5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠯᠪᠠᠨ | ᠭᠡᠷ ᠠᠴᠠ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ | ᠤᠬᠠᠭᠤᠯᠭ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ | ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠪᠠ ᠯᠢ ᠫᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠵᠣᠷᠢᠭᠲᠤ ᠭᠤᠣᠯ ᠰᠡᠳᠦᠪᠲᠦ ᠨᠡᠶᠢᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠲᠦᠭᠰᠢᠭᠦᠷᠢ ᠶᠢ ᠬᠢᠨᠠᠨ ᠰᠢᠨᠵᠢᠯᠡᠬᠦ ᠪᠠ ᠭᠠᠮᠰᠢᠭ ᠢ ᠶᠡᠷᠦᠩᠬᠡᠶᠢᠯᠡᠨ | ᠪᠠᠭᠠᠰᠬᠠᠬᠤ ᠭᠠᠵᠠᠷ ᠤᠨ ᠬᠠᠷᠢᠭᠤᠴᠠᠯᠭᠠᠲᠠᠨ ᠢᠦᠢ ᠵᠢᠶᠦ᠋ᠨ ᠶᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠬᠢᠭᠡᠳ | ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠤᠨ ᠡᠷᠬᠢᠯᠡᠭᠴᠢ ᠸᠠᠩ ᠶᠢᠨ ᠪᠦᠸᠧ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ | ᠯᠧᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠤ ᠬᠠᠮᠲᠤ ᠰᠤᠷᠪᠤᠯᠵᠢᠯᠠᠭᠴᠢᠳ ᠤᠨ ᠠᠰᠠᠭᠤᠯᠲᠠ ᠶᠢ | ᠬᠠᠷᠢᠭᠤᠯᠪᠠ᠃ | ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ | ᠤᠬᠠᠭᠤᠯᠭ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠨᠡᠶᠢᠲᠡᠯᠡᠯ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ | ᠲᠢᠩᠬᠢᠮ ᠤᠨ ᠳᠡᠳ᠋ ᠳᠠᠷᠤᠭ᠎ᠠ ᠪᠠ ᠯᠢ ᠫᠢᠩ | ᠲᠠ ᠪᠦᠬᠦᠨ ᠰᠠᠶᠢᠨ ᠪᠠᠶᠢᠨ᠎ᠠ ᠦᠦ︖ ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ | ᠭᠠᠮᠰᠢᠭ ᠢ ᠪᠠᠭᠠᠰᠬᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠤᠨ ᠡᠮᠦᠨ᠎ᠡ ᠠᠴᠠ ᠤᠷᠲᠤ ᠬᠤᠭᠤᠴᠠᠭᠠᠨ ᠤ ᠲᠤᠷᠰᠢ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠬᠠᠷᠠᠭᠠᠯᠵᠠᠨ | ᠳᠡᠮᠵᠢᠭᠰᠡᠭᠡᠷ ᠢᠷᠡᠭᠰᠡᠨ ᠥᠷᠭᠡᠨ ᠣᠯᠠᠨ ᠰᠣᠨᠢᠨ ᠮᠡᠳᠡᠭᠡᠨ ᠤ ᠵᠠᠭᠤᠴᠢᠯᠠᠭᠤᠷ ᠪᠠ ᠰᠤᠷᠪᠤᠯᠵᠢᠯᠠᠭᠴᠢ ᠨᠥᠬᠦᠳ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠪᠠᠶᠢᠭᠤᠯᠤᠭᠳᠠᠭᠰᠠᠨ ᠠᠴᠠ ᠨᠠᠭᠠᠰᠢ᠂ ᠪᠢᠳᠡ ᠵᠣᠬᠢᠶᠠᠨ ᠪᠠᠶᠢᠭᠤᠯᠬᠤ ᠶᠢᠨ ᠳᠠᠭᠠᠤ | ᠲᠡᠭᠦᠯᠳᠡᠷᠵᠢᠭᠦᠯᠬᠦ ᠵᠠᠷᠴᠢᠮ ᠳᠤ ᠰᠠᠭᠤᠷᠢᠯᠠᠨ᠂ ᠠᠶᠤᠯᠭᠦᠢ ᠦᠢᠯᠡᠳᠪᠦᠷᠢᠯᠡᠯ ᠢᠶᠠᠷ ᠦᠨᠳᠦᠰᠦᠨ ᠴᠢᠭᠯᠡᠯ ᠪᠣᠯᠭᠠᠵᠤ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠨ᠎ᠡ ᠲᠣᠭᠲᠠᠯᠴᠠᠭ᠎ᠠ ᠶᠢ ᠠᠯᠬᠤᠮ ᠠᠯᠬᠤᠮ ᠢᠶᠠᠷ | ᠰᠢᠯᠤᠭᠤᠳᠬᠠᠨ ᠪᠠᠶᠢᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠨᠢ ᠭᠤᠣᠯᠳᠠᠭᠤ ᠪᠠᠶᠢᠭᠠᠯᠢ ᠶᠢᠨ | ᠭᠠᠮᠰᠢᠭ᠂ ᠠᠳᠡᠯ ᠤᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ | ᠲᠦᠪᠰᠢᠨ ᠤ ᠬᠡᠷᠡᠭ ᠭᠡᠬᠦ 4 ᠶᠡᠭᠡ ᠲᠥᠷᠥᠯ ᠤᠨ ᠭᠡᠨᠡᠳᠲᠡ ᠶᠢᠨ ᠬᠡᠷᠡᠭ ᠤᠨ ᠳᠣᠲᠣᠷᠠᠬᠢ ᠠᠶᠤᠯᠭᠦᠢ | ᠦᠢᠯᠡᠳᠪᠦᠷᠢᠯᠡᠯ ᠤᠨ ᠲᠥᠷᠥᠯ ᠪᠠ ᠪᠠᠶᠢᠭᠠᠯᠢ ᠶᠢᠨ ᠭᠠᠮᠰᠢᠭ ᠤᠨ ᠲᠥᠷᠥᠯ ᠤᠨ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠳᠤ ᠬᠤᠯᠪᠣᠭᠳᠠᠵᠤ᠂ ᠪᠠᠶᠢᠩᠭᠤ ᠲᠣᠬᠢᠷᠠᠭᠤᠯᠤᠭᠰᠠᠨ ᠬᠡᠷᠡᠭ ᠶᠠᠪᠤᠳᠠᠯ ᠵᠥᠪᠯᠡᠨ ᠵᠣᠬᠢᠴᠠᠭᠤᠯᠬᠤ 5 | ᠪᠠᠶᠢᠭᠤᠯᠤᠮᠵᠢ ︵ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ ᠵᠥᠪᠯᠡᠯ᠂ ᠭᠠᠮᠰᠢᠭ ᠢ ᠪᠠᠭᠠᠰᠬᠠᠬᠤ ᠵᠥᠪᠯᠡᠯ | ᠂ ᠦᠶᠡᠷ ᠤᠰᠤᠲᠠᠯ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ ᠵᠢᠯᠣᠭᠤᠳᠬᠤ ᠭᠠᠵᠠᠷ᠂ ᠣᠢ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠪᠠ ᠭᠠᠵᠠᠷ ᠬᠥᠳᠡᠯᠦᠯᠲᠡ ᠶᠢ | ᠡᠰᠡᠷᠭᠦᠴᠡᠨ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ︶ ᠶᠢᠨ ᠠᠯᠪᠠᠨ ᠭᠡᠷ ᠤᠨ ᠡᠳᠦᠷ ᠲᠤᠲᠤᠮ ᠤᠨ ᠠᠵᠢᠯ | ᠶᠠᠪᠤᠳᠠᠯ ᠢ ᠡᠭᠦᠷᠭᠡᠯᠡᠵᠦ ᠪᠠᠶᠢᠨ᠎ᠠ᠃ ᠮᠠᠨ ᠤ ᠣᠷᠣᠨ ᠤ ᠭᠧᠣᠯᠣᠭᠢ ᠶᠢᠨ ᠨᠥᠬᠦᠴᠡᠯ ᠨᠡᠯᠢᠶᠡᠳ ᠬᠡᠪᠡᠷᠡᠭ᠂ | ᠪᠠᠶᠢᠭᠠᠯᠢ ᠶᠢᠨ ᠭᠠᠮᠰᠢᠭ ᠤᠨ ᠲᠥᠷᠥᠯ ᠵᠦᠢᠯ ᠣᠯᠠᠨ᠂ ᠰᠢᠷᠦᠭᠦᠨ ᠪᠣᠷᠣᠭᠠᠨ ᠦᠶᠡᠷ ᠤᠰᠤᠲᠠᠯ᠂ ᠣᠢ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠭᠧᠣᠯᠣᠭᠢ ᠶᠢᠨ ᠭᠠᠮᠰᠢᠭ᠂ ᠥᠨᠳᠥᠷ ᠬᠦᠢᠲᠡᠨ ᠭᠠᠵᠠᠷ ᠮᠥᠰᠥ ᠴᠠᠰᠤ | ᠵᠡᠷᠭᠡ ᠶᠢᠨ ᠰᠡᠷᠭᠡᠶᠢᠯᠡᠨ ᠵᠠᠰᠠᠬᠤ ᠡᠭᠦᠷᠭᠡ ᠬᠠᠷᠢᠴᠠᠩᠭᠤᠢ ᠬᠦᠨᠳᠦ ᠨᠦᠰᠡᠷ ᠪᠠᠶᠢᠵᠤ᠂ ᠪᠠᠷᠤᠭ ᠵᠢᠯ ᠪᠦᠷᠢ ᠬᠦᠨᠳᠦ | ᠶᠡᠭᠡ ᠪᠠᠶᠢᠭᠠᠯᠢ ᠶᠢᠨ ᠭᠠᠮᠰᠢᠭ ᠡᠭᠦᠰᠦᠨ᠂ ᠲᠤᠶᠢᠯ ᠤᠨ ᠠᠭᠤᠷ ᠠᠮᠢᠰᠬᠤᠯ ᠴᠠᠭ ᠠᠭᠠᠷ ᠤᠨ ᠬᠡᠷᠡᠭ ᠪᠠᠶᠢᠨ ᠳᠠᠶᠢᠨ | ᠡᠭᠦᠰᠴᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠᠶᠢᠳᠠᠯ ᠪᠤᠳᠤᠯᠢᠶᠠᠨᠲᠠᠢ ᠮᠥᠷᠲᠡᠭᠡᠨ ᠬᠦᠨᠳᠦ ᠨᠣᠴᠢᠲᠠᠢ | ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ | ᠳᠣᠣᠷ᠎ᠠ᠂ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠨᠢ ᠠᠷᠠᠳ ᠲᠦᠮᠡᠨ ᠤ | ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠢ ᠪᠠᠲᠤᠯᠠᠬᠤ ᠪᠠᠷ ᠭᠤᠣᠯᠳᠠᠯᠭ᠎ᠠ ᠪᠣᠯᠭᠠᠵᠤ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠲᠠᠰᠤᠷᠠᠯᠲᠠ ᠦᠭᠡᠢ | ᠴᠢᠩᠭᠠᠷᠠᠭᠤᠯᠵᠤ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠨᠢ ᠶᠡᠷᠦᠩᠬᠡᠢ ᠳᠤ ᠪᠠᠨ | ᠲᠣᠭᠲᠠᠭᠤᠨ ᠪᠠᠶᠢᠳᠠᠯ ᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠨ ᠪᠠᠲᠤᠯᠠᠬᠤ | ᠦᠢᠯᠡᠳᠦᠯ ᠨᠢ ᠶᠠᠪᠤᠬᠤ ᠲᠤᠲᠤᠮ ᠢᠯᠡᠷᠬᠡᠢ ᠪᠣᠯᠵᠤ ᠪᠠᠶᠢᠨ᠎ᠠ᠃ ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ | ᠡᠳᠦᠷ ᠪᠣᠯ ᠮᠠᠨ ᠤ ᠤᠯᠤᠰ ᠤᠨ ᠠᠷᠪᠠᠨ ᠭᠤᠷᠪᠠᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠠᠴᠠ | ᠠᠪᠤᠷᠠᠬᠤ ᠡᠳᠦᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ᠂ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ︽ᠭᠠᠮᠰᠢᠭ ᠤᠨ | ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠶ᠎ᠠ︾ | ᠭᠡᠬᠦ ᠭᠤᠣᠯ ᠰᠡᠳᠦᠪ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠤᠷᠢᠭ᠎ᠠ ᠱᠤᠭᠤᠮ ᠤᠨ ᠰᠡᠳᠬᠢᠬᠦᠢ ᠪᠠ | ᠲᠦᠭᠰᠢᠭᠦᠷᠢ ᠶᠢᠨ ᠤᠬᠠᠮᠰᠠᠷ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠪᠣᠭᠤᠮᠲᠠ ᠵᠠᠩᠭᠢᠯᠠᠭ᠎ᠠ ᠶᠢ ᠤᠷᠤᠭᠰᠢ | ᠰᠢᠯᠵᠢᠭᠦᠯᠬᠦ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ | ᠲᠦᠭᠰᠢᠭᠦᠷᠢ ᠶᠢ ᠡᠬᠢ ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ | ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠶᠢ ᠬᠥᠮᠥᠵᠢᠭᠦᠯᠦᠨ ᠰᠠᠨᠠᠭᠤᠯᠵᠤ᠂ ᠨᠠᠮ ᠪᠠᠶᠢᠭᠤᠯᠤᠭᠳᠠᠭᠰᠠᠨ 100 | ᠵᠢᠯ ᠤᠨ ᠣᠢ ᠶᠢ ᠪᠠᠶᠠᠷᠯᠠᠨ ᠤᠭᠲᠤᠬᠤ ᠳᠤ ᠬᠦᠴᠦᠨ ᠪᠦᠬᠦᠢ ᠪᠠᠲᠤᠯᠠᠭ᠎ᠠ ᠬᠠᠩᠭᠠᠨ᠎ᠠ᠃ | 2018 ᠣᠨ ᠤ 10 ᠳ᠋ᠤᠭᠠᠷ ᠰᠠᠷ᠎ᠠ ᠶᠢᠨ 10 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠲᠥᠪ ᠤᠨ | ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ | ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠠᠰᠠᠭᠤᠳᠠᠯ ᠳᠤ ᠰᠤᠳᠤᠯᠤᠯᠲᠠ | ᠬᠢᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ 9 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ | ᠪᠠᠶᠢᠷᠢᠯᠠᠭᠤᠯᠤᠨ ᠬᠡᠷᠡᠭᠵᠢᠭᠦᠯᠵᠦ᠂ ᠭᠠᠮᠰᠢᠭ ᠤᠨ ᠲᠦᠭᠰᠢᠭᠦᠷᠢ ᠳᠤ ᠪᠠᠶᠢᠴᠠᠭᠠᠯᠲᠠ ᠬᠢᠬᠦ ᠪᠠ ᠭᠤᠣᠯᠳᠠᠯᠭ᠎ᠠ ᠲᠠᠢ | ᠳᠠᠯᠳᠠ ᠭᠡᠮ ᠢ ᠢᠯᠠᠭᠠᠨ ᠪᠠᠶᠢᠴᠠᠭᠠᠬᠤ ᠢᠨᠵᠧᠨᠧᠷᠢᠩ ᠢ ᠬᠡᠷᠡᠭᠵᠢᠭᠦᠯᠦᠨ᠂ ᠲᠦᠭᠰᠢᠭᠦᠷᠢ ᠪᠠ ᠳᠠᠯᠳᠠ ᠭᠡᠮ ᠤᠨ | ᠰᠠᠭᠤᠷᠢ ᠲᠤᠭ᠎ᠠ ᠶᠢ ᠡᠵᠡᠮᠰᠢᠵᠦ᠂ ᠲᠡᠭᠦᠨ ᠢᠶᠠᠷ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ 9 ᠵᠦᠢᠯ ᠤᠨ | ᠢᠨᠵᠧᠨᠧᠷᠢᠩ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠪᠠᠶᠢᠭᠠᠯᠢ ᠶᠢᠨ | ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ 2020 — 2022 ᠣᠨ ᠳᠤ ᠠᠩᠬᠠᠳᠤᠭᠠᠷ ᠤᠳᠠᠭᠠᠨ ᠤ ᠪᠦᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ | ᠲᠣᠭᠲᠠᠵᠠᠢ᠃ ᠮᠠᠨ ᠤ ᠣᠷᠣᠨ ᠤ ᠪᠠᠶᠢᠭᠠᠯᠢ ᠶᠢᠨ ᠭᠠᠮᠰᠢᠭ ᠤᠨ ᠲᠥᠷᠥᠯ ᠵᠦᠢᠯ ᠤᠨ ᠲᠠᠷᠬᠠᠯᠲᠠ᠂ ᠨᠥᠯᠥᠭᠡᠯᠡᠬᠦ | ᠬᠡᠮᠵᠢᠶ᠎ᠡ ᠪᠠ ᠣᠨᠴᠠᠯᠢᠭ ᠢ ᠦᠨᠳᠦᠰᠦᠯᠡᠨ᠂ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠬᠤᠯᠪᠣᠭᠳᠠᠭᠰᠠᠨ | ᠪᠠᠶᠢᠭᠠᠯᠢ ᠶᠢᠨ ᠭᠠᠮᠰᠢᠭ ᠤᠨ ᠲᠥᠷᠥᠯ ᠬᠡᠯᠪᠡᠷᠢ ᠳᠤ ᠭᠤᠣᠯᠳᠠᠭᠤ ᠭᠠᠵᠠᠷ ᠬᠥᠳᠡᠯᠦᠯᠲᠡ ᠶᠢᠨ ᠭᠠᠮᠰᠢᠭ᠂ | ᠭᠧᠣᠯᠣᠭᠢ ᠶᠢᠨ ᠭᠠᠮᠰᠢᠭ᠂ ᠴᠠᠭ ᠠᠭᠤᠷ ᠤᠨ ᠭᠠᠮᠰᠢᠭ᠂ ᠦᠶᠡᠷ ᠤᠰᠤᠲᠠᠯ ᠭᠠᠩ ᠬᠠᠭᠰᠠᠷᠠᠭᠠᠨ ᠤ ᠭᠠᠮᠰᠢᠭ᠂ ᠣᠢ | ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠪᠠᠶᠢᠳᠠᠭ᠃ ᠨᠡᠶᠢᠳᠡᠮ ᠪᠠᠶᠢᠴᠠᠭᠠᠯᠲᠠ ᠶᠢᠨ | ᠠᠭᠤᠯᠭ᠎ᠠ ᠳᠤ ᠭᠤᠣᠯᠳᠠᠭᠤ ᠪᠠᠶᠢᠭᠠᠯᠢ ᠶᠢᠨ ᠭᠠᠮᠰᠢᠭ ᠡᠭᠦᠰᠬᠡᠬᠦ ᠨᠥᠬᠦᠴᠡᠯ ᠤᠨ ᠪᠠᠶᠢᠴᠠᠭᠠᠯᠲᠠ ᠬᠢᠭᠡᠳ ᠦᠨᠡᠯᠡᠨ | ᠵᠢᠱᠢᠯᠲᠡ᠂ ᠬᠥᠮᠥᠨ ᠠᠮᠠ᠂ ᠭᠡᠷ ᠪᠠᠶᠢᠰᠢᠩ᠂ ᠰᠠᠭᠤᠷᠢ ᠪᠡᠯᠡᠳᠬᠡᠮᠵᠢ᠂ ᠠᠷᠠᠳ ᠤᠨ ᠬᠡᠷᠡᠭᠯᠡᠭᠡᠨ ᠤ ᠴᠥᠮ᠎ᠡ ᠶᠢᠨ | ᠪᠡᠯᠡᠳᠬᠡᠮᠵᠢ᠂ ᠠᠭᠤᠷᠬᠠᠢ ︵ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ︶᠂ ᠠᠶᠤᠯᠲᠠᠢ ᠬᠢᠮᠢ ᠶᠢᠨ | ᠪᠣᠳᠠᠰ ᠤᠨ ᠠᠵᠤ ᠠᠬᠤᠶᠢᠯᠠᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠭᠤᠷᠪᠠᠳᠠᠬᠢ ᠠᠵᠤ ᠦᠢᠯᠡᠰ᠂ | ᠡᠬᠢ ᠪᠠᠶᠠᠯᠢᠭ ᠪᠠ ᠣᠷᠴᠢᠨ ᠲᠣᠭᠤᠷᠢᠨ ᠵᠡᠷᠭᠡ ᠭᠠᠮᠰᠢᠭ ᠢ ᠠᠴᠢᠶᠠᠯᠠᠬᠤ ᠴᠣᠭᠴᠠ ᠶᠢᠨ ᠪᠠᠶᠢᠴᠠᠭᠠᠯᠲᠠ᠂ ᠲᠡᠦᠬᠡᠨ | ᠭᠠᠢ ᠭᠠᠮᠰᠢᠭ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠡᠬᠢ | ᠪᠠᠶᠠᠯᠢᠭ ︵ᠴᠢᠳᠠᠪᠤᠷᠢ︶ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ᠂ ᠪᠠᠶᠢᠭᠠᠯᠢ ᠶᠢᠨ ᠭᠠᠮᠰᠢᠭ ᠤᠨ | ᠭᠤᠣᠯᠳᠠᠯᠭ᠎ᠠ ᠲᠠᠢ ᠳᠠᠯᠳᠠ ᠭᠡᠮ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ᠂ ᠭᠤᠣᠯ ᠪᠣᠯᠬᠤ ᠪᠠᠶᠢᠭᠠᠯᠢ ᠶᠢᠨ | ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ ᠣᠷᠣᠨ ᠬᠤᠪᠢᠶᠠᠷᠢᠯᠠᠯ ᠵᠢᠴᠢ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ ᠣᠷᠣᠨ ᠬᠤᠪᠢᠶᠠᠷᠢᠯᠠᠯ ᠪᠠᠭᠲᠠᠵᠤ | ᠪᠠᠶᠢᠨ᠎ᠠ᠃ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠪᠣᠯ ᠪᠠᠶᠢᠭᠠᠯᠢ ᠶᠢᠨ ᠭᠠᠮᠰᠢᠭ ᠤᠨ ᠬᠦᠷᠢᠶ᠎ᠡ ᠴᠠᠷᠠᠭᠠᠨ ᠤ | ᠨᠢᠭᠡ ᠤᠳᠠᠭᠠᠨ ᠤ ᠡᠭᠦᠳᠦᠨ ᠨᠡᠭᠡᠭᠡᠯᠲᠡ ᠶᠢᠨ ᠴᠢᠨᠠᠷᠲᠠᠢ ᠠᠵᠢᠯ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠬᠤᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠵᠣᠬᠢᠴᠠᠭᠤᠯᠤᠨ ᠬᠠᠮᠵᠢᠯᠴᠠᠬᠤ | ᠡᠭᠦᠷᠭᠡ ᠬᠦᠨᠳᠦ᠂ ᠠᠵᠢᠯ ᠤᠨ ᠬᠦᠴᠢᠷᠳᠡᠯ ᠶᠡᠭᠡ ᠪᠠᠶᠢᠳᠠᠭ᠃ ᠳᠠᠷᠠᠭᠠᠴᠢ ᠶᠢᠨ ᠠᠯᠬᠤᠮ ᠳᠤ᠂ ᠪᠢᠳᠡ | ᠲᠤᠷᠰᠢᠯᠲᠠ ᠶᠢᠨ ᠴᠡᠭ ᠲᠤ ᠨᠡᠶᠢᠳᠡᠮ ᠪᠠᠶᠢᠴᠠᠭᠠᠯᠲᠠ ᠬᠢᠬᠦ ᠠᠵᠢᠯ ᠢ ᠳ᠋ᠦᠩᠨᠡᠬᠦ ᠪᠠ ᠨᠡᠶᠢᠳᠡᠮ ᠪᠠᠶᠢᠴᠠᠭᠠᠯᠲᠠ ᠶᠢᠨ | ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠤᠶᠠᠷ ᠵᠦᠢᠯ ᠤᠨ ᠭᠤᠣᠯ ᠠᠵᠢᠯ ᠢ ᠪᠡᠶᠡᠯᠡᠭᠦᠯᠬᠦ ᠶᠢᠨ ᠲᠣᠭᠤᠷᠢᠨ ᠳᠤ | ᠭᠤᠣᠯᠳᠠᠯᠭ᠎ᠠ ᠲᠠᠢ ᠨᠢᠭᠲᠠᠷᠠᠵᠤ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠥᠷᠨᠢᠯᠲᠡ ᠶᠢ | ᠠᠬᠢᠭᠤᠯᠤᠨ᠎ᠠ᠃ ᠡᠯ᠎ᠡ ᠵᠠᠭᠤᠴᠢᠯᠠᠭᠤᠷ ᠤᠨ ᠨᠥᠬᠦᠳ ᠡ᠂ ᠣᠶᠢᠷ᠎ᠠ ᠶᠢᠨ ᠵᠢᠯ ᠤᠳ ᠲᠤ᠂ ᠪᠦᠬᠦ ᠣᠷᠣᠨ ᠤ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠤᠨ ᠣᠯᠣᠭᠰᠠᠨ ᠠᠮᠵᠢᠯᠲᠠ | ᠪᠦᠲᠦᠮᠵᠢ ᠨᠢ ᠲᠡᠶᠢᠮᠦ ᠬᠢᠯᠪᠠᠷ ᠢᠶᠠᠷ ᠢᠷᠡᠭᠰᠡᠨ ᠪᠢᠰᠢ᠂ ᠡᠨᠡ ᠨᠢ ᠥᠷᠭᠡᠨ ᠣᠯᠠᠨ ᠰᠣᠨᠢᠨ ᠮᠡᠳᠡᠭᠡᠨ ᠤ | ᠵᠠᠭᠤᠴᠢᠯᠠᠭᠤᠷ᠂ ᠰᠤᠷᠪᠤᠯᠵᠢᠯᠠᠭᠴᠢ ᠨᠥᠬᠦᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠡᠭᠡ ᠬᠦᠴᠦᠨ ᠤ | ᠳᠡᠮᠵᠢᠯᠭᠡ ᠠᠴᠠ ᠰᠠᠯᠵᠤ ᠴᠢᠳᠠᠬᠤ ᠦᠭᠡᠢ᠃ ᠠᠳᠡ ᠪᠢ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ | ᠵᠥᠪᠯᠡᠯ ᠤᠨ ᠠᠯᠪᠠᠨ ᠭᠡᠷ ᠤᠨ ᠡᠮᠦᠨ᠎ᠡ ᠠᠴᠠ ᠴᠢᠩ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ᠃ | ᠡᠭᠦᠨ ᠤ ᠬᠠᠮᠲᠤ᠂ ᠣᠯᠠᠨ ᠢᠶᠠᠷ ᠢᠶᠠᠨ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ ᠣᠷᠣᠨ ᠤ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ ᠬᠠᠷᠠᠭᠠᠯᠵᠠᠨ ᠳᠡᠮᠵᠢᠵᠦ᠂ ᠪᠢᠳᠡᠨ ᠳᠤ | ᠡᠷᠬᠢᠮ ᠰᠠᠨᠠᠯ ᠢᠶᠠᠨ ᠳᠡᠪᠰᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨᠠᠯᠲᠠ ᠲᠠᠯᠪᠢᠬᠤ | ᠤᠳᠤᠷᠢᠳᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠦᠷᠢᠯᠳᠦᠭᠦᠯᠬᠦ ᠳᠤ ᠨᠡᠩ ᠶᠡᠭᠡ ᠨᠡᠮᠡᠷᠢ ᠬᠠᠨᠳᠢᠪ ᠢᠶᠠᠨ ᠡᠷᠭᠦᠬᠦ ᠶᠢ ᠬᠦᠰᠡᠵᠦ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ | ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠨᠡᠶᠢᠲᠡᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠵᠠᠷ ᠬᠥᠳᠡᠯᠦᠯᠲᠡ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ | ᠳᠠᠷᠤᠭ᠎ᠠ ᠵᠣᠷᠢᠭᠲᠤ ᠪᠦᠭᠦᠳᠡᠭᠡᠷ ᠰᠠᠶᠢᠨ ᠪᠠᠶᠢᠨ᠎ᠠ ᠦᠦ︖ ᠡᠩ ᠲᠡᠷᠢᠭᠦᠨ ᠳᠤ ᠪᠢ ᠥᠪᠡᠷᠲᠡᠭᠡᠨ ᠵᠠᠰᠠᠬᠤ ᠣᠷᠣᠨ ᠤ | ᠭᠠᠵᠠᠷ ᠬᠥᠳᠡᠯᠦᠯᠲᠡ ᠶᠢᠨ ᠲᠣᠪᠴᠢᠶᠠᠨ ᠤ ᠡᠮᠦᠨ᠎ᠡ ᠠᠴᠠ ᠲᠠ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ | ᠤᠭᠲᠤᠵᠤ ᠪᠠᠶᠢᠭ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ᠂ ᠲᠠ ᠣᠯᠠᠨ ᠤ ᠣᠯᠠᠨ ᠵᠢᠯ ᠤᠨ ᠲᠤᠷᠰᠢ ᠮᠠᠨ ᠤ | ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠦᠵᠡᠭᠦᠯᠦᠭᠰᠡᠨ ᠬᠠᠯᠠᠮᠵᠢᠯᠠᠯ | ᠳᠡᠮᠵᠢᠯᠭᠡ ᠳᠤ ᠴᠢᠩ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ︕ ᠡᠨᠡ ᠵᠢᠯ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ᠂ ᠮᠥᠨ ᠴᠤ ᠳᠤᠮᠳᠠᠳᠤ ᠤᠯᠤᠰ ᠤᠨ | ᠭᠠᠵᠠᠷ ᠬᠥᠳᠡᠯᠦᠯᠲᠡ ᠶᠢᠨ ᠲᠣᠪᠴᠢᠶ᠎ᠠ ᠪᠠᠶᠢᠭᠤᠯᠤᠭᠳᠠᠭᠰᠠᠨ 50 ᠵᠢᠯ ᠤᠨ ᠣᠢ ᠪᠣᠯᠣᠨ᠎ᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠳᠬᠤᠯᠠᠭᠰᠠᠭᠠᠷ ᠢᠷᠡᠭᠰᠡᠨ ᠤ ᠬᠠᠮᠲᠤ ᠠᠯᠢ ᠣᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠭᠰᠡᠨ | ᠶᠤᠮ᠃ | 2016 ᠣᠨ ᠤ 7 ᠳ᠋ᠤᠭᠠᠷ ᠰᠠᠷ᠎ᠠ ᠶᠢᠨ 28 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠲᠠᠯᠪᠢᠵᠤ᠂ | ᠰᠢᠨ᠎ᠡ ᠴᠠᠭ ᠬᠤᠭᠤᠴᠠᠭᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠠᠵᠢᠯ ᠤᠨ ︽ᠬᠤᠶᠠᠷ ᠢ ᠪᠠᠷᠢᠮᠲᠠᠯᠠᠬᠤ︾ ︽ᠭᠤᠷᠪᠠ ᠶᠢ ᠬᠤᠪᠢᠷᠠᠭᠤᠯᠬᠤ︾ ᠰᠢᠨ᠎ᠡ ᠣᠨᠣᠯᠵᠢᠬᠤᠨ ᠢ ᠳᠤᠷᠠᠳᠤᠨ | ᠭᠠᠷᠭᠠᠪᠠ᠃ ᠸᠧᠨᠴᠤᠸᠠᠨ ᠤ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠠᠷᠪᠠᠨ ᠵᠢᠯ ᠤᠨ ᠣᠢ ᠶᠢᠨ ᠣᠯᠠᠨ | ᠤᠯᠤᠰ ᠤᠨ ᠰᠤᠳᠤᠯᠤᠨ ᠶᠠᠷᠢᠯᠴᠠᠬᠤ ᠬᠤᠷᠠᠯ ᠳᠤ ᠵᠠᠬᠢᠳᠠᠯ ᠢᠯᠡᠭᠡᠨ ᠴᠢᠬᠤᠯᠠᠴᠢᠯᠠᠬᠤ ᠳᠤ ᠪᠠᠨ᠂ ᠭᠠᠮᠰᠢᠭ ᠡᠭᠦᠰᠬᠦ | ᠵᠢᠮ᠎ᠡ ᠶᠣᠰᠣ ᠶᠢ ᠰᠢᠨᠵᠢᠯᠡᠬᠦ ᠤᠬᠠᠭᠠᠨᠴᠢ ᠪᠠᠷ ᠲᠠᠨᠢᠵᠤ᠂ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠢ ᠪᠠᠭᠠᠰᠬᠠᠵᠤ᠂ | ᠬᠥᠮᠥᠨ ᠬᠢᠭᠡᠳ ᠪᠠᠶᠢᠭᠠᠯᠢ ᠶᠢᠨ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠂ ᠭᠠᠮᠰᠢᠭ ᠢ | ᠪᠠᠭᠠᠰᠬᠠᠬᠤ ᠣᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ᠂ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ | ᠪᠠᠭᠠᠰᠬᠠᠬᠤ ᠪᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠬᠦ ᠳᠤ | ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠲᠥᠪ ᠤᠨ ᠡᠳ᠋ ᠤᠨ ᠵᠠᠰᠠᠭ ᠠᠵᠤ ᠠᠬᠤᠢ ᠶᠢᠨ | ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢ | ᠤᠯᠤᠰ ᠤᠨ ᠪᠣᠳᠣᠯᠭ᠎ᠠ ᠠᠷᠠᠳ ᠤᠨ ᠠᠮᠢᠳᠤᠷᠠᠯ ᠳᠤ ᠬᠤᠯᠪᠣᠭᠳᠠᠵᠤ ᠪᠠᠶᠢᠭ᠎ᠠ ᠪᠣᠯᠬᠤᠷ᠂ ᠪᠠᠶᠢᠭᠠᠯᠢ ᠶᠢᠨ ᠭᠠᠮᠰᠢᠭ ᠢ | ᠰᠡᠷᠭᠡᠶᠢᠯᠡᠨ ᠵᠠᠰᠠᠬᠤ ᠥᠨᠳᠥᠷ ᠪᠦᠲᠦᠮᠵᠢ ᠲᠠᠢ ᠪᠥᠭᠡᠳ ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠠᠶᠢᠭᠤᠯᠤᠨ᠂ | ᠨᠡᠶᠢᠭᠡᠮ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠤ | ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ | ᠪᠦᠬᠦᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠠᠢ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠧᠣᠯᠣᠭᠢ ᠶᠢᠨ ᠲᠣᠭᠲᠠᠴᠠ ᠪᠤᠳᠤᠯᠢᠶᠠᠨᠲᠠᠢ᠂ ᠬᠥᠳᠡᠯᠭᠡᠭᠡᠨᠲᠦ ᠵᠥᠷᠢᠭᠳᠡᠯ ᠤᠨ ᠪᠦᠰᠡ ᠬᠥᠨᠳᠡᠯᠡᠨ | ᠭᠤᠯᠳᠤ ᠰᠦᠯᠵᠢᠯᠳᠦᠵᠦ᠂ ᠰᠢᠨ᠎ᠡ ᠲᠣᠭᠲᠠᠴᠠ ᠶᠢᠨ ᠠᠵᠢᠯᠯᠠᠭ᠎ᠠ ᠬᠤᠷᠴᠠ ᠰᠢᠷᠦᠭᠦᠨ ᠪᠠᠶᠢᠵᠤ᠂ ᠮᠠᠨ ᠤ ᠤᠯᠤᠰ ᠤᠨ | ᠭᠠᠵᠠᠷ ᠬᠥᠳᠡᠯᠦᠯᠲᠡ ᠶᠢᠨ ᠭᠠᠮᠰᠢᠭ ᠣᠯᠠᠨ ᠡᠭᠦᠰᠬᠦ ᠮᠤᠵᠢ ᠣᠷᠣᠨ ᠤ ᠨᠢᠭᠡ ᠪᠣᠯᠣᠨ᠎ᠠ᠃ ᠲᠡᠦᠬᠡᠨ ᠳᠡᠭᠡᠷ᠎ᠡ | ᠨᠡᠶᠢᠲᠡ ᠶᠢᠨ ᠣᠨ ᠲᠣᠭᠠᠯᠠᠯ ᠤᠨ 849 ᠣᠨ ᠤ ᠪᠤᠭᠤᠲᠤ ᠶᠢᠨ 7.0 ᠳᠡᠰ ᠤᠨ ᠭᠠᠵᠠᠷ ᠬᠥᠳᠡᠯᠦᠯᠲᠡ᠂ 1290 | ᠣᠨ ᠤ ᠨᠢᠩᠴᠧᠩ ᠤᠨ 6.8 ᠳᠡᠰ ᠤᠨ ᠭᠠᠵᠠᠷ ᠬᠥᠳᠡᠯᠦᠯᠲᠡ᠂ 1954 ᠣᠨ ᠤ ᠠᠯᠠᠱᠠ ᠪᠠᠷᠠᠭᠤᠨ | ᠬᠤᠰᠢᠭᠤᠨ ᠤ 7.3 ᠳᠡᠰ ᠤᠨ ᠭᠠᠵᠠᠷ ᠬᠥᠳᠡᠯᠦᠯᠲᠡ᠂ 1976 ᠣᠨ ᠤ ᠬᠤᠷᠢᠨᠭᠡᠷ ᠤᠨ 6.3 ᠳᠡᠰ ᠤᠨ ᠭᠠᠵᠠᠷ | ᠬᠥᠳᠡᠯᠦᠯᠲᠡ᠂ 1996 ᠣᠨ ᠤ ᠪᠤᠭᠤᠲᠤ ᠶᠢᠨ ᠪᠠᠷᠠᠭᠤᠨ ᠬᠡᠰᠡᠭ ᠤᠨ 6.4 ᠳᠡᠰ ᠤᠨ ᠭᠠᠵᠠᠷ ᠬᠥᠳᠡᠯᠦᠯᠲᠡ ᠵᠡᠷᠭᠡ | ᠣᠯᠠᠨ ᠤᠳᠠᠭᠠᠨ ᠤ ᠡᠪᠳᠡᠯᠭᠡ ᠶᠢᠨ ᠴᠢᠨᠠᠷᠲᠠᠢ ᠭᠠᠵᠠᠷ ᠬᠥᠳᠡᠯᠦᠯᠲᠡ ᠡᠭᠦᠰᠴᠦ᠂ ᠬᠥᠮᠥᠨ ᠦᠬᠦᠵᠦ ᠰᠢᠷᠬᠠᠲᠤᠭᠰᠠᠨ | ᠪᠠ ᠠᠵᠤ ᠠᠬᠤᠢ ᠬᠤᠬᠢᠷᠠᠯ ᠳᠤ ᠤᠴᠠᠷᠠᠭᠰᠠᠨ ᠬᠦᠨᠳᠦ ᠨᠣᠴᠢᠲᠠᠢ ᠪᠠᠶᠢᠳᠠᠯ ᠢ ᠪᠣᠢ ᠪᠣᠯᠭᠠᠪᠠ᠃ ᠮᠠᠨ ᠤ ᠣᠷᠣᠨ ᠤ | 103 ᠬᠤᠰᠢᠭᠤ ᠰᠢᠶᠠᠨ ᠲᠣᠭᠤᠷᠢᠭ ᠲᠤ ᠨᠡᠶᠢᠲᠡ 1010 ᠵᠡᠭᠡᠯᠢ ᠭᠤᠳᠤᠮᠵᠢ ᠰᠢᠶᠠᠩ ᠪᠠᠯᠭᠠᠰᠤ ᠰᠤᠮᠤ ᠪᠠᠶᠢᠵᠤ᠂ | ᠲᠠᠪᠤᠳᠠᠬᠢ ᠦᠶ᠎ᠡ ᠶᠢᠨ ︽ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠫᠠᠷᠠᠮᠧᠲᠷ ᠤᠨ ᠣᠷᠣᠨ | ᠬᠤᠪᠢᠶᠠᠷᠢᠯᠠᠯᠲᠠ ᠶᠢᠨ ᠵᠢᠷᠤᠭ︾ ᠶᠣᠰᠣᠭᠠᠷ ᠬᠤᠪᠢᠶᠠᠷᠢᠯᠠᠨ ᠰᠠᠯᠭᠠᠪᠠᠯ᠂ 220 ᠭᠠᠵᠠᠷ ᠨᠢⅧ ᠳᠡᠰ ᠤᠨ | ᠣᠷᠣᠨ ᠳᠤ ᠪᠠᠶᠢᠷᠢᠯᠠᠨ᠂ 280 ᠭᠠᠵᠠᠷ ᠨᠢ Ⅶ ᠳᠡᠰ ᠤᠨ ᠣᠷᠣᠨ ᠳᠤ ᠪᠠᠶᠢᠷᠢᠯᠠᠵᠤ᠂ 50% ᠶᠢᠨ ᠭᠠᠵᠠᠷ | ᠣᠷᠣᠨ ᠨᠢ ᠥᠨᠳᠥᠷ ᠳᠤᠷᠭᠢᠴᠠ ᠶᠢᠨ ᠣᠷᠣᠨ ᠳᠤ ᠪᠠᠶᠢᠷᠢᠯᠠᠵᠤ ᠪᠠᠶᠢᠳᠠᠭ᠃ | 1953 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠤᠷᠢᠳ ᠬᠤᠵᠢᠳ | ᠪᠤᠭᠤᠲᠤ ᠳᠤ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠬᠤᠷᠢᠶ᠎ᠠ ᠪᠠᠶᠢᠷᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠡᠬᠢᠯᠡᠨ ᠶᠠᠪᠤᠭᠳᠠᠵᠤ᠂ 1971 | ᠣᠨ ᠳᠤ ᠥᠪᠡᠷᠲᠡᠭᠡᠨ ᠵᠠᠰᠠᠬᠤ ᠣᠷᠣᠨ ᠠᠴᠠ ᠲᠤᠰᠬᠠᠶᠢᠯᠠᠨ ᠭᠠᠵᠠᠷ ᠬᠥᠳᠡᠯᠦᠯᠲᠡ ᠶᠢᠨ ᠠᠵᠢᠯ ᠤᠨ ᠪᠠᠶᠢᠭᠤᠯᠤᠮᠵᠢ | ᠲᠣᠬᠢᠷᠠᠭᠤᠯᠤᠭᠰᠠᠨ ᠠᠴᠠ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠵᠢᠯ ᠪᠦᠬᠦ ᠲᠠᠯ᠎ᠠ ᠳᠤ | ᠬᠥᠭᠵᠢᠵᠦ ᠡᠬᠢᠯᠡᠪᠡ᠃ ᠣᠯᠠᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠵᠥᠪ ᠤᠳᠤᠷᠢᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠦᠢᠯᠡᠰ ᠨᠢ ᠲᠠᠰᠤᠷᠠᠯᠲᠠ ᠦᠭᠡᠢ ᠬᠥᠭᠵᠢᠵᠦ᠃ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ | ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠢᠯᠡᠳᠲᠡ ᠳᠡᠭᠡᠭᠰᠢᠯᠡᠵᠦ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ | ᠪᠠᠲᠤ ᠴᠢᠩᠭ᠎ᠠ ᠬᠦᠴᠦᠨ ᠪᠦᠬᠦᠢ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠪᠠᠲᠤᠯᠠᠭ᠎ᠠ ᠬᠠᠩᠭᠠᠵᠠᠢ᠃ ᠣᠯᠠᠨ | ᠵᠢᠯ ᠤᠨ ᠬᠥᠭᠵᠢᠯᠲᠡ ᠪᠠᠷ ᠳᠠᠮᠵᠢᠭᠠᠳ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠨᠢ | ᠨᠢᠭᠡᠨᠲᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠨ ᠣᠷᠣᠪᠠ᠃ ᠭᠠᠵᠠᠷ | ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ | ᠬᠤᠷᠢᠭᠯᠠᠬᠤ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠳᠤ | ᠰᠢᠨ᠎ᠡ ᠶᠢ ᠡᠭᠦᠳᠬᠦ᠂ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠪᠠᠶᠢᠭᠤᠯᠤᠯᠲᠠ ᠶᠢ ᠬᠡᠷᠡᠭᠵᠢᠭᠦᠯᠬᠦ ᠵᠡᠷᠭᠡ | ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠂ ᠬᠢᠨᠠᠨ ᠰᠢᠨᠵᠢᠯᠡᠬᠦ ᠴᠢᠳᠠᠪᠤᠷᠢ ᠶᠡᠭᠡ ᠬᠡᠮᠵᠢᠶ᠎ᠡ ᠪᠠᠷ ᠳᠡᠭᠡᠭᠰᠢᠯᠡᠨ᠂ | ᠪᠦᠬᠦ ᠣᠷᠣᠨ ᠤ ᠬᠥᠬᠡᠬᠤᠲᠠ ᠪᠤᠭᠤᠲᠤ ᠣᠷᠳᠣᠰ ᠣᠷᠣᠨ ᠤ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠴᠢᠳᠠᠪᠤᠷᠢ | ᠨᠢ 2.0 ᠳᠡᠰ ᠲᠤ ᠬᠦᠷᠴᠦ᠂ ᠤᠯᠤᠰ ᠤᠨ ᠳᠣᠲᠣᠭᠠᠳᠤ ᠶᠢᠨ ᠭᠠᠵᠠᠷ ᠬᠥᠳᠡᠯᠦᠯᠲᠡ ᠶᠢ 2 ᠮᠢᠨᠦ᠋ᠲ ᠳᠤ | ᠠᠦ᠋ᠲ ᠢᠶᠠᠷ ᠲᠦᠷᠭᠡᠨ ᠮᠡᠳᠡᠭᠡᠯᠡᠬᠦ ᠶᠢ ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠪᠦᠬᠦ | ᠤᠯᠤᠰ ᠤᠨ ︽ᠬᠤᠶᠠᠷ ᠬᠤᠷᠠᠯ︾᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ | ᠪᠠᠶᠠᠷᠯᠠᠨ ᠪᠡᠯᠭᠡᠯᠡᠬᠦ ᠵᠡᠷᠭᠡ ᠴᠢᠬᠤᠯᠠ ᠶᠡᠭᠡ ᠠᠵᠢᠯᠯᠠᠭ᠎ᠠ ᠳᠠᠬᠢ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠡᠢ᠃ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ | ᠵᠠᠰᠠᠬᠤ ᠭᠤᠣᠯᠳᠠᠯᠭ᠎ᠠ ᠲᠠᠢ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠪᠠᠶᠢᠭᠤᠯᠤᠯᠲᠠ ᠶᠢᠨ ᠢᠨᠵᠧᠨᠧᠷᠢᠩ ᠤᠨ | ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠭᠠᠵᠠᠷ | ᠬᠥᠳᠡᠯᠦᠯᠲᠡ ᠶᠢᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠵᠠᠰᠠᠬᠤ ᠠᠵᠢᠯ ᠢ ᠬᠡᠷᠡᠭᠵᠢᠭᠦᠯᠪᠡ᠃ ᠬᠤᠲᠠ | ᠬᠥᠳᠡᠭᠡ ᠶᠢᠨ ᠭᠠᠵᠠᠷ ᠬᠥᠳᠡᠯᠦᠯᠲᠡ ᠶᠢ ᠡᠰᠡᠷᠭᠦᠴᠡᠨ ᠰᠡᠷᠭᠡᠶᠢᠯᠡᠯᠲᠡ ᠲᠣᠬᠢᠷᠠᠭᠤᠯᠬᠤ ᠬᠠᠮᠢᠶᠠᠷᠤᠯᠲᠠ ᠶᠢ ᠲᠠᠰᠤᠷᠠᠯᠲᠠ | ᠦᠭᠡᠢ ᠴᠢᠩᠭᠠᠷᠠᠭᠤᠯᠤᠨ᠂ ᠭᠠᠵᠠᠷ ᠬᠥᠳᠡᠯᠦᠯᠲᠡ ᠶᠢᠨ ᠣᠷᠣᠨ ᠬᠤᠪᠢᠶᠠᠷᠢᠯᠠᠯ ᠤᠨ ᠵᠢᠷᠤᠭ ᠤᠨ ᠤᠬᠠᠭᠤᠯᠤᠨ | ᠲᠤᠭᠤᠰᠢᠯᠠᠭᠤᠯᠬᠤ ᠠᠵᠢᠯ ᠢ ᠴᠢᠩᠭᠠᠳᠬᠠᠪᠠ᠃ ᠬᠥᠬᠡᠬᠤᠲᠠ᠂ ᠪᠤᠭᠤᠲᠤ᠂ ᠦᠬᠠᠢ ᠵᠡᠷᠭᠡ ᠬᠥᠳᠡᠯᠭᠡᠭᠡᠨᠲᠦ | ᠣᠭᠲᠣᠯᠣᠭᠠᠰᠤ ᠳᠠᠪᠬᠤᠷᠭ᠎ᠠ ᠶᠢᠨ ᠬᠠᠶᠢᠨ ᠰᠢᠨᠵᠢᠯᠡᠯᠲᠡ ᠠᠮᠢᠳᠤ ᠣᠭᠲᠣᠯᠣᠭᠠᠰᠤ ᠳᠠᠪᠬᠤᠷᠭ᠎ᠠ ᠶᠢᠨ ᠬᠠᠶᠢᠨ | ᠰᠢᠨᠵᠢᠯᠡᠯᠲᠡ ᠵᠢᠴᠢ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠪᠠ᠃ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠢᠨᠠᠨ ᠪᠠᠶᠢᠴᠠᠭᠠᠬᠤ᠂ ᠴᠢᠬᠤᠯᠠ ᠶᠡᠭᠡ ᠲᠥᠷᠥᠯ ᠵᠦᠢᠯ ᠤᠨ | ᠬᠡᠷᠡᠭᠯᠡᠭᠦᠰᠢᠲᠡᠢ ᠴᠢᠨᠠᠷ ᠲᠤ ᠨᠤᠲᠠᠯᠠᠯᠲᠠ ᠬᠢᠬᠦ ᠵᠡᠷᠭᠡ ᠪᠠᠷ ᠲᠠᠪᠴᠠᠩ ᠪᠣᠯᠭᠠᠵᠤ᠂ ᠭᠤᠣᠯᠳᠠᠯᠭ᠎ᠠ ᠲᠠᠢ ᠢᠨᠵᠧᠨᠧᠷᠢᠩ᠂ | ᠠᠮᠢᠨ ᠰᠤᠳᠠᠰᠤ ᠶᠢᠨ ᠢᠨᠵᠧᠨᠧᠷᠢᠩ ᠪᠠ ᠬᠦᠨᠳᠦ ᠨᠣᠴᠢᠲᠠᠢ ᠡᠭᠦᠰᠦᠮᠡᠯ ᠭᠠᠮᠰᠢᠭ ᠠᠮᠠᠷᠬᠠᠨ ᠡᠭᠦᠰᠬᠦ | ᠢᠨᠵᠧᠨᠧᠷᠢᠩ ᠤᠨ ᠭᠠᠵᠠᠷ ᠬᠥᠳᠡᠯᠦᠯᠲᠡ ᠶᠢ ᠡᠰᠡᠷᠭᠦᠴᠡᠵᠦ ᠰᠡᠷᠭᠡᠶᠢᠯᠡᠯᠲᠡ ᠲᠣᠬᠢᠷᠠᠭᠤᠯᠬᠤ ᠠᠵᠢᠯ ᠤᠨ ᠬᠢᠨᠠᠨ | ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ | ᠢᠨᠵᠧᠨᠧᠷᠢᠩ ᠤᠨ ᠭᠠᠵᠠᠷ ᠬᠥᠳᠡᠯᠦᠯᠲᠡ ᠶᠢ ᠡᠰᠡᠷᠭᠦᠴᠡᠵᠦ ᠰᠡᠷᠭᠡᠶᠢᠯᠡᠯᠲᠡ ᠲᠣᠬᠢᠷᠠᠭᠤᠯᠬᠤ ᠠᠵᠢᠯ ᠳᠤ ᠬᠢᠨᠠᠯᠲᠠ | ᠪᠠᠶᠢᠴᠠᠭᠠᠯᠲᠠ ᠬᠢᠭᠰᠡᠨ ᠨᠣᠷᠮ᠎ᠠ ᠨᠢ 100% ᠳᠤ ᠬᠦᠷᠴᠡᠢ᠃ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ | ᠪᠠᠭᠠᠰᠬᠠᠬᠤ ᠬᠠᠤᠯᠢ ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠯ ᠬᠠᠤᠯᠢ | ᠳᠦᠷᠢᠮ ᠤᠨ ᠲᠣᠭᠲᠠᠯᠴᠠᠭ᠎ᠠ ᠲᠠᠰᠤᠷᠠᠯᠲᠠ ᠦᠭᠡᠢ ᠪᠦᠷᠢᠨᠰᠢᠵᠦ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ | ᠪᠠᠭᠠᠰᠬᠠᠬᠤ ᠦᠢᠯᠡᠰ ᠤᠨ ᠴᠢᠨᠠᠷᠯᠢᠭ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢᠨ | ᠠᠷᠭ᠎ᠠ︾ ᠶᠢ ᠵᠢᠩᠬᠢᠨᠢ ᠪᠠᠷ ᠨᠡᠶᠢᠲᠡᠯᠡᠵᠦ᠂ ᠨᠢᠭᠡᠨᠲᠡ 2020 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ | ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠨ ᠬᠡᠷᠡᠭᠵᠢᠭᠦᠯᠪᠡ᠃ ᠭᠠᠵᠠᠷ | ᠬᠥᠳᠡᠯᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠣᠳᠣᠬᠢᠴᠢᠯᠠᠯᠲᠠ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠨᠢ ᠠᠯᠢ ᠣᠯᠠᠨ ᠰᠢᠨ᠎ᠡ ᠶᠢ ᠡᠭᠦᠳᠬᠦ ᠬᠡᠯᠪᠡᠷᠢ ᠶᠢᠨ ᠦᠷ᠎ᠡ ᠪᠦᠲᠦᠭᠡᠯ ᠣᠯᠵᠤ᠂ ᠭᠠᠵᠠᠷ | ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠵᠠᠭᠪᠤᠷ ᠤᠨ ᠡᠷᠴᠢᠮᠵᠢᠭᠦᠯᠦᠭᠰᠡᠨ ᠰᠢᠨ᠎ᠡ ᠡᠭᠦᠳᠦᠯᠲᠡ᠂ | ᠰᠡᠷᠡᠮᠵᠢᠯᠡᠭᠦᠯᠦᠯ ᠪᠠ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠵᠠᠩᠭᠢᠯᠠᠭ᠎ᠠ ᠶᠢᠨ ᠮᠡᠷᠭᠡᠵᠢᠯ ᠤᠨ | ᠰᠤᠳᠤᠯᠤᠨ ᠨᠡᠭᠡᠭᠡᠯᠲᠡ᠂ ᠬᠤᠲᠠ ᠶᠢᠨ ᠪᠦᠯᠦᠭᠵᠢᠯ ᠤᠨ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ | ᠬᠤᠷᠢᠭᠯᠠᠬᠤ ᠮᠡᠷᠭᠡᠵᠢᠯ ᠢ ᠳᠡᠯᠭᠡᠷᠡᠭᠦᠯᠦᠨ ᠵᠢᠱᠢᠶ᠎ᠡ ᠦᠵᠡᠭᠦᠯᠬᠦ ᠪᠠ ᠭᠤᠣᠯᠳᠠᠯᠭ᠎ᠠ ᠲᠠᠢ ᠬᠥᠳᠡᠯᠭᠡᠭᠡᠨᠲᠦ | ᠵᠥᠷᠢᠭᠳᠡᠯ ᠤᠨ ᠨᠥᠯᠥᠭᠡ ᠶᠢ ᠦᠨᠡᠯᠡᠨ ᠵᠢᠱᠢᠬᠦ ︽ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠬᠥᠳᠡᠯᠦᠯᠲᠡ ᠶᠢ | ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠤᠯᠲᠠ ᠬᠢᠵᠦ ᠨᠡᠭᠡᠭᠡᠨ ᠬᠥᠭᠵᠢᠭᠦᠯᠬᠦ ᠬᠢᠭᠡᠳ | ᠳᠡᠯᠭᠡᠷᠡᠭᠦᠯᠦᠨ ᠵᠢᠱᠢᠶ᠎ᠡ ᠦᠵᠡᠭᠦᠯᠬᠦ︾ ᠲᠥᠷᠥᠯ ᠵᠦᠢᠯ ᠢ ᠥᠷᠨᠢᠭᠦᠯᠦᠭᠰᠡᠨ ᠤ ᠬᠠᠮᠲᠤ᠂ ᠰᠢᠯᠭᠠᠨ ᠬᠤᠷᠢᠶᠠᠨ | ᠠᠪᠬᠤ ᠳᠤ ᠰᠢᠯᠢᠳᠡᠭ ᠦᠷ᠎ᠡ ᠪᠦᠲᠦᠮᠵᠢ ᠣᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ | ᠬᠥᠳᠡᠯᠦᠯᠲᠡ ᠶᠢᠨ ᠲᠣᠪᠴᠢᠶ᠎ᠠ ᠠᠴᠠ ᠤᠷᠢᠳ ᠬᠤᠵᠢᠳ ᠤᠯᠤᠰ ᠤᠨ ᠭᠠᠵᠠᠷ ᠬᠥᠳᠡᠯᠦᠯᠲᠡ ᠶᠢᠨ ᠳᠣᠷᠭᠢᠴᠠ ᠶᠢ | ᠲᠦᠷᠭᠡᠨ ᠮᠡᠳᠡᠭᠡᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ ᠤᠨ ᠲᠥᠷᠥᠯ ᠵᠦᠢᠯ᠂ ᠰᠢᠨᠵᠢᠯᠡᠬᠦ | ᠤᠬᠠᠭᠠᠨ ᠤ ᠲᠠᠪᠴᠠᠩ ᠪᠠᠬᠢᠯᠡᠯᠲᠡ ᠶᠢᠨ ᠲᠥᠷᠥᠯ ᠵᠦᠢᠯ᠂ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠬᠤᠷᠢᠶ᠎ᠠ | ᠲᠣᠣᠷ ᠤᠨ ᠪᠠᠶᠢᠭᠤᠯᠤᠯᠲᠠ ᠶᠢᠨ ᠲᠥᠷᠥᠯ ᠵᠦᠢᠯ᠂ ᠡᠪᠦᠯ ᠤᠨ ᠤᠯᠠᠷᠢᠯ ᠤᠨ ᠣᠯᠧᠮᠫᠢᠺ ᠤᠨ ᠴᠤᠭᠯᠠᠭᠠᠨ ᠤ ᠭᠠᠵᠠᠷ | ᠬᠥᠳᠡᠯᠦᠯᠲᠡ ᠶᠢᠨ ᠬᠢᠨᠠᠨ ᠰᠢᠨᠵᠢᠯᠡᠬᠦ ᠴᠢᠳᠠᠪᠤᠷᠢ ᠶᠢ ᠳᠡᠭᠡᠭᠰᠢᠯᠡᠭᠦᠯᠦᠨ ᠪᠠᠲᠤᠯᠠᠬᠤ ᠲᠥᠷᠥᠯ ᠵᠦᠢᠯ ᠪᠠ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰᠬᠠᠢ ᠵᠦᠢᠯ ᠤᠨ ᠬᠢᠨᠠᠨ ᠰᠢᠨᠵᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠲᠥᠷᠥᠯ ᠵᠦᠢᠯ ᠵᠡᠷᠭᠡ ᠶᠢ ᠡᠭᠦᠷᠭᠡᠯᠡᠪᠡ᠃ ᠳᠡᠭᠡᠷ᠎ᠡ ᠶᠠᠷᠢᠭᠰᠠᠨ ᠲᠥᠷᠥᠯ ᠵᠦᠢᠯ ᠢ ᠪᠠᠶᠢᠭᠤᠯᠤᠨ ᠬᠡᠷᠡᠭᠵᠢᠭᠦᠯᠦᠭᠰᠡᠨ | ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠬᠦ ᠬᠤᠷᠢᠶ᠎ᠠ ᠲᠣᠣᠷ ᠤᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠭᠠᠵᠠᠷ | ᠬᠥᠳᠡᠯᠦᠯᠲᠡ ᠶᠢᠨ ᠪᠠᠶᠢᠳᠠᠯ ᠢ ᠬᠢᠨᠠᠨ ᠠᠵᠢᠭᠯᠠᠬᠤ ᠴᠢᠳᠠᠪᠤᠷᠢ ᠬᠢᠷᠢ ᠲᠦᠪᠰᠢᠨ ᠢ ᠳᠡᠭᠡᠭᠰᠢᠯᠡᠭᠦᠯᠦᠨ | ᠴᠢᠩᠭᠠᠳᠬᠠᠭᠰᠠᠨ ᠢᠶᠠᠷ ᠪᠠᠷᠠᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠨᠡᠩ ᠪᠦᠲᠦᠮᠵᠢᠲᠡᠢ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠦᠢᠯᠡᠴᠢᠯᠡᠭᠡ ᠬᠠᠩᠭᠠᠬᠤ | ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠭᠠᠮᠰᠢᠭ ᠢ | ᠰᠡᠷᠭᠡᠶᠢᠯᠡᠨ ᠵᠠᠰᠠᠬᠤ ᠴᠢᠳᠠᠪᠤᠷᠢ ᠪᠠ ᠭᠠᠵᠠᠷ ᠬᠥᠳᠡᠯᠦᠯᠲᠡ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠴᠢᠳᠠᠪᠤᠷᠢ ᠶᠢ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ | ᠪᠠᠭᠠᠰᠬᠠᠬᠤ ︽14 · 5︾ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠵᠤ᠂ ᠬᠤᠷᠢᠨᠭᠡᠷ ᠰᠢᠨ᠎ᠡ | ᠲᠣᠭᠤᠷᠢᠭ ᠲᠤ ︽ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠲᠤᠷᠰᠢᠯᠲᠠ ᠶᠢᠨ ᠰᠠᠭᠤᠷᠢᠨ︾ ᠤ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠢ᠃ ᠡᠨᠡ ᠵᠢᠯ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ᠂ ᠮᠥᠨ ᠴᠤ ︽14 · 5︾ | ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ | ᠵᠢᠭᠠᠬᠤ ᠳᠤ ᠪᠠᠨ᠂ ᠪᠠᠶᠢᠭᠠᠯᠢ ᠶᠢᠨ ᠭᠠᠮᠰᠢᠭ ᠲᠠᠢ ᠲᠡᠮᠡᠴᠡᠬᠦ ᠪᠣᠯ ᠬᠥᠮᠥᠨ ᠲᠥᠷᠥᠯᠬᠢᠲᠡᠨ ᠤ ᠣᠷᠣᠰᠢᠨ ᠬᠥᠭᠵᠢᠬᠦ | ᠥᠨᠢᠳᠡ ᠶᠢᠨ ᠰᠡᠳᠦᠪ ᠪᠣᠯᠣᠨ᠎ᠠ᠃ ᠪᠢᠳᠡ ᠰᠢᠨ᠎ᠡ ᠴᠠᠭ ᠦᠶ᠎ᠡ ᠶᠢᠨ ᠭᠠᠵᠠᠷ ᠬᠥᠳᠡᠯᠦᠯᠲᠡ ᠶᠢ ᠰᠡᠷᠭᠡᠶᠢᠯᠡᠨ | ᠭᠠᠮᠰᠢᠭ ᠢ ᠪᠠᠭᠠᠰᠬᠠᠬᠤ ᠦᠢᠯᠡᠰ ᠢ ᠪᠠᠶᠢᠭᠤᠯᠬᠤ ᠠᠶᠠᠨ ᠵᠠᠮ ᠳᠤ ᠪᠠᠨ ᠡᠷᠬᠡᠪᠰᠢ ᠨᠡᠩ ᠣᠷᠭᠢᠯᠤᠮ᠎ᠠ ᠰᠡᠳᠬᠢᠯᠭᠡ ᠪᠠᠷ | ᠯᠠᠪᠳᠠᠭᠤᠨ ᠪᠠᠲᠤᠲᠠᠢ ᠠᠵᠢᠯᠯᠠᠵᠤ᠂ ᠨᠡᠩ ᠪᠠᠶᠠᠯᠢᠭ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠭᠠᠵᠠᠷ | ᠬᠥᠳᠡᠯᠦᠯᠲᠡ ᠶᠢ ᠡᠰᠡᠷᠭᠦᠴᠡᠨ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠵᠤ᠂ ᠭᠠᠵᠠᠷ | ᠬᠥᠳᠡᠯᠦᠯᠲᠡ ᠶᠢᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠡᠢ᠃ ᠡᠨᠡ | ᠬᠦ ᠲᠣᠬᠢᠶᠠᠯ ᠢᠶᠠᠷ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠠᠭᠠᠯᠵᠠᠨ | ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠰᠤᠷᠪᠤᠯᠵᠢᠯᠠᠭᠴᠢ ᠨᠥᠬᠦᠳ ᠲᠤ ᠳᠠᠬᠢᠨᠲᠠ | ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ ᠣᠯᠠᠨ ᠢᠶᠠᠷ ᠢᠶᠠᠨ ᠥᠩᠭᠡᠷᠡᠭᠰᠡᠨ ᠲᠠᠢ ᠪᠠᠨ | ᠠᠳᠠᠯᠢ ᠪᠠᠷ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠳᠡᠮᠵᠢᠬᠦ ᠶᠢ | ᠬᠦᠰᠡᠵᠦ ᠪᠠᠶᠢᠨ᠎ᠠ︕ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ | ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ | ᠠᠰᠠᠭᠤᠯᠲᠠ ᠶᠢᠨ ᠬᠠᠷᠢᠭᠤᠯᠲᠠ | ᠥᠪᠥᠷ ᠮᠣᠩᠭᠤᠯ ᠤᠨ ᠡᠳᠦᠷ ᠤᠨ ᠰᠣᠨᠢᠨ᠄ ᠮᠢᠨᠤ ᠣᠶᠢᠯᠠᠭᠠᠭᠰᠠᠨ ᠢᠶᠠᠷ ᠡᠨᠡ ᠵᠢᠯ ᠪᠣᠯ ᠠᠷᠪᠠᠨ ᠭᠤᠷᠪᠠᠳᠠᠬᠢ | ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠠᠶᠢᠵᠤ᠂ ᠭᠤᠣᠯ ᠰᠡᠳᠦᠪ ᠨᠢ ︽ | ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤ | ᠴᠣᠭᠴᠠᠯᠠᠶ᠎ᠠ︾ ᠪᠣᠯᠣᠨ᠎ᠠ᠃ ᠲᠡᠭᠡᠪᠡᠯ ᠡᠨᠡ ᠵᠢᠯ ᠤᠨ ᠭᠠᠮᠰᠢᠭ ᠢ ᠰᠡᠷᠭᠡᠶᠢᠯᠡᠬᠦ ᠡᠳᠦᠷ ᠲᠤ ᠶᠠᠮᠠᠷ ᠶᠠᠮᠠᠷ | ᠤᠬᠠᠭᠤᠯᠭ᠎ᠠ ᠶᠢᠨ ᠠᠵᠢᠯᠯᠠᠭ᠎ᠠ ᠪᠠᠶᠢᠬᠤ ᠪᠣᠢ︖ | ᠢᠦᠢ ᠵᠢᠶᠦ᠋ᠨ ᠶᠦᠩ᠄ ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ | ᠠᠷᠪᠠᠨ ᠭᠤᠷᠪᠠᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠠᠶᠢᠵᠤ᠂ ᠭᠤᠣᠯ | ᠰᠡᠳᠦᠪ ᠨᠢ ︽ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ ᠬᠥᠭᠵᠢᠯᠲᠡ ᠶᠢᠨ | ᠰᠠᠭᠤᠷᠢ ᠶᠢ ᠪᠠᠲᠤ ᠴᠣᠭᠴᠠᠯᠠᠶ᠎ᠠ︾ ᠪᠣᠯᠣᠨ᠎ᠠ᠃ 5 ᠳ᠋ᠤᠭᠠᠷ ᠰᠠᠷ᠎ᠠ ᠶᠢᠨ 8 ᠤ ᠡᠳᠦᠷ ᠠᠴᠠ 14 ᠤ ᠡᠳᠦᠷ ᠪᠣᠯᠲᠠᠯ᠎ᠠ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠣᠯᠣᠨ᠎ᠠ᠃ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠡᠨᠡ ᠵᠢᠯ ᠤᠨ ᠪᠦᠬᠦ ᠤᠯᠤᠰ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠤᠯᠤᠰ ᠤᠨ | ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠤᠨ ᠱᠠᠭᠠᠷᠳᠠᠯᠭ᠎ᠠ ᠶᠢ ᠦᠨᠳᠦᠰᠦᠯᠡᠨ᠂ 6 ᠲᠠᠯ᠎ᠠ ᠪᠠᠷ ᠪᠦᠬᠦ | ᠣᠷᠣᠨ ᠤ ᠬᠠᠮᠢᠶ᠎ᠠ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠨᠢᠭᠡ ᠳᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠡᠳᠦᠷ ᠤᠨ ᠭᠤᠣᠯ ᠰᠡᠳᠦᠪ ᠢ ᠲᠣᠪᠣᠶᠢᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠦᠨ᠎ᠡ︔ ᠬᠤᠶᠠᠷ ᠲᠤ᠂ ᠤᠬᠠᠭᠤᠯᠭ᠎ᠠ ᠬᠥᠮᠥᠵᠢᠯ ᠤᠨ ᠬᠡᠯᠪᠡᠷᠢ ᠶᠢ | ᠪᠠᠶᠠᠯᠢᠭᠵᠢᠭᠤᠯᠤᠨ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠦᠬᠦ ᠠᠷᠠᠳ ᠤᠨ ᠭᠠᠮᠰᠢᠭ ᠤᠨ | ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ︔ ᠭᠤᠷᠪᠠ ᠳᠤ᠂ ᠲᠦᠭᠰᠢᠭᠦᠷᠢ ᠶᠢ | ᠡᠬᠢ ᠢᠷᠡᠯᠲᠡ ᠠᠴᠠ ᠨᠢ ᠬᠠᠮᠢᠶᠠᠷᠤᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠭᠠᠮᠰᠢᠭ ᠤᠨ ᠲᠦᠭᠰᠢᠭᠦᠷᠢ | ᠳᠠᠯᠳᠠ ᠭᠡᠮ ᠢ ᠢᠯᠭᠠᠨ ᠪᠠᠶᠢᠴᠠᠭᠠᠵᠤ ᠵᠠᠰᠠᠯᠲᠠ ᠬᠢᠬᠦ ᠶᠢ ᠥᠷᠨᠢᠭᠦᠯᠦᠨ᠎ᠡ︔ ᠳᠥᠷᠪᠡ ᠳᠤ᠂ ᠭᠤᠣᠯᠳᠠᠯᠭ᠎ᠠ ᠲᠠᠢ | ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠭᠰᠢᠭᠦᠷᠢ ᠶᠢ ᠬᠢᠨᠠᠨ ᠰᠢᠨᠵᠢᠯᠡᠵᠦ | ᠰᠡᠷᠡᠮᠵᠢᠯᠡᠭᠦᠯᠬᠦ ᠶᠢ ᠴᠢᠩᠭᠠᠷᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ︔ | ᠲᠠᠪᠤ ᠳᠤ᠂ ᠭᠠᠮᠰᠢᠭ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠮᠰᠢᠭ ᠢ ᠬᠦᠴᠦᠨ ᠲᠠᠢ ᠪᠥᠭᠡᠳ | ᠳᠡᠰ ᠳᠠᠷᠠᠭᠠᠯᠠᠯ ᠲᠠᠢ ᠪᠠᠷ ᠪᠦᠲᠦᠮᠵᠢᠲᠡᠢ ᠠᠷᠭᠠᠴᠠᠭᠠᠨ᠎ᠠ︔ ᠵᠢᠷᠭᠤᠭ᠎ᠠ ᠳᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠪ ᠢ ᠵᠠᠰᠠᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ | ᠠᠪᠤᠷᠠᠬᠤ ᠰᠣᠷᠢᠯᠲᠠ ᠶᠢ ᠥᠷᠭᠡᠨ ᠳᠡᠯᠭᠡᠷ ᠥᠷᠨᠢᠭᠦᠯᠦᠨ᠎ᠡ᠃ 5 ᠳ᠋ᠤᠭᠠᠷ ᠰᠠᠷ᠎ᠠ ᠶᠢᠨ 12 ᠤᠨ ᠡᠳᠦᠷ᠂ | ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠬᠢᠩᠭᠠᠨ ᠠᠶᠢᠮᠠᠭ ᠤᠨ | ᠭᠠᠮᠰᠢᠭ ᠢ ᠪᠠᠭᠠᠰᠬᠠᠬᠤ ᠵᠥᠪᠯᠡᠯ ᠲᠠᠢ ᠬᠤᠯᠪᠣᠭᠠᠯᠠᠨ ᠤᠯᠠᠭᠠᠨᠬᠤᠲᠠ ᠳᠤ ᠪᠦᠬᠦ ᠣᠷᠣᠨ ᠤ 2021 ᠣᠨ ᠤ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠪᠡ᠃ ᠡᠭᠦᠨ ᠳᠤ ︽ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠴᠢᠩᠭ᠎ᠠ | ᠨᠢᠭᠲᠠᠷᠠᠵᠤ᠂ ᠤᠬᠠᠭᠤᠯᠭ᠎ᠠ ᠲᠠᠶᠢᠯᠤᠮᠵᠢ ᠬᠢᠬᠦ ᠶᠢ ᠴᠢᠩᠭᠠᠷᠠᠭᠤᠯᠤᠨ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠤᠬᠠᠭᠤᠯᠭ᠎ᠠ ᠶᠢᠨ ᠭᠠᠷ ᠠᠪᠤᠯᠭ᠎ᠠ ᠶᠢ ᠨᠠᠶᠢᠷᠠᠭᠤᠯᠤᠨ ᠵᠣᠬᠢᠶᠠᠬᠤ ᠪᠠ ᠳᠠᠷᠤᠮᠠᠯᠯᠠᠨ ᠲᠠᠷᠬᠠᠭᠠᠵᠤ᠂ | ᠤᠬᠠᠭᠤᠯᠭ᠎ᠠ ᠶᠢᠨ ᠬᠤᠷᠢᠶ᠎ᠠ ᠲᠣᠬᠢᠷᠠᠭᠤᠯᠤᠨ᠂ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠤᠭᠰᠠᠷᠠᠵᠤ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠡᠯᠡᠳᠬᠡᠮᠵᠢ ᠲᠣᠨᠣᠭᠯᠠᠯ ᠤᠨ ᠳᠡᠯᠭᠡᠨ | ᠦᠵᠡᠭᠦᠯᠭᠡ ᠶᠢ ᠥᠷᠨᠢᠭᠦᠯᠵᠦ᠂ ᠠᠪᠤᠷᠠᠨ ᠲᠤᠰᠠᠯᠠᠬᠤ ᠬᠢᠭᠡᠳ ᠪᠠᠴᠢᠮ ᠠᠪᠤᠷᠠᠯᠲᠠ ᠬᠢᠬᠦ ᠮᠡᠳᠡᠯᠭᠡ ᠶᠢᠨ ᠪᠣᠳᠠᠲᠠᠢ ᠪᠠᠷ | ᠠᠵᠢᠯᠯᠠᠭᠤᠯᠬᠤ ᠰᠣᠷᠢᠯᠲᠠ ᠪᠠ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠡᠢ᠃ | 5 ᠳ᠋ᠤᠭᠠᠷ ᠰᠠᠷ᠎ᠠ ᠶᠢᠨ 10 — 11 ᠤ ᠡᠳᠦᠷ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠵᠡᠷᠭᠡ ᠵᠢᠷᠭᠤᠭᠠᠨ | ᠭᠠᠵᠠᠷ ᠬᠥᠳᠡᠯᠦᠯᠲᠡ ᠶᠢᠨ ᠲᠣᠪᠴᠢᠶ᠎ᠠ ᠬᠠᠮᠲᠤ ᠪᠠᠷ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠬᠦ ᠬᠥᠮᠥᠵᠢᠯ ᠤᠨ ᠰᠠᠭᠤᠷᠢᠨ ᠵᠡᠷᠭᠡ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ | ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ 7 ᠲᠠᠯᠠᠪᠠᠢ ᠣᠷᠳᠣᠨ ᠠᠴᠠ ᠳᠠᠭᠠᠭᠠᠨ | ᠭᠦᠢᠴᠡᠳᠬᠡᠭᠰᠡᠨ ᠪᠦᠬᠦ ᠤᠯᠤᠰ ᠤᠨ ᠤᠯᠤᠰ ᠤᠨ ᠳᠡᠰ ᠤᠨ 8 ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ | ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠥᠵᠢᠯ ᠤᠨ ᠰᠠᠭᠤᠷᠢᠨ ᠣᠷᠣᠯᠴᠠᠭᠰᠠᠨ | ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ︽ᠭᠠᠵᠠᠷ ᠬᠥᠳᠡᠯᠦᠯᠲᠡ ᠶᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠣᠷᠳᠣᠨ ᠤ ᠡᠭᠦᠯᠡᠨ ᠲᠣᠭᠤᠷᠢᠯᠲᠠ︾ | ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ︽ᠭᠠᠵᠠᠷ ᠬᠥᠳᠡᠯᠦᠯᠲᠡ ᠲᠠᠢ ᠣᠶᠢᠷᠠᠲᠤᠨ ᠣᠶᠢᠯᠠᠭᠠᠵᠤ᠂ | ᠲᠦᠭᠰᠢᠭᠦᠷᠢ ᠠᠴᠠ ᠵᠠᠶᠢᠯᠠᠬᠤ︾ ᠪᠠᠷ ᠭᠤᠣᠯ ᠰᠡᠳᠦᠪ ᠪᠣᠯᠭᠠᠭᠰᠠᠨ ︽ᠭᠠᠵᠠᠷ ᠬᠥᠳᠡᠯᠦᠯᠲᠡ ᠶᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠣᠷᠳᠣᠨ ᠤ ᠡᠭᠦᠯᠡᠨ ᠲᠣᠭᠤᠷᠢᠯᠲᠠ︾ | ᠶᠢ ᠡᠷᠬᠢᠯᠡᠵᠦ᠂ ᠲᠤᠰ ᠠᠵᠢᠯᠯᠠᠭ᠎ᠠ ᠶᠢ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠤᠨ ᠳᠠᠩᠰᠠᠨ ᠳ᠋ᠤᠭᠠᠷ ᠢᠶᠠᠷ | ᠵᠡᠷᠭᠡ ᠳᠤ ᠨᠢ ᠰᠢᠭᠤᠳ ᠨᠡᠪᠲᠡᠷᠡᠭᠦᠯᠭᠡ ᠬᠢᠪᠡ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠣᠨᠣᠯᠵᠢᠬᠤᠨ | ᠪᠠ ᠭᠠᠵᠠᠷ ᠬᠥᠳᠡᠯᠦᠯᠲᠡ ᠶᠢ ᠡᠰᠡᠷᠭᠦᠴᠡᠨ ᠭᠠᠮᠰᠢᠭ ᠠᠴᠠ ᠠᠪᠤᠷᠠᠬᠤ ᠵᠣᠷᠢᠭ ᠰᠠᠨᠠᠭ᠎ᠠ ᠶᠢ ᠶᠡᠭᠡ ᠪᠠᠷ ᠤᠬᠠᠭᠤᠯᠤᠨ | ᠪᠠᠳᠠᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠪᠠ | ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠪᠡ᠃ ᠥᠪᠥᠷ ᠮᠣᠩᠭᠤᠯ ᠤᠨ ᠲᠧᠯᠸᠢᠰ ᠬᠤᠷᠢᠶ᠎ᠠ᠄ ᠪᠦᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠳᠤ ᠨᠡᠶᠢᠳᠡᠮ ᠪᠠᠶᠢᠴᠠᠭᠠᠯᠲᠠ ᠬᠢᠬᠦ ᠠᠵᠢᠯ ᠤᠨ | ᠪᠣᠳᠠᠲᠠᠢ ᠠᠭᠤᠯᠭ᠎ᠠ ᠨᠢ ᠶᠠᠭᠤ ᠪᠣᠢ︖ ᠢᠦᠢ ᠶᠦᠩ ᠵᠢᠶᠦ᠋ᠨ᠄ ᠠᠩᠬᠠᠳᠤᠭᠠᠷ ᠤᠳᠠᠭᠠᠨ ᠤ ᠪᠦᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ | ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ᠂ ᠮᠥᠨ ᠴᠤ ᠪᠠᠶᠢᠭᠠᠯᠢ ᠶᠢᠨ | ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠰᠠᠭᠤᠷᠢ ᠴᠢᠨᠠᠷᠲᠠᠢ ᠠᠵᠢᠯ ᠪᠣᠯᠣᠨ᠎ᠠ᠃ ᠨᠡᠶᠢᠳᠡᠮ | ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ | ᠲᠦᠭᠰᠢᠭᠦᠷᠢ ᠪᠠ ᠳᠠᠯᠳᠠ ᠭᠡᠮ ᠤᠨ ᠰᠠᠭᠤᠷᠢ ᠲᠤᠭ᠎ᠠ ᠶᠢ ᠣᠶᠢᠯᠠᠭᠠᠨ ᠲᠣᠳᠣᠯᠠᠵᠤ᠂ ᠭᠤᠣᠯᠳᠠᠯᠭ᠎ᠠ ᠲᠠᠢ ᠭᠠᠵᠠᠷ | ᠣᠷᠣᠨ ᠤ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠲᠣᠳᠣᠷᠬᠠᠶᠢᠯᠠᠵᠤ᠂ ᠪᠦᠬᠦ ᠣᠷᠣᠨ ᠤ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠬᠢᠷᠢ ᠬᠡᠮᠵᠢᠶ᠎ᠡ ᠶᠢ ᠪᠤᠰᠤᠳᠴᠢ ᠪᠠᠷ ᠲᠠᠨᠢᠬᠤ ᠨᠢ ᠮᠠᠨ ᠤ | ᠣᠷᠣᠨ ᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠰᠢᠨᠵᠢᠯᠡᠬᠦ ᠤᠬᠠᠭᠠᠴᠢ ᠪᠥᠭᠡᠳ ᠪᠦᠲᠦᠮᠵᠢᠲᠡᠢ ᠥᠷᠨᠢᠭᠦᠯᠵᠦ᠂ ᠠᠵᠤ ᠠᠬᠤᠢ | ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ ᠪᠠᠶᠢᠭᠠᠯᠢ ᠶᠢᠨ ᠭᠠᠮᠰᠢᠭ ᠲᠠᠢ ᠬᠠᠮᠢᠶ᠎ᠠ ᠪᠦᠬᠦᠢ ᠪᠠᠶᠢᠭᠠᠯᠢ ᠪᠠ | ᠬᠥᠮᠥᠨ ᠰᠣᠶᠣᠯ ᠭᠠᠵᠠᠷ ᠵᠦᠢ ᠶᠢᠨ ᠴᠢᠬᠤᠯᠠ ᠬᠦᠴᠦᠨ ᠵᠦᠢᠯ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ | ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ᠂ ᠭᠤᠣᠯᠳᠠᠯᠭ᠎ᠠ | ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠡᠰᠡᠭ | ᠰᠠᠭᠤᠭᠠᠯᠢ ᠠᠷᠠᠳ ᠵᠡᠷᠭᠡ ᠶᠢ ᠪᠠᠭᠲᠠᠭᠠᠵᠤ᠂ ᠨᠡᠶᠢᠳᠡᠮ ᠪᠠᠶᠢᠴᠠᠭᠠᠯᠲᠠ ᠨᠢ ᠪᠦᠬᠦ ᠣᠷᠣᠨ ᠢ ᠬᠠᠮᠤᠷᠴᠤ ᠪᠠᠶᠢᠳᠠᠭ᠃ | ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠ ᠠᠭᠤᠯᠭ᠎ᠠ᠄ ᠨᠢᠭᠡ ᠳᠤ᠂ ᠭᠠᠮᠰᠢᠭ ᠢ ᠡᠭᠦᠰᠬᠡᠬᠦ ᠭᠤᠣᠯ ᠨᠥᠬᠦᠴᠡᠯ ᠤᠨ | ᠪᠠᠶᠢᠴᠠᠭᠠᠯᠲᠠ ᠬᠢᠭᠡᠳ ᠦᠨᠡᠯᠡᠨ ᠵᠢᠱᠢᠯᠲᠡ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠠᠵᠠᠷ | ᠬᠥᠳᠡᠯᠦᠯᠲᠡ ᠶᠢᠨ ᠭᠠᠮᠰᠢᠭ᠂ ᠭᠧᠣᠯᠣᠭᠢ ᠶᠢᠨ ᠭᠠᠮᠰᠢᠭ᠂ ᠴᠠᠭ ᠠᠭᠤᠷ ᠤᠨ ᠭᠠᠮᠰᠢᠭ᠂ ᠦᠶᠡᠷ ᠤᠰᠤᠲᠠᠯ ᠭᠠᠩ | ᠬᠠᠭᠰᠠᠷᠠᠭᠠᠨ ᠤ ᠭᠠᠮᠰᠢᠭ᠂ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠪᠠᠶᠢᠭᠠᠯᠢ ᠶᠢᠨ | ᠭᠠᠮᠰᠢᠭ ᠤᠨ ᠲᠦᠭᠰᠢᠭᠦᠷᠢ ᠶᠢᠨ ᠴᠢᠬᠤᠯᠠ ᠬᠦᠴᠦᠨ ᠵᠦᠢᠯ ᠤᠨ ᠮᠡᠳᠡᠭᠡ ᠵᠠᠩᠭᠢ ᠳᠤ ᠪᠦᠬᠦ ᠲᠠᠯ᠎ᠠ ᠪᠠᠷ | ᠪᠠᠶᠢᠴᠠᠭᠠᠯᠲᠠ ᠬᠢᠨ᠎ᠡ︔ ᠬᠤᠶᠠᠷ ᠲᠤ᠂ ᠭᠠᠮᠰᠢᠭ ᠢ ᠠᠴᠢᠶᠠᠯᠠᠭᠴᠢ ᠶᠢᠨ ᠪᠠᠶᠢᠴᠠᠭᠠᠯᠲᠠ ᠪᠠ ᠦᠨᠡᠯᠡᠨ ᠵᠢᠱᠢᠯᠲᠡ ᠶᠢ | ᠥᠷᠨᠢᠭᠦᠯᠦᠨ᠂ ᠭᠡᠷ ᠪᠠᠶᠢᠰᠢᠩ᠂ ᠰᠠᠭᠤᠷᠢ ᠪᠡᠯᠡᠳᠬᠡᠮᠵᠢ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠪᠡᠯᠡᠳᠬᠡᠮᠵᠢ᠂ | ᠠᠭᠤᠷᠬᠠᠢ ︵ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ︶᠂ ᠠᠶᠤᠯᠲᠠᠢ ᠬᠢᠮᠢ ᠶᠢᠨ ᠪᠣᠳᠠᠰ ᠤᠨ | ᠠᠵᠤ ᠠᠬᠤᠶᠢᠯᠠᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠭᠤᠷᠪᠠᠳᠠᠬᠢ ᠠᠵᠤ ᠦᠢᠯᠡᠰ᠂ ᠡᠬᠢ | ᠪᠠᠶᠠᠯᠢᠭ ᠬᠢᠭᠡᠳ ᠣᠷᠴᠢᠨ ᠲᠣᠭᠤᠷᠢᠨ ᠵᠡᠷᠭᠡ ᠴᠢᠬᠤᠯᠠ ᠭᠠᠮᠰᠢᠭ ᠢ ᠠᠴᠢᠶᠠᠯᠠᠭᠴᠢ ᠶᠢᠨ ᠣᠷᠣᠨ ᠵᠠᠢ ᠪᠠᠶᠢᠷᠢᠰᠢᠯ ᠤᠨ | ᠮᠡᠳᠡᠭᠡ ᠵᠠᠩᠭᠢ ᠪᠠ ᠭᠠᠮᠰᠢᠭ ᠤᠨ ᠬᠠᠷᠢᠶᠠᠲᠤ ᠴᠢᠨᠠᠷ ᠤᠨ ᠮᠡᠳᠡᠭᠡ ᠵᠠᠩᠭᠢ ᠶᠢ ᠣᠯᠵᠠᠯᠠᠨ᠎ᠠ︔ ᠭᠤᠷᠪᠠ ᠳᠤ᠂ ᠲᠡᠦᠬᠡᠨ | ᠭᠠᠮᠰᠢᠭ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ ᠶᠢ ᠥᠷᠨᠢᠭᠦᠯᠵᠦ᠂ 1978 ᠣᠨ ᠠᠴᠠ ᠨᠠᠭᠠᠰᠢᠬᠢ | ᠥᠪᠡᠷᠲᠡᠭᠡᠨ ᠵᠠᠰᠠᠬᠤ ᠣᠷᠣᠨ ᠤ ᠡᠯ᠎ᠡ ᠰᠢᠶᠠᠨ ᠤ ᠳᠡᠰ ᠤᠨ ᠵᠠᠰᠠᠭ ᠵᠠᠬᠢᠷᠭᠠᠨ ᠤ ᠣᠷᠣᠨ ᠤ ᠣᠨ ᠤ ᠪᠠᠶᠢᠭᠠᠯᠢ ᠶᠢᠨ | ᠭᠠᠮᠰᠢᠭ ᠤᠨ ᠪᠠᠶᠢᠳᠠᠯ ᠢ ᠪᠦᠷᠢᠳᠬᠡᠭᠰᠡᠨ ᠲᠤᠭ᠎ᠠ ᠪᠠᠷᠢᠮᠲᠠ ᠵᠢᠴᠢ 1949 ᠣᠨ ᠠᠴᠠ ᠨᠠᠭᠠᠰᠢᠬᠢ ᠬᠦᠨᠳᠦ ᠶᠡᠭᠡ | ᠪᠠᠶᠢᠭᠠᠯᠢ ᠶᠢᠨ ᠭᠠᠮᠰᠢᠭ ᠤᠨ ᠬᠡᠷᠡᠭ ᠶᠠᠪᠤᠳᠠᠯ ᠢ ᠪᠦᠬᠦ ᠲᠠᠯ᠎ᠠ ᠪᠠᠷ ᠪᠠᠶᠢᠴᠠᠭᠠᠬᠤ᠂ ᠡᠮᠬᠢᠯᠡᠬᠦ ᠪᠠ ᠬᠤᠷᠢᠶᠠᠩᠭᠤᠶᠢᠯᠠᠨ᠎ᠠ︔ | ᠳᠥᠷᠪᠡ ᠳᠤ᠂ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠴᠠᠭᠠᠯᠲᠠ ᠬᠢᠭᠡᠳ ᠦᠨᠡᠯᠡᠨ | ᠵᠢᠱᠢᠯᠲᠡ ᠶᠢ ᠥᠷᠨᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ ᠭᠡᠷ | ᠪᠦᠯᠢ ᠶᠢᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠲᠠᠯ᠎ᠠ ᠶᠢᠨ | ᠴᠢᠳᠠᠪᠤᠷᠢ ᠶᠢᠨ ᠢᠯᠡᠷᠡᠯ ᠬᠢᠷᠢ ᠲᠦᠪᠰᠢᠨ ᠳᠤ ᠪᠠᠶᠢᠴᠠᠭᠠᠯᠲᠠ ᠬᠢᠵᠦ ᠦᠨᠡᠯᠡᠨ ᠵᠢᠱᠢᠨ᠎ᠡ︔ ᠲᠠᠪᠤ ᠳᠤ᠂ | ᠪᠠᠶᠢᠭᠠᠯᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠭᠡᠮ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ ᠶᠢ | ᠥᠷᠨᠢᠭᠦᠯᠵᠦ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠢ ᠡᠭᠦᠰᠬᠡᠬᠦ ᠭᠤᠣᠯ ᠨᠥᠬᠦᠴᠡᠯ ᠪᠠ ᠰᠡᠷᠭᠡᠶᠢᠯᠡᠯᠲᠡ | ᠲᠣᠬᠢᠷᠠᠭᠤᠯᠤᠭᠰᠠᠨ ᠭᠤᠣᠯᠳᠠᠯᠭ᠎ᠠ ᠲᠠᠢ ᠳᠠᠯᠳᠠ ᠭᠡᠮ ᠳᠤ ᠪᠠᠶᠢᠴᠠᠭᠠᠯᠲᠠ ᠬᠢᠵᠦ ᠦᠨᠡᠯᠡᠨ ᠵᠢᠱᠢᠬᠦ ᠶᠢᠨ ᠬᠠᠮᠲᠤ᠂ | ᠪᠦᠬᠦ ᠣᠷᠣᠨ ᠤ ᠭᠤᠣᠯ ᠪᠣᠯᠬᠤ ᠪᠠᠶᠢᠭᠠᠯᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠭᠡᠮ ᠪᠠ ᠴᠢᠬᠤᠯᠠ | ᠬᠦᠴᠦᠨ ᠵᠦᠢᠯ ᠳᠤ ᠶᠡᠷᠦᠩᠬᠡᠶᠢᠯᠡᠭᠰᠡᠨ ᠵᠠᠳᠠᠯᠤᠯᠲᠠ ᠪᠠ ᠪᠦᠷᠢᠳᠬᠡᠯᠲᠡ ᠵᠢᠱᠢᠯᠲᠡ ᠬᠢᠨ᠎ᠡ︔ ᠵᠢᠷᠭᠤᠭ᠎ᠠ ᠳᠤ᠂ | ᠭᠤᠣᠯ ᠪᠣᠯᠬᠤ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠪᠠ ᠣᠷᠣᠨ ᠬᠤᠪᠢᠶᠠᠷᠢᠯᠠᠯ ᠢ | ᠥᠷᠨᠢᠭᠦᠯᠵᠦ᠂ ᠭᠠᠵᠠᠷ ᠬᠥᠳᠡᠯᠦᠯᠲᠡ ᠶᠢᠨ ᠭᠠᠮᠰᠢᠭ᠂ ᠭᠧᠣᠯᠣᠭᠢ ᠶᠢᠨ ᠭᠠᠮᠰᠢᠭ᠂ ᠴᠠᠭ ᠠᠭᠤᠷ ᠤᠨ ᠭᠠᠮᠰᠢᠭ᠂ ᠣᠢ | ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠭᠤᠣᠯ ᠪᠣᠯᠬᠤ ᠪᠠᠶᠢᠭᠠᠯᠢ ᠶᠢᠨ ᠭᠠᠮᠰᠢᠭ ᠲᠤ | ᠲᠦᠭᠰᠢᠭᠦᠷᠢ ᠶᠢᠨ ᠦᠨᠡᠯᠡᠨ ᠵᠢᠱᠢᠯᠲᠡ ᠬᠢᠵᠦ᠂ ᠪᠦᠬᠦ ᠣᠷᠣᠨ ᠤ ᠭᠤᠣᠯ ᠪᠣᠯᠬᠤ ᠪᠠᠶᠢᠭᠠᠯᠢ ᠶᠢᠨ ᠭᠠᠮᠰᠢᠭ ᠤᠨ | ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ ᠣᠷᠣᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠨ᠎ᠠ︔ | ᠳᠣᠯᠤᠭ᠎ᠠ ᠳᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠭᠡᠳ | ᠣᠷᠣᠨ ᠬᠤᠪᠢᠶᠠᠷᠢᠯᠠᠯ ᠢ ᠥᠷᠨᠢᠭᠦᠯᠵᠦ᠂ ᠪᠦᠬᠦ ᠣᠷᠣᠨ ᠪᠠ ᠭᠤᠣᠯᠳᠠᠯᠭ᠎ᠠ ᠲᠠᠢ ᠬᠤᠲᠠ ᠰᠢᠶᠠᠨ ᠳᠤ ᠭᠠᠮᠰᠢᠭ ᠤᠨ | ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢᠨ ᠣᠷᠣᠨ ᠬᠤᠪᠢᠶᠠᠷᠢᠯᠠᠯ ᠪᠠ ᠰᠡᠷᠭᠡᠶᠢᠯᠡᠨ ᠵᠠᠰᠠᠬᠤ ᠣᠷᠣᠨ ᠬᠤᠪᠢᠶᠠᠷᠢᠯᠠᠯ ᠤᠨ ᠵᠢᠷᠤᠭ ᠢ | ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭᠠᠴᠠᠭᠠᠬᠤ ᠪᠣᠳᠣᠯᠭ᠎ᠠ ᠶᠢ | ᠳᠤᠷᠠᠳᠤᠨ ᠭᠠᠷᠭᠠᠨ᠎ᠠ᠃ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠠ ᠴᠠᠭ ᠬᠤᠭᠤᠴᠠᠭ᠎ᠠ ᠨᠢ | 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ 2020 ᠣᠨ ᠪᠣᠯ ᠨᠡᠶᠢᠳᠡᠮ | ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠬᠢᠭᠡᠳ ᠲᠤᠷᠰᠢᠯᠲᠠ ᠶᠢᠨ ᠴᠡᠭ ᠤᠨ ᠱᠠᠲᠤ ᠦᠶ᠎ᠡ ᠪᠠᠶᠢᠵᠤ | ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ᠂ ᠨᠡᠶᠢᠳᠡᠮ | ᠪᠠᠶᠢᠴᠠᠭᠠᠯᠲᠠ ᠶᠢᠨ ᠠᠵᠢᠯᠲᠠᠨ ᠪᠠ ᠡᠩᠨᠡᠭᠡ ᠶᠢ ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠪᠣᠯᠪᠠᠰᠤᠷᠠᠯ ᠢ | ᠥᠷᠨᠢᠭᠦᠯᠦᠨ᠎ᠡ᠃ 2021 ᠣᠨ ᠠᠴᠠ 2022 ᠣᠨ ᠪᠣᠯ ᠮᠠᠨ ᠤ ᠣᠷᠣᠨ ᠤ ᠪᠠᠶᠢᠭᠠᠯᠢ ᠶᠢᠨ ᠭᠠᠮᠰᠢᠭ ᠤᠨ | ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠲᠠᠯ᠎ᠠ ᠪᠠᠷ ᠪᠠᠶᠢᠴᠠᠭᠠᠬᠤ᠂ ᠦᠨᠡᠯᠡᠨ ᠵᠢᠱᠢᠬᠦ | ᠬᠢᠭᠡᠳ ᠣᠷᠣᠨ ᠬᠤᠪᠢᠶᠠᠷᠢᠯᠠᠬᠤ ᠱᠠᠲᠤ ᠦᠶ᠎ᠡ ᠪᠠᠶᠢᠵᠤ᠂ ᠪᠦᠬᠦ ᠣᠷᠣᠨ ᠤ ᠪᠠᠶᠢᠭᠠᠯᠢ ᠶᠢᠨ ᠭᠠᠮᠰᠢᠭ ᠤᠨ | ᠲᠦᠭᠰᠢᠭᠦᠷᠢ ᠶᠢᠨ ᠪᠠᠶᠢᠴᠠᠭᠠᠯᠲᠠ ᠪᠠ ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ | ᠭᠠᠮᠰᠢᠭ ᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠣᠷᠣᠨ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ | ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠳ᠋ᠦᠩᠨᠡᠨ᠎ᠡ᠃ ᠪᠦᠬᠦ ᠣᠷᠣᠨ ᠤ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ | ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠬᠠᠮᠵᠢᠯᠴᠠᠬᠤ ᠡᠭᠦᠷᠭᠡ ᠬᠦᠨᠳᠦ᠂ ᠠᠵᠢᠯ ᠤᠨ | ᠬᠦᠴᠢᠷᠳᠡᠯ ᠶᠡᠭᠡ ᠪᠠᠶᠢᠳᠠᠭ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠤᠳᠠᠭᠠᠨ ᠤ ᠪᠦᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠳᠤ ᠰᠤᠳᠤᠯᠤᠯᠲᠠ ᠬᠢᠬᠦ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ | ᠠᠵᠢᠯ ᠢ ᠬᠠᠷᠢᠭᠤᠴᠠᠭᠤᠯᠪᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠳᠤ ᠲᠣᠬᠢᠷᠠᠭᠤᠯᠤᠨ᠂ ᠤᠳᠤᠷᠢᠳᠬᠤ | ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ | ᠠᠵᠢᠯ ᠳᠤ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠭᠤᠯᠪᠠ᠃ | ᠨᠡᠶᠢᠳᠡᠮ ᠪᠠᠶᠢᠴᠠᠭᠠᠯᠲᠠ ᠶᠢᠨ ᠠᠵᠢᠯ ᠢ ︽ᠪᠦᠬᠦ ᠣᠷᠣᠨ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ | ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠬᠤ᠂ ᠡᠯ᠎ᠡ ᠭᠠᠵᠠᠷ ᠤᠨ ᠬᠢᠨ ᠳᠡᠰ ᠬᠤᠪᠢᠶᠠᠨ | ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ︾ ᠵᠠᠷᠴᠢᠮ ᠶᠣᠰᠣᠭᠠᠷ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠠᠴᠠ ᠥᠪᠡᠷ ᠥᠪᠡᠷ ᠤᠨ | ᠲᠤᠰᠢᠶᠠᠯ ᠢᠶᠠᠨ ᠭᠦᠢᠴᠡᠳᠬᠡᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ | ᠬᠠᠮᠲᠤᠳᠬᠠᠨ ᠬᠠᠮᠲᠤᠷᠠᠨ ᠠᠵᠢᠯᠯᠠᠵᠤ᠂ ᠨᠠᠷᠢᠨ ᠨᠢᠭᠲᠠ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ | ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠥᠪᠥᠷ ᠮᠣᠩᠭᠤᠯ ᠤᠨ ᠷᠠᠳᠢᠣ᠋ ᠬᠤᠷᠢᠶ᠎ᠠ᠄ ᠣᠳᠣᠬᠠᠨ ᠳᠤ ᠮᠠᠨ ᠤ ᠣᠷᠣᠨ ᠤ ᠭᠠᠵᠠᠷ ᠬᠥᠳᠡᠯᠦᠯᠲᠡ ᠶᠢ ᠬᠢᠨᠠᠨ | ᠰᠢᠨᠵᠢᠯᠡᠬᠦ ᠤᠷᠢᠳᠴᠢᠯᠠᠨ ᠰᠢᠨᠵᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠨᠢ ᠶᠠᠮᠠᠷ ᠬᠢᠷᠢ ᠲᠦᠪᠰᠢᠨ ᠳᠤ | ᠬᠦᠷᠦᠭᠰᠡᠨ ᠪᠣᠢ︖ | ᠸᠠᠩ ᠶᠢᠨ ᠪᠦᠸᠧ᠄ ᠣᠳᠣᠬᠠᠨ ᠳᠤ ᠮᠠᠨ ᠤ ᠣᠷᠣᠨ ᠤ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ | ᠰᠢᠰᠲ᠋ᠧᠮ ᠳᠤ ᠨᠡᠶᠢᠲᠡ 200 ᠭᠠᠷᠤᠢ ᠢᠵᠢ ᠪᠠᠭᠠᠵᠢ ᠲᠥᠬᠦᠭᠡᠷᠦᠮᠵᠢ᠂ 94 ᠬᠢᠨᠠᠨ ᠰᠢᠨᠵᠢᠯᠡᠬᠦ ᠴᠡᠭ ᠪᠠᠶᠢᠵᠤ᠂ | ᠬᠥᠬᠡᠬᠤᠲᠠ ᠪᠤᠭᠤᠲᠤ ᠣᠷᠳᠣᠰ ᠣᠷᠣᠨ ᠤ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ ᠴᠢᠳᠠᠪᠤᠷᠢ ᠨᠢ 2.0 | ᠳᠡᠰ ᠠᠴᠠ ᠳᠡᠭᠡᠭᠰᠢ᠂ ᠪᠤᠰᠤᠳ ᠭᠠᠵᠠᠷ ᠣᠷᠣᠨ ᠤ ᠬᠢᠨᠠᠨ ᠰᠢᠨᠵᠢᠯᠡᠬᠦ ᠴᠢᠳᠠᠪᠤᠷᠢ ᠨᠢ 2.5 ᠳᠡᠰ ᠠᠴᠠ ᠳᠡᠭᠡᠭᠰᠢ | ᠬᠦᠷᠴᠦ᠂ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠬᠦ ᠪᠠᠯᠠᠢ ᠣᠷᠣᠨ ᠢ ᠦᠨᠳᠦᠰᠦᠨ ᠳᠤ ᠪᠠᠨ ᠤᠰᠠᠳᠬᠠᠪᠠ᠃ | ᠭᠠᠵᠠᠷ ᠬᠥᠳᠡᠯᠦᠯᠲᠡ ᠶᠢᠨ ᠠᠦ᠋ᠲ ᠢᠶᠠᠷ ᠲᠦᠷᠭᠡᠨ ᠮᠡᠳᠡᠭᠡᠯᠡᠬᠦ ᠰᠢᠰᠲ᠋ᠧᠮ ᠤᠨ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ᠂ ᠮᠠᠨ ᠤ ᠣᠷᠣᠨ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ 4.0 ᠳᠡᠰ ᠠᠴᠠ ᠳᠡᠭᠡᠭᠰᠢᠬᠢ | ᠭᠠᠵᠠᠷ ᠬᠥᠳᠡᠯᠦᠯᠲᠡ ᠶᠢᠨ ᠦᠨᠳᠦᠰᠦᠨ ᠫᠠᠷᠠᠮᠧᠲᠷ ᠢ ᠠᠦ᠋ᠲ ᠢᠶᠠᠷ ᠰᠢᠨᠵᠢᠯᠡᠨ ᠲᠣᠭᠲᠠᠭᠠᠵᠤ ᠴᠢᠳᠠᠬᠤ ᠪᠣᠯᠵᠤ᠂ | ᠭᠠᠵᠠᠷ ᠬᠥᠳᠡᠯᠦᠯᠲᠡ ᠶᠢᠨ ᠲᠦᠷᠭᠡᠨ ᠮᠡᠳᠡᠭᠡᠯᠡᠬᠦ ᠴᠠᠭ ᠢ ᠶᠡᠭᠡ ᠬᠡᠮᠵᠢᠶ᠎ᠡ ᠪᠠᠷ ᠪᠣᠭᠤᠨᠢᠰᠬᠠᠵᠤ᠂ ᠭᠠᠵᠠᠷ | ᠬᠥᠳᠡᠯᠦᠯᠲᠡ ᠶᠢᠨ ᠬᠢᠨᠠᠨ ᠰᠢᠨᠵᠢᠯᠡᠬᠦ ᠪᠠ ᠲᠦᠷᠭᠡᠨ ᠲᠤᠰᠬᠠᠯ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠪᠡ᠃ ᠪᠦᠬᠦ | ᠣᠷᠣᠨ ᠤ ᠤᠯᠤᠰ ᠤᠨ ᠡᠬᠡ ᠬᠠᠭᠤᠷᠠᠢ ᠶᠢᠨ ᠲᠣᠭᠲᠠᠴᠠ ᠶᠢᠨ ᠬᠢᠨᠠᠨ ᠰᠢᠨᠵᠢᠯᠡᠬᠦ ᠲᠣᠣᠷ ᠰᠦᠯᠵᠢᠶ᠎ᠡ ᠶᠢᠨ 17 | ᠪᠠᠷᠢᠮᠵᠢᠶᠠᠲᠤ ᠥᠷᠲᠡᠭᠡ ᠶᠢᠨ ᠪᠠᠶᠢᠭᠤᠯᠤᠯᠲᠠ ᠪᠠ ᠤᠲᠠᠰᠤ ᠶᠢ ᠵᠠᠯᠭᠠᠨ ᠣᠷᠣᠭᠤᠯᠬᠤ ᠠᠵᠢᠯ ᠢ ᠪᠡᠶᠡᠯᠡᠭᠦᠯᠦᠭᠰᠡᠨ ᠤ | ᠬᠠᠮᠲᠤ᠂ ᠪᠦᠬᠦ ᠤᠯᠤᠰ ᠤᠨ ᠭᠧᠣᠯᠣᠭᠢ ᠶᠢᠨ ᠲᠣᠭᠲᠠᠴᠠ ᠶᠢᠨ ᠣᠷᠴᠢᠨ ᠲᠣᠭᠤᠷᠢᠨ ᠢ ᠬᠢᠨᠠᠨ ᠰᠢᠨᠵᠢᠯᠡᠬᠦ ᠪᠠ | ᠵᠠᠳᠠᠯᠤᠯᠲᠠ ᠬᠢᠵᠦ ᠤᠷᠢᠳᠴᠢᠯᠠᠨ ᠮᠡᠳᠡᠭᠡᠯᠡᠬᠦ ᠳᠤ ᠬᠡᠷᠡᠭᠯᠡᠪᠡ︔ ᠤᠷᠢᠳᠴᠢᠯᠠᠨ ᠰᠢᠨᠵᠢᠯᠡᠵᠦ ᠤᠷᠢᠳᠴᠢᠯᠠᠨ | ᠮᠡᠳᠡᠭᠡᠯᠡᠬᠦ ᠲᠥᠷᠥᠯ ᠵᠦᠢᠯ ᠤᠨ 17 ᠠᠵᠢᠭᠯᠠᠨ ᠰᠢᠨᠵᠢᠯᠡᠬᠦ ᠬᠤᠳᠳᠤᠭ ᠢ ᠰᠢᠨ᠎ᠡ ᠪᠠᠷ ᠪᠠᠶᠢᠭᠤᠯᠬᠤ ᠪᠤᠶᠤ | ᠥᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠪᠡ︔ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ | ᠡᠰᠡᠷᠭᠦᠴᠡᠨ ᠭᠠᠮᠰᠢᠭ ᠠᠴᠠ ᠠᠪᠤᠷᠠᠵᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠮᠡᠷᠭᠡᠵᠢᠯ ᠤᠨ | ᠰᠢᠰᠲ᠋ᠧᠮ ᠵᠢᠴᠢ ᠭᠠᠵᠠᠷ ᠬᠥᠳᠡᠯᠦᠯᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠤᠨ 1 ᠮᠤᠵᠢ ᠶᠢᠨ | ᠳᠡᠰ ᠤᠨ ᠵᠠᠩᠭᠢᠶᠠᠰᠤ᠂ 28 ᠠᠶᠢᠮᠠᠭ ᠬᠤᠲᠠ᠂ ᠬᠤᠷᠢᠶ᠎ᠠ ᠥᠷᠲᠡᠭᠡᠨ ᠤ ᠵᠠᠩᠭᠢᠶᠠᠰᠤ ᠶᠢᠨ ᠪᠠᠶᠢᠭᠤᠯᠤᠯᠲᠠ ᠶᠢ | ᠪᠡᠶᠡᠯᠡᠭᠦᠯᠪᠡ᠃ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠲᠣᠭᠲᠠᠴᠠ ᠳᠤ ᠪᠠᠨ ᠰᠢᠨ᠎ᠡ ᠶᠢ ᠡᠭᠦᠳᠴᠦ᠂ ᠭᠠᠵᠠᠷ | ᠬᠥᠳᠡᠯᠦᠯᠲᠡ ᠶᠢᠨ ᠪᠠᠶᠢᠳᠠᠯ ᠤᠨ ᠵᠢᠵᠢᠭᠦᠷᠯᠡᠯ ᠢᠶᠠᠨ ᠴᠢᠩᠭᠠᠳᠬᠠᠨ᠂ ᠡᠭᠡᠯᠵᠢᠯᠡᠨ ᠵᠥᠪᠳᠡᠯᠴᠡᠬᠦ ᠪᠠ ᠬᠤᠯᠪᠣᠭᠠᠯᠠᠨ | ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠬᠥᠷᠰᠢ ᠵᠡᠷᠭᠡᠯᠡᠳᠡᠭᠡ ᠮᠤᠵᠢ ᠣᠷᠣᠨ ᠪᠠ ᠳᠤᠮᠳᠠᠳᠤ ᠤᠯᠤᠰ ᠤᠨ | ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠬᠤᠷᠢᠶ᠎ᠠ ᠲᠣᠣᠷ ᠲᠥᠪ ᠲᠠᠢ ᠬᠤᠯᠪᠣᠭᠠᠯᠠᠵᠤ᠂ ᠭᠠᠵᠠᠷ | ᠬᠥᠳᠡᠯᠦᠯᠲᠡ ᠶᠢᠨ ᠪᠠᠶᠢᠳᠠᠯ ᠢ ᠬᠥᠳᠡᠯᠦᠩᠭᠦᠢ ᠪᠠᠷ ᠮᠥᠷᠳᠡᠨ ᠳᠠᠭᠠᠬᠤ ᠪᠠ ᠰᠤᠳᠤᠯᠤᠨ ᠮᠠᠭᠠᠳᠯᠠᠬᠤ ᠶᠢ ᠬᠠᠮᠲᠤ ᠪᠠᠷ | ᠥᠷᠨᠢᠭᠦᠯᠵᠦ ᠪᠠᠶᠢᠨ᠎ᠠ᠃ ᠤᠯᠤᠰ ᠤᠨ ᠭᠠᠵᠠᠷ ᠬᠥᠳᠡᠯᠦᠯᠲᠡ ᠶᠢᠨ ᠳᠣᠷᠭᠢᠯᠲᠡ ᠶᠢ ᠲᠦᠷᠭᠡᠨ ᠮᠡᠳᠡᠭᠡᠯᠡᠬᠦ ᠬᠢᠭᠡᠳ | ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠮᠠᠨ ᠤ ᠣᠷᠣᠨ ᠳᠠᠬᠢ 459 ᠥᠷᠲᠡᠭᠡ | ᠴᠡᠭ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ | ᠳᠠᠷᠠᠭ᠎ᠠ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠳᠤ ᠭᠠᠵᠠᠷ | ᠬᠥᠳᠡᠯᠦᠯᠲᠡ ᠶᠢᠨ ᠪᠠᠷᠢᠮᠵᠢᠶᠠᠲᠤ ᠥᠷᠲᠡᠭᠡ ᠴᠡᠭ ᠢᠶᠠᠷ ᠭᠤᠣᠯ ᠪᠣᠯᠭᠠᠭᠰᠠᠨ ᠭᠠᠵᠠᠷ ᠬᠥᠳᠡᠯᠦᠯᠲᠡ ᠶᠢᠨ | ᠤᠷᠢᠳᠴᠢᠯᠠᠨ ᠰᠡᠷᠡᠮᠵᠢᠯᠡᠭᠦᠯᠬᠦ ᠨᠢᠷᠤᠭᠤᠪᠴᠢ ᠬᠤᠷᠢᠶ᠎ᠠ ᠲᠣᠣᠷ ᠢ ᠪᠠᠶᠢᠭᠤᠯᠵᠤ᠂ ᠲᠤᠰ ᠭᠠᠵᠠᠷ ᠣᠷᠣᠨ ᠤ | ᠡᠪᠳᠡᠯᠭᠡ ᠶᠢᠨ ᠴᠢᠨᠠᠷᠲᠠᠢ ᠭᠠᠵᠠᠷ ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ | ᠪᠦᠷᠢᠯᠳᠦᠭᠦᠯᠦᠨ᠎ᠡ︔ ᠪᠦᠬᠦ ᠤᠯᠤᠰ ᠤᠨ ᠪᠣᠢ ᠪᠦᠬᠦᠢ ᠰᠢᠶᠠᠨ ᠤ ᠳᠡᠰ ᠤᠨ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠤᠨ ᠨᠢᠭᠡᠴᠢ ᠳᠤ ᠭᠠᠵᠠᠷ ᠬᠥᠳᠡᠯᠦᠯᠲᠡ ᠶᠢᠨ ᠦᠨᠳᠦᠰᠦᠨ ᠥᠷᠲᠡᠭᠡ ᠪᠠᠷ ᠭᠤᠣᠯ ᠪᠣᠯᠭᠠᠭᠰᠠᠨ ᠭᠠᠵᠠᠷ | ᠬᠥᠳᠡᠯᠦᠯᠲᠡ ᠶᠢᠨ ᠳᠣᠷᠭᠢᠯᠲᠡ ᠶᠢ ᠲᠦᠷᠭᠡᠨ ᠮᠡᠳᠡᠭᠡᠯᠡᠬᠦ ᠨᠢᠷᠤᠭᠤᠪᠴᠢ ᠬᠤᠷᠢᠶ᠎ᠠ ᠲᠣᠣᠷ ᠢ ᠪᠠᠶᠢᠭᠤᠯᠵᠤ᠂ ᠪᠦᠬᠦ | ᠣᠷᠣᠨ ᠤ ᠬᠡᠪᠴᠢᠶᠡᠨ ᠤ ᠭᠠᠵᠠᠷ ᠬᠥᠳᠡᠯᠦᠯᠲᠡ ᠶᠢᠨ ᠳᠣᠷᠭᠢᠯᠲᠡ ᠶᠢ ᠲᠦᠷᠭᠡᠨ ᠮᠡᠳᠡᠭᠡᠯᠡᠬᠦ ᠴᠢᠳᠠᠪᠤᠷᠢ ᠶᠢ | ᠪᠦᠷᠢᠯᠳᠦᠭᠦᠯᠦᠨ᠎ᠡ︔ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠭᠠᠵᠠᠷ ᠬᠥᠳᠡᠯᠦᠯᠲᠡ ᠶᠢᠨ | ᠫᠠᠷᠠᠮᠧᠲᠷ ᠢ ᠣᠯᠵᠠᠯᠠᠬᠤ ᠪᠠ ᠭᠠᠵᠠᠷ ᠬᠥᠳᠡᠯᠦᠯᠲᠡ ᠶᠢᠨ ᠭᠤᠯᠣᠮᠲᠠ ᠶᠢᠨ ᠫᠠᠷᠠᠮᠧᠲᠷ ᠢ ᠲᠦᠷᠭᠡᠨ ᠮᠡᠳᠡᠭᠡᠯᠡᠬᠦ | ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠠᠮᠰᠢᠭ ᠤᠨ ᠪᠠᠶᠢᠳᠠᠯ ᠢ ᠲᠦᠷᠭᠡᠨ ᠦᠨᠡᠯᠡᠨ ᠵᠢᠱᠢᠬᠦ ᠴᠢᠳᠠᠪᠤᠷᠢ ᠶᠢ | ᠳᠡᠭᠡᠭᠰᠢᠯᠡᠭᠦᠯᠦᠨ᠎ᠡ︔ ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠶᠢᠨ ᠳᠣᠲᠣᠷᠠᠬᠢ ᠵᠠᠰᠠᠭ ᠤᠨ ᠣᠷᠳᠣᠨ ᠤ | ᠪᠠᠴᠢᠮ ᠪᠠᠶᠢᠳᠠᠯ ᠢ ᠠᠷᠭᠠᠴᠠᠭᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠣᠯᠠᠨ ᠨᠡᠶᠢᠲᠡ ᠶᠢ ᠠᠮᠢ | ᠵᠢᠭᠤᠲᠠᠭᠤᠯᠤᠨ ᠠᠶᠤᠯ ᠠᠴᠠ ᠵᠠᠶᠢᠯᠠᠭᠤᠯᠬᠤ᠂ ᠴᠢᠬᠤᠯᠠ ᠶᠡᠭᠡ ᠢᠨᠵᠧᠨᠧᠷᠢᠩ ᠤᠨ ᠭᠠᠵᠠᠷ ᠬᠥᠳᠡᠯᠦᠯᠲᠡ ᠶᠢ ᠪᠠᠴᠢᠮ | ᠰᠢᠢᠳᠪᠦᠷᠢᠯᠡᠬᠦ᠂ ᠳᠡᠯᠡᠬᠡᠢ ᠶᠢᠨ ᠪᠥᠮᠪᠥᠷᠴᠡᠭ ᠲᠤ ᠰᠢᠨᠵᠢᠯᠡᠬᠦ ᠤᠬᠠᠭᠠᠨ ᠤ ᠰᠤᠳᠤᠯᠤᠯᠲᠠ ᠬᠢᠬᠦ ᠳᠤ ᠭᠠᠵᠠᠷ | ᠬᠥᠳᠡᠯᠦᠯᠲᠡ ᠶᠢᠨ ᠠᠮᠤᠷ ᠲᠦᠪᠰᠢᠨ ᠤ ᠦᠢᠯᠡᠴᠢᠯᠡᠭᠡᠨ ᠪᠠ ᠲᠤᠬᠠᠢ ᠶᠢᠨ ᠴᠠᠭ ᠤᠨ ᠭᠦᠢᠴᠡᠳ ᠲᠤᠭ᠎ᠠ ᠪᠠᠷᠢᠮᠲᠠ ᠶᠢ | ᠬᠠᠩᠭᠠᠨ᠎ᠠ᠃ | ᠤᠮᠠᠷᠠᠲᠤ ᠶᠢᠨ ᠰᠢᠨ᠎ᠡ ᠰᠣᠨᠢᠨ᠄ ᠰᠠᠶ᠋ᠢᠬᠠᠨ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠤ ᠲᠥᠷᠥᠯ ᠵᠦᠢᠯ ᠤᠨ ᠪᠠᠶᠢᠳᠠᠯ ᠢ ᠳᠤᠷᠠᠳᠪᠠ᠃ | ᠲᠡᠭᠡᠪᠡᠯ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠠ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠮᠠᠨ ᠤ | ᠦᠢᠯᠡᠳᠪᠦᠷᠢᠯᠡᠯ ᠠᠮᠢᠳᠤᠷᠠᠯ ᠳᠤ ᠶᠠᠮᠠᠷ ᠶᠠᠮᠠᠷ ᠨᠥᠯᠥᠭᠡ ᠦᠵᠡᠭᠦᠯᠬᠦ ᠲᠤᠬᠠᠢ ᠶᠠᠷᠢᠭᠠᠳ ᠥᠭᠭᠦᠨ᠎ᠡ ᠦᠦ︖ | ᠸᠠᠩ ᠱᠢ ᠯᠧᠢ᠄ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠰᠢ | ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠳᠤᠮᠳᠠᠳᠤ | ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠡᠨ ᠬᠦ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ | ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠ ᠭᠠᠵᠠᠷ ᠬᠥᠳᠡᠯᠦᠯᠲᠡ ᠶᠢᠨ ᠬᠢᠨᠠᠨ ᠰᠢᠨᠵᠢᠯᠡᠵᠦ ᠰᠡᠷᠡᠮᠵᠢᠯᠡᠭᠦᠯᠬᠦ | ᠴᠢᠳᠠᠪᠤᠷᠢ ᠶᠢ ᠴᠢᠩᠭᠠᠳᠬᠠᠬᠤ ᠶᠢᠨ ᠲᠤᠰᠠᠳᠠ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ︽ | 14 · 5︾ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠨᠢᠭᠡᠳᠦᠯᠲᠡᠢ ᠤᠬᠠᠭᠠᠯᠠᠨ | ᠲᠥᠯᠥᠪᠯᠡᠬᠦ ᠪᠠ ᠬᠢᠨᠠᠮᠠᠭᠠᠢ ᠰᠤᠳᠤᠯᠤᠯᠲᠠ ᠬᠢᠬᠦ ᠪᠠᠷ ᠳᠠᠮᠵᠢᠭᠤᠯᠵᠤ᠂ ᠬᠤᠷᠢᠨᠭᠡᠷ ᠰᠢᠨ᠎ᠡ ᠲᠣᠭᠤᠷᠢᠭ ᠲᠤ ︽ᠥᠪᠥᠷ | ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ︾ ᠤ | ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠣᠢ᠃ ᠲᠥᠷᠥᠯ ᠵᠦᠢᠯ ᠨᠢ ᠬᠤᠷᠢᠨᠭᠡᠷ ᠰᠢᠨ᠎ᠡ ᠲᠣᠭᠤᠷᠢᠭ ᠤᠨ | ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠲᠣᠮᠣ ᠳ᠋ᠠᠶᠢᠲ᠋ᠠ ᠪᠠ ᠡᠭᠦᠯᠡᠨ ᠪᠣᠳᠣᠯᠲᠠ ᠶᠢᠨ | ᠰᠠᠭᠤᠷᠢᠨ ᠤ ᠳᠠᠪᠠᠭᠤᠯᠢᠭ ᠢ ᠭᠦᠢᠴᠡᠳ ᠠᠰᠢᠭᠯᠠᠵᠤ᠂ ︽ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠤ ᠲᠥᠷᠥᠯ ᠵᠦᠢᠯ︾ ᠤᠨ ᠪᠠᠶᠢᠭᠤᠯᠤᠯᠲᠠ ᠶᠢ | ᠥᠷᠨᠢᠭᠦᠯᠵᠦ᠂ ᠡᠭᠦᠨ ᠳᠤ ᠭᠤᠣᠯᠳᠠᠭᠤ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠬᠤᠷᠢᠶ᠎ᠠ᠂ ᠥᠪᠥᠷ | ᠮᠣᠩᠭᠤᠯ ᠤᠨ ᠭᠠᠵᠠᠷ ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠲᠥᠪ᠂ ᠭᠠᠵᠠᠷ ᠬᠥᠳᠡᠯᠦᠯᠲᠡ ᠶᠢᠨ | ᠠᠵᠢᠭᠯᠠᠨ ᠰᠢᠨᠵᠢᠯᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠲᠠᠯᠠᠪᠠᠢ᠂ ᠥᠪᠥᠷ ᠮᠣᠩᠭᠤᠯ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠤᠯᠠᠮᠵᠢᠯᠠᠬᠤ ᠬᠢᠭᠡᠳ ᠪᠡᠶᠡᠴᠢᠯᠡᠨ ᠲᠤᠷᠰᠢᠬᠤ ᠣᠷᠳᠣᠨ | ᠵᠡᠷᠭᠡ ᠪᠡᠯᠡᠳᠬᠡᠮᠵᠢ ᠶᠢ ᠪᠠᠶᠢᠭᠤᠯᠬᠤ ᠲᠥᠷᠥᠯ ᠵᠦᠢᠯ ᠪᠠᠭᠲᠠᠨ᠎ᠠ᠃ ᠳᠤᠮᠳᠠᠳᠤ ᠤᠯᠤᠰ ᠤᠨ ᠭᠠᠵᠠᠷ | ᠬᠥᠳᠡᠯᠦᠯᠲᠡ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠢᠭᠡᠨᠲᠡ ᠲᠤᠰ ᠲᠥᠷᠥᠯ | ᠵᠦᠢᠯ ᠤᠨ ᠪᠠᠶᠢᠭᠤᠯᠤᠯᠲᠠ ᠶᠢ ᠵᠠᠷᠴᠢᠮ ᠤᠨ ᠲᠠᠯ᠎ᠠ ᠪᠠᠷ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ᠂ ᠬᠥᠬᠡᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ᠂ | ᠣᠢ ᠰᠢᠭᠤᠢ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠲᠢᠩᠬᠢᠮ ᠲᠣᠪᠴᠢᠶ᠎ᠠ ᠠᠴᠠ ᠲᠤᠰ ᠲᠥᠷᠥᠯ ᠵᠦᠢᠯ ᠳᠤ | ᠶᠡᠭᠡ ᠬᠦᠴᠦᠨ ᠤ ᠳᠡᠮᠵᠢᠯᠭᠡ ᠦᠵᠡᠭᠦᠯᠵᠦ ᠪᠠᠶᠢᠨ᠎ᠠ᠃ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠶᠢᠨ ᠵᠥᠪᠯᠡᠯ ᠤᠨ ᠳᠣᠯᠣᠳᠤᠭᠠᠷ ᠤᠳᠠᠭᠠᠨ ᠤ | ᠬᠤᠷᠠᠯ ᠠᠴᠠ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠤᠷᠰᠢᠯᠲᠠ ᠶᠢᠨ ᠰᠠᠭᠤᠷᠢᠨ ᠤ ᠲᠥᠷᠥᠯ ᠵᠦᠢᠯ ᠤᠨ ᠣᠷᠣᠨ ᠪᠠᠶᠢᠷᠢ ᠶᠢ ᠰᠣᠩᠭᠤᠬᠤ ᠵᠢᠴᠢ ᠡᠷᠬᠡ ᠶᠢ | ᠬᠠᠷᠢᠶᠠᠯᠠᠭᠤᠯᠬᠤ ᠲᠥᠯᠥᠪᠵᠢᠭᠦᠯᠭᠡ ᠶᠢᠨ ᠨᠥᠬᠦᠴᠡᠯ ᠢ ᠪᠠᠲᠤᠯᠠᠪᠠ᠃ ᠪᠠᠶᠢᠭᠤᠯᠵᠤ ᠳᠠᠭᠤᠰᠬᠠᠭᠰᠠᠨ ᠤ ᠳᠠᠷᠠᠭᠠᠬᠢ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠤ ᠣᠯᠠᠨ | ᠭᠠᠮᠰᠢᠭ ᠤᠨ ᠲᠥᠷᠥᠯ᠂ ᠣᠯᠠᠨ ᠰᠢᠨᠵᠢᠯᠡᠬᠦ ᠤᠬᠠᠭᠠᠨ᠂ ᠠᠵᠢᠭᠯᠠᠨ ᠰᠢᠨᠵᠢᠯᠡᠬᠦ ᠣᠯᠠᠨ ᠠᠷᠭ᠎ᠠ ᠪᠠᠷᠢᠯ ᠢ ᠨᠢᠭᠡ | ᠴᠣᠭᠴᠠᠵᠢᠭᠤᠯᠤᠭᠰᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠢ | ᠪᠠᠶᠢᠭᠤᠯᠵᠤ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠵᠠᠰᠠᠬᠤ᠂ ᠭᠠᠵᠠᠷ ᠬᠥᠳᠡᠯᠦᠯᠲᠡ ᠶᠢ ᠬᠢᠨᠠᠨ | ᠰᠢᠨᠵᠢᠯᠡᠬᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠂ ᠲᠠᠰᠤᠯᠳᠠᠩᠭᠤᠢ ᠭᠠᠵᠠᠷ ᠬᠥᠳᠡᠯᠦᠯᠲᠡ ᠶᠢ | ᠪᠠᠭᠠᠰᠬᠠᠬᠤ ᠮᠡᠷᠭᠡᠵᠢᠯ ᠤᠨ ᠰᠤᠳᠤᠯᠤᠯᠲᠠ᠂ ᠪᠠᠶᠢᠭᠠᠯᠢ ᠶᠢᠨ ᠪᠤᠰᠤ ᠭᠠᠵᠠᠷ ᠬᠥᠳᠡᠯᠦᠯᠲᠡ ᠶᠢᠨ ᠰᠤᠳᠤᠯᠤᠯᠲᠠ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠵᠡᠷᠭᠡ | ᠴᠢᠳᠠᠮᠵᠢ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠲᠥᠯᠥᠪᠵᠢᠭᠦᠯᠭᠡ ᠳᠤ ᠰᠢᠨᠵᠢᠯᠡᠬᠦ ᠤᠬᠠᠭᠠᠨᠴᠢ | ᠪᠥᠭᠡᠳ ᠬᠠᠪᠰᠤᠷᠤᠭᠴᠢ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠣᠷᠣᠨ ᠪᠦᠰᠡ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠦᠨᠡᠨ ᠪᠣᠳᠠᠲᠠᠢ ᠦᠢᠯᠡᠳᠬᠦᠨ ᠤ ᠦᠢᠯᠡᠴᠢᠯᠡᠭᠡ ᠬᠠᠩᠭᠠᠵᠤ᠂ ᠪᠦᠬᠦ | ᠣᠷᠣᠨ ᠤ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | |