ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠡᠵᠡᠩᠨᠡᠯᠲᠡ ᠶᠢᠨ ᠭᠤᠣᠯ ᠴᠣᠭᠴᠠ ᠲᠣᠭᠲᠠᠭᠤᠨ ᠤ ᠳᠤᠮᠳᠠ ᠲᠦᠷᠭᠡᠨ ᠠᠬᠢᠵᠤ 2023 ᠣᠨ ᠳᠤ ᠥᠪᠥᠷ ᠮᠣᠩᠭᠤᠯ ᠡᠳᠦᠷ ᠳᠤᠮᠳᠠᠴᠢ ᠪᠠᠷ 1843 ᠡᠵᠡᠩᠨᠡᠯᠲᠡ ᠶᠢᠨ ᠭᠤᠣᠯ ᠴᠣᠭᠴᠠ ᠶᠢ ᠰᠢᠨ᠎ᠡ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2024/1/9
  2023 ᠣᠨ ᠳᠤ᠂ ᠮᠠᠨ ᠤ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ᠳᠤ ᠲᠣᠭᠲᠠᠭᠤᠨ ᠤ ᠳᠤᠮᠳᠠ ᠲᠦᠷᠭᠡᠨ ᠬᠥᠭᠵᠢᠬᠦ ᠪᠠᠶᠢᠳᠠᠯ ᠢᠯᠡᠷᠡᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠥᠬᠦ ᠣᠷᠣᠨ ᠳᠤ ᠨᠡᠶᠢᠲᠡ 45.9 ᠲᠦᠮᠡᠨ ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 24.59 % ᠨᠡᠮᠡᠭᠳᠡᠵᠦ᠂ ᠡᠳᠦᠷ ᠳᠤᠮᠳᠠᠴᠢ ᠶᠢᠨ ︵ᠠᠵᠢᠯᠯᠠᠬᠤ ᠡᠳᠦᠷ︶ ᠡᠵᠡᠩᠨᠡᠯᠲᠡ ᠶᠢᠨ ᠭᠤᠤᠯ ᠴᠣᠭᠴᠠ 1843 ᠡᠷᠦᠬᠡ ᠰᠢᠨ᠎ᠡ ᠪᠠᠷ ᠪᠠᠶᠢᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ︵ᠰᠠᠯᠪᠤᠷᠢ ᠪᠠᠶᠢᠭᠤᠯᠤᠮᠵᠢ ᠶᠢ ᠪᠠᠭᠲᠠᠭᠠᠨ᠎ᠠ︶ 272.9 ᠲᠦᠮᠡᠨ ᠡᠷᠦᠬᠡ ᠪᠣᠯᠤᠨ ᠬᠥᠭᠵᠢᠵᠦ᠂ ᠠᠳᠠᠯᠢ ᠬᠤᠭᠤᠴᠠᠭᠠᠨ ᠤ ᠬᠢ ᠠᠴᠠ 7.87 % ᠪᠠᠷ ᠨᠡᠮᠡᠭᠳᠡᠪᠡ᠃ ᠮᠢᠩᠭᠠᠨ ᠬᠥᠮᠦᠨ ᠤ ᠡᠵᠡᠩᠨᠡᠯᠲᠡ ᠶᠢᠨ ᠭᠤᠤᠯ ᠴᠣᠭᠴᠠ ᠨᠡᠮᠡᠭᠳᠡᠭᠡᠳ 113.7 ᠡᠷᠦᠬᠡ ᠪᠣᠯᠵᠣ᠂ ᠮᠢᠩᠭᠠᠨ ᠬᠥᠮᠦᠨ ᠤ ᠠᠵᠤ ᠠᠬᠤᠶᠢᠯᠠᠯ ᠤᠨ ᠬᠡᠮᠵᠢᠶ᠎ᠡ 27.5 ᠡᠷᠦᠬᠡ ᠶᠢ ᠳᠠᠪᠠᠪᠠ᠃  2023 ᠣᠨ ᠳᠤ᠂ ᠮᠠᠨ ᠤ ᠣᠷᠣᠨ ᠤ ᠡᠵᠡᠩᠨᠡᠯᠲᠡ ᠶᠢᠨ ᠭᠤᠤᠯ ᠴᠣᠭᠴᠠ ᠳᠤ ᠣᠯᠠᠨ ᠣᠨᠴᠠᠯᠢᠭ       ᠢᠯᠡᠷᠡᠪᠡ᠂ ᠡᠭᠦᠨ ᠳᠤ ᠪᠣᠳᠠᠲᠠᠶ ᠪᠠᠶᠢᠭ᠎ᠠ ᠡᠵᠡᠩᠨᠡᠯᠲᠡ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ ᠰᠢᠨ᠎ᠡ ᠳᠡᠭᠲᠡᠷ ᠲᠤ ᠭᠠᠷᠬᠤ᠂ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠨᠡᠮᠡᠭᠳᠡᠯ ᠤᠨ ᠬᠠᠨᠳᠤᠰᠢ ᠲᠦᠷᠭᠡᠨ ᠪᠠᠶᠢᠬᠤ᠂ ᠪᠠᠯᠠ ᠣᠷᠣᠭᠤᠯᠤᠯᠲᠠ ᠶᠢᠨ ᠪᠠᠶᠢᠳᠠᠯ ᠢ ᠲᠡᠳᠡᠨ ᠠᠪᠴᠢᠷᠠᠬᠤ ᠪᠠᠶᠢᠳᠠᠯ ᠦᠷᠭᠦᠯᠵᠢᠯᠡᠨ ᠰᠠᠶᠢᠵᠢᠷᠠᠬᠤ ᠵᠡᠷᠭᠡ ᠪᠠᠭᠲᠠᠨ᠎ᠠ᠃  ᠪᠣᠳᠠᠲᠠᠶ ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ ᠬᠡᠮᠵᠢᠶ᠎ᠡ ᠠᠴᠠ ᠦᠵᠡᠪᠡᠯ᠂ 18 ᠠᠵᠢᠯ ᠲᠥᠷᠥᠯ ᠤᠨ ᠲᠣᠮᠣ ᠲᠥᠷᠥᠯ ︵ᠪᠤᠰᠤᠳ ᠲᠥᠷᠥᠯ ᠪᠠᠭᠲᠠᠬᠤ ᠥᠬᠡᠶ︶ ᠤᠨ ᠳᠣᠲᠣᠷ᠎ᠠ ︽ᠮᠥᠩᠭᠦᠨ ᠭᠦᠢᠯᠭᠡᠭᠡᠨ ᠤ ᠦᠢᠯᠡᠰ︾᠂ ︽ᠤᠰᠤᠨ ᠠᠰᠢᠭᠯᠠᠯᠲᠠ᠂ ᠣᠷᠴᠢᠨ ᠠᠬᠤᠶ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ︾ ᠢ ᠭᠠᠷᠭᠠᠪᠠᠯ᠂ ᠪᠤᠰᠤᠳ ᠠᠵᠢᠯ ᠲᠥᠷᠥᠯ ᠨᠢ ᠴᠥᠮ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠲᠠᠢ ᠪᠠᠶᠢᠵᠤ᠂ ᠲᠠᠪᠤᠨ ᠬᠤᠪᠢ ᠠᠴᠠ ᠳᠡᠭᠡᠭᠰᠢᠬᠢ ᠠᠵᠢᠯ ᠲᠥᠷᠥᠯ ᠤᠨ ᠠᠳᠠᠯᠢ ᠬᠤᠭᠤᠴᠠᠭᠠᠨ ᠤ ᠬᠢ ᠠᠴᠠ 10 % ᠪᠠᠷ ᠨᠡᠮᠡᠭᠳᠡᠵᠡᠶ᠂ ᠡᠭᠦᠨ ᠳᠤ ᠨᠡᠮᠡᠭᠳᠡᠯ ᠤᠨ ᠬᠤᠷᠳᠤᠴᠠ ᠨᠢ ᠲᠦᠷᠦᠭᠦᠦ 3 ᠶᠢᠨ ᠠᠵᠢᠯ ᠲᠥᠷᠥᠯ ᠨᠢ ᠲᠣᠰ ᠲᠣᠰ ︽ᠪᠠᠷᠢᠯᠭ᠎ᠠ ᠶᠢᠨ ᠦᠢᠯᠡᠰ︾ 26.6 %᠂ ︽ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ︾ 19 . 8 %᠂ ︽ᠠᠭᠤᠷᠬᠠᠶ ᠮᠠᠯᠲᠠᠬᠤ ᠦᠢᠯᠡᠰ︾ 16.7 %᠃  ᠰᠢᠨ᠎ᠡ ᠪᠠᠷ ᠭᠠᠷᠭᠠᠭᠰᠠᠨ ᠪᠠᠶᠢᠳᠠᠯ ᠠᠴᠠ ᠦᠵᠡᠪᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠤᠯ ᠲᠠᠷᠬᠠᠯᠲᠠ ᠶᠢᠨ ᠠᠵᠢᠯ ᠲᠥᠷᠥᠯ ᠳᠤ᠂ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾᠂ ︽ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ︾᠂ ︽ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾ ᠢᠯᠡᠳᠲᠡ ᠨᠡᠮᠡᠭᠳᠡᠵᠦ᠂ ᠰᠢᠨ᠎ᠡ ᠪᠠᠷ ᠭᠠᠷᠭᠠᠭᠰᠠᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ ᠴᠥᠮ 20 % ᠶᠢ ᠳᠠᠪᠠᠵᠠᠶ᠃ ᠠᠵᠤ ᠠᠬᠤᠶᠢᠯᠠᠯ ᠤᠨ ᠭᠤᠤᠯ ᠲᠠᠷᠬᠠᠯᠲᠠ ᠶᠢᠨ ᠠᠵᠢᠯ ᠲᠥᠷᠥᠯ ᠤᠨ ᠳᠣᠲᠣᠷ᠎ᠠ᠂ ︽ᠪᠠᠷᠢᠯᠭ᠎ᠠ ᠶᠢᠨ ᠦᠢᠯᠡᠰ︾᠂ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾᠂ ︽ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ᠤᠨ ᠰᠢᠨ᠎ᠡ ᠪᠠᠷ ᠪᠠᠶᠢᠭᠤᠯᠤᠭᠰᠠᠨ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠨᠡᠮᠡᠭᠳᠡᠵᠦ᠂ ᠲᠣᠰ ᠲᠣᠰ 42.88 %᠂ 22.65 %᠂ 19.61 % ᠪᠠᠶᠢᠪᠠ᠃  ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ ᠬᠡᠮᠵᠢᠶᠡᠨ ᠤ ᠨᠡᠮᠡᠭᠳᠡᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠰᠢᠭᠤᠳ ᠲᠤᠰᠬᠠᠯ ᠮᠥᠨ᠂ ᠪᠠᠰᠠ ᠴᠤ ᠵᠠᠬ᠎ᠠ ᠳᠡᠯᠭᠡᠭᠦᠷ ᠤᠨ ᠢᠲᠡᠭᠡᠯ ᠢ ᠰᠢᠯᠭᠠᠬᠤ ᠴᠢᠬᠤᠯᠠ ᠵᠦᠭᠯᠡᠭᠦᠷ ᠮᠥᠨ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠵᠥᠪᠰᠢᠶᠡᠷᠡᠨ ᠣᠷᠣᠭᠤᠯᠬᠤ ᠣᠷᠴᠢᠨ ᠨᠥᠬᠦᠴᠡᠯ᠂ ᠬᠡᠷᠡᠭᠯᠡᠭᠡᠨ ᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠶᠡᠷᠦᠩᠬᠡᠶ ᠬᠡᠮᠵᠢᠶ᠎ᠡ ᠶᠢ ᠳᠡᠭᠡᠭᠰᠢᠯᠡᠭᠦᠯᠬᠦ ᠳᠤ ᠨᠠᠩ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map