︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/10/10
  ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠤᠬᠠᠶ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠨᠡᠶᠢᠲᠡᠯᠡᠭᠰᠡᠨ ᠵᠢᠷᠭᠤᠭᠠᠨ ᠲᠦᠷᠢᠮ ᠤᠨ ᠲᠣᠭᠤᠷᠢᠨ ᠳᠤ᠂ ᠡᠨᠡ ᠡᠳᠦᠷ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠤᠨ ᠲᠤᠬᠠᠶ ᠲᠠᠶᠢᠯᠤᠮᠵᠢ ᠬᠢᠶ᠎ᠠ᠃ ᠥᠪᠥᠷ ᠮᠣᠩᠭᠤᠯ ᠤᠨ ᠨᠢᠭᠡᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠪᠠ ᠡᠵᠡᠯᠡᠨ ᠬᠡᠷᠡᠭᠯᠡᠬᠦ ᠭᠠᠷ ᠭᠦᠢᠴᠡᠳᠭᠡᠯ ᠢ ᠭᠦᠢᠴᠡᠳᠭᠡᠭᠰᠡᠨ ᠥᠬᠡᠶ ᠪᠠᠷ ᠪᠠᠷᠠᠬᠤ ᠥᠬᠡᠶ᠂ ᠰᠢᠯᠢᠩᠬᠤᠲᠠ ᠶᠢᠨ ᠣᠳᠣᠨ ᠮᠠᠯᠵᠢᠯ ᠤᠨ ᠲᠠᠯᠠᠪᠠᠶ ᠶᠢᠨ ᠨᠢᠭᠡ ᠬᠡᠰᠡᠭ ᠪᠠᠶᠢᠭᠠᠯᠢ ᠶᠢᠨ ᠪᠡᠯᠴᠢᠭᠡᠷ ᠳᠡᠭᠡᠷ᠎ᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠠᠢ ᠨᠡᠭᠦᠷᠡᠰᠦᠨ ᠴᠢᠯᠠᠭᠤ ᠣᠪᠣᠭᠠᠯᠠᠭᠰᠠᠨ ᠠᠴᠠ ᠪᠣᠯᠵᠣ 260 ᠭᠠᠷᠤᠶ ᠮᠥ ᠨᠤᠲᠤᠭ ᠪᠡᠯᠴᠢᠭᠡᠷ        ᠡᠪᠳᠡᠭᠳᠡᠵᠦ᠂ ᠪᠠᠶᠢᠴᠠᠭᠠᠬᠤ ᠬᠤᠷᠢᠶ᠎ᠠ ᠣᠷᠣᠯᠴᠠᠭᠰᠠᠨ ᠢᠶᠠᠷ ᠡᠨᠡ ᠨᠤᠲᠤᠭ ᠪᠡᠯᠴᠢᠭᠡᠷ ᠡᠴᠦᠰ ᠲᠡᠭᠡᠨ ᠰᠡᠷᠭᠦᠪᠡ᠃    ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠠᠶᠢᠯᠤᠮᠵᠢ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ

 

 
ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map