠤᠭᠤᠢ 346 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠤᠭ 327 ᠬᠤᠪᠢ ᠪᠤᠢ᠃ ᠲᠤᠰᠬᠠᠭᠰᠠᠨ ᠠᠰᠠᠭᠤᠳᠠᠯ ᠨᠢ ᠭᠤᠣᠯᠳᠠᠭᠤ  ᠮᠠᠰᠢᠨ ᠲᠡᠷᠭᠡᠨ ᠤ ᠰᠡᠯᠪᠢᠭ ᠲᠣᠨᠤᠭ ᠵᠢᠴᠢ ᠪᠦᠲᠦᠭᠡᠭᠳᠡᠬᠦᠨ ᠤ ᠶᠠᠰᠤ ᠴᠢᠨᠠᠷ ᠤᠨ ᠠᠰᠠᠭᠤᠳᠠᠯ ᠳᠤ ᠲᠥᠪᠯᠡᠷᠡᠵᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠳ᠋ᠢᠶᠠᠨ ᡂᠢ ᠶᠢᠨ ᠶᠠᠰᠤ ᠴᠢᠨᠠᠷ ᠤᠨ ᠠᠰᠠᠭᠤᠳᠠᠯ ᠤᠨ ᠲᠤᠬᠠᠶ ᠵᠠᠭᠠᠯᠳᠤᠯᠭ᠎ᠠ ᠴᠦ ᠨᠡᠯᠢᠶᠡᠳ ᠠᠷᠪᠢᠨ ᠪᠠᠶᠢᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠳᠥᠷᠪᠡᠳᠦᠭᠡᠷ ᠲᠤ ᠪᠠᠶᠢᠭ᠎ᠠ ᠭᠡᠷ ᠤᠨ ᠬᠡᠷᠡᠭᠰᠡᠯ ᠤᠨ ᠲᠥᠷᠥᠯ ᠵᠦᠢᠯ 2178 ᠬᠤᠪᠢ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 4.97% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠭᠡᠷ ᠤᠨ ᠡᠳ᠋ᠯᠡᠯ ᠬᠡᠷᠡᠭᠰᠡᠯ 1116 ᠬᠤᠪᠢ᠂ ᠲᠣᠭᠤᠭᠠᠨ ᠭᠡᠷ ᠤᠨ ᠬᠡᠷᠡᠭᠰᠡᠯ 254 ᠬᠤᠪᠢ᠂ ᠡᠳᠦᠷ ᠲᠤᠲᠤᠮ ᠤᠨ ᠬᠡᠷᠡᠭᠰᠡᠯ 229 ᠬᠤᠪᠢ᠂ ᠨᠢᠳᠦᠨ ᠰᠢᠯ 162 ᠬᠤᠪᠢ᠂ ᠴᠠᠭ 144 ᠬᠤᠪᠢ᠂ ᠪᠤᠰᠤᠳ ᠵᠠᠭᠠᠯᠳᠤᠯᠭ᠎ᠠ ᠶᠢᠨ ᠬᠡᠮᠵᠢᠶ᠎ᠡ ᠨᠡᠯᠢᠶᠡᠳ ᠶᠡᠭᠡ ᠵᠦᠢᠯ ᠪᠣᠯ ᠬᠠᠶᠢᠷᠴᠠᠭ ᠪᠣᠭᠴᠣ 96 ᠬᠤᠪᠢ᠂ ᠣᠷᠣ ᠶᠢᠨ ᠬᠡᠷᠡᠭᠰᠡᠯ 91 ᠬᠤᠪᠢ᠂ ᠠᠷᠢᠭᠤᠨ ᠴᠡᠪᠡᠷ ᠤᠨ ᠬᠡᠷᠡᠭᠰᠡᠯ 72 ᠬᠤᠪᠢ ᠵᠡᠷᠭᠡ᠂᠂ ᠭᠤᠣᠯᠳᠠᠭᠤ ᠬᠤᠳᠠᠯᠳᠤᠭᠠᠴᠢᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠠᠸᠠᠷ ᠬᠠᠩᠭᠠᠭᠰᠠᠨ ᠦᠭᠡᠢ ᠵᠢᠴᠢ ᠬᠤᠳᠠᠯᠳᠤᠭᠰᠠᠨ ᠤ ᠳᠠᠷᠠᠭᠠᠬᠢ ᠡᠭᠦᠷᠭᠡ ᠪᠠᠨ ᠭᠦᠢᠴᠡᠳᠬᠡᠭᠰᠡᠨ ᠦᠭᠡᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠲᠠᠪᠤᠳᠤᠭᠠᠷ ᠲᠤ ᠪᠠᠶᠢᠭ᠎ᠠ ᠵᠠᠰᠠᠯ ᠵᠢᠮᠰᠡᠭ ᠤᠨ ᠲᠦᠷᠦᠯ 1381 ᠬᠤᠪᠢ ᠪᠠᠶᠢᠵᠤ᠂ ᠲᠠᠸᠠᠷ ᠤᠨ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 3.15% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ  ᠠᠯᠳᠠᠨ ᠵᠠᠰᠠᠯ ᠵᠢᠮᠰᠡᠭ 938 ᠬᠤᠪᠢ᠂ ᠪᠠᠶᠢᠭᠠᠯᠢ ᠶᠢᠨ ᠬᠠᠰ ᠴᠢᠯᠠᠭᠤ 131 ᠬᠤᠪᠢ᠂ ᠮᠥᠩᠬᠦᠨ ᠵᠠᠰᠠᠯ ᠵᠢᠮᠰᠡᠭ 96 ᠬᠤᠪᠢ᠂ ᠪᠠᠶᠢᠭᠠᠯᠢ ᠶᠢᠨ ᠡᠷᠳᠡᠨᠢ ᠶᠢᠨ ᠴᠢᠯᠠᠭᠤ 87 ᠬᠤᠪᠢ᠂ ᠬᠠᠶᠢᠯᠤᠰᠢ ᠶᠢᠨ ᠵᠠᠰᠠᠯ ᠵᠢᠮᠰᠡᠭ 45 ᠬᠤᠪᠢ᠂ ᠣᠷᠭᠠᠨᠢᠭ ᠡᠷᠳᠡᠨᠢ ᠶᠢᠨ ᠴᠢᠯᠠᠭᠤ 36 ᠬᠤᠪᠢ᠂ ᠴᠠᠭᠠᠨ ᠠᠯᠳᠠᠨ ᠵᠠᠰᠠᠯ ᠵᠢᠮᠰᠡᠭ 23 ᠬᠤᠪᠢ ᠪᠤᠢ᠃ ᠵᠠᠭᠠᠯᠳᠤᠯᠭ᠎ᠠ ᠶᠢᠨ ᠲᠤᠰᠬᠠᠯ ᠨᠡᠯᠢᠶᠡᠳ ᠠᠷᠪᠢᠨ ᠪᠠᠶᠢᠬᠤ ᠨᠢ ᠮᠠᠭᠤ ᠪᠠᠷ ᠰᠠᠶᠢᠨ ᠢ ᠣᠷᠣᠯᠠᠭᠤᠯᠬᠤ᠂ ᠴᠢᠨᠠᠷ ᠮᠠᠭᠤ ᠦᠨ᠎ᠡ ᠨᠢ ᠥᠨᠳᠥᠷ᠂ ᠬᠤᠳᠠᠯᠳᠤᠭᠠᠴᠢᠨ ᠪᠠᠷᠠᠭ᠎ᠠ ᠰᠣᠯᠢᠬᠤ ᠪᠤᠴᠠᠭᠠᠬᠤ ᠠᠮᠠᠯᠠᠯᠲᠠ ᠪᠠᠨ ᠭᠦᠢᠴᠡᠳᠬᠡᠭᠰᠡᠨ ᠦᠭᠡᠢ ᠵᠡᠷᠭᠡ ᠠᠰᠠᠭᠤᠳᠠᠯ ᠪᠣᠯᠤᠨ᠎ᠠ᠃

ᠲᠠᠸᠠᠷ ᠤᠨ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨᠡᠬᠢ ᠠᠷᠪᠠᠨ ᠨᠡᠷᠡᠰ ᠲᠤ ᠡᠩ ᠤᠨ ᠰᠠᠭᠤᠳᠠᠯ ᠤᠨ ᠮᠠᠰᠢᠨ ᠲᠡᠷᠭᠡ 1851 ᠬᠤᠪᠢ᠂ ᠠᠮᠤ ᠭᠤᠯᠢᠷ ᠵᠢᠴᠢ ᠲᠡᠭᠦᠨ ᠤ ᠦᠢᠯᠡᠳᠬᠦᠨ ︵ᠥᠪᠡᠰᠦᠪᠡᠨ ᠦᠢᠯᠡᠳᠪᠦᠷᠢᠯᠡᠭᠰᠡᠨ︶ 1173 ᠬᠤᠪᠢ᠂ ᠭᠠᠷ ᠤᠲᠠᠰᠤ 1102 ᠬᠤᠪᠢ᠂ ᠮᠢᠬᠠᠨ ᠤ ᠪᠦᠲᠦᠭᠡᠭᠳᠡᠬᠦᠨ ︵ᠥᠪᠡᠰᠦᠪᠡᠨ ᠦᠢᠯᠡᠳᠦᠭᠰᠡᠨ︶ 847 ᠬᠤᠪᠢ᠂ ᠬᠠᠲᠠᠭᠰᠠᠨ ᠮᠢᠬᠠᠨ ᠤ ᠲᠥᠷᠥᠯ 811 ᠬᠤᠪᠢ᠂ ᠲᠠᠮᠢᠷ ᠤᠨ ᠬᠥᠳᠡᠯᠭᠡᠭᠡᠨ ᠤ ᠱᠠᠬᠠᠢ 711 ᠬᠤᠪᠢ᠂ ᠲᠠᠯᠬ᠎ᠠ 522 ᠬᠤᠪᠢ᠂ ᠪᠠᠺᠲ᠋ᠧᠷᠢ ᠤᠰᠠᠳᠬᠠᠭᠰᠠᠨ ᠰᠦ 498 ᠬᠤᠪᠢ᠂ ᠤᠨᠴᠠᠭᠠᠢ ᠪᠤᠰᠤ ᠬᠡᠷᠡᠭᠴᠡᠭᠡᠲᠦ ᠵᠠᠰᠠᠯ ᠤᠨ ᠡᠳ᠋ 486 ᠬᠤᠪᠢ᠂ ᠠᠯᠲᠠᠨ ᠡᠯᠭᠦᠬᠦ ᠴᠢᠮᠡᠭ ᠵᠠᠰᠠᠯ ᠵᠢᠮᠰᠡᠭ 436 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ ᠵᠦᠢᠯ︾ ᠢ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠬᠤ ᠦᠭᠡᠶ︶ ᠪᠠᠶᠢᠵᠤ᠂ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 19.26% ᠶᠢ ᠡᠵᠡᠯᠡᠪᠡ᠃

    ᠳᠡᠭᠡᠷ᠎ᠡ ᠬᠠᠭᠠᠰ ᠵᠢᠯ ᠳᠤ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠵᠢᠭᠰᠠᠭᠠᠭᠳᠠᠭᠰᠠᠨ ᠲᠠᠸᠠᠷ ᠤᠨ ᠲᠥᠷᠥᠯ ᠨᠢ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠵᠠᠭᠠᠯᠳᠤᠯᠭ᠎ᠠ ᠶᠢᠨ ᠬᠡᠮᠵᠢᠶ᠎ᠡ ᠶᠢᠨ ᠡᠮᠦᠨ᠎ᠡ ᠲᠠᠪᠤ ᠶᠢ ᠡᠵᠡᠯᠡᠬᠦ ᠲᠣᠮᠣ ᠲᠥᠷᠥᠯ ᠲᠠᠢ ᠵᠢᠭᠠᠬᠠᠨ ᠠᠳᠠᠯᠢ ᠦᠭᠡᠢ᠃ ᠡᠭᠦᠨ ᠳᠤ᠂ ᠢᠳᠡᠭᠡᠨ ᠤ ᠵᠦᠢᠯ ᠤᠨ ᠵᠠᠭᠠᠯᠳᠤᠯᠭ᠎ᠠ ᠶᠢᠨ ᠬᠡᠮᠵᠢᠶ᠎ᠡ ᠨᠢ ᠬᠠᠮᠤᠭ ᠶᠡᠭᠡ ᠪᠠᠶᠢᠵᠤ᠂ ᠵᠠᠭᠠᠯᠳᠤᠯᠭ᠎ᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 52.33% ᠪᠠᠷ ᠨᠡᠮᠡᠭᠳᠡᠵᠦ᠂ ᠭᠤᠣᠯᠳᠠᠭᠤ ᠢᠳᠡᠭᠡᠨ ᠤ ᠵᠦᠢᠯ ᠤᠨ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠬᠤᠪᠢᠷᠠᠭᠰᠠᠨ᠂ ᠦᠨ᠎ᠡ ᠥᠰᠬᠡᠭᠰᠡᠨ᠂ ᠵᠢᠩ ᠯᠠᠩ ᠳᠤᠲᠠᠬᠤ ᠵᠢᠴᠢ ᠬᠤᠳᠠᠯ ᠬᠠᠭᠤᠷᠮᠠᠭ ᠵᠠᠷ ᠮᠡᠳᠡᠭᠡ ᠵᠡᠷᠭᠡ ᠠᠰᠠᠭᠤᠳᠠᠯ ᠳᠤ ᠬᠤᠯᠪᠣᠭᠳᠠᠵᠠᠢ︔ ᠵᠠᠰᠠᠯ ᠵᠢᠮᠰᠡᠭ ᠤᠨ ᠲᠥᠷᠥᠯ ᠤᠨ ᠵᠠᠭᠠᠯᠳᠤᠯᠭ᠎ᠠ ᠨᠢ ᠡᠮᠦᠨ᠎ᠡ ᠲᠠᠪᠤ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 2.22% ᠪᠠᠷ ᠨᠡᠮᠡᠭᠳᠡᠵᠦ᠂ ᠭᠤᠣᠯᠳᠠᠭᠤ ᠦᠢᠯᠡᠳᠬᠦᠨ ᠤ ᠶᠠᠰᠤ ᠴᠢᠨᠠᠷ᠂ ᠦᠨ᠎ᠡ ᠬᠠᠩᠰᠢ ᠵᠢᠴᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠠᠰᠠᠭᠤᠳᠠᠯ ᠳᠤ ᠬᠤᠯᠪᠣᠭᠳᠠᠪᠠ︔ ᠪᠤᠰᠤᠳ ᠵᠠᠭᠠᠯᠳᠤᠯᠭ᠎ᠠ ᠶᠢᠨ ᠬᠡᠮᠵᠢᠶ᠎ᠡ ᠨᠢ ᠢᠯᠡᠷᠬᠡᠢ ᠬᠤᠪᠢᠷᠠᠯᠲᠠ ᠲᠠᠢ ᠲᠠᠸᠠᠷ ᠤᠨ ᠲᠣᠮᠣ ᠲᠥᠷᠥᠯ ᠨᠢ ᠭᠤᠣᠯᠳᠠᠭᠤ ᠬᠡᠦᠬᠡᠳ ᠤᠨ ᠬᠡᠷᠡᠭᠰᠡᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 88.47% ᠪᠠᠷ ᠨᠡᠮᠡᠭᠳᠡᠵᠦ᠂ ᠭᠤᠣᠯᠳᠠᠭᠤ ᠦᠢᠯᠡᠳᠬᠦᠨ ᠤ ᠶᠠᠰᠤ ᠴᠢᠨᠠᠷ ᠤᠨ ᠳᠤᠲᠠᠭᠳᠠᠯ ᠵᠢᠴᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠶᠢᠨ ᠠᠰᠠᠭᠤᠳᠠᠯ ᠪᠣᠯᠣᠨ᠎ᠠ︔ ᠡᠷᠡᠭᠦᠯ ᠬᠠᠮᠠᠭᠠᠯᠠᠯ ᠤᠨ ᠬᠡᠷᠡᠭᠰᠡᠯ᠂ ᠠᠳᠠᠯᠢ ᠬᠤᠭᠤᠴᠠᠭᠠᠨ ᠤ ᠬᠢ ᠠᠴᠠ 75.49% ᠪᠠᠷ ᠨᠡᠮᠡᠭᠳᠡᠵᠦ᠂ ᠭᠤᠣᠯᠳᠠᠭᠤ ᠡᠷᠡᠭᠦᠯ ᠬᠠᠮᠠᠭᠠᠯᠠᠯ ᠤᠨ ᠵᠢᠵᠢᠭ ᠭᠡᠷ ᠤᠨ ᠴᠠᠬᠢᠯᠭᠠᠨ ᠬᠡᠷᠡᠭᠰᠡᠯ᠂ ᠤᠬᠢᠶᠠᠵᠤ ᠬᠠᠮᠠᠭᠠᠯᠠᠬᠤ ᠬᠡᠷᠡᠭᠰᠡᠯ᠂ ᠬᠤᠷᠣᠬᠠᠶ ᠠᠯᠠᠬᠤ ᠬᠡᠷᠡᠭᠰᠡᠯ ᠵᠡᠷᠭᠡ ᠦᠢᠯᠡᠳᠬᠦᠨ ᠤ ᠶᠠᠰᠤ ᠴᠢᠨᠠᠷ᠂ ᠦᠨ᠎ᠡ ᠬᠠᠩᠰᠢ᠂ ᠤᠬᠠᠭᠤᠯᠭ᠎ᠠ ᠶᠢᠨ ᠲᠡᠮᠳᠡᠭ ᠵᠡᠷᠭᠡ ᠠᠰᠠᠭᠤᠳᠠᠯ ᠪᠣᠯᠣᠨ᠎ᠠ︔ ᠬᠡᠪᠯᠡᠭᠳᠡᠬᠦᠨ᠂ ᠠᠳᠠᠯᠢ ᠬᠤᠭᠤᠴᠠᠭᠠᠨ ᠤ ᠬᠢ ᠠᠴᠠ 58.11% ᠪᠠᠷ ᠨᠡᠮᠡᠭᠳᠡᠪᠡ︔ ᠭᠤᠣᠯᠳᠠᠭᠤ ᠬᠡᠪᠯᠡᠭᠳᠡᠬᠦᠨ᠂ ᠡᠯᠧᠺᠲᠷᠣᠨ ᠬᠡᠪᠯᠡᠭᠳᠡᠬᠦᠨ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠳᠤ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ᠂ ᠶᠠᠰᠤ ᠴᠢᠨᠠᠷ ᠵᠡᠷᠭᠡ ᠠᠰᠠᠭᠤᠳᠠᠯ ᠳᠤ ᠬᠤᠯᠪᠣᠭᠳᠠᠪᠠ᠃ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠬᠡᠷᠡᠭᠯᠡᠭᠴᠢᠳ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠤᠳᠠᠯ ᠬᠠᠭᠤᠷᠮᠠᠭ ᠤᠬᠠᠭᠤᠯᠭ᠎ᠠ᠂ ᠭᠡᠷ᠎ᠡ ᠶᠢᠨ ᠮᠡᠬᠡᠯᠡᠯ᠂ ᠦᠢᠯᠡᠴᠢᠯᠡᠭᠡᠨ ᠤ ᠲᠦᠯᠬᠢᠯᠴᠡᠯ ᠵᠡᠷᠭᠡ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠬᠡᠷᠡᠭᠯᠡᠭᠡᠨ ᠤ ᠡᠷᠬᠡ ᠲᠡᠭᠰᠢ ᠪᠠᠶᠢᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ 

    ︵ᠬᠤᠶᠠᠷ︶ ᠦᠢᠯᠡᠴᠢᠯᠡᠭᠡᠨ ᠤ ᠲᠦᠷᠦᠯ ᠳᠤ ᠬᠤᠯᠪᠤᠭᠳᠠᠬᠤ ︵ᠨᠢᠭᠡᠴᠢ᠄ ᠬᠤᠪᠢ︶

    ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 2.07% ᠪᠠᠷ ᠨᠡᠮᠡᠭᠳᠡᠪᠡ᠃ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠶᠡᠭᠡ ᠲᠥᠷᠥᠯ ᠨᠢ ᠪᠣᠷᠣᠯᠠᠭᠤᠯᠬᠤ ᠦᠢᠯᠡᠴᠢᠯᠡᠭᠡ 6301 ᠬᠤᠪᠢ᠂ ᠢᠳᠡᠭᠡᠨ ᠤᠮᠳᠠᠭᠠᠨ ᠪᠠ ᠬᠤᠨᠤᠭ ᠪᠠᠭᠤᠳᠠᠯ ᠤᠨ ᠦᠢᠯᠡᠴᠢᠯᠡᠭᠡ 6087 ᠬᠤᠪᠢ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠶᠢᠨ ᠦᠢᠯᠡᠴᠢᠯᠡᠭᠡ 2203 ᠬᠤᠪᠢ᠂ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 2034 ᠬᠤᠪᠢ᠂᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 1661 ᠬᠤᠪᠢ ᠪᠤᠢ᠃

    ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠲᠣᠮᠣ ᠲᠥᠷᠥᠯ ᠨᠢ ᠦᠢᠯᠡᠴᠢᠯᠡᠭᠡᠨ ᠤ ᠶᠡᠷᠦᠩᠬᠡᠢ ᠬᠡᠮᠵᠢᠶᠡᠨ ᠳᠠᠬᠢ ᠬᠠᠷᠢᠴᠠᠯ᠄


图片4.png


    ᠵᠠᠭᠠᠯᠳᠤᠯᠭ᠎ᠠ ᠶᠢᠨ ᠬᠡᠮᠵᠢᠶ᠎ᠡ ᠨᠢ ᠨᠢᠭᠡᠳᠦᠭᠡᠷ ᠲᠤ ᠪᠠᠶᠢᠭ᠎ᠠ ᠪᠣᠷᠣᠯᠠᠭᠤᠯᠬᠤ ᠦᠢᠯᠡᠴᠢᠯᠡᠭᠡ 6301 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 21.81% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠤᠷᠢᠳᠴᠢᠯᠠᠨ ᠰᠦᠢᠳᠬᠡᠯ ᠲᠤᠰᠢᠶᠠᠬᠤ ᠺᠠᠷᠲ ᠤᠨ ᠦᠢᠯᠡᠴᠢᠯᠡᠭᠡ 3948 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 837 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 389 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 359 ᠬᠤᠪᠢ᠂ ᠬᠠᠷᠠᠭᠠᠯᠵᠠᠯ ᠤᠨ ᠺᠠᠷᠲ ‍ᠤᠨ‌‍ᠪᠣᠷᠣᠯᠠᠭᠤᠯᠬᠤ ᠦᠢᠯᠡᠴᠢᠯᠡᠭᠡ 132 ᠬᠤᠪᠢ᠂ ᠵᠠᠬᠢᠶᠠᠯᠠᠨ ᠬᠤᠳᠠᠯᠳᠤᠨ ᠠᠪᠬᠤ ᠦᠢᠯᠡᠴᠢᠯᠡᠭᠡ 117 ᠬᠤᠪᠢ᠂ ᠪᠤᠰᠤᠳ ᠵᠦᠢᠯ ᠤᠨ ᠪᠣᠷᠣᠯᠠᠭᠤᠯᠭ᠎ᠠ ᠶᠢᠨ ᠦᠢᠯᠡᠴᠢᠯᠡᠭᠡ 519 ᠬᠤᠪᠢ ᠪᠤᠢ᠃ ᠭᠤᠤᠯ ᠠᠰᠠᠭᠤᠳᠠᠯ ᠨᠢ ᠦᠢᠯᠡᠴᠢᠯᠡᠭᠡᠨ ᠤ ᠵᠠᠷᠤᠳᠠᠯ ᠤᠨ ᠵᠢᠭᠤᠷᠠᠯᠳᠤᠭᠠᠨ᠂ ᠭᠡᠷ᠎ᠡ ᠳᠤ ᠪᠣᠯᠵᠣᠨ ᠲᠣᠭᠲᠠᠭᠰᠠᠨ  ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠬᠤ᠂ ᠡᠵᠡᠩᠨᠡᠭᠴᠢ ᠡᠵᠡᠩᠨᠡᠯᠲᠡ ᠪᠠᠨ ᠵᠣᠭᠰᠣᠭᠠᠭᠰᠠᠨ ᠤ ᠳᠠᠷᠠᠭ᠎ᠠ ᠤᠷᠢᠳᠴᠢᠯᠠᠨ ᠲᠤᠰᠢᠶᠠᠭᠰᠠᠨ ᠵᠣᠭᠤᠰ ᠢ ᠪᠤᠴᠠᠭᠠᠵᠤ ᠥᠭᠬᠦ ᠡᠭᠦᠷᠭᠡ ᠠᠴᠠ ᠵᠠᠶᠢᠯᠠᠭᠰᠠᠨ ᠵᠡᠷᠭᠡ ᠪᠣᠯᠤᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠬᠤᠶᠠᠳᠤᠭᠠᠷ ᠲᠤ ᠪᠠᠶᠢᠭ᠎ᠠ ᠢᠳᠡᠭᠡᠨ ᠤᠮᠳᠠᠭᠠᠨ ᠪᠠ ᠬᠤᠨᠤᠭ ᠪᠠᠭᠤᠳᠠᠯ ᠤᠨ ᠦᠢᠯᠡᠴᠢᠯᠡᠭᠡ 6087 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 21.07% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠢᠳᠡᠭᠡᠨ ᠤᠮᠳᠠᠭᠠᠨ ᠤ ᠦᠢᠯᠡᠴᠢᠯᠡᠭᠡ 4333 ᠬᠤᠪᠢ᠂ ᠬᠤᠨᠤᠭ ᠪᠠᠭᠤᠳᠠᠯ ᠤᠨ ᠦᠢᠯᠡᠴᠢᠯᠡᠭᠡ 1754 ᠬᠤᠪᠢ ᠪᠤᠢ᠃ ᠭᠤᠤᠯ ᠠᠰᠠᠭᠤᠳᠠᠯ ᠨᠢ ᠢᠳᠡᠭᠡᠨ ᠨᠢ ᠰᠢᠨ᠎ᠡ ᠰᠣᠷᠭᠤᠭ ᠪᠤᠰᠤ᠂ ᠴᠢᠨᠠᠷ ᠨᠢ ᠬᠤᠪᠢᠷᠠᠭᠰᠠᠨ᠂ ᠣᠨᠳᠣᠤ ᠪᠣᠳᠠᠰ ᠬᠤᠯᠢᠯᠳᠤᠭᠰᠠᠨ᠂ ᠬᠤᠭᠤᠯᠠ ᠢᠳᠡᠬᠦ ᠣᠷᠴᠢᠨ ᠲᠣᠭᠤᠷᠢᠨ ᠤ ᠠᠷᠢᠭᠤᠨ ᠴᠡᠪᠡᠷ ᠨᠢ ᠪᠠᠷᠢᠮᠵᠢᠶ᠎ᠠ ᠳᠤ ᠬᠦᠷᠬᠦ ᠦᠭᠡᠶ᠂ ᠰᠦᠢᠳᠬᠡᠯ ᠬᠤᠷᠢᠶᠠᠬᠤ ᠨᠢ ᠵᠦᠢ ᠵᠣᠬᠢᠰ ᠦᠭᠡᠶ᠂ ᠦᠢᠯᠡᠴᠢᠯᠡᠭᠡᠨ ᠨᠢ ᠭᠦᠢᠴᠡᠳ ᠪᠤᠰᠤ ᠵᠡᠷᠭᠡ ᠳᠤ ᠲᠥᠪᠯᠡᠷᠡᠵᠦ ᠪᠤᠶ᠃

ᠵᠠᠭᠠᠯᠳᠤᠯᠭ᠎ᠠ ᠶᠢᠨ ᠬᠡᠮᠵᠢᠶ᠎ᠡ ᠨᠢ ᠭᠤᠷᠪᠠᠳᠤᠭᠠᠷ ᠲᠤ ᠪᠠᠶᠢᠭ᠎ᠠ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠶᠢᠨ ᠦᠢᠯᠡᠴᠢᠯᠡᠭᠡ 2203 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 7.63% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ 1445 ᠬᠤᠪᠢ᠂ ᠪᠡᠶ᠎ᠡ ᠤᠬᠢᠶᠠᠬᠤ ᠢᠯᠢᠬᠦ ᠵᠠᠰᠠᠯᠭ᠎ᠠ ᠶᠢᠨ ᠦᠢᠯᠡᠴᠢᠯᠡᠭᠡ 758 ᠬᠤᠪᠢ ᠪᠤᠢ᠃ ᠭᠤᠤᠯ ᠠᠰᠠᠭᠤᠳᠠᠯ ᠨᠢ ᠬᠤᠳᠠᠯ ᠬᠠᠭᠤᠷᠮᠠᠭ ᠤᠬᠠᠭᠤᠯᠭ᠎ᠠ᠂ ᠦᠢᠯᠡᠴᠢᠯᠡᠭᠡᠨ ᠤ ᠬᠢᠷᠢ ᠭᠡᠮ ᠦᠭᠡᠢ᠂ ᠠᠯᠪᠠᠳᠠᠯᠭ᠎ᠠ ᠪᠠᠷ ᠬᠡᠷᠡᠭᠯᠡᠭᠦᠯᠬᠦ ᠪᠠ ᠰᠦᠢᠳᠬᠡᠯ ᠬᠤᠷᠢᠶᠠᠬᠤ ᠲᠥᠷᠥᠯ ᠵᠦᠢᠯ ᠤᠨ ᠠᠷᠭ᠎ᠠ ᠮᠠᠶ᠋ᠢᠭ ᠨᠢ ᠲᠣᠳᠣᠷᠬᠠᠶ ᠦᠭᠡᠶ ᠪᠠᠶᠢᠬᠤ ᠵᠡᠷᠭᠡ ᠪᠣᠯᠤᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠳᠥᠷᠪᠡᠳᠦᠭᠡᠷ ᠲᠤ ᠪᠠᠶᠢᠭ᠎ᠠ ᠬᠥᠮᠦᠵᠢᠯ ᠪᠣᠯᠪᠠᠰᠤᠷᠠᠯ ᠤᠨ ᠦᠢᠯᠡᠴᠢᠯᠡᠭᠡ 2034 ᠬᠤᠪᠢ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠶ ᠬᠡᠮᠵᠢᠶᠡᠨ ᠤ 7.04% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ 1376 ᠬᠤᠪᠢ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 386 ᠬᠤᠪᠢ᠂ ᠠᠩᠬ᠎ᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 232 ᠬᠤᠪᠢ᠂ ᠳᠤᠮᠳᠠ ᠵᠡᠷᠭᠡ ᠶᠢᠨ ᠰᠤᠷᠭᠠᠨ ᠬᠥᠮᠥᠵᠢᠯ ᠤᠨ ᠦᠢᠯᠡᠴᠢᠯᠡᠭᠡ 40 ᠬᠤᠪᠢ ᠪᠤᠢ᠃  ᠲᠤᠰᠬᠠᠵᠤ ᠪᠠᠶᠢᠭ᠎ᠠ ᠭᠤᠣᠯ ᠠᠰᠠᠭᠤᠳᠠᠯ ᠭᠡᠪᠡᠯ ᠭᠡᠷ᠎ᠡ ᠶᠢ ᠬᠤᠪᠢᠷᠠᠭᠤᠯᠬᠤ᠂ ᠭᠡᠷ᠎ᠡ ᠶᠢ ᠰᠢᠯᠵᠢᠭᠦᠯᠬᠦ᠂ ᠰᠤᠷᠤᠯᠭ᠎ᠠ ᠶᠢᠨ ᠰᠦᠢᠳᠬᠡᠯ ᠢ ᠪᠤᠴᠠᠭᠠᠬᠤ᠂ ︽ᠰᠢᠯᠭᠠᠯᠲᠠ ᠳᠤ ᠬᠢᠷᠢ ᠲᠡᠩᠴᠡᠬᠦ ᠶᠢ ᠪᠠᠲᠤᠯᠠᠬᠤ︾ ᠬᠡᠯᠡᠯᠴᠡᠭᠡᠷ ᠵᠡᠷᠭᠡ ᠪᠣᠯᠣᠨ᠎ᠠ᠃

    ᠵᠠᠭᠠᠯᠳᠤᠯᠭ᠎ᠠ ᠶᠢᠨ ᠬᠡᠮᠵᠢᠶ᠎ᠡ ᠨᠢ ᠲᠠᠪᠤᠳᠤᠭᠠᠷ ᠲᠤ ᠪᠠᠶᠢᠭ᠎ᠠ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ 1661 ᠬᠤᠪᠢ ᠪᠠᠶᠢᠵᠤ᠂ ᠦᠢᠯᠡᠴᠢᠯᠡᠭᠡᠨ ᠤ ᠲᠦᠷᠦᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 5.75% ᠶᠢ ᠡᠵᠡᠯᠡᠪᠡ᠃ ᠲᠣᠰ ᠲᠥᠷᠥᠯ ᠤᠨ ᠵᠠᠭᠠᠯᠳᠤᠯᠭ᠎ᠠ ᠳᠤ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ 720 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ ᠤᠨ ᠦᠢᠯᠡᠴᠢᠯᠡᠭᠡ 512 ᠬᠤᠪᠢ᠂ ᠺᠢᠨᠣ᠋ ᠭᠠᠷᠭᠠᠬᠤ ᠦᠢᠯᠡᠴᠢᠯᠡᠭᠡ 278 ᠬᠤᠪᠢ᠂ ᠲᠣᠭᠯᠠᠯᠲᠠ ᠭᠠᠷᠭᠠᠬᠤ ᠤᠷᠠᠯᠢᠭ ᠤᠨ ᠦᠢᠯᠡᠴᠢᠯᠡᠭᠡ 118 ᠬᠤᠪᠢ᠂ ᠨᠣᠮ ᠤᠨ ᠰᠠᠩ ᠳᠠᠩᠰᠠ ᠡᠪᠬᠡᠮᠡᠯ ᠤᠨ ᠣᠷᠳᠣᠨ ᠤ ᠦᠢᠯᠡᠴᠢᠯᠡᠭᠡ 27 ᠬᠤᠪᠢ᠂  ᠮᠦᠷᠦ᠋ᠢᠴᠡᠭᠡᠨ ᠤ ᠦᠢᠯᠡᠴᠢᠯᠡᠭᠡ 6 ᠬᠤᠪᠢ ᠪᠤᠢ᠃ ᠭᠤᠤᠯ ᠠᠰᠠᠭᠤᠳᠠᠯ ᠨᠢ ᠡᠵᠡᠩᠨᠡᠭᠴᠢ ᠭᠡᠷ᠎ᠡ ᠳᠤ ᠪᠣᠯᠵᠣᠨ ᠲᠣᠭᠲᠠᠭᠰᠠᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠬᠤ᠂ ᠦᠢᠯᠡᠴᠢᠯᠡᠭᠡᠨ ᠤ ᠰᠦᠢᠳᠬᠡᠯ ᠤᠨ ᠵᠢᠭᠤᠷᠠᠯᠳᠤᠭᠠᠨ ᠂ ᠤᠷᠢᠳᠴᠢᠯᠠᠨ ᠰᠦᠢᠳᠬᠡᠯ ᠥᠭᠬᠦ ᠺᠠᠷᠲ ᠢ ᠬᠡᠷᠡᠭᠯᠡᠬᠦ ᠵᠢᠴᠢ ᠤᠷᠢᠳᠴᠢᠯᠠᠨ ᠥᠭᠭᠦᠭᠰᠡᠨ ᠵᠣᠭᠤᠰ ᠢ ᠪᠤᠴᠠᠭᠠᠬᠤ ᠡᠭᠦᠷᠭᠡ ᠠᠴᠠ ᠵᠠᠶᠢᠯᠠᠭᠰᠠᠨ ᠵᠡᠷᠭᠡ ᠪᠣᠯᠤᠨ᠎ᠠ᠃

    ᠦᠢᠯᠡᠴᠢᠯᠡᠭᠡᠨ ᠤ ᠵᠠᠭᠠᠯᠳᠤᠯᠭ᠎ᠠ ᠶᠢᠨ ᠬᠠᠯᠠᠮᠰᠢᠯ ᠴᠡᠭ ᠤᠨ ᠡᠮᠦᠨ᠎ᠡ ᠠᠷᠪᠠ ᠳᠤ ᠤᠷᠢᠳᠴᠢᠯᠠᠨ ᠰᠦᠢᠳᠬᠡᠯ ᠥᠭᠬᠦ ᠺᠠᠷᠲ ᠤᠨ ᠦᠢᠯᠡᠴᠢᠯᠡᠭᠡ 3948 ᠬᠤᠪᠢ᠂ ᠬᠤᠭᠤᠯᠠᠨ ᠭᠡᠷ ᠤᠨ ᠦᠢᠯᠡᠴᠢᠯᠡᠭᠡ 3033 ᠬᠤᠪᠢ᠂ ᠬᠤᠨᠤᠭ ᠪᠠᠭᠤᠳᠠᠯ ᠤᠨ ᠦᠢᠯᠡᠴᠢᠯᠡᠭᠡ 1647 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 837 ᠬᠤᠪᠢ᠂ ᠬᠠᠭᠤᠷᠠᠶ ᠪᠠᠷ ᠤᠬᠢᠶᠠᠬᠤ ᠦᠢᠯᠡᠴᠢᠯᠡᠭᠡ 617 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 546 ᠬᠤᠪᠢ᠂ ᠬᠤᠪᠢ ᠬᠥᠮᠦᠨ ᠤ ᠳᠦᠷᠰᠦᠯᠡᠨ ᠪᠢᠴᠢᠬᠦ ᠭᠡᠷᠡᠯ ᠵᠢᠷᠤᠭ ᠤᠨ ᠦᠢᠯᠡᠴᠢᠯᠡᠭᠡ 402 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 389 ᠬᠤᠪᠢ᠂ ᠢᠨᠲ᠋ᠧᠷ ᠰᠦᠯᠵᠢᠶᠡᠨ ᠤ ᠰᠢᠭᠤᠳ ᠪᠣᠷᠣᠯᠠᠭᠤᠯᠬᠤ ᠦᠢᠯᠡᠴᠢᠯᠡᠭᠡ 359 ᠬᠤᠪᠢ᠂ ᠭᠠᠷ ᠤᠲᠠᠰᠤ ᠰᠡᠯᠪᠢᠨ ᠵᠠᠰᠠᠬᠤ ᠦᠢᠯᠡᠴᠢᠯᠡᠭᠡ 303 ᠬᠤᠪᠢ ︵ᠭᠥᠯᠢᠶᠡᠨ ᠠᠪᠤᠭᠰᠠᠨ ᠬᠡᠮᠵᠢᠶ᠎ᠡ ᠳᠠᠬᠢ ᠪᠤᠶ ᠪᠦᠬᠦᠢ ︽ᠪᠤᠰᠤᠳ ᠵᠦᠢᠯ︾ ᠢ ᠨᠡᠷᠡᠰ ᠤᠨ ᠵᠢᠭᠰᠠᠭᠠᠯᠲᠠ ᠳᠤ ᠪᠤᠳᠤᠵᠤ ᠣᠷᠣᠭᠤᠯᠬᠤ ᠦᠭᠡᠶ︶ ᠪᠠᠶᠢᠵᠤ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠶᠡᠷᠦᠩᠬᠡᠢ ᠬᠡᠮᠵᠢᠶᠡᠨ ᠤ 41.82% ᠶᠢ ᠡᠵᠡᠯᠡᠪᠡ᠃

    ᠳᠡᠭᠡᠷ᠎ᠡ ᠬᠠᠭᠠᠰ ᠵᠢᠯ ᠳᠤ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠶᠡᠭᠡ ᠲᠥᠷᠥᠯ ᠨᠢ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠵᠠᠭᠠᠯᠳᠤᠯᠭ᠎ᠠ ᠶᠢᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠦᠢᠯᠡᠴᠢᠯᠡᠭᠡᠨ ᠤ ᠶᠡᠭᠡ ᠲᠥᠷᠥᠯ ᠲᠠᠢ ᠠᠳᠠᠯᠢ᠃ ᠡᠭᠦᠨ ᠳᠤ᠂ ᠪᠣᠷᠣᠯᠠᠭᠤᠯᠭ᠎ᠠ ᠶᠢᠨ ᠦᠢᠯᠡᠴᠢᠯᠡᠭᠡ ᠲᠡᠷᠢᠭᠦᠨ ᠪᠠᠶᠢᠷᠢᠨ ᠳᠤ ᠲᠣᠭᠲᠠᠭᠤᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.32% ᠢᠶᠠᠷ ᠪᠠᠭᠠᠰᠴᠤ᠂ ᠭᠤᠤᠯ ᠠᠰᠠᠭᠤᠳᠠᠯ ᠨᠢ ᠡᠵᠡᠩᠨᠡᠭᠴᠢ ᠦᠢᠯᠡᠴᠢᠯᠡᠭᠡᠨ ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ ᠳᠤ ᠪᠣᠯᠵᠣᠨ ᠲᠣᠭᠲᠠᠭᠰᠠᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠬᠤ᠂ ᠬᠡᠷᠡᠭᠯᠡᠭᠴᠢᠳ ᠬᠢᠭᠡᠳ ᠡᠵᠡᠩᠨᠡᠭᠴᠢ ᠶᠢᠨ ᠦᠢᠯᠡᠴᠢᠯᠡᠭᠡᠨ ᠤ ᠵᠠᠷᠤᠳᠠᠯ ᠤᠨ ᠵᠢᠭᠤᠷᠠᠯᠳᠤᠭᠠᠨ᠂ ᠡᠵᠡᠩᠨᠡᠭᠴᠢ ᠡᠵᠡᠩᠨᠡᠯᠲᠡ ᠪᠠᠨ ᠵᠣᠭᠰᠣᠭᠠᠭᠰᠠᠨ ᠤ ᠳᠠᠷᠠᠭ᠎ᠠ ᠤᠷᠢᠳᠴᠢᠯᠠᠨ ᠥᠭᠭᠦᠭᠰᠡᠨ ᠰᠦᠢᠳᠬᠡᠯ ᠢ ᠪᠤᠴᠠᠭᠠᠬᠤ ᠡᠭᠦᠷᠭᠡ ᠠᠴᠠ ᠵᠠᠶᠢᠯᠠᠭᠰᠠᠨ ᠵᠡᠷᠭᠡ︔ ᠢᠳᠡᠭᠡᠨ ᠤᠮᠳᠠᠭᠠᠨ ᠪᠠ ᠬᠤᠨᠤᠭ ᠪᠠᠭᠤᠳᠠᠯ ᠤᠨ ᠦᠢᠯᠡᠴᠢᠯᠡᠭᠡ  ᠬᠤᠶᠠᠳᠤᠭᠠᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 17.26% ᠪᠠᠷ ᠨᠡᠮᠡᠭᠳᠡᠨ᠂ ᠭᠤᠤᠯᠳᠠᠭᠤ ᠬᠤᠭᠤᠯᠠ ᠢᠳᠡᠬᠦ ᠵᠢᠴᠢ ᠬᠤᠨᠣᠵᠤ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ᠂ ᠬᠡᠯᠪᠡᠷᠢᠳᠤ ᠭᠡᠷ᠎ᠡ᠂ ᠤᠬᠠᠭᠤᠯᠭ᠎ᠠ ᠨᠢ ᠪᠣᠳᠠᠲᠠᠶ ᠲᠠᠢ ᠨᠡᠶᠢᠴᠡᠬᠦ ᠥᠬᠡᠶ᠂ ᠤᠷᠢᠳᠴᠢᠯᠠᠨ ᠰᠦᠢᠳᠬᠡᠯ ᠥᠭᠬᠦ ᠬᠡᠷᠡᠭᠯᠡᠭᠡᠨ ᠤ ᠵᠢᠭᠤᠷᠠᠯᠳᠤᠭᠠᠨ ᠵᠡᠷᠭᠡ ᠠᠰᠠᠭᠤᠳᠠᠯ ᠪᠣᠯᠣᠨ᠎ᠠ᠃ ᠪᠤᠰᠤᠳ ᠦᠢᠯᠡᠴᠢᠯᠡᠭᠡᠨ ᠤ ᠲᠥᠷᠥᠯ ᠢᠯᠭᠠᠯ ᠤᠨ ᠳᠣᠲᠣᠷᠠᠬᠢ ᠬᠤᠪᠢᠷᠠᠯᠲᠠ ᠶᠢᠨ ᠬᠡᠮᠵᠢᠶ᠎ᠡ ᠨᠡᠯᠢᠶᠡᠳ ᠢᠯᠡᠷᠬᠡᠶ ᠨᠢ ᠤᠬᠢᠶᠠᠵᠤ ᠪᠣᠳᠣᠬᠤ ᠦᠢᠯᠡᠴᠢᠯᠡᠭᠡ ᠪᠣᠯᠤᠨ᠎ᠠ᠂ ᠠᠳᠠᠯᠢ ᠬᠤᠭᠤᠴᠠᠭᠠᠨ ᠤ ᠬᠢ ᠠᠴᠠ 73.44% ᠪᠠᠷ ᠨᠡᠮᠡᠭᠳᠡᠵᠦ᠂ ᠭᠤᠤᠯᠳᠠᠭᠤ ᠤᠰᠤ ᠪᠠᠷ ᠤᠬᠢᠶᠠᠬᠤ᠂ ᠬᠠᠭᠤᠷᠠᠶ ᠪᠠᠷ ᠤᠬᠢᠶᠠᠬᠤ᠂ ᠪᠤᠳᠤᠭᠯᠠᠬᠤ ᠦᠶ᠎ᠡ ᠳᠤ ᠬᠤᠪᠴᠠᠰᠤ ᠬᠤᠨᠠᠷ᠂ ᠱᠠᠬᠠᠶ ᠶᠢᠨ ᠲᠥᠷᠥᠯ ᠤᠨ ᠡᠪᠳᠡᠭᠳᠡᠯ᠂ ᠦᠨ᠎ᠡ ᠬᠠᠩᠰᠢ ᠶᠢᠨ ᠮᠠᠷᠭᠤᠯᠳᠤᠭᠠᠨ ᠵᠡᠷᠭᠡ ᠠᠰᠠᠭᠤᠳᠠᠯ ᠪᠣᠯᠣᠨ᠎ᠠ︔ ᠨᠡᠶᠢᠭᠡᠮ ᠤᠨ ᠦᠢᠯᠡᠴᠢᠯᠡᠭᠡ᠂ ᠠᠳᠠᠯᠢ ᠬᠤᠭᠤᠴᠠᠭᠠᠨ ᠤ ᠬᠢ ᠠᠴᠠ 55.26% ᠪᠠᠷ ᠨᠡᠮᠡᠭᠳᠡᠵᠡᠶ︔ ᠭᠤᠤᠯᠳᠠᠭᠤ ᠬᠡᠷ ᠤᠨ ᠶᠠᠪᠤᠳᠠᠯ ᠤᠨ ᠦᠢᠯᠡᠴᠢᠯᠡᠭᠡ᠂ ᠬᠠᠭᠤᠯᠪᠤᠷᠢᠯᠠᠬᠤ᠂ ᠥᠰᠥᠭ ᠴᠣᠬᠢᠬᠤ᠂ ᠠᠷᠢᠭᠤᠨ ᠴᠡᠪᠡᠷ ᠤᠨ ᠦᠢᠯᠡᠴᠢᠯᠡᠭᠡ ᠵᠡᠷᠭᠡ ᠶᠢᠨ ᠦᠨ᠎ᠡ ᠬᠠᠩᠰᠢ᠂ ᠭᠡᠷ᠎ᠡ ᠶᠢᠨ ᠵᠢᠭᠤᠷᠠᠯᠳᠤᠭᠠᠨ ᠵᠡᠷᠭᠡ ᠠᠰᠠᠭᠤᠳᠠᠯ ᠪᠣᠯᠤᠨ᠎ᠠ︔ ᠵᠢᠭᠤᠯᠴᠢᠯᠠᠯ ᠤᠨ ᠦᠢᠯᠡᠴᠢᠯᠡᠭᠡ ᠠᠳᠠᠯᠢ ᠬᠤᠭᠤᠴᠠᠭᠠᠨ ᠤ ᠬᠢ ᠠᠴᠠ 24.66% ᠪᠠᠷ ᠨᠡᠮᠡᠭᠳᠡᠵᠦ᠂ ᠭᠤᠤᠯᠳᠠᠭᠤ ᠤᠷᠢᠳᠴᠢᠯᠠᠨ ᠵᠠᠬᠢᠶᠠᠯᠠᠭᠰᠠᠨ ᠦᠢᠯᠡᠴᠢᠯᠡᠭᠡᠨ ᠤ ᠵᠠᠷᠤᠳᠠᠯ ᠢ ᠪᠤᠴᠠᠭᠠᠬᠤ᠂ ᠪᠠᠷᠠᠭ᠎ᠠ ᠬᠤᠳᠠᠯᠳᠤᠨ ᠠᠪᠤᠭᠰᠠᠨ ᠤ ᠳᠠᠷᠠᠭᠠᠬᠢ ᠪᠠᠲᠤᠯᠠᠭ᠎ᠠ ᠬᠦᠴᠢᠷᠲᠡᠶ᠂ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠮᠠᠭᠤ ᠵᠡᠷᠭᠡ ᠠᠰᠠᠭᠤᠳᠠᠯ ᠳᠤ ᠬᠤᠯᠪᠣᠭᠳᠠᠵᠠᠶ᠃ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠤᠳ ᠬᠡᠷᠡᠭᠯᠡᠭᠡᠨ ᠤ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠬᠡᠷᠡᠭᠯᠡᠭᠡᠨ ᠤ ᠰᠡᠷᠡᠮᠵᠢᠯᠡᠭᠦᠯᠦᠯ ᠢ ᠨᠡᠶᠢᠲᠡᠯᠡᠵᠦ᠂ ᠬᠡᠷᠡᠭᠯᠡᠭᠡᠨ ᠤ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃

    ᠭᠤᠷᠪᠠ᠂ ᠢᠯᠡᠴᠢᠯᠡᠨ ᠮᠡᠳᠡᠭᠦᠯᠦᠭᠰᠡᠨ ᠪᠠᠶᠢᠳᠠᠯ ᠤᠨ ᠲᠤᠭ᠎ᠠ ᠪᠦᠷᠢᠳᠭᠡᠯ

    ᠳᠡᠭᠡᠷ᠎ᠡ ᠬᠠᠭᠠᠰ ᠵᠢᠯ ᠳᠤ 16262 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 21.75% ᠨᠡᠮᠡᠭᠳᠡᠪᠡ᠃ ᠡᠭᠦᠨ ᠳᠤ᠂ ᠲᠠᠸᠠᠷ ᠤᠨ ᠲᠥᠷᠥᠯ ᠳᠤ 10067 ᠬᠤᠪᠢ ᠬᠤᠯᠪᠣᠭᠳᠠᠵᠤ᠂ ᠦᠢᠯᠡᠴᠢᠯᠡᠭᠡᠨ ᠤ ᠲᠥᠷᠥᠯ ᠳᠤ 6195 ᠬᠤᠪᠢ ᠬᠤᠯᠪᠣᠭᠳᠠᠵᠤ᠂ 7 ᠳ᠋ᠤᠭᠠᠷ ᠰᠠᠷ᠎ᠠ ᠶᠢᠨ 2 ᠤᠨ ᠡᠳᠦᠷ ᠪᠣᠯᠲᠠᠯ᠎ᠠ ᠨᠡᠶᠢᠲᠡ 14825 ᠬᠤᠪᠢ ᠶᠢ ᠨᠢ ᠰᠢᠢᠳᠪᠦᠷᠢᠯᠡᠵᠦ ᠳᠠᠭᠤᠰᠬᠠᠪᠠ᠃

    ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠬᠡᠮᠵᠢᠶ᠎ᠡ ᠨᠢ ᠡᠮᠦᠨ᠎ᠡ ᠲᠠᠪᠤ ᠳᠤ ᠪᠠᠶᠢᠭ᠎ᠠ ᠲᠠᠸᠠᠷ᠂ ᠦᠢᠯᠡᠴᠢᠯᠡᠭᠡᠨ ᠤ ᠲᠥᠷᠥᠯ ᠬᠤᠪᠢᠶᠠᠭᠰᠠᠨ ᠬᠦᠰᠦᠨᠦᠭᠲᠦ᠄

微信截图_20240717152411.png


    ᠳᠡᠭᠡᠷ᠎ᠡ ᠬᠠᠭᠠᠰ ᠵᠢᠯ ᠬᠦᠯᠢᠶᠡᠨ ᠠᠪᠤᠭᠰᠠᠨ ᠢᠯᠡᠴᠢᠯᠡᠨ ᠮᠡᠳᠡᠭᠦᠯᠦᠯᠲᠡ ᠶᠢᠨ ᠳᠤᠮᠳᠠ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠬᠤᠪᠢᠷᠠᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠨᠢ ᠵᠠᠰᠠᠯ ᠴᠢᠮᠡᠭᠯᠡᠯ ᠤᠨ ᠡᠳ᠋᠂ ᠭᠡᠷ ᠪᠠᠶᠢᠰᠢᠩ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠲᠦᠷᠢᠶᠡᠰᠦᠯᠡᠬᠦ ᠦᠢᠯᠡᠴᠢᠯᠡᠭᠡ᠂ ᠲᠡᠮᠦᠷᠯᠢᠭ ᠵᠠᠮ ᠬᠠᠷᠢᠯᠴᠠᠭ᠎ᠠ ᠴᠠᠬᠢᠯᠭᠠᠨ ᠬᠡᠷᠡᠭᠰᠡᠯ ᠪᠣᠯᠤᠨ᠎ᠠ᠃ ᠵᠠᠰᠠᠯ ᠴᠢᠮᠡᠭᠯᠡᠯ ᠤᠨ ᠡᠳ᠋ ᠨᠢ ᠨᠡᠶᠢᠲᠡ 1379 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 447.22% ᠢᠶᠠᠷ ᠨᠡᠮᠡᠭᠳᠡᠵᠦ᠂ ᠭᠤᠣᠯᠳᠠᠭᠤ ᠵᠠᠷ ᠮᠡᠳᠡᠭᠡ᠂ ᠳᠠᠩᠰᠠᠯᠠᠭᠤᠯᠬᠤ ᠵᠡᠷᠭᠡ ᠠᠰᠠᠭᠤᠳᠠᠯ ︔ ᠭᠡᠷ ᠪᠠᠶᠢᠰᠢᠩ ᠨᠢ ᠨᠡᠶᠢᠲᠡ 273 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 355% ᠪᠠᠷ ᠨᠡᠮᠡᠭᠳᠡᠵᠦ᠂ ᠭᠤᠣᠯᠳᠠᠭᠤ ᠵᠠᠷ ᠮᠡᠳᠡᠭᠡ᠂ ᠭᠡᠷ᠎ᠡ ᠶᠢᠨ ᠵᠢᠭᠤᠷᠠᠯᠳᠤᠭᠠᠨ ᠤ ᠠᠰᠠᠭᠤᠳᠠᠯ︔ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠨᠡᠶᠢᠲᠡ 150 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 200% ᠪᠠᠷ ᠨᠡᠮᠡᠭᠳᠡᠵᠦ᠂ ᠭᠤᠣᠯᠳᠠᠭᠤ ᠪᠣᠳᠠᠲᠠᠢ ᠡᠵᠡᠩᠨᠡᠯᠲᠡ ᠶᠢᠨ ᠬᠠᠶ᠋ᠢᠭ ᠪᠠ ᠳᠠᠩᠰᠠᠯᠠᠭᠤᠯᠤᠭᠰᠠᠨ ᠬᠠᠶ᠋ᠢᠭ ᠲᠠᠢ ᠨᠡᠶᠢᠴᠡᠬᠦ ᠦᠭᠡᠢ᠂ ᠵᠠᠷ ᠮᠡᠳᠡᠭᠡᠨ ᠤ ᠤᠬᠠᠭᠤᠯᠭ᠎ᠠ ᠵᠡᠷᠭᠡ ᠠᠰᠠᠭᠤᠳᠠᠯ︔ ᠲᠦᠷᠢᠶᠡᠰᠦᠯᠡᠬᠦ ᠦᠢᠯᠡᠴᠢᠯᠡᠭᠡ ᠨᠢ ᠨᠡᠶᠢᠲᠡ 61 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 117.86% ᠪᠠᠷ ᠨᠡᠮᠡᠭᠳᠡᠵᠡᠶ︔ ᠲᠡᠮᠦᠷᠯᠢᠭ ᠵᠠᠮ ᠬᠠᠷᠢᠯᠴᠠᠭ᠎ᠠ ᠴᠠᠬᠢᠯᠭᠠᠨ ᠬᠡᠷᠡᠭᠰᠡᠯ ᠨᠡᠶᠢᠲᠡ 94 ᠬᠤᠪᠢ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 108.89% ᠪᠠᠷ ᠨᠡᠮᠡᠭᠳᠡᠪᠡ᠂ ᠭᠤᠣᠯᠳᠠᠭᠤ ᠵᠠᠷ᠂ ᠦᠨ᠎ᠡ ᠬᠠᠩᠰᠢ᠂ ᠭᠤᠷᠪᠠ ᠦᠭᠡᠢ ᠦᠢᠯᠡᠳᠬᠦᠨ ᠤ ᠠᠰᠠᠭᠤᠳᠠᠯ ᠪᠣᠯᠣᠨ᠎ᠠ᠃

    ᠳᠥᠷᠪᠡ᠂ ᠯᠠᠪᠯᠠᠭ᠎ᠠ ᠶᠢᠨ ᠪᠠᠶᠢᠳᠠᠯ ᠤᠨ ᠲᠤᠭ᠎ᠠ ᠪᠦᠷᠢᠳᠬᠡᠯ

    ᠳᠡᠭᠡᠷ᠎ᠡ ᠬᠠᠭᠠᠰ ᠵᠢᠯ ᠳᠤ 90882 ᠬᠤᠪᠢ ᠠᠰᠠᠭᠤᠨ ᠯᠠᠪᠯᠠᠭ᠎ᠠ ᠶᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 3.41% ᠪᠠᠷ ᠪᠠᠭᠤᠷᠠᠪᠠ᠂ ᠡᠭᠦᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠬᠤᠯᠪᠣᠭᠳᠠᠭᠰᠠᠨ 10817 ᠬᠤᠪᠢ᠂ ᠯᠠᠪᠯᠠᠭ᠎ᠠ ᠶᠢᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠭᠡᠪᠡᠯ᠄ ᠵᠠᠭᠠᠯᠳᠤᠵᠤ ᠢᠯᠡᠴᠢᠯᠡᠨ ᠮᠡᠳᠡᠭᠦᠯᠵᠦ ᠰᠢᠢᠳᠪᠦᠷᠢᠯᠡᠬᠦ 5131 ᠬᠤᠪᠢ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ 899 ᠬᠤᠪᠢ᠂ ᠦᠢᠯᠡᠴᠢᠯᠡᠭᠡᠨ ᠤ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ 771 ᠬᠤᠪᠢ᠂ ᠦᠢᠯᠡᠳᠬᠦᠨ ︵ᠲᠠᠸᠠᠷ︶ ᠤ ᠶᠠᠰᠤ ᠴᠢᠨᠠᠷ 408 ᠬᠤᠪᠢ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠨ ᠲᠡᠮᠳᠡᠭᠯᠡᠬᠦ 229 ᠬᠤᠪᠢ᠂ ᠢᠳᠡᠭᠡᠨ ᠤ ᠬᠢᠨᠠᠯᠲᠠ ᠬᠠᠮᠢᠶᠠᠷᠤᠯᠲᠠ 218 ᠬᠤᠪᠢ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ 216 ᠬᠤᠪᠢ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ 32508 ᠬᠤᠪᠢ ᠪᠣᠶ᠃ ᠪᠤᠰᠤᠳ ᠰᠠᠯᠠᠭ᠎ᠠ ᠮᠥᠴᠢᠷ ᠲᠤ ᠬᠤᠯᠪᠣᠭᠳᠠᠭᠰᠠᠨ ᠠᠰᠠᠭᠤᠨ ᠯᠠᠪᠯᠠᠭ᠎ᠠ ᠳᠤ ᠭᠤᠤᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠤᠳᠠᠨ᠂ ᠭᠠᠶᠢᠯᠢ ᠶᠢᠨ ᠶᠠᠪᠤᠳᠠᠯ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ ᠪᠤᠢ᠃

    ᠲᠠᠶᠢᠯᠪᠤᠷᠢ᠄ ᠳᠣᠰ ᠮᠠᠲᠠᠭᠦᠯᠣᠯᠲᠠ ᠶᠢᠨ ᠳᠤᠭ᠎ᠠ ᠪᠠᠷᠢᠮᠲᠠ ᠨᠢ ᠪᠦᠭᠦ ᠤᠯᠤᠰ ᠤᠨ 12315 ᠲᠠᠪᠴᠠᠩ ᠠᠴᠠ ᠢᠷᠠᠯᠲᠠ ᠲᠠᠢ




ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ
Baidu
map