ᠵᠢᠷᠤᠭᠲᠤ ᠪᠢᠴᠢᠭ ᠤᠨ ᠪᠣᠳᠠᠳᠤ ᠲᠡᠮᠳᠡᠭᠯᠡᠯ —  ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ︽ᠤᠰᠤ ᠶᠢ ᠠᠷᠪᠢᠯᠠᠨ ᠭᠠᠮᠨᠠᠬᠤ ᠲᠦᠷᠢᠮ︾ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2024/4/10
  ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 2024 ᠣᠨ ᠤ 3 ᠳ᠋ᠤᠭᠠᠷ ᠰᠠᠷ᠎ᠠ ᠶᠢᠨ 28 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨᠠᠬᠢ 3 ᠴᠠᠭ ᠲᠤ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠪᠠᠶᠢᠳᠠᠯ ᠢ ᠮᠡᠳᠡᠭᠳᠡᠬᠦ ᠬᠤᠷᠠᠯ       ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢ ᠯᠢᠶᠠᠩ ᠱᠧᠩ ᠪᠣᠯᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠤᠷᠭᠠᠨ ᠤ ᠬᠠᠷᠢᠭᠤᠴᠠᠯᠭᠠᠲᠠᠨ ᠨᠢᠤ ᠪᠥᠸᠧ᠂ ᠬᠠᠤᠯᠢ ᠴᠠᠭᠠᠵᠠ ᠶᠢᠨ ᠶᠠᠮᠤᠨ ᠤ ᠬᠠᠤᠯᠢ ᠲᠣᠭᠲᠠᠭᠠᠬᠤ ᠳᠥᠷᠪᠡᠳᠦᠭᠡᠷ ᠲᠣᠪᠴᠢᠶ᠎ᠠ ᠶᠢᠨ ᠳᠠᠷᠤᠭ᠎ᠠ ᠵᠠᠩ ᠶᠤᠤ ᠪᠥᠸᠧ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠬᠤ᠋ ᠽᠢ ᠵᠢᠶᠠᠨ᠂ ᠤᠰᠤᠨ ᠠᠰᠢᠭᠯᠠᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠴᠧᠨ ᠳ᠋ᠡ ᠶᠦᠩ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ᠤᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
         ᠰᠢᠩ ᠾᠦᠢ ᠨᠠ  ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡᠨ ᠤ ᠲᠣᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ  ᠰᠢᠩ ᠾᠦᠢ ᠨᠠ᠄  ᠠᠪᠠᠭ᠋ᠠᠢ ᠨᠠᠷ᠂ ᠠᠪᠤᠭᠠᠢ ᠨᠠᠷ ᠡ᠂ ᠤᠯᠠᠨ ᠢᠶᠠᠷ ᠢᠶᠠᠨ ᠰᠠᠶᠢᠨ ᠪᠠᠶᠢᠨᠤ︕ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯ ᠢᠶᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠨ᠎ᠠ᠃ ᠣᠶᠢᠷ᠎ᠠ ᠳᠤ᠂ ︽ᠤᠰᠤ ᠶᠢ ᠠᠷᠪᠢᠯᠠᠨ ᠭᠠᠮᠨᠠᠬᠤ ᠲᠦᠷᠢᠮ︾ ᠢ ᠨᠢᠭᠡᠨᠲᠡ ᠢᠯᠡ ᠪᠠᠷ ᠨᠡᠶᠢᠲᠡᠯᠡᠵᠦ᠂ ᠣᠯᠠᠨ ᠢ ᠬᠠᠪᠰᠤᠷᠤᠨ ᠬᠤᠯᠪᠣᠭᠳᠠᠯ ᠪᠥᠬᠦᠶ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠬᠤ ᠶᠢᠨ ᠲᠥᠯᠥᠭᠡ᠂ ᠪᠢᠳᠡ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢ ᠯᠢᠶᠠᠩ ᠱᠧᠩ ᠠᠪᠤᠭᠠᠶ ᠶᠢ ᠤᠷᠢᠵᠤ᠂ ᠲᠡᠭᠦᠨ ᠢ ᠣᠯᠠᠨ ᠳᠤ ︽ᠲᠦᠷᠢᠮ︾ ᠤᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠣᠯᠠᠨ ᠤ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠵᠠᠶ᠃ ᠥᠨᠥᠳᠦᠷ ᠤᠨ ᠪᠠᠶᠢᠳᠠᠯ ᠢ ᠮᠡᠳᠡᠭᠳᠡᠬᠦ ᠬᠤᠷᠠᠯ ᠳᠤ ᠪᠠᠰᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠤᠷᠭᠠᠨ ᠤ ᠬᠠᠷᠢᠭᠤᠴᠠᠯᠭᠠᠲᠠᠨ ᠨᠢᠦ ᠪᠥᠸᠧ ᠠᠪᠤᠭᠠᠶ᠂ ᠬᠠᠤᠯᠢ ᠴᠠᠭᠠᠵᠠ ᠶᠢᠨ ᠶᠠᠮᠤᠨ ᠤ ᠬᠠᠤᠯᠢ ᠲᠣᠭᠲᠠᠭᠠᠬᠤ ᠳᠥᠷᠪᠡᠳᠦᠭᠡᠷ ᠲᠣᠪᠴᠢᠶ᠎ᠠ ᠶᠢᠨ ᠳᠠᠷᠤᠭ᠎ᠠ ᠵᠠᠩ ᠶᠤᠤ ᠪᠥᠸᠧ ᠠᠪᠤᠭᠠᠶ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠬᠤ᠋ ᠽᠢ ᠵᠢᠶᠠᠨ ᠠᠪᠤᠭᠠᠶ᠂ ᠤᠰᠤᠨ ᠠᠰᠢᠭᠯᠠᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠴᠧᠨ ᠳ᠋ᠡ ᠶᠦᠩ ᠠᠪᠤᠭᠠᠶ ᠪᠠᠶᠢᠨ᠎ᠠ᠃  ᠣᠳᠣ᠂ ᠤᠷᠢᠳᠠᠪᠠᠷ ᠯᠢ ᠯᠢᠶᠠᠩ ᠱᠧᠩ ᠠᠪᠤᠭᠠᠢ ᠶᠢ ᠲᠠᠨᠢᠯᠴᠠᠭᠤᠯᠤᠶ᠎ᠠ᠃
国务院政策例行吹风会3.png
          ᠯᠢ ᠯᠢᠶᠠᠩ ᠱᠧᠩ  ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ  ᠯᠢ ᠯᠢᠶᠠᠩ ᠱᠧᠩ᠄  ᠠᠪᠠᠭ᠋ᠠᠢ ᠨᠠᠷ᠂ ᠠᠪᠤᠭᠠᠢ ᠨᠠᠷ᠂ ᠰᠤᠷᠪᠤᠯᠵᠢᠯᠠᠭᠴᠢ ᠨᠠᠶᠢᠵᠠ ᠨᠠᠷ ᠡ᠂ ᠤᠯᠠᠨ ᠢᠶᠠᠷ ᠢᠶᠠᠨ ᠰᠠᠶᠢᠨ ᠪᠠᠶᠢᠨᠤ︕ ᠤᠯᠠᠨ ᠢᠶᠠᠷ ᠢᠶᠠᠨ ᠤᠷᠳᠤ ᠬᠤᠭᠤᠴᠠᠭᠠᠨ ᠤ ᠲᠤᠷᠰᠢ ᠤᠰᠤᠨ ᠠᠰᠢᠭᠯᠠᠯᠲᠠ ᠶᠢᠨ ᠠᠵᠢᠯ ᠪᠣᠯᠤᠨ ᠤᠰᠤ ᠠᠷᠪᠢᠯᠠᠬᠤ ᠠᠵᠢᠯ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃  ᠤᠰᠤ ᠪᠣᠯ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠰᠠᠭᠤᠷᠢ ᠴᠢᠨᠠᠷᠲᠠᠶ ᠪᠠᠶᠢᠭᠠᠯᠢ ᠶᠢᠨ ᠡᠬᠢ ᠪᠠᠶᠠᠯᠢᠭ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠠᠬᠤᠶ ᠶᠢᠨ ᠡᠬᠢ ᠪᠠᠶᠠᠯᠢᠭ ᠮᠥᠨ᠃ ᠬᠥᠮᠦᠨ ᠣᠯᠠᠨ ᠤᠰᠤ ᠪᠠᠭ᠎ᠠ᠂ ᠤᠰᠤᠨ ᠤ ᠡᠬᠢ ᠪᠠᠶᠠᠯᠢᠭ ᠤᠨ ᠬᠤᠭᠤᠴᠠᠭ᠎ᠠ ᠣᠷᠣᠨ ᠵᠠᠢ ᠶᠢᠨ ᠲᠠᠷᠬᠠᠯᠲᠠ ᠨᠢ ᠪᠦᠷ ᠮᠠᠨ ᠤ ᠤᠯᠤᠰ ᠤᠨ ᠦᠨᠳᠦᠰᠦᠨ ᠤᠰᠤᠨ ᠤ ᠪᠠᠶᠢᠳᠠᠯ ᠪᠤᠯᠤᠨ᠎ᠠ᠃ ᠮᠠᠨ ᠤ ᠤᠯᠤᠰ ᠤᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠬᠡᠳᠦ᠋ᠢᠪᠡᠷ ᠳᠡᠯᠡᠬᠡᠶ ᠶᠢᠨ ᠵᠢᠷᠭᠤᠳᠤᠭᠠᠷ ᠲᠤ ᠣᠷᠣᠵᠤ ᠪᠠᠶᠢᠭ᠎ᠠ ᠪᠣᠯᠪᠠᠴᠤ ᠬᠥᠮᠦᠨ ᠪᠦᠷᠢ ᠶᠢᠨ ᠳᠤᠮᠳᠠᠴᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠵᠥᠪᠬᠡᠨ ᠳᠡᠯᠡᠬᠡᠶ ᠶᠢᠨ ᠳᠤᠮᠳᠠᠴᠢ ᠬᠢᠷᠢ ᠬᠡᠮᠵᠢᠶᠡᠨ ᠤ 35% ᠳᠤ ᠬᠦᠷᠴᠦ᠂ ᠪᠦᠬᠦ ᠤᠯᠤᠰ ᠤᠨ ᠪᠠᠷᠤᠭ ᠭᠤᠷᠪᠠᠨ ᠤ ᠬᠤᠶᠠᠷ ᠬᠤᠪᠢ ᠶᠢᠨ ᠬᠤᠲᠠ ᠳᠤ ᠠᠳᠠᠯᠢ ᠪᠤᠰᠤ ᠬᠡᠮᠵᠢᠶ᠎ᠡ ᠪᠠᠷ ᠤᠰᠤ ᠳᠤᠲᠠᠭᠳᠠᠵᠤ ᠪᠠᠶᠢᠨ᠎ᠠ᠃ ᠤᠰᠤᠨ ᠤ ᠡᠬᠢ ᠪᠠᠶᠠᠯᠢᠭ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ ᠳᠤ ᠤᠰᠤ ᠠᠷᠪᠢᠯᠠᠬᠤ ᠪᠣᠯ ᠦᠨᠳᠦᠰᠦᠨ ᠭᠠᠷᠬᠤ ᠵᠠᠮ ᠮᠥᠨ᠃  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠤᠰᠤ ᠠᠷᠪᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠤᠢ᠃ ᠶᠡᠷᠦᠩᠬᠡᠶ ᠱᠦᠵᠢ ᠰᠢ ᠶᠢᠨ ᠫᠢᠩ ᠡᠭᠦᠳᠦᠯᠲᠡ ᠶᠢᠨ ᠴᠢᠨᠠᠷᠲᠠᠶ ᠪᠠᠷ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠳᠤᠷᠠᠳᠤᠨ ᠭᠠᠷᠭᠠᠵᠤ᠂ ᠤᠰᠤ ᠠᠷᠪᠢᠯᠠᠬᠤ ᠶᠢ ᠡᠩ ᠲᠡᠷᠢᠭᠦᠨ ᠪᠠᠶᠢᠷᠢᠨ ᠳᠤ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠬᠤ ᠳᠤ ᠪᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠨ ᠣᠷᠣᠭᠤᠯᠬᠤ ᠬᠡᠷᠡᠭᠲᠡᠢ︔ ᠦᠵᠡᠯᠲᠡ᠂ ᠤᠬᠠᠮᠰᠠᠷ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ ᠠᠴᠠ ᠴᠥᠮ ᠤᠰᠤ ᠠᠷᠪᠢᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ︔ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠬᠥᠮᠥᠨ ᠠᠮᠠ᠂ ᠬᠤᠲᠠ ᠪᠠ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠢ ᠲᠥᠯᠥᠪᠵᠢᠭᠦᠯᠵᠦ᠂ ᠵᠦᠢ ᠵᠣᠬᠢᠰ ᠦᠭᠡᠢ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠢᠵᠠᠭᠠᠷᠯᠠᠵᠤ᠂ ᠤᠰᠤ ᠠᠷᠪᠢᠯᠠᠬᠤ ᠠᠵᠤ ᠦᠢᠯᠡᠰ ᠪᠠ ᠮᠡᠷᠭᠡᠵᠢᠯ ᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠶᠢ ᠶᠡᠭᠡ ᠪᠠᠷ ᠠᠬᠢᠭᠤᠯᠵᠤ᠂ ᠪᠥᠬᠦ ᠨᠡᠶᠢᠭᠡᠮ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠠᠶᠢᠭᠰᠠᠨ ᠠᠴᠠ ᠠᠷᠪᠢᠲᠠᠢ ᠡᠷᠴᠢᠮᠯᠢᠭ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃  ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠰᠡᠳᠬᠢᠴᠡ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤ ᠪᠠᠷ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤ ᠠᠷᠪᠢᠯᠠᠬᠤ ᠲᠦᠷᠢᠮ ᠤᠨ ᠲᠦᠷᠦ ᠶᠢᠨ ᠪᠤᠳᠤᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ 2014 ᠣᠨ ᠲᠠᠢ ᠬᠠᠷᠢᠴᠠᠭᠤᠯᠪᠠᠯ᠂ 2023 ᠣᠨ ᠳᠤ᠂ ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢᠭᠡ ᠳᠠᠬᠢᠨ ᠰᠢᠬᠠᠮ ᠨᠡᠮᠡᠭᠳᠡᠭᠰᠡᠨ ᠪᠠᠶᠢᠳᠠᠯ ᠳᠣᠤᠷ᠎ᠠ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠶᠡᠷᠦᠩᠬᠡᠶ ᠳᠡᠭᠡᠨ 6100 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠲᠣᠭᠲᠠᠪᠤᠷᠢᠵᠢᠭᠤᠯᠵᠤ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠲᠣᠰ ᠲᠣᠰ 41.7%᠂ 55.1% ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ 0.530 ᠪᠠᠶᠢᠭᠰᠠᠨ ᠠᠴᠠ ᠪᠠᠨ 0.576 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠣ᠂ ᠡᠩ ᠤᠨ ᠪᠤᠰᠤ ᠤᠰᠤᠨ ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ ᠲᠠᠰᠤᠷᠠᠯᠲᠠ ᠥᠬᠡᠶ ᠥᠷᠭᠡᠳᠴᠦ᠂ ᠪᠥᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠲᠠᠰᠤᠷᠠᠯᠲᠠ ᠥᠬᠡᠶ ᠴᠢᠩᠭᠠᠷᠠᠪᠠ᠃  ᠡᠭᠦᠨ ᠤ ᠬᠠᠮᠲᠤ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠤᠰᠤ ᠬᠡᠷᠡᠭᠯᠡᠬᠦ ᠶᠢ ᠪᠦᠳᠦᠭᠦᠯᠢᠭ᠂ ᠪᠦᠷᠢᠯᠭᠡᠵᠦ ᠪᠠᠶᠢᠭ᠎ᠠ ᠠᠰᠠᠭᠤᠳᠠᠯ ᠢ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠵᠤ᠂ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠬᠢᠨᠠᠯᠲᠠ ᠲᠠᠯᠪᠢᠬᠤ ᠡᠷᠴᠢᠮ ᠢ ᠮᠥᠨ ᠬᠦ ᠴᠢᠩᠭᠠᠳᠬᠠᠬᠤ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠰᠤᠳᠴᠢ ᠱᠠᠭᠠᠷᠳᠠᠯᠭ᠎ᠠ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ︽ᠳᠦᠷᠢᠮ︾ ᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠨ᠂ 3 ᠳ᠋ᠤᠭᠠᠷ ᠰᠠᠷ᠎ᠠ ᠶᠢᠨ 20 ᠤ ᠡᠳᠦᠷ ᠠᠴᠠ ᠵᠢᠩᠬᠢᠨᠢ ᠪᠠᠷ ᠨᠡᠶᠢᠲᠡᠯᠡᠵᠦ᠂ ᠡᠨᠡ ᠵᠢᠯ ᠤᠨ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  ︽ᠲᠦᠷᠢᠮ︾ ᠨᠡᠶᠢᠲᠡ ᠵᠢᠷᠭᠤᠭᠠᠨ ᠪᠦᠯᠦᠭ ᠲᠠᠪᠢᠨ ᠬᠤᠶᠠᠷ ᠵᠦᠢᠯ ᠂ ᠭᠤᠤᠯᠳᠠᠭᠤ ᠳᠣᠤᠷᠠᠬᠢ ᠠᠭᠤᠯᠭ᠎ᠠ ᠶᠢ ᠲᠣᠭᠲᠠᠭᠠᠪᠠ᠄ ᠨᠢᠭᠡ ᠳᠤ᠂ ᠤᠰᠤ ᠠᠷᠪᠢᠯᠠᠬᠤ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠰᠤ ᠠᠷᠪᠢᠯᠠᠬᠤ ᠶᠢ ᠤᠷᠢᠳᠠᠪᠠᠷ ᠬᠡᠷᠡᠭᠵᠢᠭᠦᠯᠬᠦ ᠴᠢᠭᠯᠡᠯᠲᠡ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠪᠠᠶᠢᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠡᠯ᠎ᠡ ᠲᠠᠯ᠎ᠠ ᠶᠢᠨ ᠬᠢᠨ ᠬᠠᠮᠵᠢᠯᠴᠠᠭᠰᠠᠨ᠂ ᠵᠠᠬ᠎ᠠ ᠳᠡᠯᠭᠡᠭᠦᠷ ᠢᠶᠠᠷ ᠵᠣᠬᠢᠴᠠᠭᠤᠯᠤᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ ᠤᠰᠤ ᠠᠷᠪᠢᠯᠠᠬᠤ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ᠂ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠪᠠ᠃ ᠤᠰᠤ ᠠᠷᠪᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠲᠣᠭᠲᠠᠭᠠᠨ᠂ ᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠤᠰᠤ ᠬᠡᠷᠡᠭᠯᠡᠬᠦ ᠨᠢᠭᠡᠴᠢ ᠳᠤ ᠤᠰᠤ ᠶᠢ ᠲᠥᠯᠥᠪᠯᠡᠭᠡᠲᠡᠶ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠤᠰᠤ ᠬᠡᠷᠡᠭᠯᠡᠬᠦ ᠳᠤ ᠬᠡᠮᠵᠢᠶ᠎ᠡ ᠪᠠᠷ ᠨᠢ ᠪᠣᠳᠣᠵᠤ ᠰᠦᠢᠳᠬᠡᠯ ᠬᠤᠷᠢᠶᠠᠬᠤ ᠵᠡᠷᠭᠡ ᠶᠢ ᠬᠡᠷᠡᠭᠵᠢᠭᠦᠯᠬᠦ ᠬᠡᠷᠡᠭᠲᠡᠶ᠃ ᠭᠤᠷᠪᠠ ᠳᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠭᠦᠨ ᠳᠤ ᠤᠰᠤ ᠠᠷᠪᠢᠯᠠᠬᠤ ᠬᠡᠯᠪᠡᠷᠢ ᠶᠢᠨ ᠲᠠᠷᠢᠶᠠᠯᠠᠩ ᠢ ᠢᠳᠡᠪᠬᠢᠲᠡᠶ ᠬᠥᠭᠵᠢᠭᠦᠯᠵᠦ᠂ ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠬᠦ ᠵᠡᠷᠭᠡ ᠶᠢ ᠪᠠᠭᠲᠠᠭᠠᠨ᠎ᠠ︔ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠳᠠᠪᠰᠢᠩᠭᠤᠶ᠂ ᠤᠰᠤ ᠠᠷᠪᠢᠯᠠᠬᠤ ᠮᠡᠷᠭᠡᠵᠢᠯ᠂ ᠤᠷ᠎ᠠ ᠮᠡᠷᠭᠡᠰᠢᠯ ᠪᠠ ᠲᠥᠬᠦᠭᠡᠷᠦᠮᠵᠢ ᠶᠢ ᠬᠡᠷᠡᠭᠯᠡᠬᠦ ᠶᠢ ᠱᠠᠭᠠᠷᠳᠠᠪᠠ︔ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠬᠡᠪ ᠤᠨ ᠪᠤᠰᠤ ᠤᠰᠤ ᠶᠢ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ ᠵᠡᠷᠭᠡ ᠳᠤ ᠣᠷᠣᠭᠤᠯᠤᠨ᠎ᠠ᠃ ᠲᠦᠷᠪᠡ ᠳᠤ᠂ ᠪᠠᠲᠤᠯᠠᠭ᠎ᠠ ᠪᠠ ᠬᠢᠨᠠᠯᠲᠠ ᠶᠢ ᠴᠢᠩᠭᠠᠳᠬᠠᠪᠠ᠃ ᠡᠭᠦᠨ ᠳᠤ ᠲᠠᠷᠢᠶᠠᠯᠠᠩ ᠤᠨ ᠤᠰᠤ ᠬᠡᠷᠡᠭᠯᠡᠬᠦ ᠳᠤ ᠨᠠᠷᠢᠯᠢᠭ ᠣᠨᠣᠴᠠᠲᠠᠶ ᠨᠥᠬᠦᠪᠥᠷᠢ ᠥᠭᠬᠦ ᠲᠣᠭᠲᠠᠴᠠ ᠪᠠ ᠤᠰᠤ ᠠᠷᠪᠢᠯᠠᠬᠤ ᠶᠢᠨ ᠱᠠᠩᠨᠠᠯ ᠤᠨ ᠲᠣᠭᠲᠠᠴᠠ ᠶᠢ ᠪᠦᠷᠢᠨᠰᠢᠭᠦᠯᠬᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠰᠤ ᠠᠷᠪᠢᠯᠠᠬᠤ ᠲᠥᠷᠥᠯ ᠵᠦᠢᠯ ᠳᠤ ᠪᠡᠯᠡ ᠲᠣᠬᠢᠷᠠᠭᠤᠯᠬᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠤᠰᠤ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠳᠡᠮᠵᠢᠵᠦ᠂ ᠤᠰᠤ ᠠᠷᠪᠢᠯᠠᠬᠤ ᠬᠠᠷᠢᠭᠤᠴᠠᠯᠭ᠎ᠠ ᠶᠢᠨ ᠳᠦᠷᠢᠮ ᠪᠠ ᠤᠰᠤ ᠠᠷᠪᠢᠯᠠᠬᠤ ᠶᠢ ᠰᠢᠯᠭᠠᠨ ᠬᠢᠨᠠᠵᠤ ᠦᠨᠡᠯᠡᠬᠦ ᠳᠦᠷᠢᠮ ᠵᠡᠷᠭᠡ ᠶᠢ ᠬᠡᠷᠡᠭᠵᠢᠭᠦᠯᠬᠦ ᠵᠡᠷᠭᠡ ᠶᠢ ᠪᠠᠭᠲᠠᠭᠠᠨ᠎ᠠ᠃ ᠲᠠᠪᠤ ᠳᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠢ ᠴᠢᠩᠭ᠎ᠠ ᠵᠢᠷᠤᠮᠯᠠᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠲᠣᠭᠲᠠᠭᠠᠪᠠ᠃  ᠳᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠤᠰᠤ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠳᠦᠷᠢᠮ︾ ᠢ ᠰᠤᠷᠤᠯᠴᠠᠨ ᠤᠬᠠᠭᠤᠯᠬᠤ ᠶᠢ ᠰᠠᠶᠢᠲᠤᠷ ᠵᠣᠬᠢᠶᠠᠨ ᠪᠠᠶᠢᠭᠤᠯᠵᠤ᠂ ᠢᠵᠢ ᠪᠦᠷᠢᠳᠦᠭᠰᠡᠨ ᠲᠣᠭᠲᠠᠭᠠᠯ ᠢ ᠲᠡᠭᠦᠯᠳᠡᠷᠵᠢᠭᠦᠯᠵᠦ᠂ ᠬᠠᠮᠵᠢᠯᠴᠠᠬᠤ ᠶᠢ ᠴᠢᠩᠭᠠᠳᠬᠠᠵᠤ᠂ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃  ᠪᠢ ᠤᠷᠢᠳᠠᠪᠠᠷ ᠡᠳᠡᠭᠡᠷ ᠢ ᠲᠠᠨᠢᠯᠴᠠᠭᠤᠯᠤᠶ᠎ᠠ᠂ ᠣᠯᠠᠨ ᠳᠤ ᠪᠠᠶᠠᠷᠯᠠᠯ᠎ᠠ︕    ᠰᠢᠩ ᠾᠦᠢ ᠨᠠ᠄  ᠳᠡᠳ᠋ ᠳᠠᠷᠤᠭ᠎ᠠ ᠯᠢ ᠯᠢᠶᠠᠩ ᠱᠧᠨ ᠤ ᠲᠠᠨᠢᠯᠴᠠᠭᠤᠯᠭ᠎ᠠ ᠳᠤ ᠲᠠᠯᠠᠷᠬᠠᠯ᠎ᠠ᠃ ᠣᠳᠣ ᠲᠠ ᠪᠦᠬᠦᠨ ᠤ ᠠᠰᠠᠭᠤᠯᠲᠠ ᠠᠰᠠᠭᠤᠬᠤ ᠶᠢ ᠪᠠᠶᠠᠷᠯᠠᠨ ᠤᠭᠲᠤᠵᠤ ᠪᠠᠶᠢᠨ᠎ᠠ᠂ ᠠᠰᠠᠭᠤᠯᠲᠠ ᠠᠰᠠᠭᠤᠬᠤ ᠠᠴᠠ ᠡᠮᠦᠨ᠎ᠡ ᠪᠠᠶᠢᠭ᠎ᠠ ᠰᠣᠨᠢᠨ ᠮᠡᠳᠡᠭᠡᠨ ᠤ ᠪᠠᠶᠢᠭᠤᠯᠤᠮᠵᠢ ᠪᠠᠨ ᠮᠡᠳᠡᠭᠳᠡᠭᠡᠷᠡᠢ᠃
国务院政策例行吹风会4.png
          ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ︽ᠤᠯᠤᠰ ᠤᠨ ᠤᠰᠤ ᠠᠷᠪᠢᠯᠠᠬᠤ ᠠᠵᠢᠯᠯᠠᠭᠠᠨ ᠤ ᠲᠥᠰᠦᠯ︾ ᠢ 2019 ᠣᠨ ᠤ 4 ᠳ᠋ᠦ᠋ᠭᠡᠷ ᠰᠠᠷ᠎ᠠ ᠳᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠂ ᠲᠡᠭᠡᠪᠡᠯ 5 ᠵᠢᠯ ᠤᠨ ᠲᠤᠷᠰᠢ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ ᠪᠠᠶᠠᠷᠯᠠᠯ᠎ᠠ᠃  ᠯᠢ ᠯᠢᠶᠠᠩ ᠱᠧᠩ ᠬᠠᠷᠢᠭᠤᠯᠬᠤ ᠨᠢ᠄  ᠲᠠᠨ ᠤ ᠠᠰᠠᠭᠤᠭᠰᠠᠨ ᠳᠤ ᠪᠠᠶᠠᠷᠯᠠᠯ᠎ᠠ᠂ ᠡᠨᠡ ᠠᠰᠠᠭᠤᠳᠠᠯ ᠢ ᠪᠢ ᠬᠠᠷᠢᠭᠤᠯᠤᠶ᠎ᠠ᠃ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ 2019 ᠣᠨ ᠳᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠠᠴᠠ ᠬᠢᠨᠠᠨ ᠵᠥᠪᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠶᠠᠮᠤᠨ ᠬᠠᠮᠲᠤᠷᠠᠨ ︽ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠲᠥᠰᠦᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠯᠠᠪᠳᠠᠭᠤᠨ ᠪᠠᠲᠤᠲᠠᠶ ᠠᠵᠢᠯᠯᠠᠨ᠂ ᠡᠯ᠎ᠡ ᠵᠦᠢᠯ ᠤᠨ ᠬᠠᠷᠠᠯᠲᠠ ᠡᠭᠦᠷᠭᠡ ᠢᠯᠡᠳᠲᠡ ᠦᠷ᠎ᠡ ᠪᠦᠲᠦᠮᠵᠢ ᠣᠯᠵᠤ᠂ 4 ᠲᠠᠯ᠎ᠠ ᠳᠤ ᠢᠯᠡᠷᠡᠵᠦ ᠪᠠᠶᠢᠨ᠎ᠠ᠃  ᠨᠢᠭᠡᠳᠦᠭᠡᠷ ᠲᠠᠯ᠎ᠠ ᠪᠠᠷ᠂ ᠡᠵᠡᠮᠳᠡᠬᠦ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ︽ᠲᠥᠰᠦᠯ︾ ᠳᠤ ᠪᠥᠬᠦ ᠤᠯᠤᠰ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠯᠤᠰ ᠤᠨ ᠳᠣᠲᠣᠭᠠᠳᠤ ᠶᠢᠨ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢᠨ 2022 ᠣᠨ ᠤ ᠬᠢᠵᠠᠭᠠᠷᠯᠠᠬᠤ ᠬᠠᠷᠠᠯᠲᠠ ᠶᠢ ᠲᠣᠳᠣᠷᠬᠠᠶᠢᠯᠠᠵᠤ᠂ 2035 ᠣᠨ ᠤ ᠠᠯᠤᠰ ᠤᠨ ᠬᠠᠷᠠᠯᠲᠠ ᠶᠢ ᠳᠤᠷᠠᠳᠪᠠ᠃ ᠴᠢᠷᠮᠠᠶᠢᠯᠭ᠎ᠠ ᠪᠠᠷ ᠳᠡᠮᠵᠢᠨ᠂ 2022 ᠣᠨ ᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠵᠠᠬ᠎ᠠ ᠳᠡᠯᠭᠡᠭᠦᠷ ᠤᠨ ᠲᠣᠭᠲᠠᠴᠠ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠰᠤ ᠠᠷᠪᠢᠯᠠᠬᠤ ᠠᠵᠤ ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠢᠯᠡᠳᠲᠡ ᠦᠷ᠎ᠡ ᠠᠰᠢᠭ ᠢ ᠣᠯᠤᠭᠰᠠᠨ ᠪᠠᠶᠢᠨ᠎ᠠ᠃  ᠬᠤᠶᠠᠳᠤᠭᠠᠷ ᠲᠠᠯ᠎ᠠ ᠪᠠᠷ᠂ ᠭᠤᠣᠯᠳᠠᠯᠭ᠎ᠠ ᠲᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠪᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠢ ᠲᠠᠰᠤᠷᠠᠯᠲᠠ ᠥᠬᠡᠶ ᠴᠢᠩᠭᠠᠳᠬᠠᠵᠤ᠂       80 % ᠠᠴᠠ ᠳᠡᠭᠡᠭᠰᠢᠬᠢ ᠤᠰᠤ ᠬᠡᠷᠡᠭᠯᠡᠬᠦ ᠬᠡᠮᠵᠢᠶ᠎ᠡ ᠶᠢ ᠬᠠᠮᠤᠷᠤᠭᠰᠠᠨ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠰᠢᠰᠲ᠋ᠧᠮ ᠢ ᠪᠠᠶᠢᠭᠤᠯᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮ ᠳᠤ ᠣᠷᠣᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ 234 ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ᠂ 1172 ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ 182 ᠤᠰᠤᠯᠠᠯᠲᠠ ᠶᠢᠨ ᠣᠷᠣᠨ ᠢ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠴᠢᠩᠭᠠᠳᠬᠠᠵᠤ᠂ ᠪᠦᠬᠦ ᠤᠯᠤᠰ ᠤᠨ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠳᠠᠬᠢᠨ ᠳᠠᠪᠲᠠᠨ ᠠᠰᠢᠭᠯᠠᠬᠤ ᠨᠣᠷᠮ᠎ᠠ ᠶᠢ 93% ᠠᠴᠠ ᠳᠡᠭᠡᠭᠰᠢ ᠳᠤ ᠬᠦᠷᠦᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠬᠤ ᠬᠤᠬᠢᠷᠠᠯ ᠢ ᠪᠦᠲᠦᠮᠵᠢᠲᠡᠶ ᠥᠷᠨᠢᠭᠦᠯᠵᠦ᠂ ᠪᠦᠬᠦ ᠤᠯᠤᠰ ᠤᠨ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠬᠤᠬᠢᠷᠠᠬᠤ ᠨᠣᠷᠮ᠎ᠡ ᠶᠢ 10% ᠳᠤ ᠬᠦᠷᠲᠡᠯ᠎ᠡ ᠪᠠᠭᠤᠷᠠᠭᠤᠯᠤᠨ᠎ᠠ᠃ ᠪᠦᠬᠦ ᠤᠯᠤᠰ ᠤᠨ 60% ᠠᠴᠠ ᠳᠡᠭᠡᠭᠰᠢᠬᠢ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠴᠦ᠂ ᠡᠩ ᠤᠨ ᠪᠤᠰᠤ ᠤᠰᠤᠨ ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ 211 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃  ᠭᠤᠷᠪᠠᠳᠤᠭᠠᠷ ᠲᠠᠯ᠎ᠠ ᠪᠠᠷ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠪᠡ᠃ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠲᠠᠷᠢᠶᠠᠨ ᠭᠠᠵᠠᠷ ᠤᠨ ᠲᠠᠯᠠᠪᠠᠶ ᠶᠢ 9 ᠳ᠋ᠦᠩᠰᠢᠭᠤᠷ ᠮᠦ ᠳᠤ ᠬᠦᠷᠦᠭᠦᠯᠵᠦ᠂ ᠬᠤᠲᠠ ᠪᠠᠯᠭᠠᠰᠤ ᠶᠢᠨ ᠤᠰᠤ ᠬᠠᠩᠭᠠᠬᠤ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠦᠨ᠎ᠡ ᠬᠠᠩᠰᠢ ᠶᠢᠨ ᠪᠣᠶ ᠪᠣᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠵᠤ᠂ 10 ᠮᠤᠵᠢ ᠣᠷᠣᠨ ᠳᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠦᠨ᠎ᠡ᠃ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠵᠦ᠂ ᠨᠡᠶᠢᠭᠡᠮ ᠤᠨ ᠬᠥᠷᠥᠩᠭᠡ ᠶᠢ ᠲᠠᠲᠠᠵᠤ ᠤᠰᠤ ᠠᠷᠪᠢᠯᠠᠬᠤ ᠳᠤ ᠣᠷᠣᠭᠤᠯᠤᠨ᠎ᠠ᠃ ᠤᠰᠤ ᠠᠷᠪᠢᠯᠠᠬᠤ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠤᠰᠤ ᠠᠷᠪᠢᠯᠠᠬᠤ ᠤᠯᠤᠰ ᠤᠨ ᠪᠠᠷᠢᠮᠵᠢᠶ᠎ᠠ ᠶᠢ 300 ᠲᠤ ᠬᠦᠷᠦᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠤᠨ ᠬᠢᠨᠠᠨ ᠰᠢᠯᠭᠠᠬᠤ ᠶᠢ ᠬᠡᠷᠡᠭᠵᠢᠭᠦᠯᠵᠦ᠂ ᠤᠰᠤ ᠠᠷᠪᠢᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠬᠤ ᠬᠡᠷᠡᠭᠲᠡᠶ᠃  ᠳᠥᠷᠪᠡᠳᠦᠭᠡᠷ ᠲᠠᠯ᠎ᠠ ᠪᠠᠷ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠲᠠᠰᠤᠷᠠᠯᠲᠠ ᠤᠢᠭᠡᠢ ᠴᠢᠩᠭᠠᠷᠠᠪᠠ᠃ ᠤᠰᠤᠨ ᠠᠰᠢᠭᠯᠠᠯᠲᠠ ᠶᠢᠨ ᠶᠠᠮᠤᠨ ᠲᠦᠷᠦᠭᠦᠯᠡᠨ 20 ᠰᠠᠯᠠᠭ᠎ᠠ ᠮᠥᠴᠢᠷ ᠤᠰᠤ ᠠᠷᠪᠢᠯᠠᠵᠤ ᠬᠡᠷᠡᠭᠯᠡᠬᠦ ᠠᠵᠢᠯ ᠤᠨ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠤᠰᠤ ᠠᠷᠪᠢᠯᠠᠬᠤ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠤᠰᠤ ᠠᠷᠪᠢᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠰᠤ ᠠᠷᠪᠢᠯᠠᠬᠤ ᠲᠥᠷᠥᠯ ᠵᠦᠢᠯ ᠳᠤ ᠪᠡᠯᠡ ᠲᠣᠬᠢᠷᠠᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠠᠷᠠᠳ ᠢᠷᠭᠡᠳ ᠤᠨ ᠤᠰᠤ ᠠᠷᠪᠢᠯᠠᠬᠤ ᠦᠢᠯᠡ ᠠᠵᠢᠯᠯᠠᠭ᠎ᠠ ᠶᠢᠨ ᠵᠢᠷᠤᠮᠵᠢᠯ ᠢ ᠨᠡᠶᠢᠲᠡᠯᠡᠵᠦ᠂ ᠤᠰᠤ ᠠᠷᠪᠢᠯᠠᠬᠤ ᠰᠤᠷᠭᠠᠨ ᠬᠥᠮᠦᠵᠢᠯ ᠤᠨ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠪᠠ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ‍ ᠨᠢᠭᠡ ᠪᠦᠯᠦᠭ ᠲᠠᠯᠠᠪᠠᠶ ᠣᠷᠳᠣᠨ ᠢ ᠪᠠᠶᠢᠭᠤᠯᠵᠤ᠂ ᠠᠷᠠᠳ ᠢᠷᠭᠡᠳ ᠤᠨ ᠤᠰᠤ ᠠᠷᠪᠢᠯᠠᠬᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃  ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠂ ᠤᠰᠤ ᠠᠷᠪᠢᠯᠠᠬᠤ ᠲᠦᠷᠢᠮ ᠲᠥᠷᠥ ᠶᠢᠨ ᠪᠣᠳᠣᠯᠭ᠎ᠠ ᠶᠢ ᠪᠠᠶᠢᠭᠤᠯᠤᠨ ᠪᠦᠷᠢᠨᠰᠢᠬᠦᠯᠵᠦ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠂ ᠤᠰᠤ ᠠᠷᠪᠢᠯᠠᠬᠤ ᠠᠵᠤ ᠦᠢᠯᠡᠰ ᠪᠠ ᠰᠢᠨᠵᠢᠯᠡᠬᠦ ᠤᠬᠠᠭᠠᠨ ᠮᠡᠷᠭᠡᠵᠢᠯ ᠢ ᠬᠦᠴᠦᠯᠡᠨ ᠬᠥᠭᠵᠢᠭᠦᠯᠵᠦ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠶᠢ ᠪᠥᠬᠦ ᠲᠠᠯ᠎ᠠ ᠪᠠᠷ ᠠᠬᠢᠭᠤᠯᠤᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠶᠠᠷᠯᠠᠯ᠎ᠠ᠃
国务院政策例行吹风会5.png
         ᠠᠵᠤ ᠠᠬᠤᠢ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ︽ᠤᠰᠤ ᠶᠢ ᠠᠷᠪᠢᠯᠠᠨ ᠭᠠᠮᠨᠠᠬᠤ ᠲᠦᠷᠢᠮ︾ ᠢ ᠨᠢᠭᠡᠨᠲᠡ ᠨᠡᠶᠢᠲᠡᠯᠡᠭᠰᠡᠨ ᠪᠣᠯᠬᠤᠷ᠂ ᠤᠰᠤᠨ ᠠᠰᠢᠭᠯᠠᠯᠲᠠ ᠶᠢᠨ ᠶᠠᠮᠤᠨ ᠠᠯᠢ ᠬᠡᠳᠦᠨ ᠲᠠᠯ᠎ᠠ ᠠᠴᠠ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠶ︖ ᠪᠠᠶᠠᠷᠯᠠᠯ᠎ᠠ᠃  ᠤᠰᠤᠨ ᠠᠰᠢᠭᠯᠠᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠴᠧᠨ ᠳ᠋ᠠ ᠶᠦᠩ ᠬᠠᠷᠢᠭᠤᠯᠬᠤ ᠨᠢ᠄  ᠬᠠᠤᠯᠢ ᠴᠠᠭᠠᠵᠠ ᠶᠢᠨ ᠠᠮᠢᠵᠢᠷᠠᠯ ᠤᠨ ᠬᠦᠴᠦᠨ ᠪᠣᠯ ᠬᠡᠷᠡᠭᠵᠢᠭᠦᠯᠬᠦ ᠳᠤ ᠪᠤᠢ᠂ ᠬᠠᠤᠯᠢ ᠴᠠᠭᠠᠵᠠ ᠶᠢᠨ ᠡᠷᠬᠡ ᠰᠦᠷ ᠨᠢ ᠴᠦ ᠬᠡᠷᠡᠭᠵᠢᠭᠦᠯᠬᠦ ᠳᠤ ᠪᠤᠢ᠃ ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠤᠰᠤ ᠠᠷᠪᠢᠯᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠭᠡᠵᠦ᠂ ᠤᠰᠤ ᠶᠢ ᠠᠷᠪᠢᠯᠠᠨ ᠬᠡᠷᠡᠭᠯᠡᠬᠦ ᠠᠵᠢᠯ ᠤᠨ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠦᠴᠦᠲᠡᠶ ᠠᠷᠭ᠎ᠠ ᠬᠡᠮᠵᠢᠶ᠎ᠡ ᠠᠪᠴᠤ᠂ ︽ᠲᠦᠷᠢᠮ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃  ᠨᠢᠭᠡ ᠳᠤ᠂ ᠤᠬᠠᠭᠤᠯᠤᠨ ᠲᠤᠭᠤᠰᠢᠯᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ︽ᠲᠦᠷᠢᠮ︾ ᠢ ᠤᠬᠠᠭᠤᠯᠤᠨ ᠲᠤᠭᠤᠰᠢᠯᠠᠭᠤᠯᠬᠤ ᠶᠢ ᠤᠰᠤᠨ ᠠᠰᠢᠭᠯᠠᠯᠲᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠳᠤ ᠣᠷᠣᠭᠤᠯᠵᠤ᠂ ᠰᠤᠷᠤᠯᠴᠠᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠯᠠᠨ ᠵᠦᠢᠯ ᠤᠨ ᠬᠡᠯᠪᠡᠷᠢ ᠪᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠢ ᠶᠢᠨ ᠤᠰᠤᠨ ᠤ ᠡᠳᠦᠷ᠂ ᠳᠤᠮᠳᠠᠳᠤ ᠤᠯᠤᠰ ᠤᠨ ᠤᠰᠤᠨ ᠭᠠᠷᠠᠭ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠭᠠᠨ᠎ᠠ᠂ 3 ᠳ᠋ᠤᠭᠠᠷ ᠰᠠᠷ᠎ᠠ ᠶᠢᠨ 22 ᠤ ᠡᠳᠦᠷ ᠪᠣᠯ ᠳᠡᠯᠡᠬᠡᠢ ᠶᠢᠨ ᠤᠰᠤᠨ ᠤ ᠡᠳᠦᠷ᠂ ᠥᠨᠥᠳᠥᠷ ᠪᠠᠰᠠ ᠳᠤᠮᠳᠠᠳᠤ ᠤᠯᠤᠰ ᠤᠨ ᠤᠰᠤᠨ ᠭᠠᠷᠠᠭ ᠤᠨ ᠬᠤᠭᠤᠴᠠᠭ᠎ᠠ ᠪᠤᠯᠤᠨ᠎ᠠ᠃ ᠪᠦᠬᠦ ᠤᠯᠤᠰ ᠤᠨ ᠤᠰᠤ ᠠᠷᠪᠢᠯᠠᠬᠤ ᠮᠡᠳᠡᠯᠭᠡ ᠶᠢᠨ ᠤᠷᠤᠯᠳᠤᠭᠠᠨ᠂ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠂ ︽ᠤᠰᠤ ᠠᠷᠪᠢᠯᠠᠬᠤ ᠳᠤᠮᠳᠠᠳᠤ ᠤᠯᠤᠰ ᠤᠨ ᠠᠶᠠᠯᠠᠯ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠤᠰᠤ ᠠᠷᠪᠢᠯᠠᠬᠤ ᠡᠯᠴᠢᠨ ᠰᠠᠶᠢᠳ︾ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠤᠰᠤ ᠠᠷᠪᠢᠯᠠᠬᠤ ᠶᠢ ᠤᠬᠠᠭᠤᠯᠵᠤ᠂ ᠨᠡᠶᠢᠭᠡᠮ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠳᠤ ᠣᠷᠣᠯᠴᠠᠭᠤᠯᠵᠤ᠂ ᠤᠰᠤ ᠠᠷᠪᠢᠯᠠᠬᠤ ᠦᠵᠡᠯ ᠤᠬᠠᠮᠰᠠᠷ ᠪᠠ ᠮᠡᠷᠭᠡᠵᠢᠯ ᠴᠢᠳᠠᠪᠤᠷᠢ ᠶᠢ ᠨᠢ ᠨᠡᠮᠡᠭᠳᠡᠭᠦᠯᠦᠨ᠂ ᠪᠦᠬᠦ ᠨᠡᠶᠢᠭᠡᠮ ᠤᠨ ᠤᠰᠤ ᠠᠷᠪᠢᠯᠠᠵᠤ ᠤᠰᠤ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠶ᠃  ᠬᠤᠶᠠᠷ ᠲᠤ᠂ ᠢᠵᠢ ᠪᠦᠷᠢᠳᠦᠭᠦᠯᠬᠦ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠪᠠ᠃ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠲᠦᠷᠢᠮ︾ ᠤᠨ ᠢᠵᠢ ᠪᠥᠷᠢᠳᠦᠭᠦᠯᠬᠦ ᠲᠦᠷᠢᠮ ᠤᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ᠂ ᠪᠥᠬᠦ ᠤᠯᠤᠰ ᠤᠨ ᠤᠰᠤ ᠠᠷᠪᠢᠯᠠᠬᠤ ᠲᠥᠯᠥᠪᠵᠢᠭᠦᠯᠭᠡ᠂ ᠤᠰᠤ ᠬᠡᠷᠡᠭᠯᠡᠬᠦ ᠨᠣᠷᠮ᠎ᠠ᠂ ᠤᠰᠤ ᠠᠷᠪᠢᠯᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ᠂ ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠶᠢ ᠳᠡᠮᠵᠢᠬᠦ ᠵᠡᠷᠭᠡ ᠲᠥᠬᠦᠷ ᠲᠦᠷᠢᠮ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠣᠷᠣᠨ ᠨᠤᠲᠤᠭ ᠢ ᠵᠢᠯᠣᠭᠤᠳᠤᠨ ᠢᠵᠢ ᠪᠥᠷᠢᠳᠦᠭᠦᠯᠬᠦ ᠲᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠵᠠᠰᠠᠪᠤᠷᠢ ᠣᠷᠣᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢ ᠠᠬᠢᠭᠤᠯᠤᠨ᠎ᠠ᠃  ᠭᠤᠷᠪᠠ ᠳᠤ᠂ ᠪᠦᠬᠦ ᠨᠡᠶᠢᠭᠡᠮ ᠤᠨ ᠬᠢᠨ ᠤ ᠤᠰᠤ ᠠᠷᠪᠢᠯᠠᠬᠤ ᠶᠢ ᠲᠦᠯᠬᠢᠨ ᠠᠬᠢᠭᠤᠯᠤᠨ᠎ᠠ᠃ ︽ᠲᠦᠷᠢᠮ︾ ᠤᠨ ᠲᠣᠭᠲᠠᠭᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠪᠠᠷ ᠭᠤᠤᠯᠳᠠᠯᠭ᠎ᠠ ᠪᠣᠯᠭᠠᠨ᠂ ᠪᠥᠬᠦ ᠨᠡᠶᠢᠭᠡᠮ ᠤᠨ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠶᠢ ᠦᠷᠭᠦᠯᠵᠢᠯᠡᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠵᠦᠢ ᠵᠣᠬᠢᠰᠲᠠᠢ ᠲᠤᠬᠢᠷᠠᠭᠤᠯᠵᠤ᠂ ᠠᠮᠢᠳᠤᠷᠠᠯ᠂ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠤᠰᠤ ᠠᠪᠬᠤ᠂ ᠬᠠᠩᠭᠠᠬᠤ᠂ ᠬᠡᠷᠡᠭᠯᠡᠬᠦ᠂ ᠭᠠᠳᠠᠭᠰᠢᠯᠠᠭᠤᠯᠬᠤ ᠪᠦᠬᠦ ᠶᠠᠪᠤᠴᠠ᠂ ᠡᠯ᠎ᠡ ᠭᠤᠭᠴᠤᠭ᠎ᠠ ᠠᠴᠠ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃  ᠳᠥᠷᠪᠡ ᠳᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠤᠰᠤ ᠬᠡᠷᠡᠭᠯᠡᠬᠦ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠴᠢᠩᠭᠠᠳᠬᠠᠵᠤ᠂ ︽ᠳᠦᠷᠢᠮ︾ ᠳᠠᠬᠢ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠬᠡᠷᠡᠭ ᠢᠶᠠᠷ ᠬᠠᠤᠯᠢ ᠲᠠᠶᠢᠯᠪᠤᠷᠢᠯᠠᠬᠤ ᠶᠢ ᠴᠢᠩᠭᠠᠳᠬᠠᠨ᠂ ᠰᠡᠷᠡᠮᠵᠢᠯᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ ᠶᠠᠮᠤᠨ ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠲᠠᠪᠴᠠᠩ ᠵᠡᠷᠭᠡ ᠳᠤ ᠲᠦᠰᠢᠭᠯᠡᠨ᠂ ᠰᠣᠨᠢᠨ ᠮᠡᠳᠡᠭᠡᠨ ᠤ ᠵᠠᠭᠤᠴᠢᠯᠠᠭᠤᠷ ᠪᠠ ᠣᠯᠠᠨ ᠨᠡᠶᠢᠲᠡ ᠶᠢᠨ ᠦᠢᠯᠡᠳᠦᠯ ᠢ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ ᠪᠠᠶᠠᠷᠯᠠᠯ᠎ᠠ᠃
国务院政策例行吹风会6.png
         ᠴᠧᠨ ᠳ᠋ᠠ ᠶᠦᠩ
国务院政策例行吹风会7.png
        ᠰᠢᠨ ᠵᠢᠩ ᠰᠣᠨᠢᠨ ᠤ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ᠬᠤᠲᠠ ᠶᠢᠨ ᠤᠰᠤ ᠠᠷᠪᠢᠯᠠᠬᠤ ᠪᠣᠯ ᠤᠰᠤ ᠠᠷᠪᠢᠯᠠᠬᠤ ᠠᠵᠢᠯ ᠤᠨ ᠴᠢᠬᠤᠯᠠ ᠬᠦᠷᠢᠶ᠎ᠡ ᠪᠣᠯᠤᠨ᠎ᠠ᠂ ᠬᠤᠲᠠ ᠶᠢᠨ ᠤᠰᠤ ᠠᠷᠪᠢᠯᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯᠯᠠᠭ᠎ᠠ ᠥᠷᠨᠢᠭᠦᠯᠦᠭᠰᠡᠨ ᠪᠤᠢ︖ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ ᠪᠠᠶᠠᠷᠯᠠᠯ᠎ᠠ᠃  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠬᠤ᠋ ᠽᠢ ᠵᠢᠶᠠᠨ ᠬᠠᠷᠢᠭᠤᠯᠬᠤ ᠨᠢ᠄  ᠲᠠᠨ ᠤ ᠠᠰᠠᠭᠤᠭᠰᠠᠨ ᠳᠤ ᠪᠠᠶᠠᠷᠯᠠᠯ᠎ᠠ᠃ ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ︽ᠤᠰᠤ ᠪᠠᠷ ᠬᠤᠲᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠦᠨ ᠢ ᠲᠣᠭᠲᠠᠭᠠᠵᠤ᠂ ᠤᠰᠤ ᠪᠠᠷ ᠭᠠᠷᠤᠯᠲᠠ ᠶᠢ ᠲᠣᠭᠲᠠᠭᠠᠬᠤ︾ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠲᠠ ᠶᠢᠨ ᠤᠰᠤ ᠠᠷᠪᠢᠯᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠤᠰᠤ ᠠᠷᠪᠢᠯᠠᠬᠤ ᠱᠠᠭᠠᠷᠳᠠᠯᠭ᠎ᠠ ᠶᠢ ᠬᠤᠲᠠ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ᠤᠰᠤ ᠠᠷᠪᠢᠯᠠᠬᠤ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠣᠬᠢᠬᠤ ᠠᠮᠵᠢᠯᠲᠠ ᠣᠯᠤᠭᠰᠠᠨ ᠪᠠᠶᠢᠨ᠎ᠠ᠃  ᠨᠢᠭᠡ ᠳᠤ᠂ ᠬᠤᠲᠠ ᠶᠢᠨ ᠤᠰᠤ ᠠᠷᠪᠢᠯᠠᠬᠤ ᠳᠦᠷᠢᠮ ᠢ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠤᠲᠠ ᠶᠢᠨ ᠤᠰᠤ ᠠᠷᠪᠢᠯᠠᠬᠤ ᠲᠥᠯᠥᠪᠵᠢᠭᠦᠯᠭᠡ᠂ ᠲᠥᠯᠥᠪᠯᠡᠭᠡ ᠪᠠᠷ ᠤᠰᠤ ᠬᠡᠷᠡᠭᠯᠡᠬᠦ ᠬᠢᠭᠡᠳ ᠨᠣᠷᠮ᠎ᠠ ᠲᠣᠭᠲᠠᠭᠠᠨ ᠬᠠᠮᠢᠶᠠᠷᠬᠤ᠂ ᠤᠰᠤ ᠠᠷᠪᠢᠯᠠᠬᠤ ᠪᠦᠷᠢᠳᠬᠡᠯ ᠵᠡᠷᠭᠡ ᠠᠯᠢ ᠣᠯᠠᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠰᠤ ᠠᠷᠪᠢᠯᠠᠬᠤ ︽ᠭᠤᠷᠪᠠ ᠶᠢ ᠵᠡᠷᠭᠡ ᠳᠤᠨᠢ ᠬᠢᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠨᠢ ᠳᠠᠷᠤᠶ ᠤᠰᠤ ᠠᠷᠪᠢᠯᠠᠬᠤ ᠪᠡᠯᠡᠳᠬᠡᠮᠵᠢ ᠶᠢ ᠭᠤᠤᠯ ᠴᠣᠭᠴᠠ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠵᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠠᠪᠤᠳᠠᠯ ᠪᠣᠯᠤᠨ᠎ᠠ᠃ ᠬᠤᠲᠠ ᠶᠢᠨ ᠤᠰᠤ ᠠᠷᠪᠢᠯᠠᠬᠤ ᠵᠢᠯᠣᠭᠤᠳᠬᠤ ᠰᠠᠨᠠᠯ᠂ ᠠᠵᠢᠯ ᠤᠨ ᠵᠦᠭᠯᠡᠭᠦᠷ ᠢ ᠤᠷᠢᠳ ᠬᠤᠵᠢᠳ ᠨᠡᠶᠢᠲᠡᠯᠡᠵᠦ᠂ ᠡᠯ᠎ᠡ ᠭᠠᠵᠠᠷ ᠤᠨ ᠬᠤᠲᠠ ᠶᠢᠨ ᠤᠰᠤ ᠠᠷᠪᠢᠯᠠᠬᠤ ᠠᠵᠢᠯ ᠢ ᠰᠢᠰᠲ᠋ᠧᠮᠵᠢᠭᠦᠯᠬᠦ᠂ ᠵᠢᠷᠤᠮᠵᠢᠭᠤᠯᠤᠨ ᠠᠬᠢᠭᠤᠯᠬᠤ ᠶᠢ ᠵᠢᠯᠣᠭᠤᠳᠪᠠ᠃  ᠬᠤᠶᠠᠷ ᠲᠤ᠂ ᠪᠠᠷᠢᠮᠵᠢᠶ᠎ᠠ ᠵᠢᠷᠤᠮᠵᠢᠭᠰᠠᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠤᠰᠤ ᠠᠷᠪᠢᠯᠠᠬᠤ᠂ ᠪᠣᠬᠢᠷ ᠤᠰᠤ ᠶᠢ ᠳᠠᠬᠢᠨ ᠠᠰᠢᠭᠯᠠᠬᠤ᠂ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠭᠳᠠᠬᠤ ᠶᠢ ᠡᠵᠡᠮᠳᠡᠬᠦ᠂ ᠪᠣᠬᠢᠷᠲᠤᠯ ᠥᠬᠡᠶ ᠪᠠᠷᠢᠯᠭ᠎ᠠ ᠵᠡᠷᠭᠡ ᠰᠢᠷᠢᠰ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠵᠤ᠂ ᠪᠠᠷᠢᠮᠵᠢᠶ᠎ᠠ ᠶᠢ ᠵᠢᠷᠤᠮᠵᠢᠭᠤᠯᠤᠨ ᠬᠢᠵᠠᠭᠠᠷᠯᠠᠬᠤ ᠪᠠᠷ ᠳᠠᠮᠵᠢᠭᠤᠯᠤᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠠᠬᠢᠭᠤᠯᠪᠠ᠃ ᠮᠠᠨ ᠤ ᠬᠠᠵᠠᠭᠤ ᠳᠠᠬᠢ ᠵᠢᠱᠢᠶ᠎ᠡ ᠲᠠᠲᠠᠬᠤ ᠳᠤ᠂ ᠪᠢᠳᠡ ᠤᠰᠤ ᠠᠷᠪᠢᠯᠠᠬᠤ ᠬᠡᠯᠪᠡᠷᠢ ᠶᠢᠨ ᠭᠤᠭᠤᠵᠢᠭᠤᠷ ᠢ ᠳᠡᠯᠭᠡᠷᠡᠭᠦᠯᠬᠦ ᠶᠢ ᠱᠠᠭᠠᠷᠳᠠᠵᠤ᠂ ᠤᠰᠤ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠪᠠᠷ ᠪᠠᠷᠠᠬᠤ ᠦᠭᠡᠢ ᠪᠠᠰᠠ ᠤᠰᠤ ᠬᠡᠷᠡᠭᠯᠡᠬᠦ ᠶᠢᠨ ᠲᠠᠭᠠᠯᠠᠮᠵᠢᠲᠠᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠂ ᠡᠨᠡ ᠲᠠᠯ᠎ᠠ ᠪᠠᠷ ᠠᠷᠠᠳ ᠤᠯᠠᠨ ᠮᠠᠰᠢ ᠪᠠᠶᠠᠷᠯᠠᠨ ᠤᠭᠲᠤᠵᠤ ᠪᠠᠶᠢᠨ᠎ᠠ᠃  ᠭᠤᠷᠪᠠ ᠳᠤ᠂ ᠤᠰᠤ ᠠᠷᠪᠢᠯᠠᠬᠤ ᠮᠠᠶ᠋ᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠰᠤ ᠬᠡᠷᠡᠭᠯᠡᠬᠦ ᠬᠦᠴᠦᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ 2022 ᠣᠨ ᠳᠤ᠂ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠰᠢᠨ᠎ᠡ ᠨᠢᠭᠡ ᠨᠢᠭᠤᠷ ᠤᠨ ᠬᠤᠳᠠ ᠶᠢᠨ ᠦᠨᠡᠯᠡᠯᠲᠡ ᠶᠢᠨ ᠪᠠᠷᠢᠮᠵᠢᠶ᠎ᠠ ᠶᠢ ᠨᠡᠶᠢᠲᠡᠯᠡᠵᠦ᠂ ᠡᠯ᠎ᠡ ᠭᠠᠵᠠᠷ ᠢ ᠬᠦᠳᠦᠯᠦᠨ ᠳᠠᠭᠠᠭᠤᠯᠵᠤ ᠪᠠᠶᠢᠭᠠᠳ ᠬᠤᠳᠠ ᠶᠢᠨ ᠤᠰᠤ ᠠᠷᠪᠢᠯᠠᠬᠤ ᠶᠢ ᠠᠬᠢᠭᠤᠯᠵᠤ᠂ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠡᠯ᠎ᠡ ᠵᠦᠢᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠠ᠃ 32 ᠵᠢᠯ ᠳᠠᠷᠠᠭᠠᠯᠠᠨ ︽ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠡᠷᠭᠢᠯᠡᠵᠦ᠂ ᠤᠰᠤ ᠠᠷᠪᠢᠯᠠᠬᠤ ᠬᠡᠯᠪᠡᠷᠢ ᠶᠢᠨ ᠨᠢᠭᠡᠴᠢ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ ᠵᠢᠵᠢᠭ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠨᠡᠶᠢᠭᠡᠮ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃ ᠪᠥᠬᠦ ᠤᠯᠤᠰ ᠲᠤ ᠨᠡᠶᠢᠲᠡ 11 ᠪᠦᠯᠦᠭ ᠤᠯᠤᠰ ᠤᠨ ᠤᠰᠤ ᠠᠷᠪᠢᠯᠠᠬᠤ ᠬᠡᠯᠪᠡᠷᠢ ᠶᠢᠨ 145 ᠬᠤᠲᠠ ᠶᠢ ᠪᠠᠶᠢᠭᠤᠯᠪᠠ᠃ ᠡᠭᠦᠨ ᠤ ᠬᠠᠮᠲᠤ᠂ ᠪᠢᠳᠡ ᠬᠤᠲᠠ ᠪᠠᠯᠭᠠᠰᠤᠨ ᠤ ᠪᠣᠬᠢᠷ ᠤᠰᠤ ᠶᠢ ᠳᠠᠬᠢᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠳᠠᠬᠢᠯᠲᠠ ᠤᠰᠤᠨ ᠤ ᠦᠢᠯᠡᠳᠪᠦᠷᠢᠯᠡᠯ᠂ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ 116 ᠬᠤᠲᠠ ᠯᠤᠭ᠎ᠠ ᠳᠠᠬᠢᠯᠲᠠ ᠤᠰᠤ ᠶᠢ ᠠᠰᠢᠭᠯᠠᠬᠤ ᠬᠠᠮᠢᠶ᠎ᠠ ᠪᠦᠬᠦᠢ ᠲᠤᠷᠰᠢᠯᠲᠠ ᠶᠢ ᠥᠷᠨᠢᠭᠦᠯᠵᠦ᠂ ᠪᠦᠬᠦ ᠤᠯᠤᠰ ᠤᠨ ᠬᠤᠲᠠ ᠯᠤᠭ᠎ᠠ ᠵᠢᠯ ᠪᠦᠷᠢ ᠶᠢᠨ ᠳᠠᠬᠢᠯᠲᠠ ᠤᠰᠤᠨ ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ ᠶᠢ ᠪᠠᠷᠤᠭ 180 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠶᠠᠪᠤᠭᠳᠠᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 29% ᠳᠤ ᠬᠦᠷᠭᠡᠨ᠎ᠡ᠃ 2015 ᠣᠨ ᠠᠴᠠ ᠨᠠᠭᠠᠰᠢ᠂ ᠪᠢᠳᠡ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠪᠦᠬᠦ ᠤᠯᠤᠰ ᠤᠨ 90 ᠬᠤᠲᠠ ᠳᠤ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠵᠦ᠂ ᠪᠣᠷᠣᠭᠠᠨ ᠤ ᠤᠰᠤ ᠶᠢ ᠠᠶᠠᠨᠳᠠᠭᠠᠨ ᠬᠠᠳᠠᠭᠠᠯᠠᠬᠤ᠂ ᠠᠶᠠᠨᠳᠠᠭᠠᠨ ᠨᠡᠪᠴᠢᠬᠦ᠂ ᠠᠶᠠᠨᠳᠠᠭᠠᠨ ᠴᠡᠪᠡᠷᠰᠢᠭᠦᠯᠬᠦ ᠶᠢ ᠪᠡᠶᠡᠯᠡᠭᠦᠯᠵᠦ᠂ ᠪᠣᠷᠣᠭᠠᠨ ᠤ ᠤᠰᠤᠨ ᠤ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠰᠢᠩᠭᠡᠭᠡᠬᠦ᠂ ᠲᠤᠬᠠᠶ ᠶᠢᠨ ᠭᠠᠵᠠᠷ ᠲᠤᠨᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃  ᠲᠠᠷᠠᠭᠠᠴᠢ ᠶᠢᠨ ᠠᠯᠬᠤᠮ ᠳᠤ᠂ ᠪᠢᠳᠡ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠡᠯ᠎ᠡ ᠭᠠᠵᠠᠷ ᠢ ᠵᠢᠯᠣᠭᠤᠳᠤᠨ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ       ᠠᠳᠬᠤᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠪᠠᠶᠠᠷᠯᠠᠯ᠎ᠠ᠃
国务院政策例行吹风会8.png
         ᠬᠤ᠋ ᠽᠢ ᠵᠢᠶᠠᠨ
国务院政策例行吹风会9.png
         ᠬᠤᠩ ᠰᠢᠩ ᠰᠣᠨᠢᠨ ᠮᠡᠳᠡᠭᠡᠨ ᠤ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ᠪᠢᠳᠠ ︽ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠦᠰᠦᠯ︾᠂ ︽ᠤᠰᠤ ᠶᠢ ᠠᠷᠪᠢᠯᠠᠨ ᠭᠠᠮᠨᠠᠬᠤ ᠲᠦᠷᠢᠮ︾ ᠳᠤ ᠴᠦᠮ ᠤᠰᠤᠨ ᠤ ᠠᠰᠢᠭᠯᠠᠮᠵᠢ ᠶᠢᠨ ᠲᠡᠮᠳᠡᠭ ᠤᠨ ᠬᠠᠮᠢᠶᠠᠷᠤᠯᠳᠠ ᠶᠢ ᠲᠤᠷᠠᠳᠴᠤ᠂ ︽ᠤᠰᠤᠨ ᠤ ᠠᠰᠢᠭᠯᠠᠮᠵᠢ ᠶᠢᠨ ᠲᠡᠮᠳᠡᠭ︾ ᠤᠨ ᠨᠢᠭᠡᠨᠳᠡ ᠦᠷᠨᠢᠬᠦᠯᠵᠦ ᠪᠠᠶᠢᠭ᠎ᠠ ᠠᠵᠢᠯ ᠪᠤᠯᠤᠨ ᠦᠷ᠎ᠡ ᠪᠦᠳᠦᠮᠵᠢ ᠶᠢ ᠲᠠᠨᠢᠯᠴᠠᠭᠤᠯᠵᠦ ᠴᠢᠳᠠᠨ᠎ᠠ ᠤᠤ︖ ᠪᠠᠶᠠᠷᠯᠠᠯ᠎ᠠ᠃  ᠤᠯᠤᠰ ᠤᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠤᠷᠭᠠᠨ ᠤ ᠬᠠᠷᠢᠭᠤᠴᠠᠯᠭᠠᠲᠠᠨ ᠨᠢᠦ ᠪᠥᠸᠧ ᠬᠠᠷᠢᠭᠤᠯᠬᠤ ᠨᠢ᠄  ᠰᠤᠷᠪᠤᠯᠵᠢᠯᠠᠭᠴᠢ ᠶᠢᠨ ᠠᠰᠠᠭᠤᠯᠲᠠ ᠳᠤ ᠲᠠᠯᠠᠷᠬᠠᠵᠤ ᠪᠠᠶᠢᠨ᠎ᠠ᠃ ᠤᠰᠤᠨ ᠤ ᠠᠰᠢᠭᠯᠠᠮᠵᠢ ᠶᠢᠨ ᠲᠡᠮᠳᠡᠭ ᠤᠨ ᠳᠦᠷᠢᠮ ᠪᠣᠯ ᠮᠠᠨ ᠤ ᠤᠯᠤᠰ ᠤᠨ ᠤᠰᠤ ᠠᠷᠪᠢᠯᠠᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠴᠢᠬᠤᠯᠠ ᠰᠢᠨ᠎ᠡ ᠡᠭᠦᠳᠦᠯᠲᠡ ᠮᠥᠨ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠣᠤᠷᠠᠬᠢ ᠵᠠᠰᠠᠭ ᠤᠨ ᠣᠷᠳᠣᠨ ᠤ ᠤᠰᠤ ᠬᠡᠷᠡᠭᠯᠡᠬᠦ ᠦᠢᠯᠡᠳᠬᠦᠨ ᠤ ᠬᠠᠮᠢᠶᠠᠷᠤᠯᠲᠠ ᠳᠠᠬᠢ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠪᠠᠰᠠ ᠴᠤ ᠤᠰᠤ ᠬᠡᠷᠡᠭᠯᠡᠬᠦ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠮᠠᠨ ᠤ ᠤᠯᠤᠰ ᠤᠨ ᠤᠰᠤ ᠬᠡᠷᠡᠭᠯᠡᠬᠦ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠣᠯᠠᠨ ᠤᠯᠤᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ ᠣᠯᠠᠨ ᠤᠯᠤᠰ ᠤᠨ ᠬᠠᠷᠢᠯᠴᠠᠨ ᠮᠡᠳᠡᠷᠡᠬᠦ ᠶᠢ ᠴᠢᠩᠭᠠᠳᠬᠠᠬᠤ ᠴᠢᠬᠤᠯᠠ ᠭᠠᠷᠳᠠᠴᠠ ᠮᠥᠨ᠃ 2017 ᠣᠨ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠰᠤᠨ ᠠᠰᠢᠭᠯᠠᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠤᠰᠤᠨ ᠤ ᠠᠰᠢᠭᠯᠠᠮᠵᠢ ᠶᠢᠨ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠮᠠᠨ ᠤ ᠤᠯᠤᠰ ᠤᠰᠤᠨ ᠤ ᠠᠰᠢᠭᠯᠠᠮᠵᠢ ᠶᠢᠨ ᠲᠡᠮᠳᠡᠭ ᠤᠨ ᠳᠦᠷᠢᠮ ᠢ ᠵᠢᠩᠬᠢᠨᠢ ᠪᠠᠷ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃ ᠬᠡᠷᠡᠭᠵᠢᠭᠦᠯᠦᠭᠰᠡᠨ ᠠᠴᠠ ᠨᠠᠭᠠᠰᠢ᠂ ᠵᠠᠷᠢᠮ ᠦᠷ᠎ᠡ ᠪᠦᠲᠦᠮᠵᠢ ᠤᠯᠵᠠᠢ᠃  ᠨᠢᠭᠡ ᠳᠤ᠂ ᠳᠥᠷᠪᠡᠨ ᠪᠦᠯᠦᠭ ᠬᠡᠷᠡᠭᠵᠢᠭᠦᠯᠬᠦ ᠭᠠᠷᠴᠠᠭ ᠢ ᠨᠡᠶᠢᠲᠡᠯᠡᠪᠡ᠃ 2018 ᠣᠨ ᠠᠴᠠ ᠨᠠᠭᠠᠰᠢ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠥᠷᠪᠡᠨ ᠪᠦᠯᠦᠭ ᠤᠰᠤᠨ ᠤ ᠠᠰᠢᠭᠯᠠᠮᠵᠢ ᠶᠢᠨ ᠢᠯᠡᠳᠬᠡᠮᠵᠢ ᠶᠢᠨ ᠬᠡᠷᠡᠭᠵᠢᠭᠦᠯᠬᠦ ᠭᠠᠷᠴᠠᠭ ᠢ ᠵᠠᠯᠭᠠᠭ᠎ᠠ ᠪᠠᠷ ᠨᠡᠶᠢᠲᠡᠯᠡᠵᠦ᠂ ᠳᠥᠭᠦᠮ ᠳᠥᠲᠡ᠂ ᠰᠦᠷᠴᠢᠭᠦᠷ᠂ ᠤᠰᠤ ᠴᠡᠪᠡᠷᠰᠢᠭᠦᠯᠬᠦ ᠮᠠᠰᠢᠨ᠂ ᠤᠶᠤᠨᠲᠤ ᠰᠠᠭᠤᠯᠳᠠᠭᠤᠷ᠂ ᠠᠶᠠᠭ᠎ᠠ ᠤᠬᠢᠶᠠᠬᠤ ᠮᠠᠰᠢᠨ᠂ ᠤᠰᠤᠨ ᠠᠮᠠ ᠵᠡᠷᠭᠡ 6 ᠲᠥᠷᠥᠯ ᠤᠨ ᠠᠮᠢᠳᠤᠷᠠᠯ ᠳᠤ ᠬᠡᠷᠡᠭᠯᠡᠬᠦ ᠤᠰᠤᠨ ᠤ ᠦᠢᠯᠡᠳᠭᠦᠨ ᠢ ᠤᠰᠤᠨ ᠤ ᠠᠰᠢᠭᠯᠠᠮᠵᠢ ᠶᠢᠨ ᠲᠡᠮᠳᠡᠭ ᠤᠨ ᠬᠠᠮᠢᠶᠠᠷᠤᠯᠲᠠ ᠳᠤ ᠣᠷᠣᠭᠤᠯᠪᠠ᠃ ᠬᠤᠶᠠᠷ ᠲᠤ᠂ ᠤᠰᠤᠨ ᠤ ᠠᠰᠢᠭᠯᠠᠮᠵᠢ ᠶᠢᠨ ᠢᠯᠭᠠᠬᠤ ᠲᠥᠬᠦᠭᠡᠷᠦᠮᠵᠢ ᠶᠢᠨ ᠳᠠᠩᠰᠠᠯᠠᠯᠲᠠ ᠶᠢ ᠠᠬᠢᠭᠤᠯᠤᠨ᠎ᠠ᠃ ᠤᠰᠤᠨ ᠤ ᠠᠰᠢᠭᠯᠠᠮᠵᠢ ᠶᠢᠨ ᠲᠡᠮᠳᠡᠭ ᠤᠨ ᠲᠥᠬᠦᠭᠡᠷᠦᠮᠵᠢ ᠶᠢᠨ ᠠᠵᠤ ᠠᠬᠤᠶᠢᠯᠠᠯ ᠣᠳᠣᠬᠠᠨ ᠳᠤ 1.1 ᠲᠦᠮᠡ ᠶᠢ ᠳᠠᠪᠠᠵᠤ᠂ ᠳᠠᠩᠰᠠᠯᠠᠭᠤᠯᠤᠭᠰᠠᠨ ᠦᠢᠯᠡᠳᠬᠦᠨ ᠤ ᠬᠡᠯᠪᠡᠷᠢ ᠮᠠᠶ᠋ᠢᠭ ᠨᠢ 11 ᠲᠦᠮᠡ ᠭᠠᠷᠤᠶ ᠬᠤᠪᠢ ᠬᠦᠷᠴᠦ᠂ ᠤᠰᠤ ᠠᠷᠪᠢᠯᠠᠬᠤ ᠬᠡᠯᠪᠡᠷᠢ ᠶᠢᠨ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠠᠯᠬᠤᠮ ᠠᠯᠬᠤᠮ ᠢᠶᠠᠷ ᠳᠡᠭᠡᠭᠰᠢᠯᠡᠪᠡ᠃ ᠭᠤᠷᠪᠠ ᠳᠤ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠰᠤᠨ ᠤ ᠠᠰᠢᠭᠯᠠᠮᠵᠢ ᠶᠢᠨ ᠢᠯᠡᠳᠬᠡᠮᠵᠢ ᠶᠢᠨ ᠰᠠᠭᠤᠷᠢᠨ ᠳᠡᠭᠡᠷ᠎ᠡ᠂ 2016 ᠣᠨ ᠠᠴᠠ ᠡᠬᠢᠯᠡᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠤᠰᠤ ᠬᠡᠷᠡᠭᠯᠡᠬᠦ ᠦᠢᠯᠡᠳᠬᠦᠨ᠂ ᠤᠰᠤᠯᠠᠯᠲᠠ ᠶᠢᠨ ᠣᠷᠣᠨ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠨᠡᠶᠢᠲᠡᠯᠡᠵᠦ᠂ ᠬᠡᠪ ᠳᠠᠭᠤᠷᠢᠶᠠᠯ᠂ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ᠂ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠤᠯ ᠢ ᠪᠣᠶ ᠪᠣᠯᠭᠠᠬᠤ ᠪᠠᠷ ᠳᠠᠮᠵᠢᠭᠤᠯᠤᠨ᠂ ᠤᠰᠤ ᠠᠷᠪᠢᠯᠠᠬᠤ ᠦᠢᠯᠡᠳᠬᠦᠨ᠂ ᠮᠡᠷᠭᠡᠵᠢᠯ᠂ ᠬᠠᠮᠢᠶᠠᠷᠤᠯᠲᠠ ᠵᠡᠷᠭᠡ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠪᠠ᠃  ᠤᠰᠤᠨ ᠤ ᠠᠰᠢᠭᠯᠠᠮᠵᠢ ᠶᠢᠨ ᠲᠡᠮᠳᠡᠭ ᠤᠨ ᠳᠦᠷᠢᠮ ᠢ ᠪᠠᠶᠢᠭᠤᠯᠤᠭᠰᠠᠨ ᠢ ᠬᠠᠩᠭᠠᠯᠭ᠎ᠠ ᠶᠢᠨ ᠲᠠᠯ᠎ᠠ ᠠᠴᠠ ᠦᠵᠡᠪᠡᠯ᠂ ᠤᠰᠤ ᠠᠷᠪᠢᠯᠠᠬᠤ ᠮᠡᠷᠭᠡᠵᠢᠯ ᠤᠨ ᠳᠡᠰ ᠳᠡᠪᠰᠢᠬᠦ ᠶᠢ ᠠᠬᠢᠭᠤᠯᠬᠤ᠂ ᠤᠰᠤ ᠠᠷᠪᠢᠯᠠᠬᠤ ᠦᠢᠯᠡᠳᠬᠦᠨ ᠤ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠬᠦ ᠦᠷ᠎ᠡ ᠪᠦᠲᠦᠮᠵᠢ ᠪᠠᠷ ᠢᠯᠡᠷᠬᠡᠶ ᠪᠠᠶᠢᠬᠤ ᠬᠡᠷᠡᠭᠲᠡᠶ᠃ ᠬᠡᠷᠡᠭᠯᠡᠭᠡᠨ ᠤ ᠲᠠᠯ᠎ᠠ ᠠᠴᠠ ᠠᠪᠴᠤ ᠦᠵᠡᠪᠡᠯ᠂ ᠬᠡᠷᠡᠭᠯᠡᠭᠴᠢᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠤ᠂ ᠮᠠᠨ ᠤ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ ᠴᠢᠳᠠᠨ᠎ᠠ᠃ ᠣᠳᠣᠬᠠᠨ ᠳᠤ᠂ ᠤᠰᠤᠨ ᠤ ᠠᠰᠢᠭᠯᠠᠮᠵᠢ ᠶᠢᠨ ᠲᠡᠮᠳᠡᠭ ᠪᠣᠯ ᠪᠠᠰᠠ ᠴᠤ ᠤᠰᠤ ᠠᠷᠪᠢᠯᠠᠬᠤ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠠ ᠭᠤᠣᠯᠳᠠᠯᠭ᠎ᠠ ᠲᠠᠢ ᠦᠢᠯᠡᠳᠬᠦᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠴᠢᠬᠤᠯᠠ ᠦᠨᠳᠦᠰᠦᠯᠡᠯ ᠪᠠ ᠭᠠᠷᠳᠠᠴᠠ ᠮᠥᠨ᠃ ᠪᠢᠳᠡ ᠤᠰᠤᠨ ᠤ ᠠᠰᠢᠭᠯᠠᠮᠵᠢ ᠶᠢᠨ ᠲᠡᠮᠳᠡᠭ ᠤᠨ ᠳᠦᠷᠢᠮ ᠤᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠨᠡ ᠬᠦ ᠳᠦᠷᠢᠮ ᠤᠨ ᠤᠰᠤ ᠠᠷᠪᠢᠯᠠᠬᠤ ᠠᠵᠢᠯ ᠳᠤ ᠦᠵᠡᠭᠦᠯᠬᠦ ᠴᠢᠬᠤᠯᠠ ᠲᠤᠯᠭᠠᠭᠤᠷᠢᠯᠠᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠪᠠᠶᠠᠷᠯᠠᠯ᠎ᠠ᠃
国务院政策例行吹风会10.png
         ᠨᠢᠦ ᠪᠦᠸᠧ
国务院政策例行吹风会11.png
         ᠵᠠᠷ ᠮᠡᠳᠡᠭᠡᠨ ᠤ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ︽ᠤᠰᠤ ᠶᠢ ᠠᠷᠪᠢᠯᠠᠨ ᠭᠠᠮᠨᠠᠬᠤ ᠲᠦᠷᠢᠮ︾ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠢᠨᠠᠨ ᠵᠥᠪᠯᠡᠵᠦ ᠪᠠᠲᠤᠯᠠᠨ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠡᠯᠪᠡᠷᠢ ᠪᠠᠷ ᠨᠡᠶᠢᠲᠡᠯᠡᠭᠰᠡᠨ ᠶᠤᠮ᠃ ︽ᠳᠦᠷᠢᠮ︾ ᠢ ᠲᠤᠭᠲᠠᠭᠠᠭᠰᠠᠨ ᠶᠡᠷᠦᠩᠬᠡᠶ ᠰᠡᠳᠬᠢᠴᠡ ᠶᠢ ᠲᠠᠨᠢᠯᠴᠠᠭᠤᠯᠵᠤ ᠪᠤᠯᠬᠤ ᠤᠤ︖᠃ ᠪᠠᠶᠠᠷᠯᠠᠯ᠎ᠠ᠃  ᠬᠠᠤᠯᠢ ᠴᠠᠭᠠᠵᠠ ᠶᠢᠨ ᠶᠠᠮᠤᠨ ᠤ ᠬᠠᠤᠯᠢ ᠲᠣᠭᠲᠠᠭᠠᠬᠤ ᠳᠥᠷᠪᠡᠳᠦᠭᠡᠷ ᠲᠣᠪᠴᠢᠶᠠᠨ ᠤ ᠳᠠᠷᠤᠭ᠎ᠠ ᠵᠠᠩ ᠶᠣᠣ ᠪᠥᠸᠧ ᠬᠠᠷᠢᠭᠤᠯᠬᠤ ᠨᠢ᠄  ᠲᠠᠨ ᠤ ᠠᠰᠠᠭᠤᠭᠰᠠᠨ ᠳᠤ ᠪᠠᠶᠠᠷᠯᠠᠯ᠎ᠠ᠃ ︽ᠲᠦᠷᠢᠮ︾ ᠤᠨ ᠶᠡᠷᠦᠩᠬᠡᠶ ᠰᠡᠳᠬᠢᠮᠵᠢ ᠶᠢ ᠡᠷᠬᠡᠪᠰᠢ ︽ᠲᠦᠷᠢᠮ︾ ᠤᠨ ᠬᠠᠤᠯᠢ ᠲᠣᠭᠲᠠᠭᠠᠬᠤ ᠵᠣᠷᠢᠯᠭ᠎ᠠ ᠲᠠᠢ ᠬᠤᠯᠪᠣᠵᠤ᠂ ᠬᠠᠤᠯᠢ ᠲᠣᠭᠲᠠᠭᠠᠬᠤ ᠰᠡᠳᠬᠢᠮᠵᠢ ᠨᠢ ᠬᠠᠤᠯᠢ ᠲᠣᠭᠲᠠᠭᠠᠬᠤ ᠵᠣᠷᠢᠯᠭ᠎ᠠ ᠳᠤ ᠬᠤᠯᠪᠣᠭᠳᠠᠬᠤ ᠪᠥᠭᠡᠳ ᠲᠡᠭᠦᠨ ᠳᠤ ᠦᠢᠯᠡᠴᠢᠯᠡᠬᠦ ᠬᠡᠷᠡᠭᠲᠡᠶ᠃ ︽ᠲᠦᠷᠢᠮ︾ ᠢ ᠲᠣᠭᠲᠠᠭᠠᠬᠤ ᠶᠢᠨ ᠵᠣᠷᠢᠯᠭ᠎ᠠ ᠪᠣᠯ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠵᠤ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠡᠨᠡ ᠬᠦ ᠬᠠᠤᠯᠢ ᠲᠣᠭᠲᠠᠭᠠᠬᠤ ᠵᠣᠷᠢᠯᠭ᠎ᠠ ᠶᠢᠨ ᠲᠣᠭᠤᠷᠢᠨ ᠳᠤ᠂ ︽ᠲᠦᠷᠢᠮ︾ ᠨᠢ ᠶᠡᠷᠦᠩᠬᠡᠶ ᠰᠡᠳᠬᠢᠴᠡ ᠶᠢᠨ ᠲᠠᠯ᠎ᠠ ᠪᠠᠷ ᠭᠤᠤᠯᠳᠠᠭᠤ ᠳᠥᠷᠪᠡᠨ ᠲᠠᠯ᠎ᠠ ᠶᠢ ᠡᠵᠡᠮᠰᠢᠪᠡ᠃  ᠶᠠᠭᠤᠨ ᠤ ᠡᠮᠦᠨ᠎ᠡ᠂ ᠦᠨᠳᠦᠰᠦᠨ ᠤᠰᠤᠨ ᠤ ᠪᠠᠶᠢᠳᠠᠯ ᠳᠤ ᠰᠠᠭᠤᠷᠢᠯᠠᠨ᠎ᠠ᠃ ᠬᠥᠮᠦᠨ ᠠᠷᠪᠢᠨ ᠤᠰᠤ       ᠪᠠᠭ᠎ᠠ᠂ ᠤᠰᠤᠨ ᠤ ᠡᠬᠢ ᠪᠠᠶᠠᠯᠢᠭ ᠤᠨ ᠲᠠᠷᠬᠠᠯᠲᠠ ᠶᠢᠨ ᠲᠡᠩᠴᠡᠭᠦᠷᠢ ᠦᠭᠡᠢ ᠪᠣᠯ ᠮᠠᠨ ᠤ ᠤᠯᠤᠰ ᠤᠨ ᠦᠨᠳᠦᠰᠦᠨ ᠤᠰᠤᠨ ᠤ ᠪᠠᠶᠢᠳᠠᠯ ᠪᠣᠯᠤᠨ᠎ᠠ᠃ ᠬᠥᠮᠦᠨ ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠡᠵᠡᠯᠡᠬᠦ ᠬᠡᠮᠵᠢᠶ᠎ᠡ ᠠᠴᠠ ᠠᠪᠴᠤ ᠬᠡᠯᠡᠪᠡᠯ᠂ ᠮᠠᠨ ᠤ ᠤᠯᠤᠰ ᠵᠥᠪᠬᠡᠨ ᠳᠡᠯᠡᠬᠡᠶ ᠶᠢᠨ ᠳᠤᠮᠳᠠᠴᠢ ᠬᠢᠷᠢ ᠲᠦᠪᠰᠢᠨ ᠤ 35% ᠯᠡ ᠪᠠᠶᠢᠳᠠᠭ᠂ ᠡᠨᠡ ᠬᠦ ᠦᠨᠳᠦᠰᠦᠨ ᠤᠰᠤᠨ ᠤ ᠪᠠᠶᠢᠳᠠᠯ ᠳᠤ ᠰᠠᠭᠤᠷᠢᠯᠠᠪᠠᠯ᠂ ︽ᠲᠦᠷᠢᠮ︾ ᠢ ᠲᠣᠭᠲᠠᠭᠠᠬᠤ ᠳᠤᠮᠳᠠ ᠲᠦᠢᠯ ᠤᠨ ᠭᠤᠤᠯ ᠨᠢᠭᠡ ᠵᠦᠢᠯ ᠮᠥᠨ᠂ ᠳᠠᠷᠤᠶ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠠᠮᠠ᠂ ᠬᠤᠲᠠ᠂ ᠠᠵᠤ ᠦᠢᠯᠡᠰ ᠤᠨ ᠬᠥᠭᠵᠢᠯᠲᠡ ᠪᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ᠃ ᠡᠨᠡ ᠰᠡᠳᠬᠢᠴᠡ ᠨᠢ ︽ᠳᠦᠷᠢᠮ︾ ᠤᠨ ᠡᠯ᠎ᠡ ᠪᠦᠯᠦᠭ ᠤᠨ ᠠᠭᠤᠯᠭ᠎ᠠ ᠳᠤ ᠪᠦᠷ ᠲᠤᠳᠣᠷᠬᠠᠶ ᠢᠯᠡᠷᠡᠯ ᠲᠠᠢ᠃  ᠬᠤᠶᠠᠳᠤᠭᠠᠷ ᠲᠤ᠂ ᠪᠦᠬᠦ ᠲᠠᠯ᠎ᠠ ᠪᠠᠷ ᠰᠢᠰᠲ᠋ᠧᠮ ᠲᠠᠢ ᠪᠣᠯᠭᠠᠬᠤ ᠪᠠᠷ ᠴᠢᠷᠮᠠᠶᠢᠨ᠎ᠠ᠃ ᠤᠰᠤ ᠠᠷᠪᠢᠯᠠᠬᠤ ᠪᠣᠯ ᠰᠢᠰᠲ᠋ᠧᠮᠲᠦ ᠢᠨᠵᠧᠨᠧᠷᠢᠩ ᠮᠥᠨ᠂ ︽ᠲᠦᠷᠢᠮ︾ ᠨᠢ ᠤᠰᠤ ᠠᠷᠪᠢᠯᠠᠬᠤ ᠲᠠᠯ᠎ᠠ ᠶᠢᠨ ᠲᠤᠰᠬᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠭᠰᠠᠨ ᠤ ᠬᠤᠪᠢ ᠳᠤ᠂ ᠤᠰᠤ ᠠᠷᠪᠢᠯᠠᠬᠤ ᠠᠵᠢᠯ ᠢ ᠪᠥᠬᠦ ᠲᠠᠯ᠎ᠠ ᠪᠠᠷ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠪᠥᠬᠦ ᠲᠠᠯ᠎ᠠ ᠪᠠᠷ ᠰᠢᠰᠲ᠋ᠧᠮ ᠲᠠᠢ ᠤᠰᠤ ᠠᠷᠪᠢᠯᠠᠬᠤ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠤᠯᠤᠰ ᠤᠨ ᠤᠰᠤᠨ ᠤ ᠠᠮᠤᠷ ᠲᠦᠪᠰᠢᠨ ᠤ ᠲᠦᠷᠢᠮ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠶ ᠪᠠᠶᠢᠨ᠎ᠠ᠃ ᠣᠯᠠᠨ ᠢᠶᠠᠷ ᠢᠶᠠᠨ ︽ᠳᠦᠷᠢᠮ︾ ᠨᠢ ᠦᠢᠯᠡᠳᠪᠦᠷᠢᠯᠡᠯ ᠤᠨ ᠤᠰᠤ ᠬᠡᠷᠡᠭᠯᠡᠬᠦ ᠶᠢ ᠬᠠᠮᠢᠶᠠᠷᠬᠤ ᠪᠠᠷ ᠪᠠᠷᠠᠬᠤ ᠦᠭᠡᠢ ᠪᠠᠰᠠ ᠠᠮᠢᠳᠤᠷᠠᠯ ᠪᠠ ᠠᠮᠢ ᠠᠬᠤᠢ ᠶᠢᠨ ᠤᠰᠤ ᠬᠡᠷᠡᠭᠯᠡᠬᠦ ᠶᠢ ᠴᠤ ᠬᠠᠮᠢᠶᠠᠷᠴᠤ ᠪᠠᠶᠢᠨ᠎ᠠ︔ ᠲᠠᠷᠢᠶᠠᠯᠠᠩ ᠤᠨ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠬᠠᠮᠤᠷᠤᠭᠰᠠᠨ ᠮᠥᠷᠲᠡᠭᠡᠨ ᠬᠤᠲᠠ ᠶᠢᠨ ᠤᠰᠤ ᠠᠷᠪᠢᠯᠠᠬᠤ ᠶᠢ ᠬᠠᠮᠤᠷᠪᠠ︔ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠭᠰᠡᠨ ᠮᠥᠷᠲᠡᠭᠡᠨ ᠪᠠᠰᠠ ᠤᠰᠤ ᠠᠷᠪᠢᠯᠠᠬᠤ ᠶᠢᠨ ᠬᠢᠨᠠᠯᠲᠠ ᠪᠠ ᠪᠠᠲᠤᠯᠠᠭ᠎ᠠ ᠶᠢ ᠴᠢᠩᠭᠠᠳᠬᠠᠨ᠎ᠠ︔ ᠤᠷᠤᠰᠬᠠᠯ ᠢ ᠠᠷᠪᠢᠯᠠᠬᠤ ᠶᠢ ᠴᠢᠬᠤᠯᠠᠴᠢᠯᠠᠬᠤ ᠮᠥᠷᠲᠡᠭᠡᠨ ᠪᠠᠰᠠ ᠡᠬᠢ ᠰᠤᠷᠪᠤᠯᠵᠢ ᠶᠢ ᠨᠡᠭᠡᠭᠡᠬᠦ ᠶᠢ ᠴᠢᠬᠤᠯᠠᠴᠢᠯᠠᠵᠤ᠂ ᠬᠡᠪ ᠤᠨ ᠤᠰᠤ ᠶᠢ ᠠᠷᠪᠢᠯᠠᠬᠤ ᠶᠢᠨ ᠬᠠᠮᠲᠤ ᠬᠡᠪ ᠤᠨ ᠤᠰᠤᠨ ᠤ ᠠᠰᠢᠭᠯᠠᠯᠲᠠ ᠶᠢ ᠠᠬᠢᠭᠤᠯᠤᠨ᠎ᠠ᠃ ᠡᠶᠢᠮᠦ ᠠᠴᠠ ᠪᠦᠬᠦ ᠲᠠᠯ᠎ᠠ ᠶᠢᠨ ᠰᠢᠰᠲ᠋ᠤᠮᠳᠦ ᠰᠡᠳᠬᠢᠮᠵᠢ ᠶᠢ ᠨᠡᠩ ᠰᠠᠶᠢᠨ ᠢᠯᠡᠷᠡᠭᠦᠯᠬᠦ ᠪᠠᠷ ᠴᠢᠷᠮᠠᠶᠢᠨ᠎ᠠ ᠭᠡᠵᠦ ᠬᠡᠯᠡᠵᠦ ᠪᠣᠯᠣᠨ᠎ᠠ᠃  ᠭᠤᠷᠪᠠᠳᠤᠭᠠᠷ ᠲᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠢ ᠦᠨᠡᠨ ᠬᠦ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢᠨ ᠮᠠᠰᠢ ᠴᠢᠬᠤᠯᠠ ᠨᠢᠭᠡ ᠵᠦᠢᠯ ᠪᠣᠯ ᠳᠠᠷᠤᠢ ᠪᠣᠳᠠᠲᠤ ᠪᠠᠶᠢᠳᠠᠯ ᠲᠠᠢ ᠨᠡᠶᠢᠴᠡᠵᠦ᠂ ᠬᠥᠭᠵᠢᠯᠲᠡ ᠶᠢᠨ ᠱᠠᠳᠤ ᠦᠶ᠎ᠡ ᠠᠴᠠ ᠳᠠᠪᠠᠭᠤᠯᠬᠤ ᠦᠭᠡᠢ ᠪᠠᠶᠢᠬᠤ ᠬᠡᠷᠡᠭᠲᠡᠢ᠃ ᠦᠢᠯᠡᠳᠦᠯᠭᠡ ᠳᠤ᠂ ᠤᠰᠤ ᠠᠷᠪᠢᠯᠠᠬᠤ ᠠᠵᠢᠯ ᠨᠢ ᠮᠠᠰᠢ ᠣᠯᠠᠨ ᠬᠦᠴᠦᠨ ᠵᠦᠢᠯ ᠤᠨ ᠨᠥᠯᠥᠭᠡ ᠪᠠ ᠬᠢᠵᠠᠭᠠᠷᠯᠠᠯ ᠳᠤ ᠤᠴᠠᠷᠠᠪᠠ᠃ ︽ᠳᠦᠷᠢᠮ︾ ᠢ ᠲᠣᠭᠲᠠᠭᠠᠬᠤ ᠳᠤᠮᠳᠠ ᠬᠡᠮᠵᠢᠶ᠎ᠡ ᠶᠢ ᠰᠠᠶᠢᠲᠤᠷ ᠡᠵᠡᠮᠳᠡᠵᠦ᠂ ᠬᠡᠮᠵᠢᠶ᠎ᠡ ᠶᠢ ᠰᠠᠶᠢᠲᠤᠷ ᠡᠵᠡᠮᠰᠢᠬᠦ ᠶᠢ ᠪᠠᠷᠢᠮᠲᠠᠯᠠᠵᠤ᠂ ᠬᠢᠵᠦ ᠳᠡᠶᠢᠯᠬᠦ ᠶᠢ ᠨᠢ ᠲᠣᠳᠣᠷᠬᠠᠢ ᠱᠠᠭᠠᠷᠳᠠᠯᠭ᠎ᠠ ᠳᠤᠷᠠᠳᠤᠨ᠎ᠠ︔ ᠪᠦᠷᠢᠮᠦᠰᠦᠨ ᠭᠦᠢᠴᠡᠳᠬᠡᠬᠦ ᠳᠤ ᠬᠦᠴᠢᠷᠲᠡᠶ ᠪᠠᠶᠢᠪᠠᠯ᠂ ᠬᠢᠵᠦ ᠳᠡᠶᠢᠯᠬᠦ ᠦᠭᠡᠢ ᠪᠤᠶᠤ ᠤᠷᠢᠳᠠᠪᠠᠷ ᠬᠢᠬᠦ ᠶᠢ ᠵᠣᠷᠢᠭᠵᠢᠭᠤᠯᠤᠨ᠎ᠠ︔ ᠬᠢᠵᠦ ᠳᠡᠶᠢᠯᠬᠦ ᠦᠭᠡᠢ ᠪᠣᠯ ᠲᠦᠷ ᠲᠣᠭᠲᠠᠭᠠᠯ ᠭᠠᠷᠭᠠᠬᠤ ᠦᠭᠡᠢ᠃ ᠡᠭᠦᠨ ᠤ ᠵᠣᠷᠢᠯᠭ᠎ᠠ ᠨᠢ ᠳᠠᠷᠤᠢ ᠴᠢᠩᠭ᠎ᠠ ᠵᠢᠷᠤᠮᠵᠢᠭᠤᠨ ᠪᠠᠶᠢᠬᠤ ᠪᠠᠷ ᠪᠠᠷᠠᠬᠤ ᠦᠭᠡᠢ ᠪᠠᠰᠠ ᠦᠨᠡᠨ ᠬᠦ ᠬᠡᠷᠡᠭᠵᠢᠭᠦᠯᠦᠭᠦᠰᠢᠲᠡᠢ ᠪᠠᠶᠢᠬᠤ ᠶᠢ ᠪᠠᠲᠤᠯᠠᠵᠤ᠂ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠵᠦ ᠪᠣᠯᠬᠤ ᠶᠢ ᠪᠠᠲᠤᠯᠠᠬᠤ ᠬᠡᠷᠡᠭᠲᠡᠢ᠃  ᠬᠠᠮᠤᠭ ᠤᠨ ᠰᠡᠭᠦᠯ ᠳᠤ᠂ ᠲᠦᠷᠢᠮ ᠤᠨ ᠵᠣᠯᠭᠠᠯᠴᠠᠭ᠎ᠠ ᠶᠢ ᠰᠠᠶᠢᠲᠤᠷ ᠬᠢᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠵᠢᠱᠢᠶᠡᠯᠡᠪᠡᠯ ᠤᠰᠤᠨ ᠤ ᠬᠠᠤᠯᠢ᠂ ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ᠂ ᠣᠷᠴᠢᠯ ᠠᠵᠤ ᠠᠬᠤᠢ ᠶᠢ ᠠᠬᠢᠭᠤᠯᠬᠤ ᠬᠠᠤᠯᠢ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠠᠷᠭ᠎ᠠ᠂ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ᠂ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ ᠵᠡᠷᠭᠡ ᠲᠠᠯ᠎ᠠ ᠪᠠᠷ ᠴᠥᠮ ᠠᠳᠠᠯᠢ ᠪᠤᠰᠤ ᠲᠠᠯ᠎ᠠ ᠠᠴᠠ ᠤᠰᠤ ᠠᠷᠪᠢᠯᠠᠬᠤ ᠳᠤ ᠵᠣᠬᠢᠴᠠᠩᠭᠤᠢ ᠲᠣᠭᠲᠠᠭᠠᠯ ᠭᠠᠷᠭᠠᠭᠰᠠᠨ ᠪᠠᠶᠢᠨ᠎ᠠ᠃  ︽ᠲᠦᠷᠢᠮ︾ ᠢ ᠲᠣᠭᠲᠠᠭᠠᠬᠤ ᠳᠠᠭᠠᠨ ᠪᠢᠳᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠲᠠᠢ ᠰᠠᠶᠢᠲᠤᠷ ᠵᠣᠯᠭᠠᠯᠳᠤᠭᠤᠯᠬᠤ ᠶᠢ ᠰᠠᠶᠢᠲᠤᠷ ᠬᠢᠵᠦ᠂ ᠲᠦᠷᠢᠮ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠪᠠ᠃ ᠤᠰᠤ ᠠᠷᠪᠢᠯᠠᠬᠤ ᠠᠵᠢᠯ ᠤᠨ ᠦᠢᠯᠡᠳᠦᠯᠭᠡ ᠶᠢᠨ ᠳᠤᠮᠳᠠ᠂ ︽ᠳᠦᠷᠢᠮ︾ ᠤᠨ ᠲᠣᠭᠲᠠᠭᠠᠯ ᠢ ᠬᠡᠷᠡᠭᠵᠢᠭᠦᠯᠬᠦ ᠮᠥᠷᠲᠡᠭᠡᠨ ᠪᠠᠰᠠ ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠪᠤᠰᠤᠳ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ᠃ ᠪᠠᠶᠠᠷᠯᠠᠯ᠎ᠠ᠃
国务院政策例行吹风会12.png
        ᠵᠠᠩ ᠶᠤᠤ ᠪᠦᠸᠧ
国务院政策例行吹风会13.png
        ᠰᠢᠨ᠎ᠡ ᠬᠠᠲᠤᠨ ᠭᠤᠣᠯ ᠤᠨ ᠬᠡᠷᠡᠭᠯᠡᠭᠴᠢ ᠶᠢᠨ ᠦᠵᠦᠭᠦᠷ ᠤᠨ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠮᠥᠨ᠂ ᠪᠠᠰᠠ ᠴᠤ ᠤᠰᠤ ᠠᠷᠪᠢᠯᠠᠬᠤ ᠳᠠᠯᠳᠠ ᠬᠦᠴᠦᠨ ᠮᠥᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠨᠢ ᠲᠠᠷᠢᠶᠠᠴᠢᠳ ᠤᠨ ᠠᠵᠠ ᠵᠢᠷᠭᠠᠯ ᠲᠠᠢ ᠬᠤᠯᠪᠣᠭᠳᠠᠵᠤ᠂ ᠲᠠᠷᠢᠶᠠᠯᠠᠩ ᠤᠨ ᠤᠰᠤ ᠠᠷᠪᠢᠯᠠᠬᠤ ᠵᠢᠴᠢ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠴᠢᠳᠠᠬᠤ ᠡᠰᠡᠬᠦ ᠵᠢᠴᠢ ᠬᠥᠳᠡᠭᠡ ᠲᠣᠰᠬᠤᠨ ᠤ ᠤᠰᠤ ᠬᠠᠩᠭᠠᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠦᠦ︖᠃ ᠪᠠᠶᠠᠷᠯᠠᠯ᠎ᠠ᠃  ᠯᠢ ᠯᠢᠶᠠᠩ ᠱᠧᠩ ᠬᠠᠷᠢᠭᠤᠯᠬᠤ ᠨᠢ᠄  ᠲᠠᠨ ᠤ ᠠᠰᠠᠭᠤᠭᠰᠠᠨ ᠳᠤ ᠪᠠᠶᠠᠷᠯᠠᠯ᠎ᠠ᠂ ᠡᠨᠡ ᠠᠰᠠᠭᠤᠳᠠᠯ ᠢ ᠪᠢ ᠬᠠᠷᠢᠭᠤᠯᠤᠶ᠎ᠠ᠃ ᠶᠠᠭ ᠡᠨᠡ ᠬᠦ ᠰᠤᠷᠪᠤᠯᠵᠢᠯᠠᠭᠴᠢ ᠨᠠᠶᠢᠵᠠ ᠶᠢᠨ ᠬᠡᠯᠡᠬᠦ ᠪᠠᠷ᠂ ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠪᠣᠯᠤᠨ᠎ᠠ᠂ ᠠᠮᠢᠳᠤᠷᠠᠯ᠂ ᠦᠢᠯᠡᠳᠪᠦᠷᠢᠯᠡᠯ ᠵᠢᠴᠢ ᠠᠮᠢ ᠠᠬᠤᠢ ᠶᠢᠨ ᠬᠡᠷᠡᠭᠯᠡᠬᠦ ᠤᠰᠤᠨ ᠤ ᠳᠣᠲᠣᠷ᠎ᠠ᠂ ᠲᠠᠷᠢᠶᠠᠯᠠᠩ ᠤᠨ ᠤᠰᠤ ᠬᠡᠷᠡᠭᠯᠡᠬᠦ ᠬᠡᠮᠵᠢᠶ᠎ᠡ ᠨᠢ ᠶᠡᠷᠦᠩᠬᠡᠢ ᠤᠰᠤ ᠬᠡᠷᠡᠭᠯᠡᠬᠦ ᠬᠡᠮᠵᠢᠶ᠎ᠡ ᠶᠢᠨ 60% ᠶᠢ ᠡᠵᠡᠯᠡᠵᠦ ᠪᠠᠶᠢᠨ᠎ᠠ᠂ ᠢᠢᠮᠦ ᠠᠴᠠ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠰᠠᠢᠲᠤᠷ ᠬᠢᠬᠦ ᠨᠢ ᠮᠠᠨ ᠤ ᠤᠯᠤᠰ ᠤᠨ ᠤᠰᠤᠨ ᠤ ᠠᠮᠤᠷ ᠲᠦᠪᠰᠢᠨ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠤᠯᠪᠣᠭᠳᠠᠬᠤ ᠪᠣᠯᠬᠤᠷ ᠮᠠᠰᠢ ᠴᠢᠬᠤᠯᠠ ᠶᠤᠮ᠃  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠮᠠᠨ ᠤ ᠤᠯᠤᠰ ᠨᠢᠭᠡᠨᠲᠡ 10.55 ᠳ᠋ᠦᠩᠰᠢᠭᠤᠷ ᠮᠦ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠢ ᠪᠠᠶᠢᠭᠤᠯᠵᠤ᠂ ᠪᠦᠬᠦ ᠤᠯᠤᠰ ᠤᠨ 55% ᠶᠢ ᠡᠵᠡᠯᠡᠵᠦ ᠪᠠᠶᠢᠭ᠎ᠠ ᠲᠠᠷᠢᠶᠠᠨ ᠭᠠᠵᠠᠷ ᠤᠨ 77% ᠪᠠ 90% ᠠᠴᠠ ᠳᠡᠭᠡᠭᠰᠢᠬᠢ ᠠᠵᠤ ᠠᠬᠤᠢ ᠶᠢᠨ ᠲᠠᠷᠢᠮᠠᠯ ᠦᠢᠯᠡᠳᠪᠦᠷᠢᠯᠡᠵᠦ᠂ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠨᠡᠮᠡᠭᠳᠡᠬᠦ ᠶᠢ ᠪᠡᠶᠡᠯᠡᠭᠦᠯᠬᠦ ᠶᠢ ᠪᠦᠲᠦᠮᠵᠢᠲᠡᠢ ᠲᠤᠯᠭᠠᠭᠤᠷᠢᠯᠠᠨ ᠪᠠᠲᠤᠯᠠᠵᠤ᠂ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠨᠢ ᠨᠡᠮᠡᠭᠳᠡᠯ ᠦᠭᠡᠢ ᠪᠠᠶᠢᠬᠤ ᠶᠢ ᠪᠡᠶᠡᠯᠡᠭᠦᠯᠪᠡ᠃ ᠭᠤᠣᠯᠳᠠᠭᠤ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠠᠪᠴᠠᠢ᠄  ᠨᠢᠭᠡ ᠳᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠦᠨ᠎ᠡ᠃ ᠤᠷᠢᠳ ᠬᠤᠵᠢᠳ ᠵᠡᠭᠦᠨ ᠬᠤᠶᠢᠲᠤ ᠣᠷᠣᠨ ᠤ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ᠂ ᠤᠮᠠᠷᠠᠲᠤ ᠣᠷᠣᠨ ᠤ ᠤᠰᠤ ᠠᠷᠪᠢᠯᠠᠬᠤ ᠳᠠᠷᠤᠯᠲᠠ ᠠᠪᠬᠤ᠂ ᠪᠠᠷᠠᠭᠤᠨ ᠬᠤᠶᠢᠲᠤ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠡᠮᠦᠨᠡᠲᠦ ᠣᠷᠣᠨ ᠤ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠣᠷᠣᠨ ᠪᠦᠰᠡ ᠶᠢᠨ ᠬᠡᠪᠴᠢᠶᠡᠵᠢᠭᠰᠡᠨ ᠤᠰᠤ ᠠᠷᠪᠢᠯᠠᠵᠤ ᠤᠰᠤᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠤᠰᠤᠯᠠᠬᠤ ᠤᠰᠤ ᠵᠠᠯᠠᠬᠤ ᠢᠨᠵᠧᠨᠧᠷᠢᠩ ᠤᠨ ᠰᠢᠰᠲ᠋ᠧᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠤᠰᠤ ᠳᠠᠮᠵᠢᠭᠤᠯᠵᠤ ᠲᠦᠭᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠤᠰᠤᠯᠠᠯᠲᠠ ᠶᠢᠨ ᠮᠦ ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ 2014 ᠣᠨ ᠳᠤ 402 ᠺᠦᠪ ᠮᠧᠲᠷ ᠪᠠᠶᠢᠭᠰᠠᠨ ᠠᠴᠠ ᠪᠠᠨ ᠪᠠᠭᠤᠷᠠᠭᠠᠳ ᠣᠳᠣᠬᠠᠨ ᠤ 364 ᠺᠦᠪ ᠮᠧᠲᠷ ᠪᠣᠯᠵᠤ᠂ 9.5 ᠵᠠᠭᠤᠨ ᠤ ᠴᠡᠭ ᠪᠠᠭᠤᠷᠠᠪᠠ᠃  ᠬᠤᠶᠠᠷ ᠲᠤ᠂ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠪᠠ᠃ ᠲᠠᠷᠢᠶᠠᠯᠠᠩ ᠤᠨ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠵᠦ᠂ 5 ᠲᠦᠮᠡᠨ ᠮᠦ ᠠᠴᠠ ᠳᠡᠭᠡᠭᠰᠢᠬᠢ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠰᠤᠪᠠᠭ ᠤᠨ ᠡᠬᠢᠨ ᠤ ᠪᠠᠷᠢᠯᠭ᠎ᠠ ᠶᠢᠨ ᠤᠰᠤ ᠠᠪᠬᠤ ᠰᠤᠪᠠᠭ ᠤᠨ ᠰᠦᠯᠵᠢᠶᠡᠨ ᠳᠡᠭᠡᠷᠡᠬᠢ ᠬᠡᠮᠵᠢᠯᠲᠡ ᠶᠢ ᠪᠡᠶᠡᠯᠡᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠤᠰᠤ ᠶᠢ ᠨᠣᠷᠮ᠎ᠠ ᠲᠣᠭᠲᠠᠭᠠᠨ ᠬᠠᠮᠢᠶᠠᠷᠬᠤ ᠶᠢ ᠨᠠᠶᠢᠳᠠᠪᠤᠷᠢᠵᠢᠭᠤᠯᠵᠤ᠂ ᠤᠯᠤᠰ ᠤᠨ ᠲᠠᠯ᠎ᠠ ᠠᠴᠠ 14 ᠵᠦᠢᠯ ᠤᠨ ᠭᠤᠤᠯ ᠪᠣᠯᠬᠤ ᠲᠠᠷᠢᠮᠠᠯ ᠤᠨ ᠤᠰᠤᠯᠠᠯᠲᠠ ᠳᠤ ᠬᠡᠷᠡᠭᠯᠡᠬᠦ ᠤᠰᠤᠨ ᠤ ᠨᠣᠷᠮ᠎ᠠ ᠲᠣᠭᠲᠠᠭᠠᠨ ᠨᠡᠶᠢᠲᠡᠯᠡᠪᠡ᠃  ᠭᠤᠷᠪᠠ ᠳᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ 2016 ᠣᠨ ᠳᠤ ᠮᠠᠨ ᠤ ᠤᠯᠤᠰ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ ᠦᠨ᠎ᠡ ᠬᠠᠩᠰᠢ ᠪᠠ ᠨᠥᠬᠦᠪᠥᠷᠢ ᠥᠭᠬᠦ ᠲᠣᠭᠲᠠᠴᠠ ᠪᠠᠷ ᠳᠠᠮᠵᠢᠭᠤᠯᠤᠨ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠰᠠᠶᠢᠨ ᠠᠵᠢᠯᠯᠠᠭᠠᠨ ᠢ ᠪᠠᠲᠤᠯᠠᠨ᠎ᠠ᠃ ᠨᠢᠳᠤᠨᠤᠨ᠂ ᠤᠰᠤᠨ ᠠᠰᠢᠭᠯᠠᠯᠲᠠ ᠶᠢᠨ ᠶᠠᠮᠤᠨ ᠪᠠᠰᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠡᠬᠢᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠠᠬᠢᠭᠤᠯᠪᠠ᠃  ᠳᠥᠷᠪᠡ ᠳᠤ᠂ ᠲᠤᠭ᠎ᠠ ᠪᠠᠷᠢᠮᠲᠠ ᠪᠠᠷ ᠡᠨᠧᠷᠭᠢ ᠣᠯᠭᠤᠵᠤ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠣᠭᠠᠴᠢᠯᠠᠭᠰᠠᠨ ᠢᠬᠡᠷ᠎ᠡ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠵᠢᠱᠢᠶᠡᠯᠡᠪᠡᠯ᠂ ᠱᠠᠨᠳᠦ᠋ᠩ ᠤᠨ ᠸᠧᠢ ᠱᠠᠨ ᠤᠰᠤᠯᠠᠯᠲᠠ ᠶᠢᠨ ᠣᠷᠣᠨ ᠲᠣᠭᠠᠴᠢᠯᠠᠭᠰᠠᠨ ᠢᠬᠡᠷ᠎ᠡ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠡᠨᠡ ᠵᠢᠯ ᠤᠨ ᠬᠠᠪᠤᠷ ᠤᠨ ᠤᠰᠤᠯᠠᠯᠲᠠ ᠶᠢᠨ ᠲᠠᠷᠢᠶᠠᠨ ᠭᠠᠵᠠᠷ ᠤᠨ ᠮᠦ ᠪᠦᠷᠢ ᠶᠢᠨ ᠤᠰᠤ ᠬᠡᠷᠡᠭᠯᠡᠬᠦ ᠬᠡᠮᠵᠢᠶ᠎ᠡ ᠶᠢ ᠪᠠᠷᠤᠭ 10 ᠪᠣᠰᠤᠭ᠎ᠠ ᠳᠥᠷᠪᠡᠯᠵᠢᠨ ᠮᠧᠲᠷ ᠣᠷᠴᠢᠮ ᠪᠠᠭᠤᠷᠠᠭᠤᠯᠪᠠ᠃  ᠬᠥᠳᠡᠭᠡ ᠲᠣᠰᠬᠤᠨ ᠤ ᠤᠰᠤ ᠬᠠᠩᠭᠠᠬᠤ ᠲᠠᠯ᠎ᠠ ᠪᠠᠷ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠨᠢ ᠲᠠᠷᠢᠶᠠᠴᠢᠳ ᠤᠨ ᠠᠵᠠ ᠵᠢᠷᠭᠠᠯ ᠲᠠᠢ ᠬᠤᠯᠪᠣᠭᠳᠠᠬᠤ ᠪᠥᠭᠡᠳ ᠲᠡᠦᠬᠡᠲᠦ ᠴᠢᠨᠠᠷᠲᠠᠢ ᠠᠮᠵᠢᠯᠲᠠ ᠣᠯᠵᠠᠢ᠃ ᠨᠢᠭᠡ ᠳᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ 2020 ᠣᠨ ᠤ ᠰᠡᠭᠦᠯᠴᠢ ᠪᠣᠯᠬᠤ ᠳᠤ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠪᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ 2023 ᠣᠨ ᠤ ᠰᠡᠭᠦᠯᠴᠢ ᠪᠣᠯᠬᠤ ᠳᠤ᠂ ᠪᠥᠬᠦ ᠤᠯᠤᠰ ᠲᠤ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠨᠡᠶᠢᠲᠡ 563 ᠲᠦᠮᠡᠨ ᠭᠠᠵᠠᠷ ᠪᠠᠶᠢᠭᠤᠯᠵᠤ᠂ ᠦᠢᠯᠡᠴᠢᠯᠡᠵᠦ ᠪᠣᠯᠬᠤ ᠬᠥᠮᠦᠨ ᠠᠮᠠ ᠶᠢ 8.7 ᠳ᠋ᠦᠩᠰᠢᠭᠤᠷ ᠬᠥᠮᠦᠨ ᠳᠤ ᠬᠦᠷᠦᠭᠦᠯᠪᠡ︔ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠬᠦ ᠨᠣᠷᠮ᠎ᠠ ᠶᠢ 90% ᠳᠤ ᠬᠦᠷᠦᠭᠦᠯᠵᠦ᠂ ᠬᠡᠪᠴᠢᠶᠡᠵᠢᠭᠰᠡᠨ ᠤᠰᠤ ᠬᠠᠩᠭᠠᠬᠤ ᠢᠨᠵᠧᠨᠧᠷᠢᠩ ᠢ ᠬᠥᠳᠡᠭᠡ ᠲᠣᠰᠬᠤᠨ ᠤ ᠬᠥᠮᠦᠨ ᠠᠮᠠ ᠶᠢ ᠬᠠᠮᠤᠷᠬᠤ ᠬᠠᠷᠢᠴᠠᠯ ᠢ 60% ᠳᠤ ᠬᠦᠷᠦᠭᠦᠯᠦᠨ᠎ᠡ᠃ ᠭᠤᠷᠪᠠ ᠳᠤ᠂ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠶᠢ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠵᠠᠭᠪᠤᠷ ᠢ       ᠬᠡᠷᠡᠭᠵᠢᠭᠦᠯᠵᠦ᠂ ᠬᠤᠲᠠ ᠬᠥᠳᠡᠭᠡ ᠶᠢᠨ ᠤᠰᠤ ᠬᠠᠩᠭᠠᠬᠤ ᠶᠢ ᠠᠳᠠᠯᠢ ᠰᠤᠷᠪᠤᠯᠵᠢ᠂ ᠠᠳᠠᠯᠢ ᠲᠣᠣᠷ᠂ ᠠᠳᠠᠯᠢ ᠴᠢᠨᠠᠷ ᠲᠠᠢ᠂ ᠠᠳᠠᠯᠢ ᠬᠢᠨᠠᠨ ᠬᠠᠮᠢᠶᠠᠷᠬᠤ᠂ ᠠᠳᠠᠯᠢ ᠦᠢᠯᠡᠴᠢᠯᠡᠭᠡ ᠲᠠᠢ ᠪᠠᠶᠢᠯᠭᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃  ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠡᠯ᠎ᠡ ᠭᠠᠵᠠᠷ ᠢ ᠵᠢᠯᠣᠭᠤᠳᠤᠨ         ︽ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠯᠠᠬᠤ ᠤᠰᠤ ᠵᠠᠯᠠᠬᠤ ᠢᠨᠵᠧᠨᠧᠷᠢᠩ ᠤᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠪᠠᠶᠠᠷᠯᠠᠯ᠎ᠠ᠃
国务院政策例行吹风会14.png
        ᠡᠮᠦᠨᠡᠲᠦ ᠣᠷᠣᠨ ᠤ ᠬᠤᠲᠠ ᠶᠢᠨ ᠰᠣᠨᠢᠨ N ᠬᠠᠷᠠᠭᠠᠨ ᠳᠠᠪᠲᠠᠮᠵᠢ ᠶᠢᠨ ᠰᠤᠷᠪᠤᠯᠵᠢᠯᠠᠭᠴᠢ  ᠠᠰᠠᠭᠤᠬᠤ ᠨᠢ᠄ ᠳᠠᠬᠢᠯᠲᠠ ᠤᠰᠤ ᠶᠢ ᠬᠤᠲᠠ ᠶᠢᠨ ᠬᠤᠶᠠᠳᠤᠭᠠᠷ ᠤᠰᠤᠨ ᠤ ᠡᠬᠢ ᠰᠤᠷᠪᠤᠯᠵᠢ ᠭᠡᠳᠡᠭ᠂ ᠲᠠᠨᠢᠯᠴᠠᠭᠤᠯᠤᠭᠠᠳ ᠥᠭᠭᠦᠨ᠎ᠡ ᠦᠦ︖ ᠣᠶᠢᠷ᠎ᠠ ᠶᠢᠨ ᠵᠢᠯ ᠤᠨ ᠲᠤᠷᠰᠢᠬᠢ ᠬᠤᠲᠠ ᠶᠢᠨ ᠪᠣᠬᠢᠷ ᠤᠰᠤ ᠶᠢ ᠳᠠᠬᠢᠨ ᠠᠰᠢᠭᠯᠠᠭᠰᠠᠨ ᠪᠣᠳᠠᠲᠠᠶ ᠪᠠᠶᠢᠳᠠᠯ ᠢ ᠲᠠᠨᠢᠯᠴᠠᠭᠤᠯᠤᠭᠠᠷᠠᠢ᠃ ᠪᠠᠶᠠᠷᠯᠠᠯ᠎ᠠ᠃  ᠬᠤ᠋ ᠽᠢ ᠵᠢᠶᠠᠨ ᠬᠠᠷᠢᠭᠤᠯᠬᠤ ᠨᠢ᠄  ᠲᠠᠨ ᠤ ᠠᠰᠠᠭᠤᠭᠰᠠᠨ ᠳᠤ ᠪᠠᠶᠠᠷᠯᠠᠯ᠎ᠠ᠃ ᠶᠠᠭ ᠲᠠᠨ ᠤ ᠬᠡᠯᠡᠭᠰᠡᠨ ᠢᠶᠠᠷ᠂ ᠣᠳᠣ ᠴᠥᠭᠡᠨ ᠪᠤᠰᠤ ᠤᠰᠤ ᠳᠤᠲᠠᠭᠳᠠᠵᠤ ᠪᠠᠶᠢᠭ᠎ᠠ ᠬᠤᠲᠠ ᠨᠢᠭᠡᠨᠲᠡ ᠳᠠᠬᠢᠯᠲᠠ ᠤᠰᠤ ᠶᠢ ᠨᠢᠭᠡᠨᠲᠡ ᠴᠢᠬᠤᠯᠠ ᠬᠤᠶᠠᠳᠤᠭᠠᠷ ᠤᠰᠤᠨ ᠤ ᠡᠬᠢ ᠪᠣᠯᠭᠠᠪᠠ᠂ ᠵᠢᠱᠢᠶᠡᠯᠡᠪᠡᠯ᠂ ᠮᠠᠨ ᠤ ᠠᠮᠢᠳᠤᠷᠠᠵᠤ ᠪᠠᠶᠢᠭ᠎ᠠ ᠡᠨᠡ ᠬᠦ ᠬᠤᠲᠠ᠂ ᠬᠤᠲᠠ ᠶᠢᠨ ᠲᠣᠭᠤᠷᠢᠭ ᠤᠨ ᠮᠠᠰᠢ ᠣᠯᠠᠨ ᠭᠤᠣᠯ ᠨᠠᠭᠤᠷ ᠲᠤ ᠴᠥᠮ ᠶᠡᠭᠡ ᠬᠡᠮᠵᠢᠶᠡᠨ ᠤ ᠳᠠᠬᠢᠯᠲᠠ ᠤᠰᠤ ᠬᠡᠷᠡᠭᠯᠡᠭᠰᠡᠨ ᠪᠠᠶᠢᠨ᠎ᠠ᠂ ︽ᠠᠷᠪᠠᠨ ᠨᠢᠭᠡᠳᠦᠭᠡᠷ ᠲᠠᠪᠤᠨ ᠵᠢᠯ︾ ᠠᠴᠠ ᠨᠠᠭᠠᠰᠢ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠬᠤᠲᠠ ᠶᠢᠨ ᠳᠠᠬᠢᠯᠲᠠ ᠤᠰᠤᠨ ᠤ ᠠᠰᠢᠭᠯᠠᠯᠲᠠ ᠶᠢ ᠦᠷᠭᠦᠯᠵᠢᠯᠡᠨ ᠠᠬᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠲᠠᠢ ᠲᠠᠪᠤᠨ ᠵᠢᠯ ᠠᠯᠤᠰᠯᠠᠬᠤ ᠪᠦᠷᠢ ᠨᠢᠭᠡ ᠤᠳᠠᠭ᠎ᠠ ︽ᠪᠦᠬᠦ ᠤᠯᠤᠰ ᠤᠨ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠵᠢᠴᠢ ᠳᠠᠬᠢᠨ ᠠᠰᠢᠭᠯᠠᠬᠤ ᠲᠥᠯᠥᠪᠵᠢᠭᠦᠯᠭᠡ︾ ᠶᠢ ᠲᠣᠭᠲᠠᠭᠠᠵᠤ᠂ ᠲᠠᠬᠢᠯᠲᠠ ᠤᠰᠤ ᠶᠢ ᠠᠰᠢᠭᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ 2013 ᠣᠨ ᠳᠤ᠂ ᠪᠢᠳᠡ ︽ᠬᠤᠲᠠ ᠪᠠᠯᠭᠠᠰᠤᠨ ᠤ ᠤᠰᠤ ᠵᠠᠯᠠᠬᠤ ᠪᠠ ᠪᠣᠬᠢᠷ ᠤᠰᠤ ᠰᠢᠢᠳᠪᠦᠷᠢᠯᠡᠬᠦ ᠳᠦᠷᠢᠮ︾ ᠢ ᠨᠡᠶᠢᠲᠡᠯᠡᠬᠦ ᠶᠢ ᠲᠦᠯᠬᠢᠨ ᠠᠬᠢᠭᠤᠯᠵᠤ᠂ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠠᠵᠢᠯᠯᠠᠭᠠᠨ ᠤ ᠬᠠᠮᠠᠭᠠᠯᠠᠯᠲᠠ᠂ ᠪᠠᠷᠢᠮᠵᠢᠶ᠎ᠠ ᠶᠢᠨ ᠵᠢᠷᠤᠮᠵᠢᠯ ᠵᠡᠷᠭᠡ ᠲᠠᠯ᠎ᠠ ᠪᠠᠷ ᠪᠣᠬᠢᠷ ᠤᠰᠤ ᠶᠢ ᠳᠠᠬᠢᠨ ᠠᠰᠢᠭᠯᠠᠬᠤ ᠳᠦᠷᠢᠮ ᠢ ᠪᠠᠶᠢᠭᠤᠯᠪᠠ᠃ ︽ᠤᠰᠤ ᠶᠢ ᠠᠷᠪᠢᠯᠠᠨ ᠭᠠᠮᠨᠠᠬᠤ ᠲᠦᠷᠢᠮ︾ ᠳᠤ ᠡᠨᠡ ᠲᠠᠯ᠎ᠠ ᠪᠠᠷ ᠪᠠᠰᠠ ᠲᠣᠭᠲᠠᠭᠠᠯ ᠭᠠᠷᠭᠠᠵᠤ᠂ ᠪᠣᠬᠢᠷ ᠤᠰᠤ ᠶᠢ ᠳᠠᠬᠢᠨ ᠠᠰᠢᠭᠯᠠᠬᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃  ᠣᠯᠠᠨ ᠵᠢᠯ ᠤᠨ ᠲᠤᠷᠰᠢ᠂ ᠪᠢᠳᠡ ᠭᠤᠤᠯᠳᠠᠭᠤ ᠬᠤᠲᠠ ᠶᠢᠨ ᠳᠠᠬᠢᠯᠲᠠ ᠤᠰᠤ ᠶᠢ ᠠᠰᠢᠭᠯᠠᠬᠤ ᠠᠵᠢᠯ ᠢ ᠭᠤᠷᠪᠠᠨ ᠲᠠᠯ᠎ᠠ ᠠᠴᠠ ᠲᠦᠯᠬᠢᠨ ᠠᠬᠢᠭᠤᠯᠤᠨ᠎ᠠ᠃  ᠨᠢᠭᠡ ᠳᠤ᠂ ᠳᠠᠬᠢᠯᠲᠠ ᠤᠰᠤ ᠶᠢ ᠠᠰᠢᠭᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠷ ᠰᠠᠭᠤᠷᠢ ᠪᠣᠯᠭᠠᠬᠤ ᠶᠢ ᠵᠢᠯᠣᠭᠤᠳᠴᠤ᠂ ᠳᠠᠬᠢᠯᠲᠠ ᠤᠰᠤᠨ ᠤ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢ ᠵᠦᠢ ᠵᠣᠬᠢᠰᠲᠠᠶ ᠪᠠᠶᠢᠷᠢᠯᠠᠭᠤᠯᠬᠤ ᠬᠡᠷᠡᠭᠲᠡᠶ᠃ 2022 ᠣᠨ ᠳᠤ᠂ ᠬᠤᠲᠠ ᠶᠢᠨ ᠳᠠᠬᠢᠯᠲᠠ ᠤᠰᠤᠨ ᠤ ᠦᠢᠯᠡᠳᠪᠦᠷᠢᠯᠡᠯ ᠤᠨ ᠴᠢᠳᠠᠪᠤᠷᠢ ᠨᠢ ᠡᠳᠦᠷ ᠪᠦᠷᠢ ᠪᠠᠷᠤᠭ 8000 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠳᠠᠬᠢᠯᠲᠠ ᠤᠰᠤᠨ ᠤ ᠬᠤᠭᠤᠯᠠᠶ ᠶᠢᠨ ᠲᠣᠤᠷ ᠤᠨ ᠣᠷᠳᠣ ᠨᠢ ᠪᠠᠷᠤᠭ 1.6 ᠲᠦᠮᠡᠨ ᠺᠢᠯᠤᠮᠧᠲᠷ ᠪᠣᠯᠤᠨ᠎ᠠ᠃  ᠬᠤᠶᠠᠷ ᠲᠤ᠂ ᠪᠠᠷᠢᠮᠵᠢᠶ᠎ᠠ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠷᠢᠳ ᠬᠤᠵᠢᠳ ᠳᠠᠬᠢᠯᠲᠠ ᠤᠰᠤᠨ ᠤ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠵᠢᠷᠤᠮᠵᠢᠯ᠂ ᠳᠠᠬᠢᠯᠲᠠ ᠤᠰᠤ ᠶᠢ ᠠᠰᠢᠭᠯᠠᠬᠤ ᠮᠡᠷᠭᠡᠵᠢᠯ ᠤᠨ ᠵᠦᠭᠯᠡᠭᠦᠷ ᠵᠢᠴᠢ ᠳᠠᠬᠢᠯᠲᠠ ᠤᠰᠤ ᠶᠢ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠳᠠ ᠶᠢᠨ ᠶᠠᠪᠤᠳᠠᠯ ᠤᠨ ᠬᠤᠯᠢᠯᠳᠤᠨ ᠬᠡᠷᠡᠭᠯᠡᠬᠦ᠂ ᠦᠵᠡᠮᠵᠢ ᠳᠤ ᠬᠡᠷᠡᠭᠯᠡᠬᠦ ᠤᠰᠤ ᠵᠡᠷᠭᠡ ᠪᠠᠷᠢᠮᠵᠢᠶ᠎ᠠ ᠶᠢ ᠲᠣᠭᠲᠠᠭᠠᠵᠤ᠂ ᠨᠡᠯᠢᠶᠡᠳ ᠪᠦᠷᠢᠨ ᠲᠡᠭᠦᠯᠳᠡᠷ ᠳᠠᠬᠢᠯᠲᠠ ᠤᠰᠤ ᠶᠢ ᠠᠰᠢᠭᠯᠠᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠪᠠ᠃  ᠭᠤᠷᠪᠠ ᠳᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠨ᠎ᠠ᠃ ᠡᠮᠦᠨ᠎ᠡ ᠨᠢᠭᠡᠨᠲᠡ ᠳᠤᠷᠠᠳᠤᠭᠰᠠᠨ ᠪᠣᠯᠬᠤᠷ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ 116 ᠬᠤᠲᠠ ᠳᠤ ᠳᠠᠬᠢᠯᠲᠠ ᠤᠰᠤ ᠶᠢ ᠠᠰᠢᠭᠯᠠᠬᠤ ᠲᠤᠷᠰᠢᠯᠲᠠ ᠶᠢᠨ ᠠᠵᠢᠯ ᠢ ᠥᠷᠨᠢᠭᠦᠯᠵᠡᠢ᠃ ᠣᠶᠢᠷ᠎ᠠ ᠶᠢᠨ ᠬᠤᠭᠤᠴᠠᠭᠠᠨ ᠳᠤ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠭᠤᠤᠯᠳᠠᠯᠭ᠎ᠠ ᠲᠠᠢ ᠬᠤᠲᠠ ᠶᠢᠨ ᠳᠠᠬᠢᠯᠲᠠ ᠤᠰᠤ ᠶᠢ ᠠᠰᠢᠭᠯᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠳᠠᠬᠢᠨ 50 ᠬᠤᠲᠠ ᠶᠢ ᠰᠢᠯᠢᠨ ᠰᠣᠩᠭᠤᠵᠤ ᠭᠤᠤᠯᠳᠠᠯᠭ᠎ᠠ ᠲᠠᠢ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠥᠬᠦ ᠨᠡᠶᠢᠭᠡᠮ ᠤᠨ ᠳᠠᠬᠢᠯᠲᠠ ᠤᠰᠤ ᠶᠢ ᠠᠰᠢᠭᠯᠠᠬᠤ ᠠᠵᠢᠯ ᠢ ᠳᠠᠶᠢᠴᠢᠯᠠᠬᠤ ᠪᠠᠷ ᠲᠥᠯᠥᠪᠯᠡᠵᠦ ᠪᠠᠶᠢᠨ᠎ᠠ᠃  ᠲᠠᠷᠠᠭᠠᠴᠢ ᠶᠢᠨ ᠠᠯᠬᠤᠮ ᠳᠤ᠂ ᠪᠢᠳᠡ ᠳᠠᠬᠢᠯᠲᠠ ᠤᠰᠤ ᠶᠢ ᠠᠰᠢᠭᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠥᠬᠦᠭᠡᠷᠦᠮᠵᠢ ᠶᠢ ᠰᠢᠨᠡᠳᠬᠡᠬᠦ ᠪᠠ ᠭᠠᠵᠠᠷ ᠳᠣᠤᠷᠠᠬᠢ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠠᠵᠢᠯ ᠲᠠᠢ ᠤᠶᠠᠯᠳᠤᠭᠤᠯᠤᠨ᠂ ᠳᠠᠬᠢᠯᠲᠠ ᠤᠰᠤ ᠶᠢ ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠠᠶᠠᠷᠯᠠᠯ᠎ᠠ᠃
国务院政策例行吹风会15.png 
         ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠲᠥᠪ ᠤᠨ ᠷᠠᠳᠢᠣ᠋ ᠲᠧᠯᠸᠢᠰ ᠤᠨ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ︽ᠤᠰᠤ ᠶᠢ ᠠᠷᠪᠢᠯᠠᠨ ᠭᠠᠮᠨᠠᠬᠤ ᠲᠦᠷᠢᠮ︾ ᠢ ᠨᠡᠶᠢᠲᠡᠯᠡᠬᠦ ᠶᠢ ᠳᠠᠭᠠᠯᠳᠤᠨ᠂ ᠡᠯ᠎ᠡ ᠬᠦᠷᠢᠶᠡᠨ ᠤ ᠤᠰᠤ ᠠᠷᠪᠢᠯᠠᠬᠤ ᠠᠵᠢᠯ ᠤᠨ ᠡᠷᠴᠢᠮ ᠢ ᠴᠥᠮ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠰᠤᠨ ᠤ ᠡᠬᠢ ᠪᠠᠶᠠᠯᠢᠭ ᠢ ᠠᠷᠪᠢᠯᠠᠬᠤ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ︖ ᠪᠠᠶᠠᠷᠯᠠᠯ᠎ᠠ᠃  ᠨᠢᠦ ᠪᠦᠸᠧ ᠬᠠᠷᠢᠭᠤᠯᠬᠤ ᠨᠢ᠄  ᠲᠠᠨ ᠤ ᠠᠰᠠᠭᠤᠭᠰᠠᠨ ᠳᠤ ᠪᠠᠶᠠᠷᠯᠠᠯ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠷᠲᠤ ᠬᠤᠭᠤᠴᠠᠭᠠᠨ ᠤ ᠲᠤᠷᠰᠢ ᠤᠰᠤᠨ ᠤ ᠡᠬᠢ ᠪᠠᠶᠠᠯᠢᠭ ᠢ ᠠᠷᠪᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ᠤᠰᠤ ᠠᠷᠪᠢᠯᠠᠬᠤ ᠠᠵᠢᠯ ᠤᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠠᠯᠢ ᠣᠯᠠᠨ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ᠂ ᠲᠥᠯᠥᠪᠵᠢᠭᠦᠯᠭᠡ ᠶᠢ ᠨᠡᠶᠢᠲᠡᠯᠡᠭᠰᠡᠨ ᠪᠥᠭᠡᠳ ᠶᠡᠭᠡ ᠬᠡᠮᠵᠢᠶᠡᠨ ᠤ ᠪᠦᠲᠦᠮᠵᠢᠲᠡᠶ ᠠᠵᠢᠯ ᠢ ᠥᠷᠨᠢᠭᠦᠯᠦᠭᠰᠡᠨ ᠪᠠᠶᠢᠨ᠎ᠠ᠃ ︽ᠤᠰᠤ ᠶᠢ ᠠᠷᠪᠢᠯᠠᠨ ᠭᠠᠮᠨᠠᠬᠤ ᠲᠦᠷᠢᠮ︾ ᠢ ᠨᠡᠶᠢᠲᠡᠯᠡᠭᠰᠡᠨ ᠶᠠᠪᠤᠳᠠᠯ ᠨᠢ ᠮᠠᠨ ᠤ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠂ ᠪᠢᠳᠡ ︽ᠲᠦᠷᠢᠮ︾ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠳᠣᠤᠷᠠᠬᠢ ᠬᠡᠳᠦᠨ ᠲᠠᠯ᠎ᠠ ᠠᠴᠠ ᠤᠰᠤ ᠠᠷᠪᠢᠯᠠᠬᠤ ᠠᠵᠢᠯ ᠢ ᠳᠥᠯᠭᠢᠨ ᠠᠬᠢᠭᠤᠯᠬᠤ ᠪᠣᠯᠤᠨ᠎ᠠ᠃  ᠨᠢᠭᠡ ᠳᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠪᠠ᠃ 2023 ᠣᠨ ᠤ 9 ᠳ᠋ᠦ᠋ᠭᠡᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠪᠠᠯᠭᠠᠰᠤ᠂ ᠠᠮᠢ ᠠᠬᠤᠶ ᠶᠢᠨ ᠦᠵᠡᠮᠵᠢ ᠶᠢᠨ ᠤᠰᠤ ᠠᠷᠪᠢᠯᠠᠬᠤ ᠶᠢ ᠴᠢᠩᠭᠠᠳᠬᠠᠵᠤ᠂ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠶᠢ ᠳᠡᠯᠭᠡᠷᠡᠭᠦᠯᠦᠨ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ︽ᠰᠠᠨᠠᠯ︾ ᠬᠢᠭᠡᠳ ︽ᠳᠦᠷᠢᠮ︾ ᠤᠨ ᠶᠡᠷᠦᠩᠬᠡᠢ ᠰᠡᠳᠬᠢᠴᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠢᠮᠠᠭᠲᠠ ᠲᠤᠭᠤᠰᠢᠯᠠᠭᠤᠯᠵᠤ᠂ ᠪᠢᠳᠡ ︽ᠳᠦᠷᠢᠮ︾ ᠢᠶᠠᠷ ᠪᠠᠲᠤᠯᠠᠭ᠎ᠠ ᠪᠣᠯᠭᠠᠵᠤ᠂ ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠰᠠᠨᠠᠯ︾ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠮᠵᠢ ᠣᠯᠬᠤ ᠪᠣᠯᠣᠨ᠎ᠠ᠃  ᠬᠤᠶᠠᠷ ᠲᠤ᠂ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠣᠳᠣᠬᠠᠨ ᠳᠤ ᠤᠰᠤ ᠠᠷᠪᠢᠯᠠᠬᠤ ᠦᠢᠯᠡᠳᠬᠦᠨ ᠦᠢᠯᠡᠳᠬᠦ᠂ ᠤᠰᠤ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ᠂ ᠤᠰᠤ ᠠᠷᠪᠢᠯᠠᠬᠤ ᠤᠷ᠎ᠠ ᠮᠡᠷᠭᠡᠵᠢᠯ ᠢ ᠥᠭᠡᠷᠡᠴᠢᠯᠡᠬᠦ᠂ ᠤᠰᠤ ᠠᠷᠪᠢᠯᠠᠬᠤ ᠦᠢᠯᠡᠴᠢᠯᠡᠭᠡᠨ ᠤ ᠵᠥᠪᠯᠡᠯᠭᠡ ᠥᠭᠬᠦ ᠵᠡᠷᠭᠡ ᠨᠢ ᠤᠰᠤ ᠠᠷᠪᠢᠯᠠᠬᠤ ᠠᠵᠤ ᠦᠢᠯᠡᠰ ᠤᠨ ᠭᠤᠣᠯ ᠠᠭᠤᠯᠭ᠎ᠠ ᠪᠣᠯᠵᠤ᠂ ᠬᠡᠪᠴᠢᠶ᠎ᠡ ᠨᠢ ᠲᠠᠰᠤᠷᠠᠯᠲᠠ ᠦᠭᠡᠢ ᠥᠷᠭᠡᠳᠴᠦ᠂ ᠨᠢᠭᠡᠨᠲᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠠ ᠪᠣᠬᠢᠷᠲᠤᠯ ᠦᠭᠡᠢ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠶᠢᠨ᠎ᠠ᠃ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠬᠦ ᠨᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠢ ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠶᠢᠷ᠎ᠠ ᠶᠢᠨ ᠬᠤᠭᠤᠴᠠᠭᠠᠨ ᠳᠤ᠂ ᠪᠢᠳᠡ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠰᠤ ᠠᠷᠪᠢᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ ᠢ ᠰᠤᠳᠤᠯᠤᠨ ᠲᠣᠭᠲᠠᠭᠠᠵᠤ᠂ ᠤᠰᠤ ᠠᠷᠪᠢᠯᠠᠬᠤ ᠠᠵᠤ ᠦᠢᠯᠡᠰ ᠤᠨ ᠬᠡᠪᠴᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠬᠤ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠭᠤᠤᠯᠳᠠᠯᠭ᠎ᠠ ᠲᠠᠢ ᠬᠦᠷᠢᠶᠡᠨ ᠤ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠲᠠᠯ᠎ᠠ ᠶᠢᠨ ᠲᠣᠭᠤᠷᠢᠨ ᠳᠤ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠤᠰᠤ ᠠᠷᠪᠢᠯᠠᠬᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ ᠪᠠᠶᠢᠨ᠎ᠠ᠃  ᠭᠤᠷᠪᠠ ᠳᠤ᠂ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢ ᠦᠷᠭᠦᠯᠵᠢᠯᠡᠨ ᠠᠬᠢᠭᠤᠯᠤᠨ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠶᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠨᠡᠭᠡᠭᠡᠨ ᠠᠰᠢᠭᠯᠠᠬᠤ ᠶᠢ ᠵᠡᠷᠭᠡ ᠳᠤᠨᠢ ᠴᠢᠬᠤᠯᠠᠴᠢᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠳᠠᠯᠠᠶ ᠶᠢᠨ ᠤᠰᠤ ᠶᠢ ᠴᠡᠩᠭᠡᠭᠵᠢᠭᠦᠯᠦᠭᠰᠡᠨ ᠤᠰᠤ ᠶᠢ ᠠᠰᠢᠭᠯᠠᠬᠤ᠂ ᠠᠭᠤᠷᠬᠠᠶ ᠶᠢᠨ ᠬᠤᠳᠳᠤᠭ ᠤᠨ ᠤᠰᠤ ᠶᠢ ᠬᠠᠮᠠᠭᠠᠯᠠᠬᠤ ᠪᠠ ᠠᠰᠢᠭᠯᠠᠬᠤ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢ ᠤᠷᠢᠳ ᠬᠤᠵᠢᠳ ᠲᠣᠭᠲᠠᠭᠠᠵᠤ᠂ ᠬᠡᠪ ᠤᠨ ᠪᠤᠰᠤ ᠤᠰᠤ ᠶᠢ ᠠᠰᠢᠭᠯᠠᠬᠤ ᠶᠢ ᠲᠦᠯᠬᠢᠨ ᠠᠬᠢᠭᠤᠯᠬᠤ ᠲᠠᠯ᠎ᠠ ᠪᠠᠷ ᠮᠡᠳᠡᠭᠳᠡᠬᠦ᠋ᠢᠴᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠣᠳᠣᠬᠠᠨ ᠳᠤ᠂ ᠪᠢᠳᠡ ᠶᠠᠭ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠲᠠᠢ ᠬᠠᠮᠲᠤ ᠪᠠᠷ ᠭᠤᠤᠯᠳᠠᠯᠭ᠎ᠠ ᠲᠠᠢ ᠬᠤᠲᠠ ᠶᠢᠨ ᠳᠠᠬᠢᠯᠲᠠ ᠤᠰᠤᠨ ᠤ ᠭᠤᠷᠪᠠᠨ ᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠪᠠᠷ ᠰᠠᠭᠤᠷᠢ ᠪᠣᠯᠭᠠᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢᠨ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠠᠬᠢᠭᠤᠯᠵᠤ ᠪᠠᠶᠢᠨ᠎ᠠ᠃  ᠳᠥᠷᠪᠡ ᠳᠤ᠂ ᠤᠰᠤ ᠠᠷᠪᠢᠯᠠᠬᠤ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠢ ᠥᠷᠨᠢᠭᠦᠯᠪᠡ᠃ ᠪᠢᠳᠡ ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠲᠠᠢ ᠬᠠᠮᠵᠢᠯᠴᠠᠨ᠂ ᠤᠰᠤ ᠠᠷᠪᠢᠯᠠᠬᠤ᠂ ᠤᠰᠤ ᠰᠢᠢᠳᠪᠦᠷᠢᠯᠡᠬᠦ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠶᠢ ᠵᠣᠷᠢᠭᠵᠢᠭᠤᠯᠤᠨ ᠠᠬᠢᠭᠤᠯᠵᠤ᠂ ᠭᠤᠤᠯᠳᠠᠯᠭ᠎ᠠ ᠲᠠᠢ ᠤᠰᠤ ᠬᠡᠷᠡᠭᠯᠡᠬᠦ ᠪᠦᠲᠦᠭᠡᠭᠳᠡᠬᠦᠨ ᠢ ᠬᠠᠭᠤᠴᠢᠨ ᠢᠶᠠᠷ ᠰᠢᠨ᠎ᠡ ᠶᠢ ᠰᠣᠯᠢᠵᠤ᠂ ᠠᠵᠤ ᠦᠢᠯᠡᠳᠪᠦᠷᠢ᠂ ᠲᠠᠷᠢᠶᠠᠯᠠᠩ ᠪᠣᠯᠤᠨ ᠬᠤᠲᠠ ᠪᠠᠯᠭᠠᠰᠤᠨ ᠤ ᠠᠮᠢᠳᠤᠷᠠᠯ ᠤᠨ ᠡᠯ᠎ᠡ ᠬᠦᠷᠢᠶᠡᠨ ᠤ ᠤᠰᠤ ᠬᠡᠷᠡᠭᠯᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠶᠠᠷᠯᠠᠯ᠎ᠠ᠃ 
国务院政策例行吹风会16.png
         ᠰᠢᠶᠠᠩᠭᠠᠩ ᠤᠨ ᠽᠢ ᠵᠢᠩ ᠰᠡᠳᠬᠦᠯ ᠤᠨ ᠰᠤᠷᠪᠤᠯᠵᠢᠯᠠᠭᠴᠢ ᠶᠢᠨ ᠠᠰᠠᠭᠤᠯᠲᠠ  ᠠᠰᠠᠭᠤᠬᠤ ᠨᠢ᠄ ︽ᠤᠰᠤ ᠶᠢ ᠠᠷᠪᠢᠯᠠᠨ ᠭᠠᠮᠨᠠᠬᠤ ᠲᠦᠷᠢᠮ︾ ᠳᠤ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠡᠯ᠎ᠡ ᠲᠠᠯ᠎ᠠ ᠶᠢᠨ ᠬᠢᠨ ᠬᠠᠮᠵᠢᠯᠴᠠᠭᠰᠠᠨ᠂ ᠵᠠᠬ᠎ᠠ ᠳᠡᠯᠭᠡᠭᠦᠷ ᠢᠶᠠᠷ ᠵᠣᠬᠢᠴᠠᠭᠤᠯᠤᠭᠰᠠᠨ᠂ ᠤᠯᠠᠨ ᠨᠡᠶᠢᠲᠡ ᠪᠠᠷ ᠢᠶᠠᠨ ᠣᠷᠣᠯᠴᠠᠭᠰᠠᠨ ᠤᠰᠤ ᠠᠷᠪᠢᠯᠠᠬᠤ ᠲᠣᠭᠲᠠᠴᠠ ᠶᠢ ᠪᠠᠶᠢᠭᠤᠯᠤᠨ᠎ᠠ ᠭᠡᠵᠦ ᠲᠣᠭᠲᠠᠭᠠᠪᠠ᠃ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ ᠤᠨ ᠣᠷᠳᠣᠨ ᠢ ᠨᠡᠩ ᠰᠠᠶᠢᠲᠤᠷ ᠤᠶᠠᠯᠳᠤᠭᠤᠯᠬᠤ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖ ᠠᠬᠢᠴᠠ ᠨᠢ ᠶᠠᠮᠠᠷ ᠵᠡᠷᠭᠡ ᠪᠤᠢ︖ ᠪᠠᠶᠠᠷᠯᠠᠯ᠎ᠠ᠃  ᠴᠧᠨ ᠳ᠋ᠠ ᠶᠦᠩ ᠬᠠᠷᠢᠭᠤᠯᠬᠤ ᠨᠢ᠄  ᠤᠰᠤ ᠠᠷᠪᠢᠯᠠᠬᠤ ᠠᠵᠢᠯ ᠤᠨ ᠳᠤᠮᠳᠠ ︽ᠬᠤᠶᠠᠷ ᠲᠠᠯ᠎ᠠ ᠪᠠᠷ ᠬᠦᠴᠦᠯᠡᠬᠦ︾ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠬᠦ ᠨᠡᠶᠢᠭᠡᠮ ᠤᠨ ᠤᠰᠤ ᠶᠢ ᠠᠷᠪᠢᠯᠠᠵᠤ ᠬᠡᠷᠡᠭᠯᠡᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠭᠰᠡᠨ ᠨᠢ ᠲᠦᠢᠯ ᠤᠨ ᠴᠢᠬᠤᠯᠠ ᠶᠤᠮ᠃  ︽ᠳᠦᠷᠢᠮ︾ ᠨᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠰᠢᠷᠢᠰ ᠲᠣᠭᠲᠠᠭᠠᠯ ᠭᠠᠷᠭᠠᠵᠠᠢ᠃ ᠨᠢᠭᠡ ᠳᠤ᠂ ᠤᠰᠤ ᠠᠷᠪᠢᠯᠠᠬᠤ ᠶᠢ ᠠᠬᠢᠭᠤᠯᠬᠤ ᠤᠰᠤᠨ ᠤ ᠦᠨ᠎ᠡ ᠶᠢᠨ ᠰᠢᠰᠲ᠋ᠧᠮ ᠢ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠳᠤ ᠤᠰᠤᠨ ᠤ ᠱᠠᠲᠤᠯᠢᠭ ᠦᠨ᠎ᠡ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢ ᠬᠠᠤᠯᠢ ᠶᠣᠰᠣᠭᠠᠷ ᠡᠯ᠎ᠡ ᠲᠥᠷᠥᠯ ᠤᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠵᠦᠶ ᠵᠣᠬᠢᠰᠲᠠᠶ ᠲᠣᠭᠲᠠᠭᠠᠵᠤ᠂ ᠳᠠᠬᠢᠯᠲᠠ ᠤᠰᠤ᠂ ᠲᠠᠯᠠᠢ ᠶᠢᠨ ᠤᠰᠤ ᠶᠢ ᠴᠡᠩᠭᠡᠭᠵᠢᠭᠦᠯᠦᠭᠰᠡᠨ ᠤᠰᠤᠨ ᠤ ᠦᠨ᠎ᠡ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ ᠳᠣᠤᠷ᠎ᠠ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ᠃ ᠬᠤᠶᠠᠷ ᠲᠤ᠂ ᠤᠰᠤᠨ ᠤ ᠡᠷᠬᠡ ᠶᠢᠨ ᠵᠠᠬ᠎ᠠ ᠳᠡᠯᠭᠡᠭᠦᠷ ᠢ ᠪᠤᠶᠢᠵᠢᠭᠤᠯᠤᠨ ᠵᠢᠷᠤᠮᠵᠢᠭᠤᠯᠤᠨ᠎ᠠ᠃ ᠣᠯᠠᠨ ᠵᠦᠢᠯ ᠤᠨ ᠬᠡᠯᠪᠡᠷᠢ ᠶᠢᠨ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠳᠡᠮᠵᠢᠨ᠎ᠡ᠃ ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠲᠥᠷᠥᠯ ᠵᠦᠢᠯ ᠤᠨ ᠪᠡᠯᠡ ᠲᠤᠬᠢᠷᠠᠭᠤᠯᠭ᠎ᠠ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠳᠥᠷᠪᠡ ᠳᠤ᠂ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠵᠢᠷᠤᠮᠵᠢᠭᠰᠠᠨ ᠤᠰᠤ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠵᠡᠷᠭᠡ ᠶᠢ ᠵᠣᠷᠢᠭᠵᠢᠭᠤᠯᠤᠨ ᠬᠥᠭᠵᠢᠭᠦᠯᠦᠨ᠎ᠡ᠃  ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠬᠤ ᠲᠠᠯ᠎ᠠ ᠪᠠᠷ᠂ ︽ᠳᠦᠷᠢᠮ︾ ᠳᠤ ᠭᠤᠣᠯᠳᠠᠭᠤ᠄ ᠨᠢᠭᠡ ᠳᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯ ᠪᠣᠯᠬᠤ ᠲᠠᠷᠢᠮᠠᠯ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠪᠠ ᠦᠢᠯᠡᠴᠢᠯᠡᠭᠡᠨ ᠤ ᠦᠢᠯᠡᠰ ᠲᠤ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠲᠣᠭᠲᠠᠭᠠᠬᠤ ᠪᠠᠷ ᠲᠣᠭᠲᠠᠭᠠᠪᠠ︔ ᠮᠤᠵᠢ ᠶᠢᠨ ᠱᠠᠲᠤᠨ ᠠᠴᠠ ᠬᠡᠷᠡᠭᠴᠡᠭᠡ ᠪᠠᠨ ᠦᠨᠳᠦᠰᠦᠯᠡᠨ᠂ ᠣᠷᠣᠨ ᠨᠤᠲᠤᠭ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠲᠣᠭᠲᠠᠭᠠᠨ᠎ᠠ᠃ ᠬᠤᠶᠠᠷ ᠲᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤ ᠶᠢ ᠲᠥᠯᠥᠪᠯᠡᠭᠡ ᠲᠠᠢ ᠪᠠᠷ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠵᠡᠷᠭᠡ ᠶᠢ ᠦᠨᠳᠦᠰᠦᠯᠡᠨ᠂ ᠣᠷᠣᠨ ᠪᠦᠰᠡ ᠶᠢᠨ ᠣᠨ ᠤ ᠤᠰᠤ ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠦᠨ᠎ᠡ︔ ᠤᠰᠤ ᠬᠡᠷᠡᠭᠯᠡᠬᠦ ᠨᠢ ᠵᠣᠬᠢᠬᠤ ᠬᠡᠪᠴᠢᠶᠡᠨ ᠳᠤ ᠬᠦᠷᠦᠭᠰᠡᠨ ᠨᠢᠭᠡᠴᠢ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠭᠤᠷᠪᠠ ᠳᠤ᠂ ᠤᠰᠤ ᠶᠡᠭᠡ ᠬᠤᠷᠤᠭᠳᠠᠭᠤᠯᠬᠤ ᠠᠵᠤ ᠦᠢᠯᠡᠰ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ ᠳᠤ ᠤᠰᠤ ᠶᠡᠭᠡ ᠬᠤᠷᠣᠭᠳᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠴᠢᠩᠭ᠎ᠠ ᠬᠢᠵᠠᠭᠠᠷᠯᠠᠬᠤ ᠬᠡᠷᠡᠭᠲᠡᠶ ᠭᠡᠵᠦ ᠲᠣᠭᠲᠠᠭᠠᠵᠠᠶ᠃  ︽ᠲᠦᠷᠢᠮ︾ ᠤᠨ ᠳᠡᠭᠡᠷᠡᠬᠢ ᠲᠣᠭᠲᠠᠭᠠᠯ ᠨᠢ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ︽ᠬᠤᠶᠠᠷ ᠲᠠᠯ᠎ᠠ ᠪᠠᠷ ᠬᠦᠴᠦᠯᠡᠬᠦ︾ ᠱᠠᠭᠠᠷᠳᠠᠯᠭ᠎ᠠ ᠶᠢ ᠭᠦᠢᠴᠡᠳ ᠢᠯᠡᠷᠡᠭᠦᠯᠦᠭᠰᠡᠨ ᠪᠥᠭᠡᠳ ᠣᠶᠢᠷ᠎ᠠ ᠶᠢᠨ ᠵᠢᠯ ᠤᠨ ᠤᠰᠤ ᠠᠷᠪᠢᠯᠠᠬᠤ ᠠᠵᠢᠯ ᠤᠨ ᠦᠢᠯᠡᠳᠦᠯᠭᠡ ᠶᠢᠨ ᠦᠷ᠎ᠡ ᠪᠦᠲᠦᠭᠡᠯ ᠤᠨ ᠳ᠋ᠦᠩᠨᠡᠯᠲᠡ ᠪᠣᠯᠤᠭᠰᠠᠨ ᠪᠠᠶᠢᠨ᠎ᠠ᠃ ᠵᠢᠱᠢᠶᠡᠯᠡᠪᠡᠯ᠂ ᠤᠰᠤᠨ ᠤ ᠦᠨ᠎ᠡ ᠶᠢᠨ ᠲᠠᠯ᠎ᠠ ᠪᠠᠷ᠂ ᠤᠰᠤᠨ ᠠᠰᠢᠭᠯᠠᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾᠂ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ ᠰᠢᠯᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠦᠨ᠎ᠡ ᠲᠣᠭᠲᠠᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠰᠤᠨ ᠤ ᠡᠷᠬᠡ ᠶᠢᠨ ᠠᠷᠠᠯᠵᠢᠶᠠᠨ ᠤ ᠲᠠᠯ᠎ᠠ ᠪᠠᠷ᠂ ᠤᠰᠤᠨ ᠠᠰᠢᠭᠯᠠᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ ︽ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠨᠢᠭᠡᠳᠦᠯᠲᠡᠶ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠲᠤᠭ᠎ᠠ ᠪᠠᠷᠢᠮᠲᠠ ᠶᠢᠨ ᠵᠢᠷᠤᠮᠵᠢᠯ ᠢ ᠪᠠᠶᠢᠭᠤᠯᠤᠨ᠂ ᠪᠥᠬᠦ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠨᠢᠭᠡᠳᠦᠯᠲᠡᠶ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠵᠤ᠂ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠯᠵᠢᠶᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠳᠤᠮᠳᠠᠳᠤ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠭᠠᠵᠠᠷ ᠨᠡᠶᠢᠲᠡ 11439 ᠠᠷᠠᠯᠵᠢᠶ᠎ᠠ ᠪᠦᠲᠦᠵᠦ᠂ ᠠᠷᠠᠯᠵᠢᠶᠠᠯᠠᠭᠰᠠᠨ ᠤᠰᠤᠨ ᠤ ᠬᠡᠮᠵᠢᠶ᠎ᠡ 43.07 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ᠂ 23 ᠮᠤᠵᠢ ᠶᠢ ᠵᠢᠯᠣᠭᠤᠳᠴᠤ ᠪᠠᠶᠢᠭᠠᠳ ︽ᠤᠰᠤ ᠠᠷᠪᠢᠯᠠᠬᠤ ᠵᠢᠭᠡᠯᠡᠯᠭᠡ︾ ᠶᠢᠨ ᠦᠢᠯᠡᠳᠭᠦᠨ ᠢ ᠨᠡᠶᠢᠲᠡᠯᠡᠵᠦ᠂ ᠵᠢᠭᠡᠯᠡᠯᠭᠡ ᠶᠢᠨ ᠦᠯᠡᠳᠡᠪᠦᠷᠢ 2172 ᠳ᠋ᠦᠩᠰᠢᠭᠤᠷ ᠲᠥᠭᠦᠷᠢᠭ ᠲᠤ ᠬᠥᠷᠪᠡ᠃ ᠤᠰᠤ ᠠᠷᠪᠢᠯᠠᠬᠤ ᠦᠢᠯᠡᠴᠢᠯᠡᠭᠡᠨ ᠤ ᠲᠠᠯ᠎ᠠ ᠪᠠᠷ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠤᠰᠤ ᠠᠷᠪᠢᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠬᠠᠤᠯᠢ ᠶᠣᠰᠣᠭᠠᠷ ᠣᠷᠣᠯᠴᠠᠭᠤᠯᠵᠤ᠂ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠦᠨ᠂ 2019 ᠣᠨ ᠠᠴᠠ ᠨᠠᠭᠠᠰᠢ ᠲᠥᠷᠥᠯ ᠵᠦᠢᠯ ᠳᠤ ᠨᠡᠶᠢᠲᠡ 86 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠪᠠ᠃ ᠤᠰᠤ ᠬᠡᠷᠡᠭᠯᠡᠬᠦ ᠲᠠᠯ᠎ᠠ ᠪᠠᠷ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠬᠠᠲᠤᠨ ᠭᠤᠤᠯ ᠤᠨ ᠰᠠᠪᠠ ᠭᠠᠵᠠᠷ᠂ ᠪᠡᠭᠡᠵᠢᠩ ᠲᠢᠶᠠᠨᠵᠢᠨ ᠾᠧᠪᠧᠶ ᠣᠷᠣᠨ ᠤ ᠣᠨ ᠤ ᠤᠰᠤ ᠬᠡᠷᠡᠭᠯᠡᠬᠦ ᠬᠡᠮᠵᠢᠶ᠎ᠡ ᠨᠢ 1 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠠᠵᠤ ᠦᠢᠯᠡᠳᠪᠦᠷᠢ ᠶᠢᠨ ᠦᠢᠯᠡᠴᠢᠯᠡᠭᠡᠨ ᠤ ᠦᠢᠯᠡᠰ ᠤᠨ ᠨᠢᠭᠡᠴᠢ ᠳᠤ ᠤᠰᠤ ᠬᠡᠷᠡᠭᠯᠡᠬᠦ ᠲᠥᠯᠥᠪᠯᠡᠭᠡ ᠪᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃  ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠮᠵᠢᠯᠴᠠᠨ ᠬᠦᠴᠦᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠠᠷᠪᠢᠯᠠᠬᠤ ᠶᠡᠷᠦᠩᠬᠡᠶᠢᠯᠡᠭᠰᠡᠨ ᠰᠢᠰᠲ᠋ᠧᠮ ᠢ ᠪᠠᠶᠢᠭᠤᠯᠵᠤ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠰᠤ ᠠᠷᠪᠢᠯᠠᠬᠤ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠪᠠᠶᠠᠷᠯᠠᠯ᠎ᠠ᠃  ᠰᠢᠩ ᠾᠦᠢ ᠨᠠ᠄  ᠡᠨᠡ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠳᠡ ᠬᠦᠷᠴᠦ᠂ ᠬᠡᠳᠦᠨ ᠨᠡᠶᠢᠲᠡᠯᠡᠭᠴᠢ ᠳᠤ ᠲᠠᠯᠠᠷᠬᠠᠵᠤ ᠪᠠᠶᠢᠨ᠎ᠠ᠂ ᠵᠠᠭᠤᠴᠢᠯᠠᠭᠤᠷ ᠤᠨ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠣᠯᠠᠨ ᠢᠶᠠᠷ ᠢᠶᠠᠨ ᠪᠠᠶᠠᠷᠲᠠᠶ︕
国务院政策例行吹风会17.png
 
 
ᠢᠷᠡᠯᠲᠡ᠄ ᠬᠠᠤᠯᠢ ᠪᠠᠷ ᠵᠠᠰᠠᠬᠤ ᠤᠰᠤᠨ ᠠᠰᠢᠭᠯᠠᠯᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map