ᠴᠢᠩ ᠱᠦᠶ ᠾᠧ ᠰᠢᠶᠠᠨ ᠤ ᠬᠤᠩ ᠮᠢᠶᠣᠣ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠴᠣᠬᠤᠯᠠᠪᠤᠷᠢ
ᠨᠡᠶᠢᠲᠡᠯᠡᠭᠰᠡᠨ ᠴᠠᠭ᠄
2024/3/1
  ᠬᠡᠯᠬᠢᠶᠡᠰᠦᠨ ᠨᠣᠮᠧᠷ᠄ 000014348/2024 — 01554  ᠭᠤᠣᠯ ᠰᠡᠳᠦᠪ ᠤᠨ ᠠᠩᠭᠢᠯᠠᠯ᠄ ᠪᠤᠰᠤᠳ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ﹇2024﹈ 11 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 2 ᠳ᠋ᠤᠭᠠᠷ ᠰᠠᠷ᠎ᠠ ᠶᠢᠨ 4 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ᠄        ᠲᠠᠨ ᠤ ᠲᠣᠪᠴᠢᠶ᠎ᠠ ᠶᠢᠨ ︽ᠴᠢᠩ ᠱᠦᠶ ᠾᠧ ᠰᠢᠶᠠᠨ ᠤ ᠬᠤᠩ ᠮᠢᠶᠣᠣ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ︾ ︵ᠬᠥᠬᠡᠬᠤᠲᠠ ᠤᠰᠤ ᠲᠠᠷᠬᠠᠭᠠᠭᠰᠠᠨ ﹇2023﹈ 337 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ 2023 ᠣᠨ ᠤ 10 ᠳ᠋ᠤᠭᠠᠷ ᠰᠠᠷ᠎ᠠ ᠳᠤ ᠮᠠᠨ ᠤ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠨᠠᠶᠢᠳᠠᠵᠤ ᠴᠢᠩ ᠱᠦᠶ ᠾᠧ ᠰᠢᠶᠠᠨ ᠤ ᠬᠤᠩ ᠮᠢᠶᠣᠣ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠤᠭᠰᠠᠨ ᠮᠡᠳᠡᠭᠦᠯᠦᠯᠲᠡ ᠳᠤ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠪᠠ᠃ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠪᠡᠯ᠂ ᠮᠠᠨ ᠤ ᠲᠢᠩᠬᠢᠮ ᠠᠴᠠ ᠠᠭᠤᠯᠭ᠎ᠠ ᠶᠢ ᠬᠤᠪᠢᠷᠠᠭᠤᠯᠬᠤ ᠶᠢ ᠵᠥᠪᠰᠢᠶᠡᠷᠡᠪᠡ᠂ ᠡᠳᠦᠭᠡ ᠴᠢᠩ ᠱᠦᠶ ᠾᠧ ᠰᠢᠶᠠᠨ ᠤ ᠬᠤᠩ ᠮᠢᠶᠣᠣ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠲᠤᠬᠠᠶ ᠳᠣᠤᠷᠠᠬᠢ ᠮᠡᠲᠦ ᠴᠤᠬᠤᠯᠠᠪᠤᠷᠢᠯᠠᠶ᠎ᠠ᠄  ᠨᠢᠭᠡ᠂ ᠦᠨᠳᠦᠰᠦᠨ ᠪᠠᠶᠢᠳᠠᠯ  ᠴᠢᠩ ᠱᠦᠢ ᠾᠧ ᠰᠢᠶᠠᠨ ᠤ ᠬᠤᠩ ᠮᠢᠶᠣᠣ ᠭᠤᠣᠯᠯᠠᠭᠴᠢ ᠬᠠᠰᠢᠯᠭ᠎ᠠ ᠨᠢ ᠬᠥᠬᠡᠬᠤᠲᠠ ᠶᠢᠨ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠬᠤᠩ ᠮᠢᠶᠣᠣ ᠲᠣᠰᠬᠤᠨ ᠳᠤ ᠪᠠᠶᠢᠷᠢᠯᠠᠵᠤ᠂ ᠡᠾᠦ᠋ᠨ ᠡᠾᠧ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠹᠠᠨ ᠰᠧ ᠶᠣᠣ ᠵᠢᠵᠢᠭ ᠰᠠᠪᠠ ᠭᠠᠵᠠᠷ ᠲᠤ ᠪᠠᠶᠢᠷᠢᠯᠠᠵᠤ ᠪᠤᠢ᠃ 2021 ᠣᠨ ᠳᠤ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠵᠢᠷᠤᠭ ᠲᠥᠯᠥᠪᠯᠡᠭᠡ ᠶᠢᠨ ᠨᠢᠭᠡᠴᠢ ᠳᠤ ᠨᠠᠶᠢᠳᠠᠵᠤ ︽ᠴᠢᠩ ᠱᠦᠶ ᠾᠧ ᠰᠢᠶᠠᠨ ᠤ ᠹᠠᠨ ᠰᠧ ᠶᠣᠣ ᠵᠢᠵᠢᠭ ᠰᠠᠪᠠ ᠭᠠᠵᠠᠷ ᠤᠨ ᠬᠤᠩ ᠮᠢᠶᠣᠣ ᠭᠤᠣᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ︾ ︵ᠳᠣᠷᠣᠭᠰᠢ ︽ᠠᠩᠬ᠎ᠠ ᠠᠯᠬᠤᠮ ᠤᠨ ᠵᠢᠷᠤᠭ ᠲᠥᠯᠥᠪᠯᠡᠭᠡ︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠮᠡᠳᠡᠭᠦᠯᠵᠦ᠂ 2021 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ︽ᠠᠩᠬ᠎ᠠ ᠠᠯᠬᠤᠮ ᠤᠨ ᠵᠢᠷᠤᠭ ᠲᠥᠯᠥᠪᠯᠡᠭᠡ︾ ᠳᠤ ᠴᠣᠬᠤᠯᠠᠪᠤᠷᠢ ︵ᠦᠪᠦᠷ ᠤᠰᠤ ᠬᠠᠮᠠᠭᠠᠯᠠᠬᠤ ﹇2021﹈ 11 ᠳ᠋ᠦ᠋ᠭᠡᠷ ᠲᠣᠭᠠᠲᠤ︶᠂ ᠠᠶᠤᠯ ᠢ ᠠᠷᠢᠯᠭᠠᠨ ᠪᠠᠬᠢᠵᠢᠭᠦᠯᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠨᠢ ᠦᠶᠡᠷ ᠵᠠᠯᠠᠬᠤ ᠵᠠᠮ ᠢ ᠨᠡᠮᠡᠪᠡ᠃  ᠬᠤᠶᠠᠷ᠂ ᠬᠤᠪᠢᠷᠠᠭᠤᠯᠤᠭᠰᠠᠨ ᠰᠢᠯᠲᠠᠭᠠᠨ  ᠢᠨᠵᠧᠨᠧᠷᠢᠩ ᠤᠨ ᠶᠠᠪᠤᠴᠠ ᠳᠤ ᠦᠶᠡᠷ ᠵᠠᠯᠠᠬᠤ ᠵᠠᠮ ᠢ ᠡᠵᠡᠯᠡᠨ ᠬᠡᠷᠡᠭᠯᠡᠭᠰᠡᠨ ᠦᠨᠳᠦᠰᠦᠨ ᠲᠠᠷᠢᠶᠠᠨ ᠭᠠᠵᠠᠷ ᠢ ᠵᠠᠶᠢᠯᠠᠭᠤᠯᠬᠤ ᠳᠤ ᠵᠠᠶᠢᠯᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠪᠠᠷᠢᠯᠭ᠎ᠠ ᠶᠢᠨ ᠦᠷ᠎ᠡ ᠠᠰᠢᠭ ᠢ ᠡᠷᠲᠡᠬᠡᠨ ᠪᠠᠳᠠᠷᠠᠭᠤᠯᠵᠤ᠂ ᠦᠶᠡᠷ ᠵᠠᠯᠠᠬᠤ ᠵᠠᠮ ᠳᠤ ᠵᠢᠷᠤᠭ ᠲᠥᠯᠥᠪᠯᠡᠭᠡ ᠶᠢᠨ ᠬᠤᠪᠢᠷᠠᠯᠲᠠ ᠭᠠᠷᠤᠭᠰᠠᠨ ᠢ ᠣᠯᠵᠤ ᠮᠡᠳᠡᠪᠡ᠃  ᠭᠤᠷᠪᠠ᠂ ᠤᠰᠤᠨ ᠵᠦᠢ  ᠬᠤᠩ ᠮᠢᠶᠣᠣ ᠶᠢᠨ ᠭᠤᠣᠯ ᠬᠠᠰᠢᠯᠭ᠎ᠠ ᠶᠢᠨ ᠪᠠᠭᠤᠷᠢ ᠠᠴᠠ ᠳᠡᠭᠡᠭᠰᠢ ᠡᠵᠡᠮᠰᠢᠯ ᠤᠨ ᠲᠠᠯᠠᠪᠠᠢ ᠨᠢ 5.55km2︔ 30 ᠵᠢᠯ ᠳᠤ ᠦᠶᠡᠷ ᠤᠨ ᠣᠷᠭᠢᠯ ᠦᠶ᠎ᠡ ᠶᠢᠨ ᠵᠢᠷᠤᠭ ᠲᠦᠯᠦᠪᠯᠡᠭᠡᠨ ᠤ ᠤᠷᠤᠰᠬᠠᠯ ᠤᠨ ᠬᠡᠮᠵᠢᠶ᠎ᠡ ᠨᠢ 68.10m3/s ᠬᠦᠷᠴᠦ᠂ ᠦᠶᠡᠷ ᠤᠨ ᠶᠡᠷᠦᠩᠬᠡᠢ ᠬᠡᠮᠵᠢᠶ᠎ᠡ ᠨᠢ 29.93 ᠲᠦᠮᠡᠨ m3︔ 300 ᠵᠢᠯ ᠤᠨ ᠲᠤᠷᠰᠢ ᠴᠥᠮ᠎ᠡ ᠶᠢᠨ ᠤᠰᠤᠨ ᠤ ᠤᠷᠤᠰᠬᠠᠯ ᠤᠨ ᠬᠡᠮᠵᠢᠶ᠎ᠡ 135.29m3/s ᠬᠦᠷᠴᠦ᠂ ᠦᠶᠡᠷ ᠤᠨ ᠶᠡᠷᠦᠩᠬᠡᠢ ᠬᠡᠮᠵᠢᠶ᠎ᠡ 76.68 ᠲᠦᠮᠡᠨ m3︔ ᠤᠷᠤᠰᠬᠠᠯ ᠤᠨ ᠬᠡᠮᠵᠢᠶ᠎ᠡ 5781t / km2.a ᠪᠠᠶᠢᠵᠤ᠂ ᠵᠢᠯ ᠤᠨ ᠡᠯᠡᠰᠦ ᠤᠷᠤᠰᠬᠠᠬᠤ ᠬᠡᠮᠵᠢᠶ᠎ᠡ 2.45 ᠲᠦᠮᠡᠨ m3᠃  ᠳᠥᠷᠪᠡ᠂ ᠬᠤᠪᠢᠷᠠᠭᠤᠯᠬᠤ ᠠᠭᠤᠯᠭ᠎ᠠ  ᠬᠤᠩ ᠮᠢᠶᠣᠣ ᠭᠤᠣᠯ ᠬᠠᠰᠢᠯᠭ᠎ᠠ ᠨᠢ ᠦᠶᠡᠷ ᠤᠨ ᠵᠠᠮ ᠤᠨ ᠲᠡᠩᠭᠡᠯᠢᠭ ᠤᠨ ᠱᠤᠭᠤᠮ ᠢ ᠬᠠᠰᠢᠯᠭ᠎ᠠ ᠶᠢᠨ ᠮᠥᠷᠥ ᠲᠡᠰᠢ ᠰᠢᠯᠵᠢᠭᠦᠯᠬᠦ ᠶᠢ ᠦᠨᠳᠦᠰᠦᠨ ᠳᠡᠭᠡᠨ ᠵᠥᠪᠰᠢᠶᠡᠷᠡᠵᠦ᠂ ᠲᠡᠩᠭᠡᠯᠢᠭ ᠤᠨ ᠱᠤᠭᠤᠮ ᠤᠨ ᠬᠠᠷᠠᠭᠠᠰᠤ ᠶᠢ ᠵᠠᠯᠠᠬᠤ ᠬᠡᠰᠡᠭ ᠲᠤ ᠮᠤᠷᠤᠢ ᠵᠠᠮ ᠭᠠᠷᠭᠠᠬᠤ ᠶᠢᠨ ᠬᠠᠮᠲᠤ ᠬᠠᠰᠢᠯᠭ᠎ᠠ ᠶᠢᠨ ᠥᠷᠭᠡᠴᠡ ᠶᠢ ᠪᠠᠭᠠᠰᠬᠠᠵᠤ᠂ ᠶᠡᠭᠡ ᠬᠠᠰᠢᠯᠭ᠎ᠠ ᠶᠢᠨ ᠳᠠᠪᠠᠯᠭᠠᠨ ᠢ ᠰᠡᠷᠭᠡᠶᠢᠯᠡᠬᠦ ᠬᠡᠷᠡᠮ ᠢ ᠨᠡᠮᠡᠨ ᠪᠠᠶᠢᠭᠤᠯᠵᠤ᠂ ᠬᠠᠰᠢᠯᠭ᠎ᠠ ᠶᠢᠨ ᠬᠥᠯ ᠳᠤ ᠬᠠᠮᠠᠭᠠᠯᠠᠯᠲᠠ ᠶᠢᠨ ᠪᠠᠷᠢᠯᠭ᠎ᠠ ᠶᠢᠨ ᠪᠠᠶᠢᠷᠢᠯᠠᠭᠤᠯᠤᠯᠲᠠ ᠪᠠ ᠪᠦᠲᠦᠴᠡ ᠶᠢᠨ ᠵᠢᠷᠤᠭ ᠲᠥᠯᠥᠪᠯᠡᠭᠡ ᠬᠢᠭᠰᠡᠨ ᠪᠠᠶᠢᠨ᠎ᠠ᠃  ᠲᠠᠪᠤ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ  ᠪᠠᠷᠢᠯᠭ᠎ᠠ ᠶᠢᠨ ᠠᠵᠢᠯ ᠤᠨ ᠬᠤᠭᠤᠴᠠᠭ᠎ᠠ ᠪᠠ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠯᠭ᠎ᠠ ᠶᠢᠨ ᠵᠢᠷᠤᠮᠵᠢᠯ ᠤᠨ ᠲᠦᠷᠢᠮ ᠤᠨ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ        ᠬᠡᠷᠡᠭᠲᠡᠶ᠃  ᠵᠢᠷᠭᠤᠭ᠎ᠠ᠂ ᠢᠨᠵᠧᠨᠧᠷᠢᠩ ᠤᠨ ᠲᠦᠢᠮᠣ ᠲᠦᠰᠣᠪ  ᠢᠨᠵᠧᠨᠧᠷᠢᠩ ᠤᠨ ᠲᠦᠢᠮᠣ ᠲᠥᠰᠥᠪ ᠨᠠᠶᠢᠷᠠᠭᠤᠯᠤᠨ ᠵᠣᠬᠢᠶᠠᠬᠤ ᠦᠨᠳᠦᠰᠦ ᠪᠠᠷᠢᠮᠲᠠ᠂ ᠪᠠᠷᠢᠮᠵᠢᠶ᠎ᠠ ᠪᠣᠯᠤᠨ ᠠᠷᠭ᠎ᠠ ᠶᠢ ᠦᠨᠳᠦᠰᠦᠨ ᠳᠤ ᠪᠠᠨ ᠵᠥᠪᠰᠢᠶᠡᠷᠡᠨ᠎ᠡ᠃ ᠪᠡᠯᠡ ᠮᠥᠩᠭᠦ ᠶᠢᠨ ᠬᠠᠮᠢᠶᠠᠷᠤᠯᠲᠠ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠭᠠᠯ ᠢ ᠴᠢᠩᠭ᠎ᠠ ᠵᠢᠷᠤᠮᠯᠠᠨ ᠬᠠᠮᠢᠶᠠᠷᠬᠤ ᠪᠠ ᠲᠣᠭᠠᠴᠠᠭ᠎ᠠ ᠬᠢᠬᠦ ᠶᠢᠨ ᠬᠠᠮᠲᠤ ᠲᠣᠭᠲᠠᠭᠠᠯ ᠶᠣᠰᠣᠭᠠᠷ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠵᠠᠮ ᠤᠨ ᠪᠡᠯᠡ ᠣᠷᠣᠭᠤᠯᠤᠯᠲᠠ ᠶᠢ ᠲᠥᠪ ᠪᠠ ᠣᠷᠣᠨ ᠨᠤᠲᠤᠭ ᠬᠠᠮᠲᠤ ᠪᠠᠷ ᠡᠭᠦᠷᠭᠡᠯᠡᠵᠦ᠂ ᠭᠤᠣᠯ ᠬᠠᠰᠢᠯᠭ᠎ᠠ ᠶᠢᠨ ᠲᠥᠪ ᠤᠨ ᠨᠥᠬᠦᠪᠦᠷᠢ ᠪᠡᠯᠡ ᠮᠥᠩᠭᠦ ᠶᠢᠨ ᠪᠠᠷᠢᠮᠵᠢᠶ᠎ᠠ ᠨᠢ ᠰᠠᠭᠤᠷᠢ ᠪᠦᠷᠢ 90 ᠲᠦᠮᠡᠨ ᠲᠥᠭᠦᠷᠢᠭ ᠪᠠᠶᠢᠵᠤ᠂ ᠬᠦᠷᠦᠯᠴᠡᠬᠦ ᠦᠭᠡᠢ ᠬᠡᠰᠡᠭ ᠢ ᠣᠷᠣᠨ ᠨᠤᠲᠤᠭ ᠤᠨ ᠡᠯ᠎ᠡ ᠱᠠᠲᠤ ᠥᠪᠡᠷᠲᠡᠭᠡᠨ ᠴᠤᠭᠯᠠᠭᠤᠯᠵᠤ ᠰᠢᠢᠳᠪᠦᠷᠢᠯᠡᠨ᠎ᠡ᠃ ᠬᠤᠩ ᠮᠢᠶᠣᠣ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠳᠤ 123.46 ᠲᠦᠮᠡᠨ ᠲᠦᠬᠦᠷᠢᠭ ᠤᠨ ᠪᠡᠯᠡ ᠤᠷᠤᠭᠤᠯᠤᠯᠳᠠ ᠬᠢᠵᠦ᠂ ᠡᠬᠦᠨ ᠳᠤ ᠲᠦᠪ ᠠᠴᠠ 90 ᠲᠦᠮᠡᠨ ᠲᠦᠬᠦᠷᠢᠭ ᠤᠨ ᠨᠦᠬᠦᠪᠦᠷᠢ ᠤᠯᠭᠤᠵᠦ᠂ ᠤᠷᠤᠨ ᠨᠤᠳᠤᠭ ᠤᠨ ᠡᠯ᠎ᠡ ᠱᠠᠳᠤᠨ ᠤ ᠬᠢᠨ ᠦᠪᠡᠷ ᠢᠶᠠᠨ 33.16 ᠲᠦᠮᠡᠨ ᠲᠦᠬᠦᠷᠢᠭ ᠬᠤᠷᠠᠮᠳᠤᠭᠤᠯᠵᠠᠢ᠃ ᠬᠤᠪᠢᠷᠠᠭᠠᠭᠰᠠᠨ ᠢᠨᠵᠧᠨᠧᠷᠢᠩ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠢᠨᠵᠧᠨᠧᠷᠢᠩ ᠤᠨ ᠶᠡᠷᠦᠩᠬᠡᠢ ᠬᠥᠷᠥᠩᠭᠡ ᠣᠷᠣᠭᠤᠯᠤᠯᠲᠠ ᠶᠢ ᠬᠤᠪᠢᠷᠠᠭᠠᠬᠤ ᠲᠥᠰᠥᠯ ᠤᠨ ᠲᠦᠢᠮᠣᠴᠢᠯᠠᠭᠰᠠᠨ ᠪᠣᠳᠣᠯᠲᠤ ᠶᠢᠨ ᠬᠠᠷᠢᠴᠠᠭᠤᠯᠤᠯ ᠤᠨ ᠬᠦᠰᠦᠨᠦᠭ ᠪᠣᠯᠵᠠᠢ᠃  ᠳᠣᠯᠤᠭ᠎ᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ  ︽ᠰᠢᠷ᠎ᠠ ᠬᠥᠷᠥᠰᠥᠲᠦ ᠥᠨᠳᠦᠷᠯᠢᠭ ᠤᠨ ᠭᠠᠵᠠᠷ ᠣᠷᠣᠨ ᠤ ᠳᠤᠮᠳᠠ ᠬᠡᠯᠪᠡᠷᠢ ᠠᠴᠠ ᠳᠡᠭᠡᠭᠰᠢᠬᠢ ᠡᠮᠵᠡᠭ ᠠᠶᠤᠯᠲᠠᠶ ᠰᠢᠪᠠᠷ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠥᠷᠨᠢᠭᠦᠯᠬᠦ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ᠪᠣᠯᠤᠨ ︽ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢᠨ ᠤᠰᠤ ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠴᠢᠩ ᠱᠦᠶ ᠾᠧ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠬᠤᠩ ᠮᠢᠶᠣᠣ ᠶᠢᠨ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠶᠢᠨ ᠬᠠᠮᠲᠤ ᠮᠡᠳᠡᠭᠡ ᠵᠠᠩᠭᠢ ᠪᠣᠯᠤᠨ ᠠᠬᠢᠴᠠ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃    2024 ᠣᠨ ᠤ 2 ᠳ᠋ᠤᠭᠠᠷ ᠰᠠᠷ᠎ᠠ ᠶᠢᠨ 4 ᠤ ᠡᠳᠦᠷ    ᠳᠠᠭᠠᠯᠳᠤᠭᠤᠯᠤᠯ᠄  ᠳᠠᠭᠠᠯᠳᠤᠭᠤᠯᠤᠯ 1 ᠴᠢᠩ ᠱᠦᠶ ᠾᠧ ᠰᠢᠶᠠᠨ ᠤ ᠬᠤᠩ ᠮᠢᠶᠣᠣ ᠶᠢᠨ ᠭᠤᠤᠯᠯᠠᠭᠴᠢ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠬᠤᠪᠢᠷᠠᠯᠲᠠ ᠶᠢᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢᠨ ᠬᠦᠰᠦᠨᠦᠭᠲᠦ.xlsx  ᠳᠠᠭᠠᠯᠳᠤᠭᠤᠯᠤᠯ 2 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠴᠢᠩ ᠱᠦᠶ ᠾᠧ ᠰᠢᠶᠠᠨ ᠤ ᠹᠠᠨ ᠰᠧ ᠶᠣᠣ ᠵᠢᠵᠢᠭ ᠰᠠᠪᠠ ᠭᠠᠵᠠᠷ ᠤᠨ ᠬᠤᠩ ᠮᠢᠶᠣᠣ ᠶᠢᠨ ᠭᠤᠣᠯ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠦᠯᠦᠯᠲᠡ︾ ᠶᠢᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠮᠡᠳᠡᠭᠦᠯᠦᠯᠲᠡ.pdf

 

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map