2024 ᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/5/31
ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠶᠠᠪᠤᠳᠠᠯ︶ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠠᠵᠢᠯ ᠦᠢᠯᠡᠰ ᠤᠨ ᠨᠢᠭᠡᠴᠢ ᠳᠤ᠄  ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ︵ᠳᠣᠷᠣᠭᠰᠢ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢᠨ ᠮᠡᠳᠡᠭᠳᠡᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠲᠣ 2024 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠬᠡᠪᠴᠢᠶ᠎ᠡ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2020﹈ 4 ᠳ᠋ᠤᠭᠡᠷ ᠲᠣᠭᠠᠲᠤ︶ ︵ᠳᠣᠷᠣᠭᠰᠢ ︽ᠥᠪᠥᠷ ᠮᠣᠩᠭᠤᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠤᠨ ᠬᠤᠷᠢᠳᠤᠭᠠᠷ ᠵᠤᠷᠪᠤᠰ ᠲᠤ ᠲᠣᠭᠲᠠᠭᠠᠭᠰᠠᠨ ᠠᠵᠢᠯ ᠤᠨ ᠪᠠᠶᠢᠷᠢ ᠳᠤ ᠪᠠᠶᠢᠭ᠎ᠠ ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠳᠤ ᠨᠡᠶᠢᠴᠡᠪᠡ᠃  ᠬᠤᠶᠠᠷ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ  ︵ᠨᠢᠭᠡ︶ ᠮᠡᠳᠡᠭᠦᠯᠬᠦ ᠦᠨᠳᠦᠰᠦᠯᠡᠯ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠭᠤᠶᠤᠴᠢᠯᠠᠨ ᠮᠡᠳᠡᠭᠦᠯᠦᠭᠰᠡᠳ᠂ ︽ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 40 ᠳ᠋ᠦ᠋ᠭᠡᠷ ᠲᠣᠭᠠᠲᠤ︶ ᠪᠠ ᠥᠪᠥᠷ ᠮᠣᠩᠭᠤᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠬᠡᠷᠡᠭᠵᠢᠭᠦᠯᠬᠦ ᠨᠠᠷᠢᠨ ᠲᠦᠷᠢᠮ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ ᠪᠥᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠰᠢᠷᠢᠰ ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇ 2022 ﹈ 71 ᠳ᠋ᠤᠭᠡᠷ ᠲᠣᠭᠠᠲᠤ︶ ᠪᠠ 2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠦᠷᠭᠦᠯᠵᠢᠯᠡᠨ ᠰᠤᠷᠭᠠᠨ ᠬᠥᠮᠦᠵᠢᠭᠦᠯᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ︽2024 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2023﹈ 204 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃  ︵ᠬᠤᠶᠠᠷ︶ ᠬᠢᠨᠠᠨ ᠲᠣᠭᠳᠠᠭᠠᠭᠰᠠᠨ ᠰᠦᠢᠳᠬᠡᠯ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠴᠤᠪᠤᠷᠠᠯ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ ᠣᠷᠣᠯᠴᠠᠬᠤ ᠬᠥᠮᠦᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠲᠥᠯᠥᠪᠯᠡᠭᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠲᠢᠩᠬᠢᠮ ᠤᠨ ᠲᠤᠰᠬᠠᠶ ᠮᠡᠷᠭᠡᠵᠢᠯ ᠤᠨ ᠬᠢᠷᠢ ᠭᠡᠮ ᠢ ᠬᠢᠨᠠᠨ ᠲᠣᠭᠲᠠᠭᠠᠬᠤ ᠵᠠᠷᠤᠳᠠᠯ ᠬᠢᠭᠡᠳ ᠦᠨᠡᠮᠯᠡᠯ ᠤᠨ ᠬᠥᠯᠥᠰᠥ ᠥᠷᠲᠡᠭ ᠤᠨ ᠵᠠᠷᠤᠳᠠᠯ ᠤᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠴᠣᠬᠤᠯᠠᠪᠤᠷᠢ︾ ︵ᠥᠪᠥᠷ ᠲᠥᠯᠥᠪᠯᠡᠭᠡ ᠵᠠᠷᠤᠳᠠᠯ ᠦᠰᠦᠭ ﹇2001﹈ 1202 ᠳ᠋ᠤᠭᠠᠷ ᠲᠣᠭᠠᠲᠤ︶ ᠪᠠ ︽ᠲᠤᠰᠬᠠᠶ ᠮᠡᠷᠭᠡᠵᠢᠯ ᠤᠨ ᠬᠢᠷᠢ ᠭᠡᠮ ᠢ ᠬᠢᠨᠠᠨ ᠲᠣᠭᠲᠠᠭᠠᠬᠤ ᠪᠠ ᠦᠨᠡᠮᠯᠡᠯ ᠤᠨ ᠵᠠᠷᠤᠳᠠᠯ ᠵᠢᠴᠢ ᠵᠠᠷᠤᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠲᠠᠷᠬᠠᠭᠠᠭᠰᠠᠨ ﹇2001﹈ 124 ᠳ᠋ᠦ᠋ᠭᠡᠷ ᠲᠣᠭᠠᠲᠤ︶ ᠤᠨ ᠪᠠᠷᠢᠮᠵᠢᠶ᠎ᠠ ᠶᠣᠰᠣᠭᠠᠷ ᠬᠢᠨᠠᠨ ᠲᠣᠭᠲᠠᠭᠠᠬᠤ ᠵᠠᠷᠤᠳᠠᠯ ᠲᠤᠰᠢᠶᠠᠵᠤ᠂ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠮᠡᠳᠡᠭᠦᠯᠦᠭᠰᠡᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠲᠣᠭᠲᠠᠭᠠᠭᠰᠠᠨ ᠰᠦᠢᠳᠬᠡᠯ ᠢᠶᠠᠨ ᠤᠰᠤᠨ ᠠᠰᠢᠭᠯᠠᠯᠲᠠ ᠶᠢᠨ ᠲᠢᠩᠬᠢᠮ ᠤᠨ ᠵᠢᠭᠠᠨ ᠲᠣᠭᠲᠠᠭᠠᠭᠰᠠᠨ ᠳᠠᠩᠰᠠᠨ ᠡᠷᠦᠬᠡ ᠳᠤ ᠲᠤᠰᠢᠶᠠᠬᠤ ᠬᠡᠷᠡᠭᠲᠡᠶ᠃  ︵ᠭᠤᠷᠪᠠ︶ ᠪᠤᠰᠤᠳ ᠱᠠᠭᠠᠷᠳᠠᠯᠭ᠎ᠠ  ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠠᠭᠠᠳ ᠥᠬᠡᠶ ᠨᠡᠪᠲᠡᠷᠡᠬᠦ ᠵᠠᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ ᠤᠨ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠬᠡᠯᠪᠠᠶᠢᠯᠭᠡᠬᠦ ᠲᠥᠷᠥ ᠶᠢᠨ ᠪᠣᠳᠣᠯᠭ᠎ᠠ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠬᠡᠯᠪᠠᠶᠢᠯᠭᠡᠬᠦ ᠲᠥᠷᠥ ᠶᠢᠨ ᠪᠣᠳᠣᠯᠭ᠎ᠠ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠲᠠᠰ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠵᠣᠯᠭᠠᠭᠤᠯᠬᠤ᠂ ᠮᠡᠷᠭᠡᠵᠢᠯ ᠤᠨ ᠴᠣᠯᠠ ᠶᠢᠨ ᠲᠦᠷᠢᠮ ᠬᠢᠭᠡᠳ ᠬᠥᠮᠦᠨ ᠬᠡᠷᠡᠭᠯᠡᠬᠦ ᠲᠦᠷᠢᠮ ᠢ ᠵᠣᠯᠭᠠᠭᠤᠯᠬᠤ᠂ ᠮᠡᠷᠭᠡᠵᠢᠯ ᠤᠨ ᠴᠣᠯᠠ ᠶᠢᠨ ᠲᠦᠷᠢᠮ ᠬᠢᠭᠡᠳ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠵᠣᠯᠭᠠᠭᠤᠯᠬᠤ ᠵᠡᠷᠭᠡ ᠶᠢ 2024 ᠣᠨ ᠳᠤ ᠪᠥᠬᠦ ᠣᠷᠣᠨ ᠤ ᠮᠡᠷᠭᠡᠵᠢᠯ ᠤᠨ ᠴᠣᠯᠠ ᠶᠢᠨ ᠬᠤᠯᠪᠣᠭᠳᠠᠯ ᠪᠥᠬᠦᠶ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠬᠦ ᠬᠥᠮᠦᠰ ᠤᠨ ᠪᠠᠶᠢᠭ᠎ᠠ ᠨᠢᠭᠡᠴᠢ ᠶᠢᠨ ᠴᠢᠳᠠᠪᠤᠷᠢᠲᠠᠨ ᠤ ᠪᠡᠶ᠎ᠡ ᠶᠢᠨ ᠭᠠᠷᠤᠯ ᠪᠤᠶᠤ ᠥᠩᠭᠡᠷᠡᠯᠲᠡ ᠶᠢᠨ ᠭᠡᠷᠡᠴᠢᠯᠡᠬᠦ ᠮᠠᠲ᠋ᠧᠷᠢᠶᠠᠯ ᠬᠠᠩᠭᠠᠬᠤ ᠶᠢᠨ ᠬᠠᠮᠲᠤ ᠨᠢᠭᠡᠴᠢ ᠶᠢᠨ ᠠᠯᠪᠠᠨ ᠲᠠᠮᠠᠭ᠎ᠠ ᠳᠠᠷᠤᠬᠤ ᠬᠡᠷᠡᠭᠲᠡᠶ᠃  ᠭᠤᠷᠪᠠ᠂ ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ  ︵ᠨᠢᠭᠡ︶ ᠦᠨᠡᠨᠴᠢ ᠢᠲᠡᠭᠡᠮᠵᠢ ᠶᠢᠨ ᠠᠮᠠᠯᠠᠯᠲᠠ ᠶᠢ ᠨᠠᠶᠢᠳᠠᠪᠤᠷᠢᠵᠢᠭᠤᠯᠬᠤ  ᠭᠤᠶᠤᠴᠢᠯᠠᠨ ᠮᠡᠳᠡᠭᠦᠯᠦᠭᠴᠢ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠵᠤ᠂ ᠡᠷᠬᠡᠪᠰᠢ ︽ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ︵ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠨᠢ ︽ᠲᠤᠰᠬᠠᠶ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠦᠰᠦᠨᠦᠭᠲᠦ︾ ᠳᠤ ᠭᠠᠷ ᠤᠨ ᠥᠰᠥᠭ ᠵᠢᠷᠤᠨ᠎ᠠ︶ ᠲᠤ ᠭᠠᠷ ᠤᠨ ᠥᠰᠥᠭ ᠵᠢᠷᠤᠬᠤ ᠬᠡᠷᠡᠭᠲᠡᠶ︔ ᠬᠥᠮᠦᠨ ᠬᠡᠷᠡᠭᠯᠡᠬᠦ ᠨᠢᠭᠡᠴᠢ ᠡᠷᠬᠡᠪᠰᠢ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠲᠠᠨᠢᠯᠴᠠᠭᠤᠯᠭ᠎ᠠ ᠶᠢᠨ ᠰᠠᠨᠠᠯ ᠭᠠᠷᠭᠠᠵᠤ᠂ ᠭᠤᠶᠤᠴᠢᠯᠠᠨ ᠮᠡᠳᠡᠭᠦᠯᠬᠦ ᠵᠢᠷᠤᠮ ᠪᠠ ᠮᠠᠲ᠋ᠧᠷᠢᠶᠠᠯ ᠤᠨ ᠪᠣᠭᠤᠮᠲᠠ ᠶᠢ ᠠᠳᠬᠤᠬᠤ ᠳᠤ ᠠᠮᠠᠯᠠᠯᠲᠠ ᠬᠢᠵᠦ᠂ ᠲᠠᠨᠢᠯᠴᠠᠭᠤᠯᠬᠤ ᠪᠠᠷ ᠵᠢᠱᠢᠭᠳᠡᠭᠴᠢ ᠶᠢ ᠪᠣᠶ ᠪᠣᠯᠭᠠᠬᠤ ᠠᠷᠭ᠎ᠠ ᠮᠠᠶ᠋ᠢᠭ᠂ ᠭᠤᠶᠤᠴᠢᠯᠠᠨ ᠮᠡᠳᠡᠭᠦᠯᠬᠦ ᠬᠥᠮᠦᠰ ᠤᠨ ᠬᠢᠷᠢ ᠬᠡᠮ ᠤᠨ ᠨᠥᠬᠦᠴᠡᠯ ᠵᠢᠴᠢ ᠵᠠᠷᠯᠠᠨ ᠨᠡᠶᠢᠲᠡᠯᠡᠭᠰᠡᠨ ᠪᠠᠶᠢᠳᠠᠯ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ ︽ᠬᠡᠨ ᠬᠢᠨᠠᠨ ᠬᠠᠷᠭᠤᠭᠤᠯᠵᠤ᠂ ᠬᠡᠨ ᠭᠠᠷ ᠤᠨ ᠦᠰᠦᠭ ᠵᠢᠷᠤᠵᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠮᠡᠳᠡᠭᠦᠯᠬᠦ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠳᠤ ᠬᠢᠨᠠᠨ ᠬᠠᠷᠭᠤᠭᠤᠯᠤᠭᠴᠢ ᠶᠢᠨ ᠣᠪᠣᠭ ᠨᠡᠷ᠎ᠡ᠂ ᠬᠢᠨᠠᠨ ᠬᠠᠷᠭᠤᠭᠤᠯᠤᠭᠰᠠᠨ ᠰᠠᠨᠠᠯ ᠵᠢᠴᠢ ᠬᠢᠨᠠᠨ ᠬᠠᠷᠭᠤᠭᠤᠯᠤᠭᠰᠠᠨ ᠡᠳᠦᠷ ᠬᠤᠭᠤᠴᠠᠭᠠᠨ ᠳᠤ ᠭᠠᠷ ᠤᠨ ᠦᠰᠦᠭ ᠵᠢᠷᠤᠬᠤ ᠶᠢᠨ ᠬᠠᠮᠲᠤ ᠬᠢᠨᠠᠨ ᠬᠠᠷᠭᠤᠭᠤᠯᠵᠤ ᠲᠠᠨᠢᠯᠴᠠᠭᠤᠯᠬᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠦᠭᠡᠢ ᠪᠣᠯ ᠬᠢᠨᠠᠨ ᠲᠣᠭᠲᠠᠭᠠᠯᠭᠠᠬᠤ ᠪᠠᠷ ᠲᠤᠰᠢᠶᠠᠬᠤ ᠦᠭᠡᠢ᠃  ︵ᠬᠤᠶᠠᠷ︶ ᠢᠲᠡᠭᠡᠯ ᠢᠶᠠᠨ ᠠᠯᠳᠠᠭᠰᠠᠨ ᠢ ᠴᠢᠩᠭ᠎ᠠ ᠵᠠᠯᠬᠠᠭᠠᠨ ᠴᠡᠭᠡᠷᠯᠡᠭᠦᠯᠬᠦ  ᠭᠤᠶᠤᠴᠢᠯᠠᠨ ᠮᠡᠳᠡᠭᠦᠯᠦᠭᠴᠢ ᠠᠴᠠ ᠬᠤᠳᠠᠯ ᠬᠠᠭᠤᠷᠮᠠᠭ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠬᠠᠩᠭᠠᠵᠤ᠂ ᠰᠢᠢᠳᠬᠡᠯ ᠥᠭᠴᠦ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠪᠠᠶᠢᠳᠠᠯ ᠢ ᠨᠢᠭᠤᠨ ᠳᠠᠯᠳᠠᠯᠠᠭᠰᠠᠨ ᠪᠠᠶᠢᠪᠠᠯ᠂ ᠬᠥᠮᠦᠨ ᠬᠡᠷᠡᠭᠯᠡᠬᠦ ᠨᠢᠭᠡᠴᠢ ᠠᠴᠠ ᠲᠡᠭᠦᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ᠂ ᠬᠠᠭᠤᠯᠤᠨ ᠳᠠᠭᠠᠷᠢᠬᠤ᠂ ᠪᠤᠰᠤᠳ ᠤᠨ ᠪᠦᠲᠦᠭᠡᠯ ᠪᠠ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠬᠤᠯᠠᠭᠠᠶᠢᠯᠠᠬᠤ᠂ ᠵᠦᠢ ᠵᠣᠬᠢᠰ ᠦᠭᠡᠢ ᠪᠠᠷ ᠨᠡᠷ᠎ᠡ ᠪᠢᠴᠢᠭᠰᠡᠨ ᠪᠤᠶᠤ ᠪᠤᠰᠤᠳ ᠲᠥᠪ ᠪᠤᠰᠤ ᠠᠷᠭ᠎ᠠ ᠪᠠᠷᠢᠯ ᠢᠶᠠᠷ ᠳᠠᠮᠵᠢᠭᠤᠯᠤᠨ ᠮᠡᠷᠭᠡᠵᠢᠯ ᠤᠨ ᠴᠣᠯᠠ ᠣᠯᠤᠭᠰᠠᠨ ᠪᠠᠶᠢᠪᠠᠯ᠂ ᠭᠤᠶᠤᠴᠢᠯᠠᠨ ᠮᠡᠳᠡᠭᠦᠯᠦᠭᠴᠢ ᠶᠢᠨ ᠪᠠᠶᠢᠭ᠎ᠠ ᠨᠢᠭᠡᠴᠢ ᠨᠦᠭᠦᠳ ᠬᠢᠨᠠᠨ ᠬᠠᠷᠭᠤᠭᠤᠯᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ᠂ ᠲᠠᠨᠢᠯᠴᠠᠭᠤᠯᠤᠭᠰᠠᠨ ᠬᠥᠮᠥᠰ ᠤᠨ ᠬᠢᠷᠢ ᠬᠡᠮ ᠤᠨ ᠨᠥᠬᠦᠴᠡᠯ᠂ ᠠᠵᠢᠯ ᠮᠡᠷᠭᠡᠵᠢᠯ ᠤᠨ ᠶᠣᠰᠣ ᠮᠣᠷᠠᠯ ᠵᠢᠴᠢ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠶᠢᠳᠠᠯ ᠢ ᠴᠢᠩᠭ᠎ᠠ ᠠᠳᠬᠤᠭᠰᠠᠨ ᠦᠭᠡᠢ᠂ ᠬᠢᠨᠠᠨ ᠬᠠᠷᠭᠤᠭᠤᠯᠬᠤ ᠳᠡᠰ ᠳᠠᠷᠠᠭᠠᠯᠠᠯ ᠨᠢ ᠪᠦᠷᠢᠨ ᠲᠡᠭᠦᠯᠳᠡᠷ ᠦᠭᠡᠢ ᠪᠠᠶᠢᠪᠠᠯ᠂ ᠥᠪᠥᠷ ᠮᠣᠩᠭᠤᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠬᠡᠷᠡᠭᠵᠢᠭᠦᠯᠬᠦ ᠨᠠᠷᠢᠨ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃  ︵ᠭᠤᠷᠪᠠ︶ ᠠᠰᠠᠭᠤᠳᠠᠯ ᠢ ᠢᠯᠡᠴᠢᠯᠡᠨ ᠮᠡᠳᠡᠭᠦᠯᠵᠦ ᠬᠢᠨᠠᠨ ᠬᠠᠷᠭᠤᠭᠤᠯᠬᠤ  ᠬᠢᠨᠡᠨ ᠲᠣᠠᠠᠳᠠᠭᠠᠠᠠᠰᠠᠨ ᠦᠷ᠎ᠠ ᠳ᠋ᠦᠩ ᠢ ᠢᠯᠡ ᠨᠡᠶᠢᠳᠡᠯᠡᠬᠦ ᠬᠤᠭᠤᠴᠠᠭᠠᠨ ᠳᠤ᠂ ᠢᠯᠡᠴᠢᠯᠡᠨ ᠮᠡᠳᠡᠬᠦᠯᠥᠨ ᠵᠠᠭᠠᠯᠳᠣᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ ᠠᠰᠠᠭᠤᠳᠡᠯ ᠤᠨ ᠰᠦᠪᠡᠭᠴᠢ ᠶᠢ ᠬᠢᠨᠡᠨ ᠲᠣᠠᠠᠳᠠᠭᠠᠬᠤ ᠠᠵᠢᠯ ᠳᠤ ᠬᠤᠯᠪᠤᠠᠠᠳ᠋ᠬᠠᠰᠠᠨ ᠪᠠᠶᠢᠪᠠᠯ᠂ ᠬᠢᠨᠡᠨ ᠲᠣᠠᠠᠳᠠᠭᠠᠬᠤ ᠺᠣᠮᠢᠰ ᠤᠨ ᠵᠤᠬᠢᠶᠡᠨ ᠪᠠᠶᠢᠭᠤᠯᠥᠠᠠᠰᠠᠨ ᠨᠢᠭᠡᠴᠢ ᠠᠴᠠ ᠪᠠᠶᠢᠴᠠᠭᠠᠨ ᠬᠠᠷᠭᠤᠭᠤᠯᠥᠨ᠎ᠠ︔ ᠮᠠᠲ᠋ᠧᠷᠢᠶᠡᠯ ᠤᠨ ᠦᠨᠡᠨ ᠪᠤᠳᠡᠳᠣ ᠴᠢᠨᠡᠷ ᠲᠤ ᠬᠤᠯᠪᠤᠠᠠᠳ᠋ᠬᠠᠰᠠᠨ ᠪᠠᠶᠢᠪᠠᠯ᠂ ᠡᠯ᠎ᠠ ᠠᠶᠢᠮᠠᠭ ᠬᠤᠳᠡ ᠪᠠ ᠬᠦᠮᠦᠨ ᠭᠡᠷᠡᠭᠯᠡᠬᠦ ᠨᠢᠭᠡᠴᠢ ᠠᠴᠠ ᠪᠠᠶᠢᠴᠠᠭᠠᠵᠦ ᠬᠢᠨᠡᠨ ᠬᠠᠷᠭᠤᠭᠤᠯᠥᠨ᠎ᠠ᠃  ᠳᠥᠷᠪᠡ᠂ ᠮᠡᠳᠡᠭᠦᠯᠬᠦ ᠱᠠᠭᠠᠷᠳᠠᠯᠭ᠎ᠠ  ︵ᠨᠢᠭᠡ︶ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ  1. ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠠᠵᠢᠯᠲᠠᠳ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠬᠡᠯᠪᠡᠷᠢ ᠶᠢ ᠠᠪᠴᠤ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵ᠰᠦᠯᠵᠢᠶᠡᠨ ᠤ ᠬᠠᠶ᠋ᠢᠭ᠄ www.nmgrck.cn ︶ ᠶᠢ ᠰᠤᠷᠪᠤᠯᠵᠢᠯᠠᠵᠤ᠂ ᠰᠦᠯᠵᠢᠶᠡᠨ ᠳᠡᠭᠡᠷ᠎ᠡ ᠳᠠᠩᠰᠠᠯᠠᠭᠤᠯᠤᠨ᠂ ᠲᠤᠬᠠᠶᠢᠯᠠᠭᠰᠠᠨ ᠠᠵᠢᠯ ᠢ ᠭᠦᠢᠴᠡᠳᠭᠡᠬᠦ — 2024 ᠣᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠪᠤᠯᠤᠩ ᠳᠤ ᠦᠨᠳᠦᠰᠦᠨ ᠮᠡᠳᠡᠭᠡ ᠵᠠᠩᠭᠢ ᠶᠢ ᠲᠠᠭᠯᠠᠨ ᠮᠡᠳᠡᠭᠦᠯᠵᠦ᠂ ︽ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠬᠦᠰᠦᠨᠦᠭᠲᠦ︾ ︽ᠲᠤᠰᠬᠠᠢ ᠮᠡᠷᠭᠡᠵᠢᠯ ᠤᠨ ᠬᠢᠷᠢ ᠬᠡᠮ ᠢ ᠬᠦᠷᠭᠡᠨ ᠬᠢᠨᠠᠭᠤᠯᠬᠤ ᠬᠦᠰᠦᠨᠦᠭᠲᠦ︾ ᠶᠢ ᠭᠠᠷᠭᠠᠨ ᠠᠪᠴᠤ ᠭᠠᠷᠭᠠᠭᠰᠠᠨ ᠤ ᠳᠠᠷᠠᠭ᠎ᠠ᠂ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠲᠠᠭᠯᠠᠨ ᠪᠢᠴᠢᠨ᠎ᠡ᠃  2. ᠭᠤᠶᠤᠴᠢᠯᠠᠨ ᠮᠡᠳᠡᠭᠦᠯᠦᠭᠴᠢ ᠨᠢ ᠬᠠᠷᠢᠶᠠᠯᠠᠭᠳᠠᠬᠤ ᠬᠠᠷᠢᠴᠠᠭ᠎ᠠ ᠪᠠ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ ᠱᠠᠲᠤ ᠳᠠᠷᠠᠭᠠᠯᠠᠨ ᠮᠠᠲ᠋ᠧᠷᠢᠶᠠᠯ ᠢᠶᠠᠨ ᠰᠢᠯᠭᠠᠷᠠᠭᠤᠯᠬᠤ ᠵᠥᠪᠯᠡᠯ ᠤᠨ ᠬᠡᠷᠡᠭ ᠡᠷᠭᠢᠯᠡᠬᠦ ᠪᠠᠶᠢᠭᠤᠯᠤᠮᠵᠢ ᠳᠤ ᠮᠡᠳᠡᠭᠦᠯᠦᠨ ᠬᠦᠷᠭᠡᠵᠦ᠂ ᠲᠣᠰ ᠣᠨ ᠤ ᠳᠣᠲᠣᠷᠠᠬᠢ ᠠᠳᠠᠯᠢ ᠨᠢᠭᠡᠨ ᠮᠡᠷᠭᠡᠵᠢᠯ ᠤᠨ ᠴᠣᠯᠠ ᠶᠢᠨ ᠲᠠᠰ ᠳᠠᠪᠬᠤᠷᠭ᠎ᠠ ᠨᠢ ᠵᠠᠷᠴᠢᠮ ᠳᠡᠭᠡᠷ᠎ᠡ ᠪᠠᠨ ᠵᠥᠪᠬᠡᠨ ᠨᠢᠭᠡ ᠯᠡ ᠬᠢᠨᠠᠨ ᠲᠣᠭᠲᠠᠭᠠᠬᠤ ᠺᠣᠮᠢᠰ ᠲᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭᠠᠯᠭᠠᠬᠤ ᠭᠤᠶᠤᠴᠢᠯᠠᠯ ᠭᠠᠷᠭᠠᠨ᠎ᠠ᠃ ᠠᠳᠠᠯᠢ ᠨᠢᠭᠡ ᠨᠢᠭᠡᠴᠢ ᠪᠠᠷ ᠠᠳᠠᠯᠢ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠰᠢᠷᠢᠰ ︵ᠲᠤᠰᠬᠠᠢ ᠮᠡᠷᠭᠡᠵᠢᠯ︶ ᠠᠳᠠᠯᠢ ᠳᠡᠰ ᠳᠠᠪᠬᠤᠷᠭ᠎ᠠ ᠶᠢᠨ ᠮᠡᠷᠭᠡᠵᠢᠯ ᠤᠨ ᠴᠣᠯᠠ ᠶᠢᠨ ᠮᠠᠲ᠋ᠧᠷᠢᠶᠠᠯ ᠢ ᠠᠳᠠᠯᠢ ᠨᠢᠭᠡᠨ ᠰᠢᠯᠭᠠᠷᠠᠭᠤᠯᠬᠤ ᠺᠣᠮᠢᠰ ᠲᠤ ᠨᠢᠭᠡᠳᠦᠯᠲᠡᠢ ᠮᠡᠳᠡᠭᠦᠯᠦᠨ ᠬᠦᠷᠭᠡᠬᠦ ᠬᠡᠷᠡᠭᠲᠡᠢ᠂ ᠣᠯᠠᠨ ᠲᠠᠯ᠎ᠠ ᠠᠴᠠ ᠮᠡᠳᠡᠭᠦᠯᠦᠨ ᠬᠦᠷᠭᠡᠵᠦ ᠪᠣᠯᠬᠤ ᠦᠭᠡᠢ᠃  3. ᠮᠡᠳᠡᠭᠦᠯᠦᠭᠴᠢ ᠶᠢᠨ ᠰᠤᠷᠤᠯᠭ᠎ᠠ ᠶᠢᠨ ᠨᠠᠮᠲᠠᠷ᠂ ᠬᠢᠷᠢ ᠭᠡᠮ᠂ ᠲᠤᠰᠢᠶᠠᠯ ᠡᠭᠦᠷᠭᠡᠯᠡᠭᠰᠡᠨ ᠣᠨ ᠵᠢᠯ᠂ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ︵ᠥᠭᠦᠯᠡᠯ᠂ ᠱᠠᠩᠨᠠᠯ ᠤᠨ ᠵᠦᠢᠯ᠂ ᠢᠷᠠᠭᠤ ᠠᠯᠳᠠᠷ ᠵᠡᠷᠭᠡ︶᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠢᠨᠠᠨ ᠰᠢᠯᠭᠠᠬᠤ ᠺᠠᠷᠲ ᠪᠣᠯ ᠲᠤᠬᠠᠶ ᠶᠢᠨ ᠵᠢᠯ ᠤᠨ ᠮᠡᠳᠡᠭᠦᠯᠬᠦ ᠬᠤᠭᠤᠴᠠᠭ᠎ᠠ ᠳᠠᠭᠤᠰᠤᠨ᠎ᠠ᠂ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠳᠠᠬᠢᠵᠤ ᠨᠥᠬᠦᠵᠦ ᠮᠡᠳᠡᠭᠦᠯᠬᠦ ᠮᠠᠲ᠋ᠧᠷᠢᠶᠠᠯ ᠢ ᠬᠦᠯᠢᠶᠡᠨ ᠠᠪᠬᠤ ᠦᠭᠡᠢ᠃  4. ᠮᠡᠳᠡᠭᠦᠯᠦᠭᠴᠢ ᠠᠴᠠ ︽ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠮᠠᠲ᠋ᠧᠷᠢᠶᠠᠯ ᠤᠨ ᠭᠠᠷᠴᠠᠭ ᠤᠨ ᠬᠠᠭᠤᠳᠠᠰᠤ︾ ︵ᠳᠠᠭᠠᠯᠳᠤᠭᠤᠯᠤᠯ 1 ᠶᠢ ᠦᠵᠡ︶ ᠶᠢᠨ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢ ᠪᠡᠯᠡᠳᠬᠡᠬᠦ ᠶᠢᠨ ᠬᠠᠮᠲᠤ ᠮᠡᠳᠡᠭᠦᠯᠬᠦ ᠮᠠᠲ᠋ᠧᠷᠢᠶᠠᠯ ᠢ A4 ᠴᠠᠭ ᠢᠶᠠᠷ ᠳᠡᠪᠲᠡᠷᠯᠡᠵᠦ᠂ ᠳᠡᠪᠲᠡᠷᠯᠡᠭᠰᠡᠨ ᠥᠬᠡᠶ ᠪᠣᠯ ᠭᠥᠯᠢᠶᠡᠨ ᠠᠪᠬᠤ ᠥᠬᠡᠶ᠃  5. ᠨᠢᠭᠡᠴᠢ ᠠᠴᠠ ᠮᠠᠲ᠋ᠧᠷᠢᠶᠠᠯ ᠢᠶᠠᠨ ᠬᠤᠷᠢᠶᠠᠩᠭᠤᠶᠢᠯᠠᠭᠠᠳ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠨᠢᠭᠡᠴᠢ ᠨᠦᠭᠦᠳ ᠲᠤᠰ ᠨᠢᠭᠡᠴᠢ ᠶᠢᠨ ᠢᠶᠠᠨ ᠭᠤᠶᠤᠴᠢᠯᠠᠨ ᠮᠡᠳᠡᠭᠦᠯᠦᠭᠰᠡᠳ ᠤᠨ ᠲᠤᠭ᠎ᠠ ᠪᠦᠷᠢᠳᠬᠡᠯ ᠤᠨ ᠬᠤᠷᠢᠶᠠᠩᠭᠤᠶᠢᠯᠠᠬᠤ ᠠᠵᠢᠯ ᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠮᠡᠷᠭᠡᠵᠢᠯ ᠤᠨ ᠴᠣᠯᠠ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢᠨ ᠬᠠᠮᠲᠤ᠂ ︽ᠭᠤᠶᠤᠴᠢᠯᠠᠨ ᠮᠡᠳᠡᠭᠦᠯᠵᠦ ᠬᠤᠷᠢᠶᠠᠩᠭᠤᠶᠢᠯᠠᠬᠤ ᠨᠡᠷᠡᠰ ᠤᠨ ᠳᠡᠪᠲᠡᠷ︾ ︵ᠳᠠᠭᠠᠯᠳᠤᠭᠤᠯᠤᠯ 2 ᠢ ᠦᠵᠡ︶᠂ ᠡᠯᠧᠺᠲᠷᠣᠨ ᠬᠡᠪᠯᠡᠯ ᠳᠤ Excel ᠪᠢᠴᠢᠭ ᠬᠡᠯᠪᠡᠷᠢ ᠬᠡᠷᠡᠭᠰᠡᠨ᠎ᠡ᠃  ︵ᠬᠤᠶᠠᠷ︶ ᠮᠡᠳᠡᠭᠦᠯᠬᠦ ᠵᠢᠷᠤᠮ ᠤᠨ ᠱᠠᠭᠠᠷᠳᠠᠯᠭ᠎ᠠ  1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠭᠡᠮ ᠢ ᠬᠢᠨᠠᠨ ᠲᠣᠭᠲᠠᠭᠠᠬᠤ ᠺᠣᠮᠢᠰ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠺᠣᠮᠢᠰ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠲᠣᠬᠢᠷᠠᠭᠤᠯᠵᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃  2. ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠨᠢᠭᠡᠴᠢ ᠨᠦᠭᠦᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠮᠡᠳᠡᠭᠦᠯᠦᠭᠰᠡᠨ ᠬᠥᠮᠥᠰ᠂ ᠠᠵᠢᠯᠲᠠᠨ ᠤ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠪᠠᠷ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠭᠤᠶᠤᠴᠢᠯᠠᠨ       ᠮᠡᠳᠡᠭᠦᠯᠵᠦ᠂ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠪᠤᠶᠤ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠬᠦ ᠨᠢᠭᠡᠴᠢ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ︶ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠴᠢᠳᠠᠪᠤᠷᠢᠲᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ ᠮᠡᠳᠡᠭᠦᠯᠦᠨ ᠬᠦᠷᠭᠡᠵᠦ ᠲᠥᠷᠥᠯ ᠬᠤᠪᠢᠶᠠᠨ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠰᠢᠯᠭᠠᠷᠠᠭᠤᠯᠤᠯᠲᠠ ᠶᠢᠨ ᠺᠣᠮᠢᠰ ᠲᠤ ᠬᠦᠷᠭᠡᠵᠦ ᠥᠭᠭᠦᠨ᠎ᠡ᠃  3. ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠮᠡᠳᠡᠭᠦᠯᠦᠭᠰᠡᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠬᠥᠮᠦᠰ ᠪᠠᠶᠢᠭ᠎ᠠ ᠨᠢᠭᠡᠴᠢ ᠠᠴᠠ ᠪᠠᠨ ᠮᠠᠲ᠋ᠧᠷᠢᠶᠠᠯ ᠢᠶᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠥᠨᠳᠥᠷ ᠵᠡᠷᠭᠡ ᠶᠢᠨ ᠰᠢᠯᠭᠠᠷᠠᠭᠤᠯᠤᠯᠲᠠ ᠶᠢᠨ ᠺᠣᠮᠢᠰ ᠲᠤ ᠬᠦᠷᠭᠡᠵᠦ ᠥᠭᠭᠦᠨ᠎ᠡ᠃  4. ᠲᠥᠪ ᠤᠨ ᠪᠠ ᠪᠤᠰᠤᠳ ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠢ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠮᠠᠨ ᠤ ᠣᠷᠣᠨ ᠳᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ ᠣᠷᠣᠯᠴᠠᠬᠤ ᠳᠤ ᠡᠷᠬᠡᠪᠰᠢ ᠲᠤᠰ ᠨᠢᠭᠡᠴᠢ ᠪᠠᠷ ᠢᠶᠠᠨ ᠵᠥᠪᠰᠢᠶᠡᠷᠡᠭᠦᠯᠬᠦ ᠶᠢᠨ ᠬᠠᠮᠲᠤ ᠲᠥᠪ ᠤᠨ ᠨᠢᠭᠡᠴᠢ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠪᠤᠶᠤ ᠪᠤᠰᠤᠳ ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠠᠶᠢᠳᠠᠯᠭ᠎ᠠ ᠶᠢᠨ ᠵᠠᠬᠢᠳᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠰᠢᠯᠭᠠᠷᠠᠭᠤᠯᠬᠤ ᠺᠣᠮᠢᠰ ᠲᠤ ᠬᠦᠷᠭᠡᠬᠦ ᠬᠡᠷᠡᠭᠲᠡᠶ᠃  5. ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠣᠯᠣᠨ ᠪᠤᠰᠤᠳ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠣᠯᠣᠨ ᠬᠥᠳᠡᠯᠮᠦᠷᠢ ᠦᠢᠯᠡᠴᠢᠯᠡᠭᠡ ᠲᠣᠮᠢᠯᠠᠬᠤ ᠬᠦᠮᠦᠰ᠂ ᠴᠢᠯᠦᠭᠡᠲᠡᠢ ᠠᠵᠢᠯᠯᠠᠭᠰᠠᠳ ᠤᠨ ᠮᠡᠳᠡᠭᠦᠯᠬᠦ ᠳᠡᠰ ᠳᠠᠷᠠᠭᠠᠯᠠᠯ ᠵᠢᠴᠢ ᠠᠷᠭ᠎ᠠ ᠵᠠᠮ ᠨᠢ ᠥᠪᠥᠷ ᠮᠣᠩᠭᠤᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠬᠡᠷᠡᠭᠵᠢᠭᠦᠯᠬᠦ ᠨᠠᠷᠢᠨ ᠳᠦᠷᠢᠮ ᠤᠨ ᠬᠤᠷᠢᠨ ᠳᠣᠯᠣᠳᠤᠭᠠᠷ᠂ ᠬᠤᠷᠢᠨ ᠨᠠᠢᠮᠠᠳᠤᠭᠠᠷ ᠵᠦᠢᠯ ᠳᠤ ᠲᠣᠭᠲᠠᠭᠠᠭᠰᠠᠨ ᠠᠩᠬ᠎ᠠ ᠬᠢᠨᠠᠬᠤ᠂ ᠵᠠᠷᠯᠠᠨ ᠨᠡᠶᠢᠲᠡᠯᠡᠬᠦ᠂ ᠪᠠᠲᠤᠯᠠᠨ ᠲᠠᠨᠢᠯᠴᠠᠭᠤᠯᠬᠤ ᠳᠡᠰ ᠳᠠᠷᠠᠭᠠᠯᠠᠯ ᠢᠶᠠᠷ ᠶᠠᠪᠤᠭᠳᠠᠭᠤᠯᠤᠭᠰᠠᠨ ᠤ ᠳᠠᠷᠠᠭ᠎ᠠ ᠵᠣᠬᠢᠬᠤ ᠠᠶᠢᠮᠠᠭ ᠬᠤᠲᠠ ᠪᠤᠶᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ᠃  ︵ᠭᠤᠷᠪᠠ︶ ᠮᠡᠷᠭᠡᠵᠢᠯ ᠤᠨ ᠴᠤᠯᠠ ᠶᠢ ᠵᠠᠷᠯᠠᠨ ᠨᠡᠶᠢᠲᠡᠯᠡᠬᠦ ᠱᠠᠭᠠᠷᠳᠠᠯᠭ᠎ᠠ  1. ᠨᠢᠭᠡᠴᠢ ᠮᠡᠳᠡᠭᠦᠯᠬᠦ ᠠᠴᠠ ᠡᠮᠦᠨ᠎ᠡ ᠢᠯᠡ ᠨᠡᠶᠢᠲᠡᠯᠡᠨ᠎ᠡ᠃ ᠮᠡᠳᠡᠭᠦᠯᠬᠦ ᠠᠵᠢᠯᠲᠠᠨ ᠤ ᠪᠠᠶᠢᠭ᠎ᠠ ᠨᠢᠭᠡᠴᠢ ᠨᠢ ᠪᠤᠶ ᠪᠦᠬᠦᠢ ᠮᠡᠳᠡᠭᠦᠯᠬᠦ ᠬᠥᠮᠦᠰ ᠤᠨ ︽ᠲᠤᠰᠬᠠᠶ ᠮᠡᠷᠭᠡᠵᠢᠯ ᠤᠨ ᠬᠢᠷᠢ ᠭᠡᠮ ᠢ ᠬᠦᠷᠭᠡᠵᠦ ᠬᠢᠨᠠᠭᠤᠯᠬᠤ ᠬᠦᠰᠦᠨᠦᠭᠲᠦ︾ ᠶᠢ ᠲᠤᠰ ᠨᠢᠭᠡᠴᠢ ᠳᠤ ᠢᠯᠡ ᠨᠡᠶᠢᠲᠡᠯᠡᠵᠦ᠂ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠠᠴᠠ ᠳᠤᠲᠠᠭᠤ ᠦᠭᠡᠶ ᠪᠠᠶᠢᠵᠤ᠂ ᠨᠡᠶᠢᠲᠡ ᠳᠤ ᠵᠠᠷᠯᠠᠬᠤ ᠳᠤ ᠣᠨᠳᠣᠤ ᠰᠠᠨᠠᠯ ᠦᠭᠡᠶ ᠪᠣᠯ ᠳᠡᠭᠡᠭᠰᠢ ᠮᠡᠳᠡᠭᠦᠯᠵᠦ᠂ ᠳᠡᠭᠡᠭᠰᠢ ᠮᠡᠳᠡᠭᠦᠯᠬᠦ ᠮᠠᠲ᠋ᠧᠷᠢᠶᠠᠯ ᠳᠤ ᠢᠯᠡ ᠨᠡᠶᠢᠲᠡᠯᠡᠭᠰᠡᠨ ᠪᠠᠶᠢᠳᠠᠯ ᠪᠠᠭᠲᠠᠨ᠎ᠠ᠃  2. ᠰᠠᠯᠠᠭ᠎ᠠ ᠮᠥᠴᠢᠷ ᠮᠡᠳᠡᠭᠦᠯᠦᠨ ᠬᠦᠷᠭᠡᠬᠦ ᠠᠴᠠ ᠡᠮᠦᠨ᠎ᠡ ᠢᠯᠡ ᠨᠡᠶᠢᠲᠡᠯᠡᠬᠦ ᠬᠡᠷᠡᠭᠲᠡᠶ᠃ ᠡᠯ᠎ᠡ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠤ ᠰᠢᠭᠤᠳ ᠬᠠᠷᠢᠶ᠎ᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠠᠴᠠ ᠡᠮᠦᠨ᠎ᠡ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠭᠤᠶᠤᠴᠢᠯᠠᠨ ᠮᠡᠳᠡᠭᠦᠯᠦᠭᠰᠡᠨ ᠬᠥᠮᠦᠰ ᠤᠨ ᠨᠡᠷ᠎ᠡ ᠶᠢ ᠫᠤᠷᠲ᠋ᠧᠯ ᠰᠦᠯᠵᠢᠶᠡᠨ ᠳᠡᠭᠡᠷ᠎ᠡ ᠨᠡᠶᠢᠲᠡ ᠳᠤ ᠵᠠᠷᠯᠠᠵᠤ᠂ ᠢᠯᠡ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠂ ᠨᠡᠶᠢᠲᠡ ᠳᠤ ᠵᠠᠷᠯᠠᠬᠤ ᠳᠤ ᠣᠨᠳᠣᠤ ᠰᠠᠨᠠᠯ ᠦᠭᠡᠶ ᠪᠣᠯ ᠳᠡᠭᠡᠭᠰᠢ ᠮᠡᠳᠡᠭᠦᠯᠵᠦ᠂ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠳᠤ ᠢᠯᠡ ᠨᠡᠶᠢᠲᠡᠯᠡᠭᠰᠡᠨ ᠪᠠᠶᠢᠳᠠᠯ ᠪᠠᠭᠲᠠᠨ᠎ᠠ᠃  3. ᠳᠡᠭᠡᠳᠦ ᠵᠡᠷᠭᠡ ᠶᠢᠨ ᠰᠢᠯᠭᠠᠷᠠᠭᠤᠯᠬᠤ ᠺᠣᠮᠢᠰ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠳᠠᠭᠤᠰᠤᠭᠰᠠᠨ ᠤ ᠳᠠᠷᠠᠭ᠎ᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠺᠣᠮᠢᠰ ᠠᠴᠠ ᠤᠰᠤᠨ ᠠᠰᠢᠭᠯᠠᠯᠲᠠ ᠶᠢᠨ ᠲᠢᠩᠬᠢᠮ ᠤᠨ ᠰᠦᠯᠵᠢᠶ᠎ᠡ ᠳᠤ ᠳᠠᠮᠵᠢᠭᠤᠯᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃  ᠲᠠᠪᠤ᠂ ᠴᠠᠭ ᠬᠤᠭᠤᠴᠠᠭᠠᠨ ᠤ ᠲᠣᠬᠢᠷᠠᠭᠤᠯᠤᠯᠲᠠ  2024 ᠣᠨ ᠤ 6 ᠳ᠋ᠤᠭᠠᠷ ᠰᠠᠷ᠎ᠠ ᠶᠢᠨ 29 ᠤ ᠡᠳᠦᠷ ᠠᠴᠠ ᠡᠮᠦᠨ᠎ᠡ᠂ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠢ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠮᠡᠳᠡᠭᠦᠯᠦᠭᠰᠡᠨ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠳᠡᠭᠡᠳᠦ ᠵᠡᠷᠭᠡ ᠶᠢᠨ ᠰᠢᠯᠭᠠᠷᠠᠭᠤᠯᠬᠤ ᠺᠣᠮᠢᠰ ᠲᠤ ᠨᠢᠭᠡᠳᠦᠯᠲᠡᠶ ᠮᠡᠳᠡᠭᠦᠯᠦᠨ ᠬᠦᠷᠭᠡᠵᠦ᠂ ᠬᠤᠭᠤᠴᠠᠭ᠎ᠠ ᠨᠢ ᠥᠩᠭᠡᠷᠡᠲᠡᠯ᠎ᠡ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃  ᠬᠠᠷᠢᠯᠴᠠᠬᠤ ᠤᠲᠠᠰᠤ᠄ 0471 — 5259607  5259546  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠤᠭᠡᠷ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ  ᠳᠠᠭᠠᠯᠳᠤᠭᠤᠯᠤᠯ᠄  1. ᠲᠤᠰᠬᠠᠢ ᠮᠡᠷᠭᠡᠵᠢᠯ ᠤᠨ ᠴᠣᠯᠠ ᠬᠦᠷᠭᠡᠵᠦ ᠦᠨᠡᠯᠡᠬᠦ ᠮᠠᠲ᠋ᠧᠷᠢᠶᠠᠯ ᠤᠨ ᠭᠠᠷᠴᠠᠭ ᠤᠨ ᠬᠠᠭᠤᠳᠠᠰᠤ .docx  2. ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠭᠤᠶᠤᠴᠢᠯᠠᠨ ᠮᠡᠳᠡᠭᠦᠯᠵᠦ᠂ ᠨᠡᠷᠡᠰ ᠤᠨ ᠪᠦᠷᠢᠳᠬᠡᠯ ︵ᠳᠡᠭᠡᠳᠦ ᠵᠡᠷᠭᠡ ᠶᠢᠨ᠂ ᠳᠡᠳ᠋ ᠳᠡᠭᠡᠳᠦ ᠵᠡᠷᠭᠡ ᠶᠢᠨ᠂ ᠳᠤᠮᠳᠠ ᠵᠡᠷᠭᠡ ᠶᠢᠨ᠂ ᠠᠩᠬ᠎ᠠ ᠵᠡᠷᠭᠡ ᠶᠢᠨ︶ .xls              2024 ᠣᠨ ᠤ 5 ᠳ᠋ᠤᠭᠠᠷ ᠰᠠᠷ᠎ᠠ ᠶᠢᠨ 31 ᠤ ᠡᠳᠦᠷ

 

 

 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map