ᠤᠯᠤᠰ ᠤᠨ ᠵᠠᠮ ᠤᠨ 209 ᠱᠤᠭᠤᠮ ᠵᠠᠮ ᠤᠨ ᠤᠯᠠᠭᠠᠨᠬᠤᠸᠠ ᠶᠢᠨ ᠡᠮᠦᠨ᠎ᠡ᠂ ᠤᠯᠠᠭᠠᠨᠬᠤᠸᠠ ᠶᠢᠨ ᠪᠠᠷᠠᠭᠤᠨ ᠬᠠᠷᠢᠯᠴᠠᠨ ᠨᠡᠪᠲᠡᠷᠡᠬᠦ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠳᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠥᠬᠡᠶ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/11/7
  ᠬᠡᠯᠬᠢᠶᠡᠰᠦᠨ ᠨᠣᠮᠧᠷ᠄ 000014348/2023 — 06216  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2023﹈ 69 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 10 ᠳ᠋ᠤᠭᠠᠷ ᠰᠠᠷ᠎ᠠ ᠶᠢᠨ 23 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠤᠯᠤᠰ ᠤᠨ ᠵᠠᠮ ᠤᠨ 209 ᠱᠤᠭᠤᠮ ᠵᠠᠮ ᠤᠨ ᠤᠯᠠᠭᠠᠨᠬᠤᠸᠠ ᠶᠢᠨ ᠡᠮᠦᠨ᠎ᠡ᠂ ᠤᠯᠠᠭᠠᠨᠬᠤᠸᠠ ᠶᠢᠨ ᠪᠠᠷᠠᠭᠤᠨ ᠬᠠᠷᠢᠯᠴᠠᠨ ᠨᠡᠪᠲᠡᠷᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠬᠡᠷ᠄  ᠮᠠᠨ ᠤ ᠲᠢᠩᠬᠢᠮ 2023 ᠣᠨ ᠤ 10 ᠳ᠋ᠤᠭᠠᠷ ᠰᠠᠷ᠎ᠠ ᠶᠢᠨ 9 ᠤ ᠡᠳᠦᠷ ᠲᠠᠨ ᠤ ᠪᠠᠶᠢᠭᠤᠯᠭ᠎ᠠ ᠶᠢᠨ ᠳᠤᠷᠠᠳᠤᠭᠰᠠᠨ ᠤᠯᠤᠰ ᠤᠨ ᠵᠠᠮ ᠤᠨ 209 ᠱᠤᠭᠤᠮ ᠤᠨ ᠤᠯᠠᠭᠠᠨᠬᠤᠸᠠ ᠶᠢᠨ ᠡᠮᠦᠨ᠎ᠡ᠂ ᠤᠯᠠᠭᠠᠨᠬᠤᠸᠠ ᠶᠢᠨ ᠪᠠᠷᠠᠭᠤᠨ ᠬᠠᠷᠢᠯᠴᠠᠨ ᠨᠡᠪᠲᠡᠷᠡᠬᠦ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠡᠷᠭᠡᠵᠢᠯ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠲᠠᠨ ᠤ ᠺᠣᠮᠫᠠᠨᠢ ᠶᠢᠨ ᠲᠤᠰᠢᠶᠠᠭᠰᠠᠨ ︽ᠤᠯᠤᠰ ᠤᠨ ᠵᠠᠮ 209 ᠱᠤᠭᠤᠮ ᠤᠨ ᠤᠯᠠᠭᠠᠨᠬᠤᠸᠠ ᠶᠢᠨ ᠡᠮᠦᠨ᠎ᠡ᠂ ᠤᠯᠠᠭᠠᠨᠬᠤᠸᠠ ᠶᠢᠨ ᠪᠠᠷᠠᠭᠤᠨ ᠬᠠᠷᠢᠯᠴᠠᠨ ᠨᠡᠪᠲᠡᠷᠡᠬᠦ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠲᠤ ᠣᠷᠣᠰᠢᠵᠤ ᠪᠠᠶᠢᠭ᠎ᠠ ᠤᠰᠤ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠲᠣᠭᠲᠠᠭᠠᠭᠰᠠᠨ ᠨᠢ ᠵᠣᠬᠢᠰ ᠥᠬᠡᠶ᠂ ᠰᠢᠷᠣᠶ ᠬᠠᠶᠠᠭᠰᠠᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠠᠶᠢᠴᠠᠭᠠᠯᠲᠠ ᠶᠢ ᠥᠷᠨᠢᠭᠦᠯᠦᠭᠰᠡᠨ ᠥᠬᠡᠶ᠂ ᠤᠰᠤ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠵᠡᠷᠭᠡ ᠳᠡᠰ ᠤᠨ ᠪᠠᠷᠢᠮᠵᠢᠶ᠎ᠠ ᠨᠢ ᠲᠣᠳᠣᠷᠬᠠᠶ ᠥᠬᠡᠶ᠂ ᠤᠰᠤ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠨᠢ ᠵᠦᠶ ᠵᠣᠬᠢᠰ ᠥᠬᠡᠶ᠂ ᠰᠢᠰᠲ᠋ᠧᠮᠵᠢ ᠨᠢ ᠪᠦᠷᠢᠨ ᠪᠤᠰᠤ᠂ ᠤᠰᠤ ᠰᠢᠷᠣᠶ ᠶᠢᠨ ᠢᠳᠡᠭᠳᠡᠯ ᠠᠴᠠ ᠵᠠᠶᠢᠯᠠᠰᠬᠢᠬᠦ ᠶᠢᠨ ᠠᠷᠭ᠎ᠠ ᠥᠬᠡᠶ ᠭᠤᠤᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠳᠤ ᠤᠰᠤ ᠰᠢᠷᠣᠶ ᠶᠢ ᠬᠠᠮᠠᠭᠠᠯᠠᠬᠤ ᠪᠠᠷᠢᠮᠵᠢᠶ᠎ᠠ ᠶᠣᠰᠣᠭᠠᠷ ᠤᠰᠤ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠵᠡᠷᠭᠡ ᠳᠡᠰ ᠢ ᠵᠢᠷᠤᠮᠵᠢᠭᠤᠯᠤᠨ ᠳᠡᠭᠡᠭᠰᠢᠯᠡᠭᠦᠯᠦᠭᠰᠡᠨ ᠥᠬᠡᠶ ᠵᠡᠷᠭᠡ ᠠᠰᠠᠭᠤᠳᠠᠯ ᠲᠠᠢ᠂ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ︾ ︵GB 50433 — 2018︶ ᠶᠢᠨ 4 . 2 . 1 ᠳ᠋ᠦ᠋ᠭᠡᠷ ᠵᠦᠢᠯ᠂ 4 . 2 . 3 ᠳ᠋ᠤᠭᠠᠷ ᠵᠦᠢᠯ᠂ 4 . 6 . 3 ᠳ᠋ᠤᠭᠠᠷ ᠵᠦᠢᠯ᠂ 4 . 6 . 14 ᠳ᠋ᠦ᠋ᠭᠡᠷ ᠵᠦᠢᠯ᠂ 3 . 2 . 2 ᠳ᠋ᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠥᠬᠡᠶ ᠪᠠᠶᠢᠬᠤ ᠬᠡᠷᠡᠭᠲᠡᠶ᠃ ᠤᠰᠤ ᠰᠢᠷᠣᠢ ᠶᠢ ᠬᠠᠮᠠᠭᠠᠯᠠᠬᠤ ᠲᠥᠰᠦᠯ ᠨᠢ ︽ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠤᠰᠤ ᠰᠢᠷᠣᠢ ᠶᠢ ᠬᠠᠮᠠᠭᠠᠯᠠᠬᠤ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠶᠢᠨ ᠠᠷᠪᠠᠨ ᠲᠠᠪᠤᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ ᠲᠣᠭᠲᠠᠭᠠᠯ ᠭᠠᠷᠭᠠᠬᠤ ᠶᠣᠰᠣᠲᠠᠢ ᠪᠠᠶᠢᠳᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ ᠭᠡᠵᠦ ᠲᠣᠭᠲᠠᠭᠠᠪᠠ᠃  ᠬᠡᠷᠪᠡ ᠲᠤᠰ ᠲᠣᠭᠲᠠᠭᠠᠯ ᠢ ᠵᠥᠪᠰᠢᠶᠡᠷᠡᠬᠦ ᠦᠭᠡᠶ ᠪᠣᠯ ᠲᠤᠰ ᠲᠣᠭᠲᠠᠭᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ᠂ ᠡᠰᠡᠬᠦᠯ᠎ᠡ ᠵᠢᠷᠭᠤᠭᠠᠨ ᠰᠠᠷ᠎ᠠ ᠶᠢᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃       ᠳᠠᠭᠠᠯᠳᠤᠭᠤᠯᠤᠯ᠄ 1 . ︽ᠤᠯᠤᠰ ᠤᠨ ᠵᠠᠮ ᠤᠨ 209 ᠱᠤᠭᠤᠮ ᠤᠨ ᠤᠯᠠᠭᠠᠨᠬᠤᠸᠠ ᠶᠢᠨ ᠡᠮᠦᠨ᠎ᠡ᠂ ᠤᠯᠠᠭᠠᠨᠬᠤᠸᠠ ᠤ ᠪᠠᠷᠠᠭᠤᠨ ᠬᠠᠷᠢᠯᠴᠠᠨ ᠨᠡᠪᠲᠡᠷᠡᠬᠦ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠮᠡᠳᠡᠭᠦᠯᠦᠯᠲᠡ .pdf       2 . ᠤᠯᠤᠰ ᠤᠨ ᠵᠠᠮ ᠤᠨ 209 ᠱᠤᠭᠤᠮ ᠤᠨ ᠤᠯᠠᠭᠠᠨᠬᠤᠸᠠ ᠶᠢᠨ ᠡᠮᠦᠨ᠎ᠡ᠂ ᠤᠯᠠᠭᠠᠨᠬᠤᠸᠠ ᠶᠢᠨ ᠪᠠᠷᠠᠭᠤᠨ ᠬᠠᠷᠢᠯᠴᠠᠨ ᠨᠡᠪᠲᠡᠷᠡᠬᠦ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ .pdf               2023 ᠣᠨ ᠤ 10 ᠳ᠋ᠤᠭᠠᠷ ᠰᠠᠷ᠎ᠠ ᠶᠢᠨ 23 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map