3 ᠳ᠋ᠤᠭᠠᠷ ᠨᠣᠮᠧᠷᠲᠤ ᠲᠠᠶᠢᠹᠧᠩ ᠰᠠᠯᠬᠢ ︽ᠭᠧ ᠮᠧᠶ︾ ᠶᠢᠨ ᠦᠯᠡᠳᠡᠭᠳᠡᠯ ᠡᠭᠦᠯᠡᠨ ᠰᠢᠰᠲ᠋ᠧᠮ ᠤᠨ | ᠰᠢᠷᠦᠭᠦᠨ ᠪᠣᠷᠣᠭᠠᠨ ᠤ ᠨᠥᠯᠥᠭᠡ ᠪᠠᠷ᠂ 2024 ᠣᠨ ᠤ 7 ᠳ᠋ᠤᠭᠠᠷ ᠰᠠᠷ᠎ᠠ ᠶᠢᠨ 29 ᠤ ᠡᠳᠦᠷ ᠤᠨ 18 ᠴᠠᠭ | 50 ᠮᠢᠨᠦ᠋ᠲ ᠲᠤ᠂ ᠬᠥᠬᠡ ᠮᠥᠷᠡᠨ ᠤ ᠳᠤᠮᠳᠠᠳᠤ ᠤᠷᠤᠰᠬᠠᠯ ᠤᠨ ᠭᠤᠤᠯ ᠤᠷᠤᠰᠬᠠᠯ ᠤᠨ ᠯᠢᠶᠠᠨ ᠬᠤᠸᠠ ᠲᠠᠩ | ᠥᠷᠲᠡᠭᠡ ᠶᠢᠨ ᠤᠰᠤᠨ ᠲᠦᠪᠰᠢᠨ ᠨᠡᠮᠡᠭᠳᠡᠭᠡᠳ ᠰᠡᠷᠭᠡᠶᠢᠯᠡᠯᠲᠡ ᠶᠢᠨ ᠤᠰᠤᠨ ᠲᠦᠪᠰᠢᠨ ︵32.50 ᠮᠧᠲᠷ︶ | ᠪᠣᠯᠵᠣ᠂ ᠤᠰᠤᠨ ᠠᠰᠢᠭᠯᠠᠯᠲᠠ ᠶᠢᠨ ᠶᠠᠮᠤᠨ ᠤ ︽ᠪᠥᠬᠦ ᠤᠯᠤᠰ ᠤᠨ ᠭᠤᠤᠯ ᠪᠣᠯᠬᠤ ᠭᠤᠤᠯ ᠮᠥᠷᠡᠨ ᠭᠤᠤᠯ ᠤᠨ | ᠦᠶᠡᠷ ᠤᠨ ᠰᠤᠪᠠᠭ ᠤᠨ ᠳ᠋ᠤᠭᠠᠷᠯᠠᠯ ᠤᠨ ᠲᠣᠭᠲᠠᠭᠠᠯ︾ ᠢ ᠦᠨᠳᠦᠰᠦᠯᠡᠨ᠂ ︽ᠬᠦᠬᠡ ᠮᠦᠷᠡᠨ ᠤ 2024 ᠣᠨ ᠤ | 3 ᠳ᠋ᠤᠭᠠᠷ ᠲᠣᠭᠠᠲᠤ ᠦᠶᠡᠷ︾ ᠭᠡᠵᠦ ᠳ᠋ᠤᠭᠠᠷᠯᠠᠪᠠ᠃ | ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ | ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠬᠦᠬᠡ ᠮᠦᠷᠡᠨ ᠤ ᠰᠠᠪᠠ ᠭᠠᠵᠠᠷ ᠤᠨ ᠦᠶᠡᠷ ᠤᠨ | ᠰᠡᠷᠭᠡᠶᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 7 ᠳ᠋ᠤᠭᠠᠷ ᠰᠠᠷ᠎ᠠ ᠶᠢᠨ 29 ᠤ ᠡᠳᠦᠷ ᠤᠨ | ᠦᠳᠡ ᠶᠢᠨ ᠡᠮᠦᠨ᠎ᠡ᠂ ᠯᠢ ᠭᠦᠸᠧ ᠶᠢᠩ ᠲᠤᠰᠬᠠᠶ ᠰᠡᠳᠦᠪᠲᠦ ᠵᠥᠪᠳᠡᠯᠴᠡᠭᠡ ᠶᠢ ᠡᠷᠭᠢᠯᠡᠵᠦ᠂ ᠶᠡᠷᠦᠩᠬᠡᠶ ᠱᠦᠵᠢ | ᠰᠢ ᠶᠢᠨ ᠫᠢᠩ ᠤᠨ ᠦᠶᠡᠷ ᠢ ᠰᠡᠷᠭᠡᠶᠢᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠬᠦᠬᠡ ᠮᠦᠷᠡᠨ ᠤ ᠰᠠᠪᠠ ᠭᠠᠵᠠᠷ ᠤᠨ ᠪᠣᠷᠣᠭᠠᠨ ᠤ ᠤᠰᠤᠨ ᠤ ᠦᠶᠡᠷ ᠤᠨ | ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠬᠦᠬᠡ ᠮᠦᠷᠡᠨ ᠤ ᠰᠠᠪᠠ ᠭᠠᠵᠠᠷ ᠤᠨ ᠦᠶᠡᠷ ᠤᠨ | ᠰᠡᠷᠭᠡᠶᠢᠯᠡᠯᠲᠡ ᠶᠢᠨ ᠠᠵᠢᠯ ᠢ ᠪᠠᠶᠢᠷᠢᠯᠠᠭᠤᠯᠤᠨ᠂ ᠤᠰᠤᠨ ᠠᠰᠢᠭᠯᠠᠯᠲᠠ ᠶᠢᠨ ᠶᠠᠮᠤᠨ ᠤ ᠬᠦᠨᠳᠦ ᠶᠡᠭᠡ ᠤᠰᠤ ᠭᠠᠩ | ᠬᠠᠭᠰᠠᠷᠠᠭᠠᠨ ᠤ ᠭᠠᠮᠰᠢᠭ ᠤᠨ ᠬᠡᠷᠡᠭ ᠢ ᠳᠣᠭᠢᠷᠠᠭᠤᠯᠤᠨ ᠵᠢᠯᠣᠭᠤᠳᠬᠤ ᠲᠣᠭᠲᠠᠴᠠ ᠶᠢ ᠡᠬᠢᠯᠡᠭᠦᠯᠵᠦ᠂ ᠬᠤᠨᠠᠨ | ᠮᠤᠵᠢ ᠶᠢᠨ ᠰᠢᠶᠠᠩ ᠲᠠᠨ ᠰᠢᠶᠠᠨ ᠤ ᠵᠢᠤᠸᠠᠨ ᠱᠦᠢ ᠶᠢᠨ ᠳᠠᠯᠠᠩ ᠰᠡᠲᠦᠷᠡᠭᠰᠡᠨ ᠢ ᠰᠢᠢᠳᠪᠦᠷᠢᠯᠡᠬᠦ ᠠᠵᠢᠯ ᠢ | ᠬᠠᠨᠳᠤᠯᠭᠠᠲᠤ ᠴᠢᠨᠠᠷᠲᠠᠶ ᠪᠠᠷ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠶᠠᠮᠤᠨ ᠬᠤᠨᠠᠨ ᠮᠤᠵᠢ ᠳᠤ ᠦᠶᠡᠷ ᠤᠨ | ᠤᠰᠤ ᠶᠢ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠭᠦᠯᠵᠦ᠂ ᠵᠢᠶᠠᠩᠰᠤ᠂ ᠠᠨᠾᠦ᠋ᠢ᠂ | ᠵᠢᠶᠠᠩᠰᠢ ᠮᠤᠵᠢ ᠦᠶᠡᠷ ᠤᠨ ᠤᠰᠤ ᠶᠢ ᠰᠡᠷᠭᠡᠶᠢᠯᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ | ᠡᠬᠢᠯᠡᠭᠦᠯᠵᠦ᠂ ᠠᠵᠢᠯᠯᠠᠬᠤ ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠬᠤᠨᠠᠨ ᠤ | ᠦᠶᠡᠷ ᠤᠨ ᠤᠰᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠵᠢᠯᠣᠭᠤᠳᠣᠭᠤᠯᠤᠨ᠎ᠠ︔ | ᠮᠡᠳᠡᠭᠳᠡᠯ ᠭᠠᠷᠭᠠᠵᠤ ᠡᠯ᠎ᠡ ᠭᠠᠵᠠᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠤᠨ᠂ ᠴᠢᠬᠤᠯᠠ ᠳᠠᠯᠠᠩ ᠬᠠᠰᠢᠯᠭ᠎ᠠ ᠶᠢᠨ ᠤᠰᠤᠨ ᠴᠥᠭᠦᠷᠥᠮ | ᠪᠣᠯᠤᠨ ᠰᠠᠭᠤᠷᠢ ᠪᠡᠯᠡᠳᠬᠡᠮᠵᠢ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ︔ ᠡᠳᠦᠷ ᠪᠦᠷᠢ ᠶᠢᠨ | ︽ᠨᠢᠭᠡ ᠮᠤᠵᠢ ᠨᠢᠭᠡ ᠳᠠᠩᠰᠠ︾ ᠲᠠᠢ ᠬᠠᠷᠠᠯᠲᠠ ᠲᠠᠢ ᠪᠠᠷ ᠰᠡᠷᠡᠮᠵᠢᠯᠡᠭᠦᠯᠦᠨ᠂ ᠣᠷᠣᠨ ᠨᠤᠲᠤᠭ ᠢ ᠵᠢᠯᠣᠭᠤᠳᠴᠤ | ᠪᠠᠶᠢᠭᠠᠳ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ᠂ ᠳᠤᠮᠳᠠ | ᠪᠠᠭ᠎ᠠ ᠭᠤᠤᠯ ᠤᠨ ᠤᠷᠤᠰᠬᠠᠯ ᠤᠨ ᠦᠶᠡᠷ ᠤᠨ ᠤᠰᠤ ᠶᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ | ᠭᠡᠵᠡᠢ᠃ | ᠤᠰᠤᠨ ᠠᠰᠢᠭᠯᠠᠯᠲᠠ ᠶᠢᠨ ᠶᠠᠮᠤᠨ ᠤ ᠬᠦᠬᠡ ᠮᠦᠷᠡᠨ ᠤ ᠤᠰᠤᠨ ᠠᠰᠢᠭᠯᠠᠯᠲᠠ ᠶᠢᠨ ᠵᠦᠪᠯᠡᠯ᠂ ᠬᠤᠨᠠᠨ | ᠮᠤᠵᠢ ᠳᠤ ᠦᠶᠡᠷ ᠤᠨ ᠤᠰᠤ ᠶᠢ ᠰᠡᠷᠭᠡᠶᠢᠯᠡᠬᠦ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠴᠢᠭᠯᠡᠭᠦᠯᠵᠦ᠂ | ᠵᠢᠶᠠᠩᠰᠢ ᠬᠤᠪᠧᠶ ᠮᠤᠵᠢ ᠠᠴᠠ ᠦᠶᠡᠷ ᠤᠨ ᠤᠰᠤ ᠶᠢ ᠰᠡᠷᠭᠡᠶᠢᠯᠡᠬᠦ Ⅳ ᠳᠡᠰ ᠤᠨ ᠪᠠᠴᠢᠮ ᠪᠠᠶᠢᠳᠠᠯ ᠢ | ᠠᠷᠭᠠᠴᠠᠬᠤ ᠳᠤ ᠴᠢᠭᠯᠡᠭᠦᠯᠵᠦ᠂ ᠰᠠᠪᠠ ᠭᠠᠵᠠᠷ ᠤᠨ ᠡᠵᠡᠮᠰᠢᠯ ᠤᠨ ᠴᠢᠨᠠᠷᠲᠠᠶ ᠤᠰᠤᠨ ᠴᠥᠬᠦᠷᠥᠮ ᠤᠨ ᠪᠦᠯᠦᠭᠵᠢᠯ ᠢ | ᠬᠠᠮᠲᠤᠷᠠᠭᠤᠯᠤᠨ ᠲᠣᠬᠢᠷᠠᠭᠤᠯᠬᠤ ᠶᠢ ᠣᠨᠣᠪᠴᠢᠲᠠᠶ ᠬᠡᠷᠡᠭᠵᠢᠭᠦᠯᠵᠦ᠂ ᠭᠤᠷᠪᠠᠨ ᠬᠠᠪᠴᠢᠯ ᠤᠨ ᠤᠰᠤᠨ | ᠴᠥᠭᠦᠷᠥᠮ ᠤᠨ ᠤᠷᠤᠰᠬᠠᠯ ᠤᠨ ᠬᠡᠮᠵᠢᠶ᠎ᠡ ᠶᠢ ᠪᠠᠭᠠᠰᠬᠠᠨ᠂ ᠳᠤᠮᠳᠠ ᠳᠣᠣᠷ᠎ᠠ ᠤᠷᠤᠰᠬᠠᠯ ᠤᠨ ᠦᠶᠡᠷ ᠢ ᠰᠡᠷᠭᠡᠶᠢᠯᠡᠬᠦ | ᠳᠠᠷᠤᠯᠲᠠ ᠶᠢ ᠬᠥᠩᠭᠡᠷᠡᠭᠦᠯᠦᠨ᠎ᠡ᠃ ᠬᠤᠨᠠᠨ ᠮᠣᠵᠢ ᠶᠢᠨ ᠤᠰᠤᠨ ᠠᠰᠢᠭᠯᠠᠯᠲᠠ ᠶᠢᠨ ᠲᠢᠩᠬᠢᠮ ᠦᠶᠡᠷ ᠤᠨ | ᠭᠠᠮᠰᠢᠭ ᠢ ᠰᠡᠷᠭᠡᠶᠢᠯᠡᠬᠦ Ⅲ ᠳᠡᠰ ᠤᠨ ᠪᠠᠴᠢᠮ ᠪᠠᠢᠳᠠᠯ ᠢ ᠠᠷᠭᠠᠴᠠᠬᠤ ᠠᠵᠢᠯᠯᠠᠭ᠎ᠠ ᠶᠢ ᠡᠬᠢᠯᠡᠭᠦᠯᠵᠦ᠂ ᠵᠢᠶᠠᠩᠰᠦ᠂ | ᠵᠢᠶᠠᠩᠰᠢ᠂ ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠦᠶᠡᠷ ᠤᠨ ᠭᠠᠮᠰᠢᠭ ᠢ ᠰᠡᠷᠭᠡᠶᠢᠯᠡᠬᠦ Ⅳ | ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠡᠬᠢᠯᠡᠪᠡ᠃ ᠬᠦᠬᠡ ᠮᠦᠷᠡᠨ ᠤ ᠳᠤᠮᠳᠠ ᠳᠣᠣᠷᠠᠲᠤ | ᠤᠷᠤᠰᠬᠠᠯ ᠤᠨ ᠵᠢᠶᠠᠩᠰᠦ᠂ ᠠᠨᠾᠦ᠋ᠢ᠂ ᠵᠢᠶᠠᠩᠰᠢ᠂ ᠬᠤᠪᠸᠢ᠂ ᠬᠤᠨᠠᠨ ᠲᠠᠪᠤᠨ ᠮᠣᠵᠢ ᠶᠢᠨ ᠬᠢᠨ 28 ᠤ ᠡᠳᠦᠷ | ᠳᠠᠯᠠᠩ ᠢ ᠲᠣᠭᠤᠷᠢᠨ ᠪᠠᠶᠢᠴᠠᠭᠠᠵᠦ ᠠᠶᠤᠯ ᠢ ᠠᠪᠤᠷᠠᠬᠤ ᠪᠡᠯᠡ ᠣᠷᠣᠭᠤᠯᠤᠯᠲᠠ 4.49 ᠲᠦᠮᠡᠨ ᠬᠥᠮᠦᠨ ᠳᠤ | ᠬᠦᠷᠴᠡᠢ᠃ | ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠬᠦᠬᠡ ᠮᠦᠷᠡᠨ ᠤ ᠳᠤᠮᠳᠠ ᠳᠣᠣᠷᠠᠳᠤ | ᠤᠷᠤᠰᠬᠠᠯ ᠤᠨ ᠦᠶᠡᠷ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠨᠢᠭᠲᠠ ᠬᠢᠨᠠᠨ ᠠᠵᠢᠭᠯᠠᠵᠤ᠂ | ᠦᠷᠭᠦᠯᠵᠢᠯᠡᠨ ᠵᠥᠪᠳᠡᠯᠴᠡᠵᠦ ᠰᠤᠳᠤᠯᠤᠨ ᠮᠠᠭᠠᠳᠯᠠᠵᠤ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ | ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠣᠷᠣᠨ ᠨᠤᠲᠤᠭ ᠢ ᠰᠢᠮᠳᠠᠭᠤᠯᠵᠤ | ᠪᠠᠶᠢᠭᠠᠳ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠬᠦ᠂ ᠤᠰᠤᠨ ᠴᠥᠭᠦᠷᠥᠮ ᠤᠨ ᠦᠶᠡᠷ ᠢ ᠠᠮᠤᠷ | ᠲᠦᠪᠰᠢᠨ ᠢᠶᠠᠷ ᠥᠩᠭᠡᠷᠡᠭᠦᠯᠬᠦ᠂ ᠳᠤᠮᠳᠠ ᠪᠠᠭ᠎ᠠ ᠭᠤᠤᠯ ᠤᠨ ᠤᠷᠤᠰᠬᠠᠯ ᠤᠨ ᠦᠶᠡᠷ ᠪᠠ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠯᠭᠡᠨ᠎ᠡ᠃ | |