ᠰᠠᠶᠢᠨ ᠬᠠᠤᠯᠢ ᠪᠠᠷ ᠴᠢᠳᠠᠮᠠᠭᠠᠢ ᠵᠠᠰᠠᠵᠤ ᠬᠠᠳᠤᠨ ᠭᠤᠤᠯ ᠤᠨ ᠠᠮᠤᠷ ᠲᠦᠪᠰᠢᠨ ᠢ ᠬᠠᠮᠠᠭᠠᠯᠠᠬᠤ
ᠨᠡᠶᠢᠲᠡᠯᠡᠭᠰᠡᠨ ᠴᠠᠭ᠄
2024/3/15
  ᠬᠠᠪᠤᠷ ᠤᠨ ᠠᠶᠤᠩᠭ᠎ᠠ ᠳᠤᠤᠭᠠᠷᠴᠤ᠂ ᠲᠦᠮᠡᠨ ᠪᠤᠳᠠᠰ ᠤᠷᠭᠤᠵᠤ᠂ ᠬᠠᠲᠤᠨ ᠭᠤᠣᠯ ᠤᠨ ᠰᠠᠪᠠ ᠭᠠᠵᠠᠷ ᠲᠤ ᠮᠠᠰᠢ ᠣᠯᠠᠨ ᠠᠮᠢᠳᠤᠯᠢᠭ ᠠᠪᠢᠶᠠᠨ ᠲᠡᠮᠳᠡᠭ ᠨᠡᠮᠡᠭᠰᠡᠨ ᠪᠠᠶᠢᠨ᠎ᠠ᠃  ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠭᠠᠵᠠᠷ ᠤᠨ ᠵᠢᠷᠤᠭ ᠢ ᠡᠬᠢᠯᠡᠭᠦᠯᠵᠦ᠂ ᠲᠠᠯ᠎ᠠ ᠭᠠᠵᠠᠷ᠂ ᠡᠯᠡᠰᠦ ᠮᠠᠩᠬ᠎ᠠ᠂ ᠳᠣᠪᠣᠷᠴᠠᠭ᠂ ᠨᠠᠭᠤᠷ ᠵᠡᠷᠭᠡ ᠣᠯᠠᠨ ᠵᠦᠢᠯ ᠤᠨ ᠭᠠᠵᠠᠷ ᠤᠨ ᠪᠠᠶᠢᠴᠠ ᠡᠯᠳᠡᠪ ᠶᠠᠩᠵᠤ ᠶᠢᠨ ᠪᠠᠶᠢᠭᠠᠯᠢ ᠶᠢᠨ ᠦᠵᠡᠮᠵᠢ ᠪᠣᠯᠵᠤ ᠬᠤᠪᠢᠷᠠᠪᠠ᠄ ᠦᠬᠠᠶ ᠨᠠᠭᠤᠷ ᠤᠨ ᠤᠰᠤ ᠳᠣᠯᠭᠢᠶᠠᠯᠠᠨ ᠳᠠᠪᠠᠯᠭᠠᠯᠠᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠩ ᠰᠢᠮᠡᠯᠢᠭ ᠲᠠᠷᠢᠶᠠᠨ ᠭᠠᠵᠠᠷ᠂ ᠤᠯᠠᠭᠠᠨᠰᠤᠬᠠᠢ ᠨᠠᠭᠤᠷ ᠤᠨ ᠰᠢᠪᠠᠭᠤᠳ ᠵᠢᠷᠭᠢᠵᠦ ᠁  ᠬᠠᠳᠤᠨ ᠭᠤᠣᠯ  ᠤᠨ ᠠᠮᠤᠷ ᠲᠦᠪᠰᠢᠨ ᠢ ᠬᠠᠮᠠᠭᠠᠯᠠᠬᠤ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ ᠡᠭᠦᠷᠭᠡᠯᠡᠯ ᠮᠥᠨ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠬᠦᠴᠦᠲᠡᠢ ᠠᠬᠢᠭᠤᠯᠪᠠ᠃  ᠬᠠᠲᠤᠨ ᠭᠤᠤᠯ ᠢ ᠵᠠᠰᠠᠬᠤ ᠳᠤ ᠡᠷᠬᠡᠪᠰᠢ ᠤᠷᠢᠳ ᠢᠶᠠᠷ ᠡᠯᠡᠰᠦ ᠶᠢ ᠵᠠᠰᠠᠬᠤ ᠬᠡᠷᠡᠭᠲᠡᠢ᠃ 843.5 ᠺᠢᠯᠤᠮᠧᠲᠷ ᠤᠨ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠪᠣᠯ ᠪᠥᠬᠦ ᠤᠯᠤᠰ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠬᠠᠮᠤᠭ ᠤᠨ ᠲᠥᠪᠯᠡᠷᠡᠭᠰᠡᠨ᠂ ᠬᠤᠤᠷ ᠬᠥᠨᠥᠭᠡᠯ ᠢᠶᠠᠷ ᠬᠠᠮᠤᠭ ᠤᠨ ᠬᠦᠨᠳᠦ ᠨᠣᠴᠢᠲᠠᠶ ᠣᠷᠣᠨ ᠪᠦᠰᠡ ᠶᠢᠨ ᠨᠢᠭᠡ ᠪᠣᠯᠤᠨ᠎ᠠ᠃ ᠦᠬᠠᠶ ᠬᠤᠲᠠ ᠶᠢᠨ ᠭᠠᠨᠳᠠᠷᠢ ᠠᠭᠤᠯᠠ ᠶᠢᠨ ᠵᠡᠭᠦᠨ ᠬᠤᠷᠮᠣᠶ ᠳᠤ ᠤᠰᠤ ᠰᠢᠷᠣᠶ ᠶᠢ ᠬᠠᠮᠠᠭᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠪᠤᠶ᠃ ᠵᠢᠱᠢᠶ᠎ᠡ ᠦᠵᠡᠭᠦᠯᠬᠦ ᠬᠦᠷᠢᠶᠡᠯᠡᠩ ᠳᠤ ᠵᠣᠭᠰᠣᠵᠤ᠂ ᠬᠥᠮᠦᠨ ᠤ ᠬᠦᠴᠦ ᠪᠠᠷ ᠵᠠᠶᠢᠯᠠᠭᠰᠠᠨ ᠮᠣᠳᠣ ᠤᠳ ᠮᠥᠷᠯᠡᠨ ᠵᠢᠭᠰᠠᠵᠤ᠂ ᠵᠢᠮᠢᠰ᠂ ᠲᠤᠷᠤᠭ ᠮᠤᠳᠤ᠂ ᠪᠤᠳᠠᠯᠢᠭ ᠮᠣᠳᠣ᠂ ᠡᠪᠡᠰᠦ ᠶᠢ ᠳᠡᠰ ᠳᠠᠷᠠᠭ᠎ᠠ ᠲᠠᠢ ᠪᠠᠷ ᠳᠡᠯᠭᠡᠵᠦ᠂ ᠲᠡᠮᠡᠭᠡᠲᠦ ᠠᠭᠤᠯᠠ ᠶᠢᠨ ᠠᠭᠤᠷᠬᠠᠢ ᠶᠢᠨ ᠣᠷᠣᠨ ᠪᠣᠯᠣᠨ ᠰᠧ ᠾᠧ ᠮᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠭᠤᠷᠣᠨᠳᠣ 2200 ᠮᠦ ︽ᠨᠣᠭᠤᠭᠠᠨ ᠬᠥᠪᠴᠢ ᠪᠦᠰᠡ︾ ᠶᠢ ᠪᠦᠷᠢᠯᠳᠦᠭᠦᠯᠵᠡᠢ᠃  ︽ᠬᠦᠷᠢᠶᠡᠯᠡᠩ ᠲᠣᠭᠤᠷᠢᠭ ᠬᠡᠷᠪᠡ ᠵᠠᠰᠠᠬᠤ ᠢᠨᠵᠧᠨᠧᠷᠢᠩ ᠬᠢᠬᠦ ᠦᠭᠡᠢ ᠪᠣᠯ ᠵᠢᠯ ᠪᠦᠷᠢ ᠦᠶᠡᠷ ᠲᠤ ᠤᠷᠤᠰᠬᠠᠭᠳᠠᠬᠤ ᠰᠢᠪᠠᠷ ᠡᠯᠡᠰᠦ ᠬᠠᠲᠤᠨ ᠭᠤᠣᠯ ᠳᠤ ᠤᠷᠤᠰᠤᠨ ᠣᠷᠣᠵᠤ ᠢᠷᠡᠨ᠎ᠡ︾ ᠭᠡᠪᠡ᠃ ᠦᠬᠠᠶ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠮᠢᠩ ᠱᠧᠩ ᠲᠠᠨᠢᠯᠴᠠᠭᠤᠯᠬᠤ ᠳᠠᠭᠠᠨ᠂ ︽ᠣᠳᠣᠬᠠᠨ ᠳᠤ᠂ ᠲᠥᠷᠥᠯ ᠵᠦᠢᠯ ᠤᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ 80% ᠶᠢ          ᠳᠠᠪᠠᠵᠤ᠂ ᠲᠣᠰ ᠣᠷᠣᠨ ᠪᠦᠰᠡ ᠶᠢᠨ ᠤᠰᠤ ᠰᠢᠷᠣᠶ ᠶᠢᠨ ᠢᠳᠡᠭᠳᠡᠯ ᠢ ᠪᠦᠲᠦᠮᠵᠢᠲᠡᠶ ᠡᠵᠡᠮᠳᠡᠵᠦ᠂ ᠨᠢᠭᠡᠨᠲᠡ ᠲᠡᠩᠴᠡᠭᠦᠷᠢ ᠢᠶᠠᠨ ᠠᠯᠳᠠᠭᠰᠠᠨ ᠠᠮᠢ ᠠᠬᠤᠶ ᠶᠢᠨ ᠰᠢᠰᠲ᠋ᠧᠮ ᠳᠠᠬᠢᠨ ᠲᠡᠩᠴᠡᠭᠦᠷᠢ ᠢᠶᠠᠨ ᠰᠡᠷᠭᠦᠭᠡᠭᠰᠡᠨ ᠪᠠᠶᠢᠨ᠎ᠠ︾ ᠭᠡᠵᠡᠢ᠃  ᠬᠥᠪᠴᠢ ᠡᠯᠡᠰᠦᠨ ᠴᠥᠯ ᠤᠨ ᠬᠤᠶᠢᠲᠤ ᠵᠠᠬ᠎ᠠ᠂ ᠬᠠᠲᠤᠨ ᠭᠤᠣᠯ ᠤᠨ ᠡᠮᠦᠨ᠎ᠡ ᠡᠷᠭᠢ ᠳᠤ᠂ ᠢ ᠯᠢ ᠡᠬᠢ ᠪᠠᠶᠠᠯᠢᠭ ᠤᠨ ᠪᠦᠯᠦᠭᠯᠡᠯ ᠪᠠᠷᠤᠭ 170 ᠺᠢᠯᠤᠮᠧᠲᠷ ᠤᠷᠲᠤ ᠪᠠᠶᠢᠵᠤ᠂ 13 ᠺᠢᠯᠤᠮᠧᠲᠷ ᠥᠷᠭᠡᠨ ᠠᠮᠢᠳᠤ ᠪᠣᠳᠠᠰ ᠤᠨ ᠬᠢᠯᠢ ᠶᠢ ᠬᠠᠭᠠᠵᠤ ᠪᠠᠶᠢᠭ᠎ᠠ ᠣᠶ ᠶᠢᠨ ᠪᠦᠰᠡ ᠶᠢ ᠪᠠᠶᠢᠭᠤᠯᠵᠤ᠂ ᠬᠠᠲᠤᠨ ᠭᠤᠣᠯ ᠳᠤ ᠨᠡᠪᠲᠡᠷᠡᠬᠦ ᠵᠠᠮ ᠢ ᠪᠦᠲᠦᠮᠵᠢᠲᠡᠶ ᠪᠠᠷ ᠲᠠᠰᠤᠯᠪᠠ᠃  ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠯᠢᠦ ᠭᠤᠸᠠᠶ ᠡᠯᠡᠰᠦᠨ ᠳᠤ᠂ ᠨᠢᠭᠡ ᠬᠡᠰᠡᠭ ᠣᠷᠳᠣ ᠨᠢ ᠪᠠᠷᠤᠭ 4 ᠺᠢᠯᠤᠮᠧᠲᠷ᠂ ᠥᠷᠭᠡᠨ ᠪᠠᠷᠤᠭ 3 ᠺᠢᠯᠤᠮᠧᠲᠷ ᠤᠨ ᠲᠣᠮᠣ ᠬᠡᠯᠪᠡᠷᠢ ᠶᠢᠨ ᠬᠢᠯᠢ ᠶᠢ ᠣᠨᠢᠰᠤᠯᠠᠬᠤ ᠣᠶ ᠪᠤᠢ᠂ ᠵᠢᠱᠢᠶᠡᠯᠡᠪᠡᠯ ᠮᠢᠩᠭᠠᠨ ᠲᠦᠮᠡᠨ ᠪᠣᠬᠢᠷᠲᠤᠯ ᠥᠬᠡᠶ ᠬᠠᠮᠠᠭᠠᠯᠠᠭᠴᠢ᠂ ᠬᠠᠲᠤᠨ ᠭᠤᠤᠯ ᠢ ᠤᠯᠠᠭᠠᠨᠪᠤᠬ᠎ᠠ ᠶᠢᠨ ᠡᠯᠡᠰᠦᠨ ᠴᠦᠯ ᠲᠠᠢ ᠰᠠᠯᠭᠠᠨ᠎ᠠ᠃  ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠬᠥᠪᠴᠢ ᠡᠯᠡᠰᠦᠨ ᠴᠦᠯ᠂ ᠮᠤᠤᠠᠤᠰᠤ ᠶᠢᠨ ᠡᠯᠡᠰᠦᠷᠬᠡᠭ ᠭᠠᠵᠠᠷ᠂ ᠰᠢᠷ᠎ᠠ ᠬᠥᠷᠥᠰᠥᠲᠦ ᠥᠨᠳᠦᠷᠯᠢᠭ ᠤᠨ ᠤᠰᠤ ᠰᠢᠷᠣᠶ ᠶᠢᠨ ᠢᠳᠡᠭᠳᠡᠯ ᠤᠨ ᠣᠷᠣᠨ᠂ ᠪᠣᠷᠣᠲᠣᠬᠤᠶ ᠶᠢᠨ ᠲᠠᠯ᠎ᠠ ᠭᠠᠵᠠᠷ ᠪᠠ ᠲᠦᠮᠡᠳ ᠤᠨ ᠲᠠᠯ᠎ᠠ ᠭᠠᠵᠠᠷ ᠵᠡᠷᠭᠡ ᠬᠠᠲᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠭᠤᠤᠯᠳᠠᠯᠭ᠎ᠠ ᠲᠠᠢ ᠢᠨᠵᠧᠨᠧᠷᠢᠩ ᠪᠣᠯᠭᠠᠵᠤ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃ 2019 ᠣᠨ ᠠᠴᠠ ᠨᠠᠭᠠᠰᠢ᠂ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠤᠰᠤ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ 1443 ᠲᠦᠮᠡᠨ ᠮᠥ ᠪᠡᠶᠡᠯᠡᠭᠦᠯᠵᠦ᠂ ᠤᠰᠤ ᠰᠢᠷᠣᠶ ᠶᠢᠨ ᠢᠳᠡᠭᠳᠡᠯ ᠤᠨ ᠲᠠᠯᠠᠪᠠᠶ ᠪᠠ ᠬᠦᠴᠦᠯᠡᠴᠡ ᠶᠢᠨ ᠬᠤᠤᠰ ᠪᠠᠭᠤᠷᠠᠯᠲᠠ ᠶᠢ ᠪᠡᠶᠡᠯᠡᠭᠦᠯᠪᠡ᠃  ᠬᠠᠲᠤᠨ ᠭᠤᠣᠯ ᠡᠷᠲᠡᠨ ᠠᠴᠠ ᠤᠰᠤᠨ ᠤ ᠭᠠᠮᠰᠢᠭ ᠤᠯᠠᠨ᠂ ᠥᠪᠥᠷ ᠮᠣᠩᠭᠤᠯ ᠨᠢ ᠬᠠᠲᠤᠨ ᠭᠤᠣᠯ ᠤᠨ ᠤᠰᠤᠨ ᠤ ᠬᠥᠨᠥᠭᠡᠯ ᠢ ᠵᠠᠰᠠᠬᠤ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠵᠡᠢ᠃ 20 ᠳ᠋ᠤᠭᠠᠷ ᠵᠠᠭᠤᠨ ᠤ ᠲᠠᠪᠢ ᠵᠢᠷᠠᠭᠠᠳ ᠣᠨ ᠠᠴᠠ ᠡᠬᠢᠯᠡᠨ ᠲᠣᠮᠣ ᠬᠡᠯᠪᠡᠷᠢ ᠶᠢᠨ ᠤᠰᠤᠨ ᠠᠰᠢᠭᠯᠠᠯᠲᠠ ᠶᠢᠨ ᠡᠵᠡᠮᠳᠡᠯ ᠤᠨ ᠴᠢᠨᠠᠷᠲᠠᠶ ᠢᠨᠵᠧᠨᠧᠷᠢᠩ ᠪᠠ ᠡᠯ᠎ᠡ ᠲᠥᠷᠥᠯ ᠤᠨ ᠤᠰᠤᠨ ᠴᠥᠭᠦᠷᠥᠮ ᠢ ᠪᠠᠶᠢᠭᠤᠯᠵᠤ᠂ ᠤᠷᠢᠳ ᠬᠤᠵᠢᠳ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ᠂ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠵᠡᠷᠭᠡ ᠢᠨᠵᠧᠨᠧᠷᠢᠩ ᠢ ᠪᠠᠶᠢᠭᠤᠯᠤᠭᠰᠠᠨ ᠪᠥᠭᠡᠳ ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠵᠢᠴᠢ ᠭᠤᠣᠯᠳᠠᠯᠭ᠎ᠠ ᠲᠠᠢ ᠰᠠᠯᠪᠤᠷᠢ ᠤᠷᠤᠰᠬᠠᠯ ᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠦᠢᠰᠦ᠂ ᠬᠠᠰᠢᠯᠭ᠎ᠠ᠂ ᠤᠰᠤᠨ ᠴᠥᠭᠦᠷᠥᠮ ᠵᠡᠷᠭᠡ ᠠᠴᠠ ᠪᠦᠷᠢᠯᠳᠦᠭᠰᠡᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ︔ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ 6 ᠣᠷᠣᠨ ᠪᠠᠶᠢᠭᠤᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠳᠠᠷᠤᠯᠲᠠ ᠶᠢ ᠲᠦᠢᠯ ᠤᠨ ᠶᠡᠭᠡ ᠪᠠᠷ ᠨᠠᠮᠳᠠᠭᠤᠯᠪᠠ᠃ 2021 ᠣᠨ ᠠᠴᠠ ᠡᠬᠢᠯᠡᠨ ᠬᠠᠲᠤᠨ ᠭᠤᠤᠯ ᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃  ᠤᠷᠠᠳ ᠤᠨ ᠳᠤᠮᠳᠠᠳᠤ ᠬᠤᠰᠢᠭᠤᠨ ᠤ ᠬᠤᠶᠢᠲᠤ ᠲᠠᠯ᠎ᠠ ᠪᠠᠷ ᠮᠤᠨᠢ ᠠᠭᠤᠯᠠ ᠣᠷᠴᠢᠮ 51 ᠵᠤᠷᠪᠤᠰ ᠠᠭᠤᠯᠠᠨ ᠦᠶᠡᠷ ᠤᠨ ᠭᠤᠤ ᠶᠢᠨ ᠠᠮᠠ ᠪᠠᠶᠢᠳᠠᠭ᠂ ᠡᠲᠡᠭᠡᠷ ᠭᠠᠵᠠᠷ ᠣᠷᠣᠨ ᠳᠤ ᠠᠭᠤᠯᠠᠨ ᠦᠶᠡᠷ ᠭᠠᠷᠤᠮᠠᠭᠴᠠ ᠬᠠᠲᠤᠨ ᠭᠤᠤᠯ ᠤᠨ ᠤᠰᠤᠯᠠᠯᠲᠠ ᠶᠢᠨ ᠣᠷᠣᠨ ᠤ ᠬᠤᠲᠣᠭᠤᠷ ᠭᠠᠵᠠᠷ ᠲᠤ ᠴᠤᠭᠯᠠᠷᠠᠵᠤ᠂ ᠲᠠᠷᠢᠶᠠᠨ ᠭᠠᠵᠠᠷ ᠤᠨ ᠠᠶᠢᠯ ᠲᠣᠰᠬᠤᠨ ᠤᠰᠤᠨ ᠳᠤ ᠠᠪᠲᠠᠭᠳᠠᠨ᠎ᠠ᠃ ︽ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠢ ᠪᠠᠶᠢᠭᠤᠯᠪᠠᠯ᠂ ᠪᠢᠳᠡ ᠠᠭᠤᠯᠠᠨ ᠦᠶᠡᠷ ᠠᠴᠠ ᠠᠶᠤᠬᠤ ᠬᠡᠷᠡᠭ ᠦᠭᠡᠢ ᠪᠣᠯᠤᠨ᠎ᠠ︾ ᠭᠡᠪᠡ᠃ ᠦᠵᠦᠭᠦᠷ ᠭᠤᠣᠯ ᠪᠠᠯᠭᠠᠰᠤᠨ ᠤ ᠯᠢᠶᠠᠨ ᠹᠧᠩ ᠹᠧᠨ ᠳ᠋ᠸᠤ ᠲᠣᠰᠬᠤᠨ ᠤ ᠠᠷᠠᠳ ᠯᠢᠦ ᠮᠧᠩ ᠰᠢ ᠬᠡᠯᠡᠪᠡ᠃  ᠤᠷᠠᠳ ᠤᠨ ᠡᠮᠦᠨᠡᠲᠦ ᠬᠤᠰᠢᠭᠤ ᠠᠮᠢ ᠠᠬᠤᠢ ᠶᠢᠨ ᠴᠡᠪᠡᠷ ᠵᠢᠵᠢᠭ ᠰᠠᠪᠠ ᠭᠠᠵᠠᠷ ᠢ 10 ᠵᠤᠷᠪᠤᠰ ᠪᠠᠶᠢᠭᠤᠯᠵᠤ᠂ ᠵᠠᠰᠠᠭᠰᠠᠨ ᠲᠠᠯᠠᠪᠠᠢ ᠨᠢ 210 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠡᠭᠦᠨ ᠳᠤ ᠠᠮᠢ ᠠᠬᠤᠢ ᠶᠢᠨ ᠰᠡᠯᠪᠢᠨ ᠵᠠᠰᠠᠭᠰᠠᠨ ᠲᠠᠯᠠᠪᠠᠢ ᠨᠢ 1.84 ᠲᠦᠮᠡᠨ ᠾᠧᠺᠲ᠋ᠠᠷ ᠪᠠᠶᠢᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠤᠷᠤᠰᠢᠬᠤ ᠶᠢ ᠬᠦᠴᠦᠲᠡᠢ ᠠᠬᠢᠭᠤᠯᠪᠠ᠃  ︽ᠵᠠᠰᠠᠬᠤ ᠠᠴᠠ ᠡᠮᠦᠨ᠎ᠡ᠂ ᠮᠠᠨ ᠤ ᠠᠳᠡ ᠪᠣᠷᠣᠭᠠᠨ ᠣᠷᠣᠬᠤ ᠠᠴᠠ ᠬᠠᠮᠤᠭ ᠤᠨ ᠠᠶᠤᠳᠠᠭ᠂ ᠶᠡᠭᠡ ᠪᠤᠷᠤᠭᠠᠨ ᠤᠷᠤᠮᠠᠭᠴᠠ ᠠᠭᠤᠯᠠᠨ ᠦᠶᠡᠷ᠂ ᠲᠠᠷᠢᠶ᠎ᠠ ᠭᠠᠮᠰᠢᠭᠳᠠᠬᠤ᠂ ᠵᠠᠮ ᠡᠪᠳᠡᠭᠳᠡᠬᠦ᠂ ᠮᠠᠨ ᠤ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠨᠦᠯᠦᠭᠡ ᠠᠪᠴᠢᠷᠠᠵᠤ ᠦᠭᠳᠡᠭ︾᠃ ᠤᠷᠠᠳ ᠤᠨ ᠡᠮᠦᠨᠡᠳᠦ ᠬᠤᠰᠢᠭᠤᠨ ᠤ ᠪᠠᠭ᠎ᠠ ᠰᠢᠬᠡᠳᠡᠢ ᠪᠠᠯᠭᠠᠰᠤᠨ ᠤ ᠳᠡᠳ᠋ ᠳᠠᠷᠤᠭ᠎ᠠ ᠷᠧᠨ ᠠᠨ ᠫᠢᠩ ᠬᠡᠯᠡᠭᠰᠡᠨ ᠨᠢ᠄ ︽ᠠᠮᠢ ᠠᠬᠤᠢ ᠶᠢᠨ ᠴᠡᠪᠡᠷ ᠵᠢᠵᠢᠭ ᠰᠠᠪᠠ ᠭᠠᠵᠠᠷ ᠢ ᠶᠡᠷᠦᠩᠭᠡᠶᠢᠯᠡᠨ ᠵᠠᠰᠠᠬᠤ ᠳᠦᠷᠦᠯ ᠵᠦᠢᠯ ᠢ ᠬᠡᠷᠡᠭᠵᠢᠬᠦᠯᠦᠭᠰᠡᠨ ᠤ ᠳᠠᠷᠠᠭ᠎ᠠ᠂ ᠳᠦᠷᠦᠯ ᠵᠦᠢᠯ ᠤᠨ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠢ ᠪᠦᠳᠦᠮᠵᠢᠳᠡᠢ ᠰᠠᠶᠢᠵᠢᠷᠠᠭᠤᠯᠵᠦ᠂ ᠤᠷᠤᠰᠢᠨ ᠰᠠᠭᠤᠷᠢᠰᠢᠬᠤ ᠳᠤ ᠳᠤᠬᠢᠳᠠᠢ ᠪᠠ ᠭᠤᠶᠤ ᠰᠠᠶᠢᠬᠠᠨ ᠬᠦᠳᠡᠭᠡ ᠳᠤᠰᠬᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠪᠠ︾ ᠬᠡᠪᠡ᠃  ᠡᠭᠦᠨ ᠤ ᠬᠠᠮᠲᠤ᠂ ᠬᠠᠲᠤᠨ ᠭᠤᠤᠯ ᠤᠨ ᠤᠰᠤᠨ ᠤ ᠠᠮᠢ ᠠᠬᠤᠶ ᠶᠢ ᠵᠠᠰᠠᠬᠤ ᠡᠷᠴᠢᠮ ᠲᠠᠰᠤᠷᠠᠯᠲᠠ ᠥᠬᠡᠶ ᠴᠢᠩᠭᠠᠷᠠᠪᠠ᠃ 2019 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠰᠠᠪᠠ ᠭᠠᠵᠠᠷ ᠤᠨ ᠳᠣᠲᠣᠷᠠᠬᠢ ᠤᠯᠠᠭᠠᠨᠰᠤᠬᠠᠢ᠂ ᠳᠠᠭ᠎ᠠ ᠶᠢᠨ ᠨᠠᠭᠤᠷ᠂ ᠪᠤᠷᠵᠠᠩ ᠨᠠᠭᠤᠷ ᠵᠡᠷᠭᠡ ᠭᠤᠤᠯᠳᠠᠯᠭ᠎ᠠ ᠲᠠᠢ ᠨᠠᠭᠤᠷ ᠴᠥᠭᠦᠷᠥᠮ ᠳᠤ ᠨᠡᠶᠢᠲᠡ 27.86 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ᠃ ᠡᠭᠦᠨ ᠳᠤ᠂ ᠬᠠᠯᠢᠶ᠎ᠠ ᠦᠶᠡᠷ ᠤᠨ ᠤᠰᠤ ᠶᠢ ᠠᠰᠢᠭᠯᠠᠨ ᠤᠯᠠᠭᠠᠨᠰᠤᠬᠠᠢ ᠳᠤ ᠪᠠᠴᠢᠮ ᠪᠠᠶᠢᠳᠠᠯ ᠢ ᠠᠷᠭᠠᠴᠠᠭᠠᠬᠤ ᠠᠮᠢ ᠠᠬᠤᠶ ᠶᠢᠨ ᠤᠰᠤ ᠨᠥᠬᠦᠪᠥᠷᠢᠯᠡᠬᠦ ᠶᠢ 8.94 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠷᠡᠭᠵᠢᠭᠦᠯᠵᠦ᠂ ᠴᠢᠬᠤᠯᠠ ᠨᠠᠭᠤᠷ ᠴᠥᠭᠦᠷᠥᠮ ᠪᠠ ᠣᠷᠣᠨ ᠪᠦᠰᠡ ᠶᠢᠨ ᠠᠮᠢ ᠠᠬᠤᠶ ᠶᠢᠨ ᠰᠠᠶᠢᠵᠢᠷᠠᠯᠲᠠ ᠶᠢ ᠬᠦᠴᠦᠲᠡᠶ ᠠᠬᠢᠭᠤᠯᠪᠠ᠃ 2022 ᠣᠨ ᠠᠴᠠ ᠨᠠᠭᠠᠰᠢ᠂ ᠭᠤᠣᠯ ᠳᠤ ᠴᠢᠳᠬᠤᠬᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠢ ᠡᠬᠢ ᠰᠤᠷᠪᠤᠯᠵᠢ ᠶᠢ ᠨᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠬᠠᠲᠤᠨ ᠭᠤᠣᠯ ᠳᠠᠭᠠᠤ ᠶᠢᠨ 3 ᠺᠢᠯᠤᠮᠧᠲᠷ ᠤᠨ ᠬᠡᠪᠴᠢᠶᠡᠨ ᠳᠣᠲᠣᠷᠠᠬᠢ 350 ᠲᠣᠰᠬᠤᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠪᠦᠬᠦᠨ ᠢ ᠪᠡᠶᠡᠯᠡᠭᠦᠯᠪᠡ᠃ ᠵᠠᠰᠠᠬᠤ ᠪᠠᠷ ᠳᠠᠮᠵᠢᠨ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠭᠠᠵᠠᠷ ᠤᠨ ᠭᠠᠳᠠᠷᠭᠤ ᠶᠢᠨ ᠤᠰᠤᠨ ᠤ 35 ᠣᠭᠲᠣᠯᠤᠭᠠᠰᠤ ᠨᠢ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠬᠦᠷᠴᠡᠢ᠃  ︽ᠤᠳᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠳᠤᠨ ᠭᠤᠣᠯ  ᠢ ᠬᠠᠮᠠᠭᠠᠯᠠᠬᠤ         ᠬᠠᠤᠯᠢ﹀ ᠲᠠᠢ ᠪᠣᠯᠵᠠᠢ᠂ ᠪᠢᠳᠡ ᠠᠵᠢᠯ ᠤᠨ ᠳᠤᠮᠳᠠ ᠪᠠᠨ ᠵᠢᠷᠤᠮᠯᠠᠬᠤ ᠬᠠᠤᠯᠢ ᠲᠠᠢ᠂ ᠤᠯᠠᠨ ᠲᠦᠮᠡᠨ ᠳᠤ ᠨᠡᠩ ᠶᠣᠰᠣ ᠪᠠᠷᠢᠮᠲᠠ ᠲᠠᠢ ᠪᠣᠯᠭᠠᠪᠠ︾᠃ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠲᠤᠰᠬᠠᠢ ᠲᠤᠰᠢᠶᠠᠯᠲᠤ ᠭᠡᠰᠢᠭᠦᠨ᠂ ᠲᠣᠭᠤᠷᠢᠨ ᠴᠠᠭᠳᠠᠭᠴᠢ ︵ᠬᠠᠮᠠᠭᠠᠯᠠᠭᠰᠠᠨ︶᠂ ᠪᠦᠬᠦ ᠤᠯᠤᠰ ᠤᠨ ︽ᠬᠠᠮᠤᠭ ᠤᠨ ᠭᠤᠶᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ᠯᠢᠦᠢ ᠯᠢ ᠬᠡᠯᠡᠪᠡ᠃  ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯ ᠨᠢᠭᠡᠨ ᠣᠷᠳᠣ ᠬᠤᠭᠤᠴᠠᠭᠠᠨ ᠤ ᠶᠠᠪᠤᠴᠠ ᠮᠥᠨ᠂ ᠬᠠᠲᠤᠨ ᠭᠤᠤᠯ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠳᠤ ᠡᠷᠬᠡᠪᠰᠢ ᠴᠢᠩᠭ᠎ᠠ ᠨᠢᠭᠲᠠ ᠬᠠᠤᠯᠢ ᠴᠠᠭᠠᠵᠠ᠂ ᠲᠦᠷᠢᠮ᠂ ᠪᠠᠷᠢᠮᠵᠢᠶ᠎ᠠ ᠪᠠᠷ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ ᠶᠢ ᠴᠢᠩᠭ᠎ᠠ ᠬᠠᠮᠠᠭᠠᠯᠠᠬᠤ ᠬᠡᠷᠡᠭᠲᠡᠶ᠃  ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠢᠳᠡᠪᠬᠢᠲᠡᠶ ᠥᠷᠨᠢᠭᠦᠯᠵᠦ᠂ ᠬᠠᠲᠤᠨ ᠭᠤᠤᠯ ᠢ ᠬᠠᠮᠠᠭᠠᠯᠠᠨ ᠵᠠᠰᠠᠬᠤ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ︾᠂ ︽ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠲᠠᠷᠬᠠᠭᠠᠵᠤ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠳᠠᠭᠤᠰᠬᠠᠵᠤ᠂ ᠵᠠᠰᠠᠯᠲᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃  ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠲᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠠᠪᠠ ᠭᠠᠵᠠᠷ ᠤᠨ ᠳᠣᠲᠣᠷᠠᠬᠢ 503 ᠭᠤᠤᠯ ᠮᠥᠷᠡᠨ᠂ 67 ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠪᠡ᠃ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ 4841 ᠳᠠᠷᠤᠭ᠎ᠠ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠡᠶᠢᠲᠡ 30.3 ᠲᠦᠮᠡᠨ ᠬᠥᠮᠦᠨ ᠤᠳᠠᠭ᠎ᠠ ᠶᠢ ᠲᠣᠭᠤᠷᠢᠨ ᠴᠠᠭᠳᠠᠪᠠ᠃  ᠡᠬᠡ ᠭᠤᠣᠯ ᠢᠶᠠᠨ ᠬᠠᠮᠠᠭᠠᠯᠠᠵᠤ᠂ ᠬᠠᠲᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ ᠭᠤᠣᠯ ᠪᠣᠯᠭᠠᠵᠤ᠂ ᠥᠪᠥᠷ ᠮᠣᠩᠭᠤᠯ ᠡᠷᠡᠯᠬᠡᠭᠯᠡᠨ ᠤᠷᠤᠭᠰᠢᠯᠠᠬᠤ ᠠᠯᠬᠤᠮ ᠢᠶᠠᠨ ᠶᠡᠷᠦ ᠠᠴᠠ ᠵᠣᠭᠰᠣᠭᠰᠠᠨ ᠦᠭᠡᠢ ᠶᠤᠮ᠃    ︵ᠥᠪᠥᠷ ᠮᠣᠩᠭᠤᠯ ᠤᠨ ᠡᠳᠦᠷ ᠤᠨ ᠰᠣᠨᠢᠨ ᠠᠴᠠ ᠰᠢᠯᠵᠢᠭᠦᠯᠪᠡ 2024 ᠣᠨ ᠤ 3 ᠳ᠋ᠤᠭᠠᠷ ᠰᠠᠷ᠎ᠠ ᠶᠢᠨ 9 ᠤ ᠡᠳᠦᠷ  ᠰᠤᠷᠪᠤᠯᠵᠢᠯᠠᠭᠴᠢ ᠵᠠᠩ ᠬᠤᠶ ᠯᠢᠩ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map