ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ᠂ ᠪᠦᠭᠦ ᠣᠷᠣᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠶᠢᠨ ᠳᠠᠭᠠᠤ ᠬᠠᠷᠭᠤᠭᠤᠯᠵᠤ᠂ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠣᠭᠲᠠᠭᠠᠯ | ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠶᠢ ᠬᠥᠮᠥᠵᠢᠭᠦᠯᠦᠨ | ᠵᠢᠯᠤᠭᠤᠳᠴᠤ᠂ ᠮᠡᠳᠡᠬᠦ ᠪᠠ ᠬᠢᠬᠦ ᠶᠢ ᠪᠡᠶᠡᠯᠡᠭᠦᠯᠬᠦ ᠮᠥᠷᠲᠡᠭᠡᠨ ᠬᠤᠷᠢᠭ᠎ᠠ ᠲᠠᠢ ᠪᠠᠶᠢᠬᠤ ᠶᠢ ᠨᠡᠩ ᠪᠡᠶᠡᠯᠡᠭᠦᠯᠵᠦ | ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ | ᠴᠣᠭᠴᠠᠵᠢᠭᠤᠯᠤᠨ ᠠᠬᠢᠭᠤᠯᠪᠠ᠃ ᠲᠤᠰ ᠬᠤᠷᠢᠶ᠎ᠠ ︽ᠪᠠᠶᠢᠴᠠᠭᠠᠬᠤ ᠠᠵᠢᠯ ᠠᠷᠠᠳ ᠤᠨ ᠠᠮᠢᠳᠤᠷᠠᠯ ᠢ | ᠬᠠᠮᠠᠭᠠᠯᠠᠬᠤ︾᠂ ︽ᠪᠠᠶᠢᠴᠠᠭᠠᠬᠤ ᠠᠵᠢᠯ ᠠᠵᠤ ᠠᠬᠤᠶᠢᠯᠠᠯ ᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠳᠤ | ᠲᠦᠰᠢᠭᠯᠡᠨ᠂ ᠡᠷᠬᠡ ᠲᠤᠰᠢᠶᠠᠯ ᠢᠶᠠᠨ ᠠᠰᠢᠭᠯᠠᠵᠤ ᠬᠢᠭᠰᠡᠨ ᠶᠠᠯᠠᠲᠤ ᠬᠡᠷᠡᠭ ᠢ ᠰᠢᠢᠳᠪᠦᠷᠢᠯᠡᠬᠦ ᠶᠢ ᠲᠠᠰᠤᠷᠠᠯᠲᠠ ᠦᠭᠡᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠪᠦᠷᠢ ᠮᠥᠩᠭᠦ ᠶᠢ ᠮᠡᠬᠡᠯᠡᠨ ᠠᠪᠬᠤ ᠂ ᠬᠠᠮᠲᠤ ᠶᠢᠨ ᠡᠳ᠋ | ᠬᠥᠷᠥᠩᠭᠡ ᠶᠢ ᠱᠠᠮᠰᠢᠨ ᠵᠠᠯᠭᠢᠬᠤ ᠵᠢᠴᠢ ᠰᠤᠷᠭᠠᠨ ᠬᠥᠮᠦᠵᠢᠯ ᠂ ᠡᠮ ᠡᠮᠨᠡᠯᠭᠡ ᠂ ᠲᠠᠷᠢᠶᠠᠯᠠᠩ ᠂ ᠵᠠᠰᠠᠮᠠᠯ ᠵᠠᠮ ᠤᠨ | ᠢᠨᠵᠧᠨᠧᠷᠢᠩ ᠤᠨ ᠬᠦᠷᠢᠶᠡᠨ ᠳᠠᠬᠢ ᠡᠷᠬᠡ ᠪᠠᠨ ᠠᠰᠢᠭᠯᠠᠨ ᠬᠤᠪᠢ ᠪᠠᠨ ᠪᠣᠷᠳᠣᠬᠤ ᠮᠡᠲᠦ ᠶᠢᠨ ᠡᠷᠡᠭᠦᠦ ᠶᠢᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ ︔ ︽ ᠤᠯᠠᠨ ᠲᠦᠮᠡᠨ ᠤ ᠳᠡᠷᠭᠡᠳᠡᠬᠢ ᠪᠠᠭ᠎ᠠ ᠬᠡᠷᠡᠭ ᠢ | ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ︾ ᠲᠠᠯ᠎ᠠ ᠪᠠᠷ ᠬᠦᠴᠦᠯᠡᠵᠦ ᠂ ᠴᠠᠭᠢᠯᠭᠠᠨ | ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠂ ᠦᠢᠯᠡᠳᠪᠦᠷᠢᠯᠡᠯ ᠤᠨ ᠠᠮᠤᠷ ᠲᠦᠪᠰᠢᠨ ᠳᠤ ᠬᠤᠣᠷ | ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠂ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ | ᠬᠤᠷᠠᠮᠳᠤᠭᠤᠯᠬᠤ ᠂ ᠪᠡᠯᠡ ᠮᠥᠩᠭᠦ ᠴᠤᠭᠯᠠᠭᠤᠯᠵᠤ ᠮᠡᠬᠡᠯᠡᠭᠰᠡᠨ ᠵᠡᠷᠭᠡ ᠤᠯᠠᠨ ᠲᠦᠮᠡᠨ ᠳᠤ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ ︔ ᠭᠦᠳᠡᠯᠮᠦᠷᠢᠴᠢᠳ ᠤᠨ ︽ ᠬᠥᠯᠥᠰᠦ ᠣᠯᠭᠤᠮᠵᠢ ᠶᠢᠨ | ᠲᠥᠯᠥᠭᠡ ᠵᠣᠪᠠᠨᠢᠵᠤ ᠪᠠᠶᠢᠭ᠎ᠠ ︾ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ ᠂ ᠬᠥᠯᠥᠰᠦᠨ ᠠᠵᠢᠯᠴᠢᠨ ᠤ ᠴᠠᠯᠢᠩ | ᠥᠷᠢᠲᠦᠵᠦ ᠪᠠᠶᠢᠭ᠎ᠠ ᠨᠢᠭᠡᠴᠢ ᠶᠢ ᠵᠠᠭᠠᠯᠳᠤᠬᠤ ᠶᠢ ᠳᠡᠮᠵᠢᠵᠦ ᠂ ᠭᠦᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ | ᠲᠡᠪᠴᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ ︔ ᠪᠠᠶᠢᠴᠠᠭᠠᠬᠤ ᠪᠠᠶᠢᠭᠤᠯᠭ᠎ᠠ ᠶᠢᠨ ︽ | ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ ︾ ᠪᠠᠷ ᠬᠠᠤᠯᠢᠵᠢᠯᠳᠠ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠶ ᠪᠤᠯᠭᠠᠬᠤ ᠳᠤ ᠬᠦᠴᠦᠨ ᠨᠡᠮᠡᠷᠢᠯᠡᠵᠦ ᠪᠠᠶᠢᠨ᠎ᠠ ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ ᠂ ᠶᠣᠰᠣ ᠳᠦᠷᠢᠮ ᠰᠠᠬᠢᠯᠭ᠎ᠠ ᠪᠠᠲᠤ ᠶᠢ ᠵᠢᠷᠤᠮᠯᠠᠬᠤ | ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ ᠂ ᠰᠢᠰᠲ᠋ᠧᠮ ᠤᠨ | ᠳᠣᠲᠣᠷᠠᠬᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠢ ᠰᠡᠳᠦᠪᠲᠦ ᠨᠣᠮ ᠤᠩᠰᠢᠬᠤ ᠠᠩᠭᠢ | ᠡᠷᠭᠢᠯᠡᠭᠦ ᠂ ᠰᠤᠷᠤᠯᠴᠠᠵᠤ ᠰᠤᠳᠤᠯᠤᠨ ᠶᠠᠷᠢᠯᠴᠠᠬᠤ ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠥᠷᠨᠢᠭᠦᠯᠬᠦ ᠵᠡᠷᠭᠡ ᠪᠠᠷ ᠳᠠᠮᠵᠢᠭᠤᠯᠤᠨ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠬᠥᠭᠵᠢᠯᠲᠡ ᠶᠢ ᠠᠬᠢᠭᠤᠯᠬᠤ ᠂ ᠣᠯᠠᠨ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ | ᠬᠤᠪᠢᠷᠠᠭᠤᠯᠪᠠ ᠃ ᠲᠤᠰ ᠵᠥᠪᠯᠡᠯ ᠠᠴᠠ ︽ ᠵᠠᠩᠭᠢᠯᠠᠭ᠎ᠠ ᠶᠢᠨ ᠴᠥᠭᠡᠨ ᠲᠣᠭᠠᠲᠠᠨ ︾ ᠂ ︽ ᠵᠠᠩᠭᠢᠯᠠᠭ᠎ᠠ ᠶᠢᠨ | ᠠᠵᠢᠯ ᠤᠨ ᠪᠠᠶᠢᠷᠢ ︾ ᠶᠢᠨ ᠬᠥᠮᠥᠰ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ | ᠦᠵᠡᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠰᠡᠷᠡᠮᠵᠢᠯᠡᠭᠦᠯᠦᠯ | ᠬᠦᠷᠲᠡᠭᠡᠵᠦ ᠂ ᠬᠤᠷᠢᠭ᠎ᠠ ᠱᠤᠭᠤᠮ ᠢ ᠲᠣᠳᠣᠷᠬᠠᠶᠢᠯᠠᠵᠠᠢ ︔ ︽ ᠤᠳᠠᠭᠠᠨ ᠪᠦᠳᠦᠭᠦᠯᠢᠭ ᠬᠡᠶᠢᠰᠪᠦᠷᠢ ᠪᠠᠶᠢᠬᠤ ︾ ᠂ | ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ ᠂ ᠬᠤᠯᠪᠣᠭᠳᠠᠯ | ᠪᠦᠬᠦᠢ ᠬᠥᠮᠥᠰ ᠲᠤ ᠰᠠᠨᠠᠭᠤᠯᠤᠨ ᠪᠣᠯᠵᠣᠨ ᠶᠠᠷᠢᠯᠴᠠᠵᠤ ᠂ ᠰᠢᠭᠦᠮᠵᠢᠯᠡᠨ ᠬᠥᠮᠦᠵᠢᠯ ᠬᠦᠷᠲᠡᠭᠡᠪᠡ ᠃ ᠡᠭᠦᠨ ᠤ | ᠬᠠᠮᠲᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠂ ᠲᠣᠮᠣ ᠭᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢ ᠲᠣᠭᠤᠷᠢᠨ ᠪᠠᠶᠢᠴᠠᠭᠠᠬᠤ | ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ ᠂ ᠨᠢᠭᠡ ᠴᠣᠭᠴᠠᠵᠢᠭᠤᠯᠤᠨ ᠠᠬᠢᠭᠤᠯᠵᠤ ᠂ ᠡᠮ ᠡᠮᠨᠡᠯᠭᠡ ᠶᠢᠨ | ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠ ᠣᠯᠠᠨ | ᠲᠦᠮᠡᠨ ᠤ ᠳᠡᠷᠭᠡᠳᠡᠬᠢ ᠠᠰᠠᠭᠤᠳᠠᠯ ᠳᠤ ᠬᠤᠯᠪᠣᠭᠳᠠᠭᠰᠠᠨ ᠰᠦᠪᠡᠭᠴᠢ ᠶᠢ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ ᠶᠢ 90% ᠠᠴᠠ ᠳᠡᠭᠡᠭᠰᠢ ᠳᠤ ᠬᠦᠷᠭᠡᠪᠡ ᠃ | ᠤᠯᠠᠭᠠᠨᠴᠠᠪ ᠬᠤᠳᠠ ᠡᠭᠦᠷᠭᠡ ᠶᠢ ᠬᠠᠮᠲᠤ ᠪᠠᠷ ᠠᠳᠬᠤᠬᠤ ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ | ᠦᠷ᠎ᠡ ᠪᠦᠲᠦᠭᠡᠯ ᠢ ᠬᠠᠮᠲᠤ ᠪᠠᠷ ᠬᠡᠷᠡᠭᠯᠡᠬᠦ ᠶᠢ ᠪᠠᠷᠢᠮᠲᠠᠯᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ | ᠠᠬᠢᠭᠤᠯᠪᠠ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠶᠢᠲᠡᠯᠢᠭ ᠬᠡᠷᠡᠭ ᠤᠨ ᠵᠢᠱᠢᠶ᠎ᠡ ᠶᠢ ᠪᠠᠶᠢᠩᠭᠤ | ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠂ ᠨᠠᠮ ᠤᠨ | ᠭᠡᠰᠢᠭᠦᠨ ᠺᠠᠳ᠋ᠷᠴᠤᠳ ᠢ ᠬᠥᠮᠥᠵᠢᠭᠦᠯᠵᠦ ᠬᠥᠲᠥᠯᠥᠨ ᠵᠢᠯᠤᠭᠤᠳᠴᠤ ᠶᠠᠭᠤ ᠶᠢ ᠬᠢᠵᠦ ᠳᠡᠶᠢᠯᠭᠦ ᠂ ᠶᠠᠭᠤ ᠶᠢ ᠬᠢᠵᠦ | ᠥᠯᠥ ᠪᠤᠯᠬᠤ ᠶᠢ ᠲᠣᠳᠣᠷᠬᠠᠢ ᠮᠡᠳᠡᠭᠦᠯᠪᠡ ᠃ ᠡᠭᠦᠨ ᠤ ᠬᠠᠮᠲᠤ ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ | ᠳᠤᠷ᠎ᠠ ᠦᠭᠡᠶᠢᠴᠡᠵᠦ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠲᠦᠷᠦᠭᠦᠯᠡᠨ ᠳᠠᠭᠠᠭᠠᠴᠢᠯᠠᠵᠤ ᠬᠤᠯᠪᠤᠭᠠᠯᠠᠨ ᠠᠬᠢᠭᠤᠯᠵᠤ ᠂ 18 ᠪᠦᠷᠢᠯᠳᠦᠭᠦᠨ | ᠨᠢᠭᠡᠴᠢ ᠬᠦᠴᠦ ᠪᠠᠨ ᠬᠠᠮᠲᠤᠳᠬᠠᠨ ᠬᠠᠮᠵᠢᠯᠴᠠᠵᠤ ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ ᠂ ᠤᠷᠢᠳ | ᠬᠤᠵᠢᠳ ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ ᠶᠢᠨ ᠵᠢᠶᠠ ᠶᠤᠸᠠᠨ ᠨᠡᠶᠢᠭᠡᠮ ᠲᠣᠭᠤᠷᠢᠭ ᠵᠡᠷᠭᠡ | 12 ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ ᠪᠢᠯᠵᠤᠤᠬᠠᠢ ᠲᠤᠶᠠᠴᠢᠬᠤ ᠮᠠᠶ᠋ᠢᠭ ︾ ᠤᠨ ᠪᠠᠶᠢᠴᠠᠭᠠᠨ | ᠰᠤᠳᠤᠯᠤᠯᠲᠠ ᠬᠢᠵᠦ ᠂ ᠡᠯ᠎ᠡ ᠱᠠᠲᠤᠨ ᠤ ᠡᠷᠬᠡ ᠲᠤᠰᠢᠶᠠᠯ ᠢ ᠴᠢᠨᠠᠭᠰᠢᠳᠠ ᠲᠣᠳᠣᠷᠬᠠᠶᠢᠯᠠᠵᠤ ᠂ ᠦᠨᠳᠦᠰᠦᠨ | ᠱᠠᠲᠤᠨ ᠤ ᠬᠦᠯᠢᠶᠡᠰᠦ ᠶᠢ ᠠᠯᠳᠠᠷᠠᠭᠠᠨ ᠬᠦᠴᠦᠨ ᠴᠢᠳᠠᠯ ᠣᠯᠭᠤᠪᠠ ᠃ ᠰᠦᠪᠡᠭᠴᠢ ᠶᠢ ᠰᠢᠢᠳᠪᠦᠷᠢᠯᠡᠬᠦ ᠂ ᠬᠡᠷᠡᠭ ᠢ | ᠪᠠᠶᠢᠴᠠᠭᠠᠨ ᠰᠢᠢᠳᠪᠦᠷᠢᠯᠡᠬᠦ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ | ︽ ᠳᠥᠷᠪᠡ ᠶᠢ ᠨᠢᠭᠡ ᠴᠣᠭᠴᠠᠵᠢᠭᠤᠯᠬᠤ ︾ ᠠᠵᠢᠯᠯᠠᠭᠠᠨ ᠤ ᠲᠣᠭᠲᠠᠴᠠ ᠶᠢ ᠪᠠᠶᠢᠭᠤᠯᠵᠤ ᠂ ᠰᠤᠷᠴᠤ ᠬᠡᠷᠡᠭᠯᠡᠬᠦ ᠶᠢ | ᠤᠶᠠᠯᠳᠤᠭᠤᠯᠬᠤ ᠶᠢ ᠨᠠᠩ ᠨᠢᠭᠲᠠ ᠪᠤᠯᠭᠠᠵᠤ ᠂ ᠠᠰᠠᠭᠤᠳᠠᠯ ᠢ ᠰᠢᠢᠳᠪᠦᠷᠢᠯᠡᠬᠦ ᠳᠤ ᠨᠠᠩ ᠠᠩᠬᠠᠷᠤᠯ ᠢᠶᠠᠨ | ᠲᠥᠪᠯᠡᠷᠡᠭᠦᠯᠵᠦ ᠂ ᠴᠡᠭᠴᠡᠯᠡᠨ ᠰᠠᠶᠢᠵᠢᠷᠠᠭᠤᠯᠤᠯᠲᠠ ᠶᠢ ᠨᠠᠩ ᠪᠦᠲᠦᠮᠵᠢᠲᠡᠶ ᠪᠤᠯᠭᠠᠬᠤ ᠶᠢ ᠠᠬᠢᠭᠤᠯᠪᠠ ᠃ | ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ | ᠠᠭᠤᠰᠤᠯᠴᠠᠭᠤᠯᠤᠨ ᠠᠬᠢᠭᠤᠯᠵᠤ ᠂ ᠨᠢᠭᠡ ᠴᠣᠭᠴᠠᠵᠢᠭᠤᠯᠤᠨ ᠨᠡᠪᠲᠡᠷᠡᠭᠦᠯᠪᠡ ᠃ ᠲᠤᠰ ᠰᠢᠶᠠᠨ ᠵᠣᠬᠢᠶᠠᠨ ᠪᠠᠶᠢᠭᠤᠯᠵᠤ | ᠤᠳᠤᠷᠢᠳᠬᠤ ᠂ ᠰᠤᠷᠤᠯᠴᠠᠯᠭ᠎ᠠ ᠬᠥᠮᠦᠵᠢᠯ ᠂ ᠵᠣᠬᠢᠴᠠᠭᠤᠯᠤᠨ ᠲᠣᠬᠢᠷᠠᠭᠤᠯᠬᠤ ᠂ ᠱᠠᠯᠠᠪᠳᠠᠭᠤᠯᠤᠨ ᠵᠢᠯᠤᠭᠤᠳᠬᠤ ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ︽ ᠵᠢᠷᠭᠤᠭ᠎ᠠ ᠶᠢ | ᠨᠢᠭᠡ ᠴᠣᠭᠴᠠᠵᠢᠭᠤᠯᠬᠤ ︾ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠠᠶᠢᠭᠤᠯᠵᠤ ᠂ ᠲᠣᠰᠬᠤᠨ | ᠨᠡᠶᠢᠭᠡᠮ ᠲᠣᠭᠤᠷᠢᠭ ᠤᠨ ᠫᠠᠶᠢᠰᠠ ᠡᠯᠭᠦᠬᠦ ᠶᠢ ᠵᠢᠷᠤᠮᠵᠢᠭᠤᠯᠬᠤ ᠂ ︽ ᠭᠠᠷᠠᠭ ᠲᠤ ᠨᠢᠭᠡ ᠤᠳᠠᠭ᠎ᠠ ᠶᠢᠨ | ᠲᠣᠬᠢᠷᠠᠭᠤᠯᠤᠯᠲᠠ ︾ ᠂ ︽ ᠰᠠᠷ᠎ᠠ ᠳᠤ ᠨᠢᠭᠡ ᠤᠳᠠᠭ᠎ᠠ ᠶᠢᠨ ᠲᠣᠬᠢᠷᠠᠭᠤᠯᠤᠯᠲᠠ ︾ ᠬᠢᠬᠦ ᠨᠠᠷᠢᠨ ᠲᠠᠩᠰᠠ ᠶᠢ ᠬᠢᠵᠦ | ᠳᠠᠭᠤᠰᠬᠠᠬᠤ ᠵᠡᠷᠭᠡ ᠠᠵᠢᠯ ᠢ ᠥᠷᠨᠢᠭᠦᠯᠵᠦ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠪᠡ ᠃ | ᠡᠭᠦᠨ ᠤ ᠬᠠᠮᠲᠤ ᠂ ︽ ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠭᠦ ᠣᠨ ︾ ᠤ | ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠰᠢᠶᠠᠩ ᠪᠠᠯᠭᠠᠰᠤ ᠶᠢ | ᠳᠠᠭᠠᠭᠠᠴᠢᠯᠠᠵᠤ ᠂ ᠠᠵᠤ ᠦᠢᠯᠡᠰ ᠢ ᠳᠠᠭᠠᠭᠠᠴᠢᠯᠠᠵᠤ ᠂ ᠲᠦᠷᠦᠯ ᠵᠦᠢᠯ ᠢ ᠳᠠᠭᠠᠭᠠᠴᠢᠯᠠᠵᠤ ᠂ ᠨᠢᠭᠡᠴᠢ ᠶᠢᠨ ︽ | ᠨᠢᠭᠡᠳᠦᠭᠡᠷ ᠬᠠᠷᠢᠭᠤᠴᠠᠯᠭᠠᠲᠠᠨ ︾ ᠷᠠᠳᠢᠣ᠋ ᠨᠡᠪᠲᠡᠷᠡᠭᠦᠯᠭᠡ ᠪᠠᠷ ᠵᠠᠰᠠᠭ ᠤᠨ ᠶᠠᠪᠤᠳᠠᠯ ᠢ ᠭᠦᠢᠴᠡᠳᠬᠡᠵᠦ ᠂ ᠵᠠᠬᠢᠳᠠᠯ | ᠰᠤᠷᠪᠤᠯᠵᠢᠯᠠᠯ ᠢᠶᠠᠷ ᠬᠦᠴᠢᠷᠳᠡᠯ ᠢ ᠣᠶᠢᠯᠠᠭᠠᠵᠤ ᠂ ᠵᠠᠰᠠᠭ ᠤᠨ ᠶᠠᠪᠤᠳᠠᠯ ᠢᠶᠠᠷ ᠦᠷ᠎ᠡ ᠪᠦᠲᠦᠮᠵᠢ ᠶᠢ ᠰᠢᠯᠭᠠᠵᠤ ᠂ | ᠰᠠᠯᠠᠭᠠᠨ ᠲᠡᠰ ᠤᠨ ᠺᠠᠳ᠋ᠷ ᠵᠠᠬᠢᠳᠠᠯ ᠰᠤᠷᠪᠤᠯᠵᠢᠯᠠᠯ ᠤᠨ ᠶᠡᠭᠡ ᠲᠢᠩᠬᠢᠮ ᠳᠤ ᠣᠷᠣᠵᠤ ᠂ ᠵᠠᠰᠠᠭ ᠤᠨ ᠶᠠᠪᠤᠳᠠᠯ ᠤᠨ | ᠶᠡᠭᠡ ᠲᠢᠩᠬᠢᠮ ᠳᠤ ᠣᠷᠣᠵᠤ ᠂ ᠨᠡᠶᠢᠭᠡᠮ ᠲᠣᠭᠤᠷᠢᠭ ᠲᠣᠰᠬᠤᠨ ᠳᠤᠭᠤᠶᠢᠯᠠᠩ ᠳᠤ ᠣᠷᠣᠵᠤ ᠂ ᠵᠠᠯᠠᠭᠤ ᠺᠠᠳ᠋ᠷᠴᠤᠳ | ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠠᠪᠲᠠᠨ ᠪᠤᠯᠪᠠᠰᠤᠷᠠᠭᠤᠯᠵᠤ ᠂ ᠡᠷᠳᠡᠮ | ᠴᠢᠳᠠᠪᠤᠷᠢ ᠪᠠᠨ ᠳᠠᠪᠲᠠᠨ ᠪᠤᠯᠪᠠᠰᠤᠷᠠᠭᠤᠯᠵᠤ ᠂ ᠰᠤᠷᠲᠠᠯ ᠰᠠᠬᠢᠯᠭ᠎ᠠ ᠪᠠᠲᠤ ᠪᠠᠨ ᠳᠠᠪᠲᠠᠨ ᠪᠤᠯᠪᠠᠰᠤᠷᠠᠭᠤᠯᠵᠤ ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠪᠠᠶᠢᠨ᠎ᠠ ᠃ | |