ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠶᠢ ᠵᠦᠪᠰᠢᠶᠡᠷᠡᠬᠦ ᠳᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/4/1
  ᠬᠡᠯᠬᠢᠶᠡᠰᠦᠨ ᠨᠣᠮᠧᠷ᠄ 000014348/2024-02295  ᠭᠤᠣᠯ ᠰᠡᠳᠦᠪ ᠤᠨ ᠠᠩᠭᠢᠯᠠᠯ᠄ ᠪᠤᠰᠤᠳ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 9 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠄  ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2023﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠠᠨ ᠤ ᠺᠣᠮᠫᠠᠨᠢ ᠶᠢᠨ ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ︵ᠨᠢᠭᠡ︶ ᠵᠤᠷᠪᠤᠰ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃  ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠨᠢ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠠᠶ᠋ᠬᠠᠤᠪᠤᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠠᠷᠢᠶᠠᠯᠠᠭᠳᠠᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠵᠢᠯ ᠳᠤ 40 ᠲᠦᠮᠡᠨ ᠲᠣᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠳᠤ ᠮᠧᠲ᠋ᠢᠯ ᠠᠯᠺᠣᠤᠯ ᠦᠢᠯᠡᠳᠬᠦ ᠲᠥᠷᠥᠯ ᠵᠦᠢᠯ᠂ ᠵᠢᠯ ᠳᠤ 10 ᠲᠦᠮᠡᠨ ᠲᠣᠨ ᠨᠡᠶᠢᠯᠡᠯᠭᠡ ᠰᠢᠪᠲᠦᠷ ᠦᠢᠯᠡᠳᠪᠦᠷᠢᠯᠡᠬᠦ ᠲᠥᠷᠥᠯ ᠵᠦᠢᠯ᠂ 2 ᠰᠠᠭᠤᠷᠢ 150t / h ᠡᠷᠭᠢᠯᠲᠡᠲᠦ ᠤᠷᠤᠰᠤᠩᠭᠢ ᠬᠡᠪᠰᠢᠭᠦᠯᠬᠦ ᠵᠤᠤᠬ᠎ᠠ ᠶᠢᠨ ᠨᠡᠭᠦᠷᠡᠰᠦ ᠰᠢᠲᠠᠭᠠᠬᠤ ᠭᠦᠸᠧᠯᠦ ᠶᠢ ᠪᠦᠲᠦᠭᠡᠨ ᠪᠠᠶᠢᠭᠤᠯᠵᠤ᠂ ᠵᠢᠯ ᠳᠤ 8000 ᠴᠠᠭ ᠠᠵᠢᠯᠯᠠᠭᠤᠯᠵᠤ᠂ ᠵᠢᠯ ᠳᠤ 240 ᠲᠦᠮᠡᠨ ᠲᠣᠨ ᠠᠭᠤᠷ ᠦᠢᠯᠡᠳᠪᠦᠷᠢᠯᠡᠨ᠂ ᠲᠥᠷᠥᠯ ᠵᠦᠢᠯ ᠤᠨ ᠳᠠᠭᠠᠯᠳᠠ ᠦᠢᠯᠡᠳᠪᠦᠷᠢᠯᠡᠯ ᠤᠨ ᠠᠭᠤᠷ ᠢ ᠭᠠᠳᠠᠭᠰᠢ ᠬᠠᠩᠭᠠᠵᠤ ᠪᠣᠢ᠃  ᠲᠥᠷᠥᠯ ᠵᠦᠢᠯ ᠳᠤ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠭᠡᠯ ᠲᠤᠭ᠎ᠠ ᠶᠢ ᠵᠥᠪᠰᠢᠶᠡᠷᠡᠵᠦ᠂ ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠲᠤᠨ ᠭᠤᠤᠯ ᠤᠨ ᠤᠰᠤ ᠲᠠᠲᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠤᠰᠤ ᠬᠠᠩᠭᠠᠬᠤ︶ ᠤᠰᠤ ᠲᠠᠲᠠᠬᠤ ᠤᠰᠤᠨ ᠰᠤᠷᠪᠤᠯᠵᠢ ᠪᠣᠯᠭᠠᠵᠤ᠂ ᠤᠰᠤᠲᠠᠢ ᠪᠠᠯᠭᠠᠰᠤᠨ ᠤ ᠠᠮᠢ ᠠᠬᠤᠶ ᠶᠢᠨ ᠨᠣᠭᠤᠭᠠᠷᠠᠭᠤᠯᠤᠯᠲᠠ ᠤᠰᠤ ᠬᠠᠩᠭᠠᠬᠤ ᠬᠢᠵᠠᠭᠠᠷᠲᠤ ᠺᠣᠮᠫᠠᠨᠢ ᠶᠢᠨ ᠪᠠᠶᠠᠨᠰᠢᠭᠤᠢ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠭᠠᠵᠠᠷ ᠳᠣᠤᠷᠠᠬᠢ ᠤᠰᠤ ︵ᠪᠠᠶᠠᠨᠬᠤᠲᠠ ᠵᠢᠴᠢ ᠵᠠᠮ ᠳᠠᠭᠠᠤ ᠶᠢᠨ ᠰᠤᠮᠤ ᠪᠠᠯᠭᠠᠰᠤ ︵ᠪᠠᠶ᠋ᠬᠠᠤᠪᠤᠭ᠎ᠠ︶ ᠶᠢᠨ ᠤᠰᠤ ᠤᠮᠳᠠ ᠶᠢᠨ ᠢᠨᠵᠧᠨᠧᠷᠢᠩ ᠢᠶᠠᠷ ᠳᠠᠮᠵᠢᠭᠤᠯᠤᠨ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ ᠪᠣᠯᠭᠠᠬᠤ ᠶᠢ       ᠵᠥᠪᠰᠢᠶᠡᠷᠡᠪᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠤᠰ ᠲᠥᠷᠥᠯ ᠵᠦᠢᠯ ᠤᠨ ᠶᠡᠷᠦᠩᠬᠡᠢ ᠤᠰᠤ ᠠᠪᠤᠭᠰᠠᠨ ᠬᠡᠮᠵᠢᠶ᠎ᠡ ᠨᠢ 198.33 ᠲᠦᠮᠡᠨ m3/a ᠪᠠᠶᠢᠵᠤ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠭᠰᠠᠨ ᠬᠡᠮᠵᠢᠶ᠎ᠡ ᠨᠢ 196.68 ᠲᠦᠮᠡᠨ m3/a ︵ᠡᠭᠦᠨ ᠳᠤ ᠠᠭᠤᠷ ᠤᠨ ᠤᠰᠤ ᠲᠠᠲᠠᠭᠰᠠᠨ ᠬᠡᠮᠵᠢᠶ᠎ᠡ ᠨᠢ 89.30 ᠲᠦᠮᠡᠨ m3/a ᠪᠠᠶᠢᠵᠤ᠂ ᠥᠪᠡᠷ ᠢᠶᠠᠨ ᠬᠡᠷᠡᠭᠯᠡᠬᠦ ᠠᠭᠤᠷ ᠤᠨ ᠤᠰᠤᠨ ᠤ ᠬᠡᠮᠵᠢᠶ᠎ᠡ ᠨᠢ 17.04 ᠲᠦᠮᠡᠨ m3/a ᠪᠠᠶᠢᠵᠤ᠂ ᠦᠯᠡᠳᠡᠭᠰᠡᠨ ᠢ ᠨᠢ ᠭᠠᠳᠠᠭᠰᠢ ᠬᠠᠩᠭᠠᠬᠤ ᠠᠭᠤᠷ ᠤᠨ ᠤᠰᠤᠨ ᠤ ᠬᠡᠮᠵᠢᠶ᠎ᠡ ᠨᠢ 72.26 ᠲᠦᠮᠡᠨ m3/a︶᠂ ᠠᠮᠢᠳᠤᠷᠠᠯ ᠤᠨ ᠤᠰᠤ ᠬᠡᠷᠡᠭᠯᠡᠭᠰᠡᠨ ᠬᠡᠮᠵᠢᠶ᠎ᠡ ᠨᠢ 1.65 ᠲᠦᠮᠡᠨ m3/a ᠪᠠᠶᠢᠨ᠎ᠠ᠃ ᠭᠤᠣᠯ ᠪᠣᠯᠬᠤ ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ ᠨᠢ ᠲᠣᠰ ᠲᠣᠰ ᠮᠧᠲ᠋ᠢᠯ ᠠᠯᠺᠣᠣᠯ 2.52m3/t᠂ ᠨᠡᠶᠢᠯᠡᠯᠭᠡ ᠰᠢᠪᠲᠦᠷ 1.41m3/t ᠪᠠᠶᠢᠵᠤ᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB15/T385—2020︶ ᠵᠢᠴᠢ ︽ᠬᠡᠰᠡᠭ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠲᠣᠬᠢᠷᠠᠭᠤᠯᠬᠤ ᠲᠤᠬᠠᠶ ᠮᠡᠳᠡᠭᠳᠡᠯ︾ ︵ᠥᠪᠥᠷ ᠤᠰᠤᠨ ᠤ ᠡᠬᠢ ᠪᠠᠶᠠᠯᠢᠭ ﹇2022﹈ 342 ᠳ᠋ᠤᠭᠠᠷ ᠲᠣᠭᠠᠲᠤ︶ ᠤᠨ ᠳᠤᠮᠳᠠ ᠮᠧᠲ᠋ᠢᠯ ᠠᠯᠺᠣᠤᠯ ᠤᠨ ᠲᠡᠷᠢᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 5.5m3/t᠂ ᠨᠡᠶᠢᠯᠡᠯᠭᠡ ᠰᠢᠪᠲᠦᠷ ᠤᠨ ᠲᠡᠷᠢᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 7.0m3/t᠂ ᠠᠭᠤᠷ ᠢᠶᠠᠷ ᠤᠰᠤ ᠬᠡᠷᠡᠭᠯᠡᠬᠦ ᠨᠣᠷᠮ᠎ᠠ 1.30m3/t ᠤᠨ ᠱᠠᠭᠠᠷᠳᠠᠯᠭ᠎ᠠ ᠶᠢ ᠬᠢᠨᠠᠨ ᠲᠣᠭᠲᠠᠭᠠᠵᠤ᠂ ᠦᠢᠯᠡᠳᠪᠦᠷᠢ ᠶᠢᠨ ᠲᠣᠭᠤᠷᠢᠭ ᠤᠨ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ 107.4L/ ᠬᠥᠮᠦᠨ·d ᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385—2020︶ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠥᠷᠥᠯ ᠵᠦᠢᠯ ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃  ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠣᠯ ᠴᠣᠭᠴᠠ ᠶᠢᠨ ᠢᠨᠵᠧᠨᠧᠷᠢᠩ ᠲᠠᠢ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃  ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠬᠠᠶᠠᠭᠳᠠᠮᠠᠯ ᠤᠰᠤ ᠶᠢ ᠰᠢᠢᠳᠪᠦᠷᠢᠯᠡᠬᠦ ᠨᠢ ᠠᠯᠠᠱᠠ ᠠᠶᠢᠮᠠᠭ ᠤᠨ ᠬᠤ᠋ ᠮᠧᠩ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ 600 ᠲᠦᠮᠡᠨ t/a ᠦᠢᠯᠡᠳᠪᠦᠷᠢᠯᠡᠵᠦ ᠬᠡᠦᠷᠰᠢᠭᠦᠯᠬᠦ ᠲᠥᠷᠥᠯ ᠵᠦᠢᠯ ᠤᠨ ᠪᠣᠬᠢᠷ ᠤᠰᠤ ᠰᠢᠢᠳᠪᠦᠷᠢᠯᠡᠬᠦ ᠥᠷᠲᠡᠭᠡ ᠳᠤ ᠲᠦᠰᠢᠭᠯᠡᠨ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠪᠠᠷ ᠳᠠᠮᠵᠢᠭᠤᠯᠤᠨ ᠪᠦᠬᠦᠨ ᠢ ᠲᠣᠰ ᠲᠥᠷᠥᠯ ᠵᠦᠢᠯ ᠳᠤ ᠬᠡᠷᠡᠭᠯᠡᠨ᠎ᠡ᠃  ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714 — 2023︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠨ᠎ᠠ᠃ ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠶᠢ ᠪᠠᠶᠢᠭᠤᠯᠵᠤ ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃  ᠲᠤᠰ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ ᠵᠦᠢᠯ ᠤᠨ ᠰᠢᠨᠵᠢ ᠴᠢᠨᠠᠷ᠂ ᠬᠡᠪᠴᠢᠶ᠎ᠡ᠂ ᠤᠰᠤ ᠲᠠᠲᠠᠬᠤ ᠭᠠᠵᠠᠷ᠂ ᠤᠰᠤᠨ ᠤ ᠡᠬᠢ ᠰᠤᠷᠪᠤᠯᠵᠢ᠂ ᠤᠰᠤ ᠲᠠᠲᠠᠬᠤ ᠬᠡᠮᠵᠢᠶ᠎ᠡ᠂ ᠤᠰᠤ ᠲᠠᠲᠠᠬᠤ ᠬᠡᠷᠡᠭᠴᠡᠭᠡ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠲᠠᠲᠠᠬᠤ ᠵᠥᠪᠰᠢᠶᠡᠷᠡᠯ ᠢ ᠳᠠᠬᠢᠵᠤ ᠭᠤᠶᠤᠴᠢᠯᠠᠬᠤ ᠬᠡᠷᠡᠭᠲᠡᠶ᠃  ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠠᠯᠠᠱᠠ ᠠᠶᠢᠮᠠᠭ ᠤᠨ ᠳ᠋ᠦᠩ ᠬᠠᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠬᠤ ᠰᠠᠨᠠᠯ︾ ᠤᠨ ᠲᠤᠬᠠᠶ ᠮᠡᠳᠡᠭᠦᠯᠦᠯᠲᠡ  2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map