ᠥᠪᠥᠷ ᠮᠣᠩᠭᠤᠯ ᠤᠨ ᠤᠰᠤ ᠰᠢᠷᠤᠢ ᠶᠢ ᠬᠠᠮᠠᠭᠠᠯᠠᠬᠤ ᠨᠡᠶᠢᠭᠡᠮᠯᠢᠭ ︽ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢ ᠦᠨᠡᠯᠡᠨ ᠵᠢᠱᠢᠬᠦ ᠮᠡᠷᠭᠡᠵᠢᠯ ᠤᠨ ᠪᠠᠷᠢᠮᠵᠢᠶ᠎ᠠ︾ ᠶᠢᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠰᠡᠳᠦᠪ ᠲᠣᠭᠲᠠᠭᠠᠬᠤ ᠶᠢ ᠬᠢᠨᠠᠨ ᠲᠣᠭᠲᠠᠭᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/11
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠡᠷᠳᠡᠮ ᠰᠢᠨᠵᠢᠯᠡᠭᠡᠨ ᠤ ᠪᠦᠯᠬᠦᠮ ᠨᠡᠶᠢᠲᠡ ᠶᠢᠨ ᠬᠦᠴᠦᠨ ᠳᠤ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠳᠤ ᠳᠤᠷᠠᠳᠤᠭᠰᠠᠨ ︽ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠯᠲᠡ᠂ ᠠᠮᠠᠯᠠᠯᠲᠠ ᠶᠢᠨ ᠲᠦᠷᠢᠮ ᠵᠡᠷᠭᠡ ᠠᠵᠤ ᠠᠬᠤᠶᠢᠯᠠᠯ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 2023 ᠣᠨ ᠤ 12 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠤᠰᠤ ᠰᠢᠷᠤᠢ ᠶᠢ ᠬᠠᠮᠠᠭᠠᠯᠠᠬᠤ ᠨᠡᠶᠢᠭᠡᠮᠯᠢᠭ ︽ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠮᠡᠷᠭᠡᠵᠢᠯ ᠤᠨ ᠪᠠᠷᠢᠮᠵᠢᠶ᠎ᠠ︾ ᠶᠢᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠰᠡᠳᠦᠪ ᠲᠣᠭᠲᠠᠭᠠᠬᠤ ᠶᠢ ᠬᠢᠨᠠᠨ ᠲᠣᠭᠲᠠᠭᠠᠬᠤ ᠬᠤᠷᠠᠯ ᠢ ᠡᠷᠭᠢᠯᠡᠨ       ᠬᠤᠷᠠᠯᠳᠤᠭᠤᠯᠪᠠ᠃  ᠤᠰᠤ ᠰᠢᠷᠤᠢ ᠶᠢ ᠬᠠᠮᠠᠭᠠᠯᠠᠬᠤ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠭᠠᠰᠢ᠂ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ ᠶᠢ ᠬᠢᠨᠠᠨ ᠲᠣᠭᠲᠠᠭᠠᠬᠤ ᠠᠵᠢᠯ ᠢ ᠠᠩᠬ᠎ᠠ ᠤᠳᠠᠭ᠎ᠠ ᠡᠷᠭᠢᠯᠡᠨ ᠥᠷᠨᠢᠭᠦᠯᠪᠡ᠃ ︽ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠮᠡᠷᠭᠡᠵᠢᠯ ᠤᠨ       ᠪᠠᠷᠢᠮᠵᠢᠶ᠎ᠠ︾ ᠶᠢᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠰᠡᠳᠦᠪ ᠲᠣᠭᠲᠠᠭᠠᠬᠤ ᠶᠠᠪᠤᠳᠠᠯ ᠪᠣᠯ ᠤᠰᠤ ᠰᠢᠷᠤᠢ ᠶᠢ ᠬᠠᠮᠠᠭᠠᠯᠠᠬᠤ ᠨᠡᠶᠢᠭᠡᠮᠯᠢᠭ ᠲᠤᠰ ᠪᠡᠶ᠎ᠡ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠲᠠᠰᠤᠷᠠᠯᠲᠠ ᠤᠢᠭᠡᠢ ᠴᠢᠩᠭᠠᠳᠬᠠᠭᠰᠠᠨ ᠨᠢᠭᠡ ᠤᠳᠠᠭᠠᠨ ᠤ ᠰᠢᠨ᠎ᠡ ᠡᠭᠦᠳᠦᠯᠲᠡ ᠪᠣᠯᠬᠤ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠤᠰᠤ ᠰᠢᠷᠤᠢ ᠶᠢ ᠬᠠᠮᠠᠭᠠᠯᠠᠬᠤ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠪᠠᠨ ᠲᠠᠰᠤᠷᠠᠯᠲᠠ ᠤᠢᠭᠡᠢ ᠴᠢᠩᠭᠠᠳᠬᠠᠭᠰᠠᠨ ᠨᠢᠭᠡ ᠤᠳᠠᠭᠠᠨ ᠤ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃  ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠷᠢᠮᠵᠢᠶ᠎ᠠ ᠶᠢᠨ ᠲᠥᠰᠦᠯ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ᠂ ᠨᠤᠤᠷᠠᠭᠯᠠᠯᠲᠠ᠂ ᠳᠠᠬᠢᠨ ᠪᠠᠶᠢᠴᠠᠭᠠᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠨᠠᠷᠢᠨ ᠬᠢᠨᠠᠮᠠᠭᠠᠶ ᠰᠤᠳᠤᠯᠤᠨ ᠶᠠᠷᠢᠯᠴᠠᠵᠤ᠂ ᠲᠥᠷᠥᠯ ᠵᠦᠢᠯ ᠲᠣᠭᠲᠠᠭᠠᠬᠤ ᠶᠢ ᠰᠠᠨᠠᠯ ᠨᠢᠭᠡᠲᠡᠶ ᠵᠥᠪᠰᠢᠶᠡᠷᠡᠭᠰᠡᠨ ᠪᠥᠭᠡᠳ ᠪᠠᠷᠢᠮᠵᠢᠶ᠎ᠠ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠲᠤᠬᠠᠶ ᠪᠣᠳᠠᠲᠠᠶ ᠰᠠᠨᠠᠭᠤᠯᠭ᠎ᠠ ᠳᠤᠷᠠᠳᠴᠠᠶ᠃  ᠲᠣᠰ ᠤᠳᠠᠭᠠᠨ ᠤ ᠪᠠᠷᠢᠮᠵᠢᠶ᠎ᠠ ᠶᠢ ᠲᠣᠭᠲᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠭᠤᠤᠯᠳᠠᠯᠭ᠎ᠠ ︵ᠲᠤᠷᠰᠢᠨ ᠬᠡᠷᠡᠭᠵᠢᠭᠦᠯᠬᠦ︶ ᠶᠢ ᠨᠡᠶᠢᠲᠡᠯᠡᠭᠰᠡᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠣᠷᠣᠨ ᠤ ᠪᠠᠶᠢᠳᠠᠯ ᠪᠠ ᠣᠷᠣᠨ ᠪᠦᠰᠡ ᠶᠢᠨ ᠣᠨᠴᠠᠯᠢᠭ ᠲᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤ ᠰᠢᠷᠤᠢ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠶᠢ ᠪᠥᠬᠦ ᠲᠠᠯ᠎ᠠ ᠪᠠᠷ ᠥᠷᠨᠢᠭᠦᠯᠬᠦ ᠳᠤ ᠵᠢᠯᠣᠭᠤᠳᠣᠯᠭ᠎ᠠ ᠪᠠ ᠲᠣᠯᠢᠯᠠᠯ ᠬᠠᠩᠭᠠᠵᠤ᠂ ᠤᠰᠤ ᠰᠢᠷᠤᠢ ᠶᠢ ᠬᠠᠮᠠᠭᠠᠯᠠᠬᠤ ᠨᠡᠶᠢᠭᠡᠮᠯᠢᠭ ᠬᠢᠭᠡᠳ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠠᠷᠢᠯᠴᠠᠨ ᠠᠬᠢᠭᠤᠯᠵᠤ ᠬᠠᠷᠢᠯᠴᠠᠨ ᠠᠭᠤᠰᠤᠯᠴᠠᠬᠤ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠤᠰᠤ ᠰᠢᠷᠤᠢ ᠶᠢ ᠬᠠᠮᠠᠭᠠᠯᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃    ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠰᠢᠷᠤᠢ ᠶᠢ ᠬᠠᠮᠠᠭᠠᠯᠠᠬᠤ ᠨᠡᠶᠢᠭᠡᠮᠯᠢᠭ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map