ᠥᠪᠥᠷ ᠮᠣᠩᠭᠤᠯ ᠤᠨ ᠣᠰᠤᠨ ᠤ ᠡᠳᠦᠷ ᠤᠰᠤᠨ ᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/3/26
  3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠮᠦᠽᠧᠶ ᠶᠢᠨ ᠠᠭᠤᠳᠠᠮ ᠲᠠᠯᠠᠪᠠᠶ ᠳᠤ᠂ ︽ᠤᠰᠤᠨ ᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠵᠤ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠪᠥᠲᠥᠭᠡᠨ ᠪᠠᠶᠢᠭᠤᠯᠬᠤ︾ ᠤᠷᠢᠶᠠᠮᠠᠯ ᠲᠡᠩᠭᠡᠯᠢᠭ ᠢ ᠠᠯᠭᠤᠷᠬᠠᠨ ᠨᠡᠭᠡᠭᠡᠬᠦ ᠶᠢ ᠳᠠᠭᠠᠯᠳᠤᠨ᠂ ᠥᠪᠥᠷ ᠮᠣᠩᠭᠤᠯ 2024 ᠣᠨ ᠤ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠬᠦ ᠶᠢᠨ ᠬᠠᠮᠲᠤ ︽ᠤᠰᠤ ᠠᠷᠪᠢᠯᠠᠬᠤ ᠳᠤᠮᠳᠠᠳᠤ ᠤᠯᠤᠰ ᠤᠨ ᠠᠶᠠᠯᠠᠯ︾ ᠵᠢᠴᠢ ᠲᠠᠪᠤᠳᠤᠭᠠᠷ ᠬᠤᠭᠤᠴᠠᠭᠠᠨ ᠤ ︽ᠤᠰᠤ ᠠᠷᠪᠢᠯᠠᠬᠤ ᠥᠪᠥᠷ ᠮᠣᠩᠭᠤᠯ ᠪᠢᠳᠡᠨ ᠤ ᠠᠵᠢᠯᠯᠠᠭ᠎ᠠ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠶᠣᠰᠣᠯᠠᠯ ᠢ ᠡᠬᠢᠯᠡᠭᠦᠯᠪᠡ᠃
内蒙古水日水周宣传活动精彩迭起1.png
  3 ᠳ᠋ᠤᠭᠠᠷ ᠰᠠᠷ᠎ᠠ ᠶᠢᠨ 22 ᠤᠨ ᠡᠳᠦᠷ ᠤᠨ ᠳᠡᠯᠡᠬᠡᠶ ᠶᠢᠨ ᠤᠰᠤᠨ ᠤ ᠡᠳᠦᠷ · ᠳᠤᠮᠳᠠᠳᠤ ᠤᠯᠤᠰ ᠤᠨ ᠤᠰᠤᠨ ᠤ ᠭᠠᠷᠠᠭ ᠤᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠳᠤ ᠶᠠᠪᠤᠭᠳᠠᠪᠠ  ᠲᠤᠬᠠᠢ ᠶᠢᠨ ᠲᠠᠯᠠᠪᠠᠢ ᠳᠤ᠂ ᠬᠤᠶᠠᠷ ᠲᠠᠯ᠎ᠠ ᠪᠠᠷ ᠲᠡᠷᠢ ᠲᠡᠭᠰᠢ ᠲᠠᠯᠪᠢᠵᠤ ᠪᠠᠶᠢᠭ᠎ᠠ ᠤᠰᠤᠨ ᠤ ᠡᠬᠢ ᠪᠠᠶᠠᠯᠢᠭ᠂ ᠤᠰᠤ ᠰᠢᠷᠣᠢ ᠶᠢ ᠬᠠᠮᠠᠭᠠᠯᠠᠬᠤ᠂ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠶᠢ ᠬᠤᠳᠠ ᠶᠢᠨ ᠠᠷᠠᠳ ᠲᠤ ᠠᠪᠴᠢᠷᠠᠪᠠ︔ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠣᠨᠢᠨ ᠮᠡᠳᠡᠭᠡᠨ ᠤ ᠤᠬᠠᠭᠤᠯᠬᠤ ᠬᠡᠯᠲᠡᠰ ᠤᠨ ᠯᠢ ᠵᠢᠶᠠᠨ ᠭᠦᠸᠧ ᠦᠭᠡ ᠵᠤᠬᠢᠶᠠᠵᠤ᠂ ᠤᠷᠭᠢᠯ ᠠᠶ᠎ᠠ ᠵᠤᠬᠢᠶᠠᠵᠤ᠂ ᠲᠤᠰᠬᠠᠶᠢᠯᠠᠨ ᠤᠰᠤ ᠠᠷᠪᠢᠯᠠᠬᠤ ᠶᠢᠨ ᠲᠥᠯᠥᠭᠡ ᠤᠬᠠᠭᠤᠯᠵᠤ ᠵᠣᠬᠢᠶᠠᠨ ᠪᠦᠲᠦᠭᠡᠭᠰᠡᠨ ᠳᠠᠭᠤᠤ ᠨᠢ ︽ᠴᠢᠮ᠎ᠠ ᠠᠴᠠ ᠰᠠᠯᠵᠤ ᠴᠢᠳᠠᠬᠤ ᠦᠭᠡᠢ︾ ᠭᠡᠬᠦ ᠳᠠᠭᠤᠤ ᠨᠢ ᠬᠥᠮᠦᠰ ᠤᠨ ᠠᠩᠬᠠᠷᠤᠯ ᠢ ᠲᠠᠲᠠᠪᠠ︔ ᠡᠭᠦᠨ ᠤ ᠬᠠᠮᠲᠤ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠤᠳᠠ ᠶᠢᠨ ᠠᠷᠠᠳ ᠤᠯᠠᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠤ ᠠᠮᠢ ᠠᠬᠤᠢ ᠶᠢᠨ ᠵᠠᠰᠠᠯᠲᠠ ᠶᠢᠨ ᠲᠠᠯ᠎ᠠ ᠶᠢᠨ ᠵᠥᠪᠯᠡᠯᠭᠡ ᠪᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠪᠡ᠃
内蒙古水日水周宣传活动精彩迭起2.png
  ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠠᠵᠢᠯᠯᠠᠭ᠎ᠠ ᠳᠤ ᠣᠷᠣᠯᠴᠠᠭᠰᠠᠨ ᠡᠬᠡ ᠪᠣᠯᠤᠨ ᠪᠢᠴᠢᠬᠠᠨ ᠨᠠᠶᠢᠵᠠ ᠨᠠᠷ ᠲᠤ ᠤᠰᠤ ᠠᠷᠪᠢᠯᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ  ᠣᠶᠢᠯᠠᠭᠠᠭᠰᠠᠨ ᠢᠶᠠᠷ᠂ ᠭᠤᠤᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠠᠴᠠ ᠭᠠᠳᠠᠨ᠎ᠠ᠂ ᠥᠪᠥᠷ ᠮᠣᠩᠭᠤᠯ ᠤᠨ ᠬᠥᠬᠡᠬᠤᠲᠠ᠂ ᠤᠯᠠᠭᠠᠨᠬᠠᠳᠠ ᠬᠤᠲᠠ ᠪᠣᠯᠤᠨ ᠲᠦᠩᠯᠢᠶᠣᠤ ᠬᠤᠲᠠ ᠭᠤᠷᠪᠠᠨ ᠭᠠᠵᠠᠷ ᠤᠨ ᠸᠠᠨ ᠳ᠋ᠠ ᠠᠭᠤᠳᠠᠮ ᠲᠠᠯᠠᠪᠠᠶ ᠳᠤ 7 ᠡᠳᠦᠷ ᠤᠨ ᠬᠤᠭᠤᠴᠠᠭ᠎ᠠ ᠲᠠᠢ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃ ᠬᠤᠳᠠᠯᠳᠤᠭᠠᠨ ᠤ ᠲᠠᠯᠠᠪᠤᠷ ᠲᠤ᠂ ᠬᠦᠷ ᠬᠥᠭᠵᠢᠶᠡᠨ ᠲᠠᠢ ᠳᠠᠭᠤᠤ ᠪᠥᠵᠢᠭ ᠤᠨ ᠲᠣᠭᠯᠠᠯᠲᠠ ᠪᠣᠯᠤᠨ ᠲᠤᠬᠠᠢ ᠶᠢᠨ ᠲᠠᠯᠠᠪᠠᠢ ᠶᠢᠨ ᠮᠡᠳᠡᠯᠭᠡ ᠶᠢᠨ ᠬᠠᠷᠢᠯᠴᠠᠭ᠎ᠠ ᠨᠢ ᠬᠡᠷᠡᠭᠯᠡᠭᠴᠢᠳ ᠤᠨ ᠠᠩᠬᠠᠷᠤᠯ ᠢ ᠲᠠᠲᠠᠵᠤ ᠪᠠᠶᠢᠯ᠎ᠠ᠃ ᠬᠤᠳᠠᠯᠳᠤᠭᠠᠨ ᠤ ᠲᠠᠯᠠᠪᠤᠷ ᠲᠤ᠂ ᠬᠦᠷ ᠬᠥᠭᠵᠢᠶᠡᠨ ᠲᠠᠢ ᠳᠠᠭᠤᠤ ᠪᠥᠵᠢᠭ ᠤᠨ ᠲᠣᠭᠯᠠᠯᠲᠠ ᠪᠣᠯᠤᠨ ᠲᠤᠬᠠᠢ ᠶᠢᠨ ᠲᠠᠯᠠᠪᠠᠢ ᠶᠢᠨ ᠮᠡᠳᠡᠯᠭᠡ ᠶᠢᠨ ᠬᠠᠷᠢᠯᠴᠠᠭ᠎ᠠ ᠨᠢ ᠬᠡᠷᠡᠭᠯᠡᠭᠴᠢᠳ ᠤᠨ ᠠᠩᠬᠠᠷᠤᠯ ᠢ ᠲᠠᠲᠠᠵᠤ ᠪᠠᠶᠢᠯ᠎ᠠ᠃  3 ᠳ᠋ᠤᠭᠠᠷ ᠰᠠᠷ᠎ᠠ ᠶᠢᠨ 22 ᠤᠨ ᠡᠳᠦᠷ ᠤᠨ ᠭᠤᠣᠯ ᠬᠤᠷᠠᠯ ᠤᠨ ᠲᠠᠯᠠᠪᠠᠢ ᠶᠢᠨ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠨᠢ ᠡᠬᠡ ᠪᠢᠴᠢᠭ ᠲᠠᠷᠬᠠᠭᠠᠬᠤ ᠦᠶ᠎ᠡ ᠶᠢᠨ ᠪᠦᠷᠢᠳᠬᠡᠯ ᠢ ᠦᠨᠳᠦᠰᠦᠯᠡᠪᠡᠯ᠂ ᠨᠢᠭᠡᠨᠲᠡ ᠰᠦᠯᠵᠢᠶᠡᠨ ᠳᠡᠭᠡᠷ᠎ᠡ 10 ᠲᠦᠮᠡᠨ + ᠬᠥᠮᠦᠨ ᠤᠳᠠᠭ᠎ᠠ ᠲᠣᠭᠤᠷᠢᠨ ᠦᠵᠡᠵᠦ ᠰᠣᠨᠢᠷᠬᠠᠪᠠ᠃
内蒙古水日水周宣传活动精彩迭起3.png
  ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯᠲᠠᠨ ᠤ ᠵᠢᠯᠣᠭᠤᠳᠣᠯᠭ᠎ᠠ ᠳᠣᠤᠷ᠎ᠠ ᠠᠵᠢᠯᠯᠠᠭ᠎ᠠ ᠶᠢᠨ ᠠᠭᠤᠯᠭ᠎ᠠ ᠶᠢ ᠣᠶᠢᠯᠠᠭᠠᠵᠤ᠂ ᠤᠬᠠᠭᠤᠯᠭ᠎ᠠ ᠶᠢᠨ ᠪᠡᠯᠡᠭ ᠠᠪᠴᠤ ᠪᠠᠶᠢᠨ᠎ᠠ  ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠲᠤᠬᠠᠢ ᠶᠢᠨ ᠲᠠᠯᠠᠪᠠᠢ ᠳᠤ 2000 ᠭᠠᠷᠤᠢ ᠪᠠᠭᠰᠢ ᠰᠤᠷᠤᠭᠴᠢᠳ ᠲᠠᠢ ᠬᠠᠮᠲᠤ ᠤᠰᠤ ᠠᠷᠪᠢᠯᠠᠬᠤ ᠤᠬᠠᠭᠤᠯᠭ᠎ᠠ ᠶᠢᠨ ᠹᠢᠯᠢᠮ ᠢ ᠬᠠᠮᠲᠤᠪᠠᠷ ᠦᠵᠡᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠬᠠᠮᠠᠭᠠᠯᠠᠯᠲᠠ ᠵᠡᠷᠭᠡ ᠠᠰᠠᠭᠤᠳᠠᠯ ᠢ ᠬᠠᠮᠲᠤᠪᠠᠷ ᠰᠤᠳᠤᠯᠤᠨ ᠶᠠᠷᠢᠯᠴᠠᠪᠠ᠃ ᠲᠤᠬᠠᠢ ᠶᠢᠨ ᠲᠠᠯᠠᠪᠠᠢ ᠳᠤ᠂ ᠶᠡᠭᠡ ᠰᠤᠷᠭᠠᠭᠤᠯᠢ ᠶᠢᠨ ᠰᠤᠷᠤᠭᠴᠢᠳ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠲᠠᠢ ᠢᠳᠡᠪᠬᠢᠲᠡᠢ ᠬᠥᠳᠡᠯᠦᠯᠴᠡᠵᠦ᠂ ᠤᠬᠠᠭᠤᠯᠭ᠎ᠠ ᠶᠢᠨ ᠲᠠᠪᠴᠠᠩ ᠤᠨ ᠡᠮᠦᠨ᠎ᠡ ᠴᠥᠮ ᠨᠠᠷᠢᠨ ᠬᠢᠨᠠᠮᠠᠭᠠᠢ ᠰᠣᠨᠣᠰᠤᠭᠰᠠᠨ ᠪᠠ ᠢᠷᠡᠭᠰᠡᠨ ᠰᠤᠷᠤᠭᠴᠢᠳ ᠮᠠᠰᠢ ᠬᠦᠷ ᠬᠥᠭᠵᠢᠶᠡᠨ ᠲᠠᠢ ᠪᠠᠶᠢᠯ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠤᠶᠤᠲᠠᠳ ᠤᠨ ᠤᠰᠤ ᠠᠷᠪᠢᠯᠠᠬᠤ ᠤᠬᠠᠭᠤᠯᠭ᠎ᠠ ᠶᠢᠨ ᠰᠢᠨ᠎ᠡ ᠵᠠᠭᠤᠴᠢᠯᠠᠭᠤᠷ ᠤᠨ ᠤᠷᠤᠯᠳᠤᠭᠠᠨ ᠢ ᠵᠡᠷᠭᠡᠪᠡᠷ ᠡᠬᠢᠯᠡᠭᠦᠯᠪᠡ᠃  ᠥᠪᠥᠷ ᠮᠣᠩᠭᠤᠯ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠣᠯᠬᠤᠷ᠂ ᠪᠦᠬᠦ ᠣᠷᠣᠨ ᠤ ᠰᠤᠩᠭᠠᠷᠢ ᠮᠦᠷᠡᠨ ᠤ ᠰᠠᠪᠠ ᠭᠠᠵᠠᠷ ᠤᠨ ᠬᠤᠶᠠᠷ ᠠᠶᠢᠮᠠᠭ ᠬᠤᠲᠠ ᠠᠴᠠ ᠭᠠᠳᠠᠨ᠎ᠠ᠂ ᠲᠦᠩᠯᠢᠶᠣᠣ ᠠᠴᠠ ᠪᠠᠷᠠᠭᠤᠨᠰᠢ 10 ᠠᠶᠢᠮᠠᠭ ᠬᠤᠲᠠ ᠶᠢᠨ ᠬᠥᠮᠦᠨ ᠪᠦᠷᠢ ᠶᠢᠨ ᠳᠤᠮᠳᠠᠴᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ ᠵᠥᠪᠬᠡᠨ 800 ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠵᠤ᠂ ᠪᠠᠷᠤᠭ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠶᠢᠨ 40% ᠪᠣᠯᠤᠨ᠎ᠠ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ 1000 ᠪᠣᠰᠤᠭ᠎ᠠ ᠳᠥᠷᠪᠡᠯᠵᠢᠨ ᠮᠧᠲᠷ ᠤᠨ ᠤᠰᠤ ᠳᠤᠲᠠᠭᠳᠠᠵᠤ ᠪᠠᠶᠢᠭ᠎ᠠ ᠱᠤᠭᠤᠮ᠂ ᠢᠯᠠᠩᠭᠤᠶ᠎ᠠ ᠬᠠᠲᠤᠨ ᠭᠤᠣᠯ ᠤᠨ ᠰᠠᠪᠠ ᠭᠠᠵᠠᠷ ᠲᠤ ᠬᠥᠮᠦᠨ ᠠᠮᠠ ᠲᠥᠪᠯᠡᠷᠡᠵᠦ᠂ ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠠᠬᠤᠢ ᠨᠢ ᠨᠡᠯᠢᠶᠡᠳ ᠲᠦᠷᠭᠡᠨ ᠬᠥᠭᠵᠢᠭᠰᠡᠨ ᠪᠣᠯᠬᠤᠷ᠂ ᠤᠰᠤ ᠳᠤᠲᠠᠭᠳᠠᠵᠤ ᠪᠠᠢᠭ᠎ᠠ ᠠᠰᠠᠭᠤᠳᠠᠯ ᠨᠢ ᠨᠡᠩ ᠬᠦᠨᠳᠦ ᠨᠣᠴᠢᠲᠠᠢ ᠪᠣᠯᠪᠠ᠃  ︽ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠡᠷᠴᠢᠮᠵᠢᠭᠦᠯᠦᠨ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠵᠠᠳᠠᠯᠬᠤ ᠰᠡᠳᠬᠢᠬᠦᠶ ᠶᠢ ᠪᠠᠷᠢᠮᠲᠠᠯᠠᠨ᠂ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠪᠥᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠪᠠ ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ︾᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠲᠤᠬᠠᠢ ᠶᠢᠨ ᠲᠠᠯᠠᠪᠠᠢ ᠳᠤ ᠦᠭᠡ ᠶᠠᠷᠢᠪᠠ᠃  ᠡᠨᠡ ᠵᠢᠯ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠣᠭᠲᠠᠭᠠᠭᠰᠠᠨ ︽ᠳᠡᠯᠡᠬᠡᠢ ᠶᠢᠨ ᠤᠰᠤᠨ ᠤ ᠡᠳᠦᠷ︾ ᠤᠨ ᠭᠤᠣᠯ ᠰᠡᠳᠦᠪ ᠨᠢ ︽Water for Peace ︾ ︵ᠤᠰᠤ ᠪᠠᠷ ᠡᠩᠬᠡ ᠲᠠᠢᠪᠤᠩ ᠢ ᠠᠬᠢᠭᠤᠯᠬᠤ︶ ᠪᠣᠯᠤᠨ᠎ᠠ᠂ ᠮᠠᠨ ᠤ ᠤᠯᠤᠰ ︽ᠳᠡᠯᠡᠬᠡᠢ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠭᠠᠷᠠᠭ︾ ᠢ ᠳᠤᠷᠠᠰᠬᠠᠬᠤ ᠠᠵᠢᠯᠯᠠᠭ᠎ᠠ ᠶᠢᠨ ᠭᠤᠣᠯ ᠰᠡᠳᠦᠪ ᠨᠢ ︽ᠤᠰᠤᠨ ᠤ ᠡᠬᠢ ᠪᠠᠶᠠᠯᠢᠭ ᠢ ᠨᠠᠷᠢᠨ ᠨᠢᠭᠲᠠ ᠪᠣᠳᠣᠵᠤ ᠰᠠᠶᠢᠳᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠳᠤᠷ ᠬᠠᠮᠢᠶᠠᠷᠬᠤ︾ ᠪᠣᠯᠤᠨ᠎ᠠ᠃ ᠥᠪᠥᠷ ᠮᠣᠩᠭᠤᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠶᠢᠨ ᠭᠤᠣᠯ ᠰᠡᠳᠦᠪ ᠢᠶᠠᠨ ︽ᠤᠰᠤᠨ ᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠵᠤ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠪᠦᠲᠦᠭᠡᠨ ᠪᠠᠶᠢᠭᠤᠯᠬᠤ︾ ᠪᠠᠷ ᠲᠣᠭᠲᠠᠭᠠᠪᠠ᠃  ᠥᠪᠥᠷ ᠮᠣᠩᠭᠤᠯ ᠤᠨ ᠡᠯ᠎ᠡ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠭᠤᠣᠯ ᠰᠡᠳᠦᠪ ᠤᠨ ᠲᠣᠭᠤᠷᠢᠨ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠯᠢᠭ ᠢᠶᠠᠨ ᠳᠣᠪᠤᠶᠢᠯᠭᠠᠵᠤ᠂ ᠨᠠᠷᠢᠨ ᠨᠢᠮᠪᠠᠶ ᠤᠬᠠᠭᠠᠯᠠᠨ ᠰᠡᠳᠦᠵᠠᠢ᠃ ᠪᠤᠭᠤᠲᠤ ᠬᠤᠲᠠ 3 ᠳ᠋ᠤᠭᠠᠷ ᠰᠠᠷ᠎ᠠ ᠶᠢᠨ 22 ᠤᠨ ᠡᠳᠦᠷ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠲᠤᠬᠠᠢ ᠶᠢᠨ ᠲᠠᠯᠠᠪᠠᠢ ᠳᠤ ᠪᠤᠭᠤᠲᠤ ᠶᠢᠨ ᠪᠤᠯᠤᠳ ᠲᠡᠮᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠳᠡᠭᠡᠳᠦ ᠰᠤᠷᠭᠠᠭᠤᠯᠢ ᠶᠢᠨ ᠢᠷᠠᠭᠤ ᠠᠯᠳᠠᠷ ᠤᠨ ᠴᠣᠯᠠ ᠣᠯᠭᠤᠭᠰᠠᠨ ᠪᠥᠭᠡᠳ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤ ᠠᠷᠪᠢᠯᠠᠬᠤ ᠡᠯᠴᠢᠨ ᠰᠠᠶᠢᠳ ᠤᠨ ᠲᠥᠯᠥᠭᠡᠯᠡᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠵᠠᠢ᠃ ᠠᠯᠠᠱᠠ ᠠᠶᠢᠮᠠᠭ ᠬᠠᠷᠢᠨ ᠪᠢᠴᠢᠬᠠᠨ ᠨᠠᠶᠢᠵᠠ ᠨᠠᠷ ᠠᠴᠠ ᠡᠬᠢᠯᠡᠨ᠂ ᠵᠠᠯᠠᠭᠤᠴᠤᠳ ᠪᠠᠭᠠᠴᠤᠳ ᠪᠣᠯᠤᠨ ᠬᠡᠦᠬᠡᠳ ᠤᠨ ᠤᠰᠤ ᠠᠷᠪᠢᠯᠠᠬᠤ ᠤᠬᠠᠮᠰᠠᠷ ᠢ ᠬᠥᠮᠦᠵᠢᠭᠦᠯᠵᠦ᠂ ᠪᠦᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠨ ︽ᠤᠰᠤᠨ ᠤ ᠡᠬᠢ ᠪᠠᠶᠠᠯᠢᠭ ᠢ ᠠᠷᠪᠢᠯᠠᠵᠤ ᠠᠯᠠᠱᠠ ᠶᠢ ᠬᠠᠮᠠᠭᠠᠯᠠᠶ᠎ᠠ︾ ᠭᠡᠬᠦ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠬᠦ ᠶᠢᠨ ᠬᠠᠮᠲᠤ ᠬᠡᠦᠬᠡᠳ ᠤᠨ ᠴᠡᠴᠡᠷᠯᠢᠭ ᠲᠤ ᠣᠷᠣᠵᠤ ︽ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠪᠢᠳᠡ ᠡᠬᠢᠯᠡᠨ ᠬᠢᠪᠡ︾ ᠭᠡᠬᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠦᠬᠠᠶ ᠬᠤᠲᠠ ᠰᠦᠯᠵᠢᠶᠡᠨ ᠳᠡᠭᠡᠷᠡᠬᠢ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠡᠶᠢᠲᠡ 1 ᠭᠠᠷᠠᠭ ᠣᠷᠴᠢᠮ ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠤᠷᠭᠠᠭᠤᠯᠢ᠂ ᠬᠤᠳᠠᠯᠳᠤᠭᠠᠨ ᠤ ᠲᠣᠭᠤᠷᠢᠭ᠂ ᠨᠡᠶᠢᠭᠡᠮ ᠲᠣᠭᠤᠷᠢᠭ᠂ ᠴᠡᠴᠡᠷᠯᠢᠭ᠂ ᠬᠤᠰᠢᠭᠤ ᠰᠢᠶᠠᠨ ᠢᠶᠠᠷ ᠬᠦᠷᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠂ ᠣᠬᠤᠷ ᠴᠢᠮᠡᠭᠡ ᠲᠠᠷᠬᠠᠭᠠᠬᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠪᠲᠡᠷᠡᠭᠦᠯᠬᠦ᠂ ᠤᠰᠤ ᠠᠷᠪᠢᠯᠠᠬᠤ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠣᠬᠤᠷ ᠸᠢᠳᠢᠣ᠋᠂ ᠣᠷᠳᠣ ᠵᠢᠷᠤᠭ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢ ᠠᠪᠴᠤ᠂ ᠣᠷᠣᠨ ᠤ ᠳᠣᠲᠣᠨ᠎ᠠ ᠭᠠᠳᠠᠨᠠᠬᠢ ᠭᠤᠤᠯ ᠪᠣᠯᠬᠤ ᠵᠠᠭᠤᠴᠢᠯᠠᠭᠤᠷ ᠵᠢᠴᠢ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠬᠦ ᠵᠡᠷᠭᠡ ᠠᠷᠭ᠎ᠠ ᠪᠠᠷᠢᠯ ᠢ ᠠᠪᠴᠤ᠂ ᠳᠡᠭᠡᠳᠦ ᠰᠤᠷᠭᠠᠭᠤᠯᠢ ᠶᠢᠨ ᠰᠤᠷᠤᠭᠴᠢ᠂ ᠥᠷᠭᠡᠨ ᠣᠯᠠᠨ ᠬᠤᠲᠠ ᠶᠢᠨ ᠠᠷᠠᠳ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠬᠥᠳᠡᠭᠡ ᠲᠣᠰᠬᠤᠨ ᠤ ᠰᠠᠭᠤᠭᠠᠯᠢ ᠠᠷᠠᠳ ᠵᠡᠷᠭᠡ ᠡᠯ᠎ᠡ ᠲᠥᠷᠥᠯ ᠤᠨ ᠬᠠᠮᠲᠦ ᠨᠡᠶᠢᠲᠡ ᠳᠤ ᠬᠠᠨᠳᠤᠭᠤᠯᠤᠨ᠂ ᠨᠡᠶᠢᠳᠡᠮ ᠬᠠᠮᠤᠷᠬᠤ ᠮᠠᠶ᠋ᠢᠭ ᠤᠨ ᠤᠬᠠᠭᠤᠯᠭ᠎ᠠ ᠶᠢ ᠥᠷᠨᠢᠭᠦᠯᠦᠨ᠎ᠡ᠃
内蒙古水日水周宣传活动精彩迭起4.png
  3 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠦᠷᠢᠶᠡᠨ ᠳᠤ ᠪᠠᠭᠰᠢ ᠰᠤᠷᠤᠭᠴᠢᠳ ᠤᠰᠤᠨ ᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠳᠤ ᠬᠠᠯᠠᠭᠤᠮᠰᠤᠭ ᠢᠶᠠᠷ ᠣᠷᠣᠯᠴᠠᠪᠠ   ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠨᠢ ᠭᠡᠪᠡᠯ᠂ ︽ᠳᠡᠯᠡᠬᠡᠢ ᠶᠢᠨ ᠤᠰᠤᠨ ᠤ ᠡᠳᠦᠷ︾ ᠲᠤᠬᠠᠢ ᠶᠢᠨ ᠡᠳᠦᠷ ᠲᠤ᠂ ︽ᠬᠠᠲᠤᠨ ᠭᠤᠣᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ︾ ᠭᠤᠣᠯ ᠰᠡᠳᠦᠪᠲᠦ ᠶᠠᠷᠢᠯᠴᠠᠬᠤ ᠬᠤᠷᠠᠯ ᠬᠢᠭᠡᠳ ︽ᠤᠰᠤ ᠠᠷᠪᠢᠯᠠᠬᠤ ᠳᠤᠮᠳᠠᠳᠤ ᠤᠯᠤᠰ ᠤᠨ ᠠᠶᠠᠯᠠᠯ︾ ᠵᠢᠴᠢ ᠲᠠᠪᠤᠳᠤᠭᠠᠷ ᠬᠤᠭᠤᠴᠠᠭᠠᠨ ᠤ ︽ᠤᠰᠤ ᠠᠷᠪᠢᠯᠠᠬᠤ ᠥᠪᠥᠷ ᠮᠣᠩᠭᠤᠯ ᠪᠢᠳᠡᠨ ᠤ ᠠᠵᠢᠯᠯᠠᠭ᠎ᠠ︾ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠵᠡᠷᠭᠡᠪᠡᠷ ᠥᠷᠨᠢᠭᠦᠯᠪᠡ︔ ᠬᠥᠬᠡᠬᠤᠲᠠ᠂ ᠪᠤᠭᠤᠲᠤ ᠬᠤᠲᠠ ᠵᠡᠷᠭᠡ ᠭᠠᠵᠠᠷ ︽ᠮᠢᠩᠭᠠᠨ ᠬᠤᠳᠠ ᠶᠢᠨ ᠪᠡᠯᠭᠡ ᠲᠡᠮᠳᠡᠭ ᠤᠨ ᠤᠰᠤ ᠠᠷᠪᠢᠯᠠᠬᠤ ︾ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠬᠤᠭᠤᠴᠠᠭᠠᠨ ᠳᠤ᠂ ᠥᠪᠥᠷ ᠮᠣᠩᠭᠤᠯ ᠪᠠᠰᠠ ︽ᠤᠰᠤ ᠶᠢ ᠠᠷᠪᠢᠯᠠᠵᠤ ᠤᠰᠤ ᠶᠢ ᠬᠠᠶᠢᠷᠠᠯᠠᠬᠤ᠂ ᠬᠠᠤᠯᠢ ᠪᠠᠷ ᠤᠰᠤ ᠶᠢ ᠵᠠᠰᠠᠬᠤ︾ ᠭᠤᠤᠯ ᠰᠡᠳᠦᠪᠲᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ ︽ᠤᠰᠤᠨ ᠤ ᠭᠠᠷᠠᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠡᠳᠦᠪ ᠬᠠᠷᠢᠭᠤᠯᠬᠤ︾ ᠠᠵᠢᠯᠯᠠᠭ᠎ᠠ ᠪᠠ ᠰᠤᠷᠭᠠᠭᠤᠯᠢ ᠶᠢᠨ ᠬᠦᠷᠢᠶ᠎ᠡ᠂ ᠦᠨᠳᠦᠰᠦᠨ ᠱᠠᠲᠤᠨ ᠤ ᠨᠢᠭᠡᠴᠢ ᠵᠡᠷᠭᠡ ᠬᠡᠯᠪᠡᠷᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠰᠡᠨ ᠪᠥᠭᠡᠳ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃  ᠡᠯᠪᠡᠭ ᠪᠠᠶᠠᠯᠢᠭ ᠠᠵᠢᠯᠯᠠᠭ᠎ᠠ ᠶᠢᠨ ᠠᠭᠤᠯᠭ᠎ᠠ ᠨᠢ ᠣᠯᠠᠨ ᠨᠡᠶᠢᠲᠡ ᠳᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃  ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠨᠢ 2024 ᠣᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃  ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠣᠨᠢᠨ ᠮᠡᠳᠡᠭᠡᠨ ᠤ ᠤᠬᠠᠭᠤᠯᠬᠤ ᠬᠡᠯᠲᠡᠰ  ᠾᠧᠦ ᠶᠠᠨ ᠵᠢᠶᠤᠤ᠂ ᠯᠢ ᠴᠧᠨ ᠢᠤᠢ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map