2022 ᠣᠨ ᠤ 1 — 5 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2022/6/29
   ᠡᠳᠦᠭᠡ 2022 ᠣᠨ ᠤ 1 — 5 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ     1 — 5 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 1877.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠭᠤᠷᠠᠵᠤ᠂ 1 — 4 ᠳ᠋ᠣᠭᠡᠷ ᠰᠠᠷ᠎ᠠ ᠶᠢᠨ ᠬᠢ ᠠᠴᠠ 0.7 ᠵᠠᠭᠤᠨ ᠤ ᠨᠢᠭᠡᠴᠢ ᠥᠷᠭᠡᠳᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 0.7 ᠵᠠᠭᠤᠨ ᠤ ᠨᠢᠭᠡᠴᠢ ᠥᠨᠳᠥᠷ ᠪᠣᠯᠪᠠ᠃     ᠠᠵᠢᠯᠯᠠᠭᠠᠨ ᠤ ᠭᠤᠣᠯ ᠣᠨᠴᠠᠯᠢᠭ ᠪᠣᠯ᠄ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠠᠯᠬᠤᠮ ᠠᠯᠬᠤᠮ ᠢᠶᠠᠷ ᠬᠢᠵᠠᠭᠠᠷᠯᠠᠭᠳᠠᠬᠤ ᠶᠢ ᠳᠠᠭᠠᠯᠳᠤᠨ᠂ ᠬᠡᠷᠡᠭᠯᠡᠭᠡᠨ ᠤ ᠪᠠᠶᠢᠳᠠᠯ ᠵᠣᠬᠢᠬᠤ ᠬᠡᠮᠵᠢᠶ᠎ᠡ ᠪᠠᠷ ᠰᠡᠷᠭᠦᠵᠦ᠂ ᠮᠠᠨ ᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠤ ᠦᠷᠭᠦᠯᠵᠢᠯᠡᠨ ᠲᠣᠭᠲᠠᠭᠤᠨ ᠢᠶᠠᠷ ᠠᠵᠢᠯᠯᠠᠬᠤ ᠪᠠᠶᠢᠳᠠᠯ ᠢᠯᠡᠷᠡᠪᠡ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.8% ᠪᠠᠷ ᠪᠠᠭᠤᠷᠠᠵᠤ᠂ ᠲᠦᠷᠦᠭᠦᠤ ᠰᠠᠷ᠎ᠠ ᠶᠢᠨ ᠬᠢ ᠠᠴᠠ 0.9 ᠵᠠᠭᠤᠨ ᠤ ᠨᠢᠭᠡᠴᠢ ᠥᠷᠭᠡᠳᠴᠡᠶ᠃ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 0.2% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.7 ᠵᠠᠭᠤᠨ ᠤ ᠨᠢᠭᠡᠴᠢ ᠪᠠᠭᠤᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ 11 ᠬᠡᠷᠡᠭᠯᠡᠭᠡᠨ ᠤ ᠵᠦᠢᠯ ᠤᠨ ᠲᠥᠷᠥᠯ ᠤᠨ ᠥᠷᠲᠡᠭ ᠠᠴᠠ ᠦᠵᠡᠪᠡᠯ᠂ 6 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠮᠡᠭᠳᠡᠯ ᠢ ᠪᠠᠳᠣᠯᠠᠪᠠ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠠᠮᠤ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 25.5%᠂ 14.2%᠂ 10.0% ᠨᠡᠮᠡᠭᠳᠡᠪᠡ᠃ ᠲᠠᠰ ᠳᠡᠪᠰᠢᠬᠦ ᠲᠥᠷᠥᠯ ᠤᠨ ᠲᠠᠸᠠᠷ ᠤᠨ ᠬᠡᠷᠡᠭᠯᠡᠭᠡ ᠢᠯᠡᠳᠲᠡ ᠪᠠᠭᠤᠷᠠᠵᠤ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 21.0%᠂ 19.5%᠂ 16.4% ᠪᠠᠭᠤᠷᠠᠪᠠ᠃ ᠶᠡᠭᠡ ᠬᠡᠮᠵᠢᠶᠡᠨ ᠤ ᠲᠠᠸᠠᠷ ᠤᠨ ᠪᠣᠷᠣᠯᠠᠭᠤᠯᠭ᠎ᠠ ᠶᠢᠨ ᠥᠰᠥᠯᠲᠡ ᠪᠠᠭᠤᠷᠠᠯᠲᠠ ᠬᠠᠷᠢᠯᠴᠠᠨ ᠢᠯᠡᠷᠡᠵᠦ᠂ ᠮᠠᠰᠢᠨ ᠲᠡᠷᠭᠡᠨ ᠤ ᠲᠥᠷᠥᠯ ᠤᠨ ᠪᠣᠷᠣᠯᠠᠭᠤᠯᠭ᠎ᠠ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 14.2% ᠪᠠᠭᠤᠷᠠᠵᠤ᠂ ᠲᠦᠷᠦᠭᠦᠤ ᠰᠠᠷ᠎ᠠ ᠶᠢᠨ ᠬᠢ ᠠᠴᠠ 0.8 ᠵᠠᠭᠤᠨ ᠤ ᠨᠢᠭᠡᠴᠢ ᠪᠠᠭᠠᠰᠴᠠᠶ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠦᠷᠭᠦᠯᠵᠢᠯᠡᠨ ᠨᠡᠮᠡᠭᠳᠡᠯ ᠤᠨ ᠬᠠᠨᠳᠤᠰᠢ ᠲᠠᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 30.1% ᠪᠠᠷ ᠨᠡᠮᠡᠭᠳᠡᠨ᠂ 1 — 4 ᠰᠠᠷ᠎ᠠ ᠶᠢᠨ ᠬᠢ ᠠᠴᠠ 2.6 ᠵᠠᠭᠤᠨ ᠤ ᠨᠢᠭᠡᠴᠢ ᠪᠠᠭᠤᠷᠠᠪᠠ᠃ ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ 8 ᠠᠶᠢᠮᠠᠭ ᠬᠤᠳᠠ ᠶᠢᠨ ᠵᠥᠪ ᠨᠡᠮᠡᠭᠳᠡᠯ ᠢ ᠪᠡᠶᠡᠯᠡᠭᠦᠯᠵᠦ᠂ ᠲᠤᠭ᠎ᠠ ᠬᠡᠮᠵᠢᠶ᠎ᠡ ᠨᠢ ᠳᠡᠭᠡᠷ᠎ᠡ ᠰᠠᠷ᠎ᠠ ᠶᠢᠨ ᠬᠢ ᠲᠠᠢ ᠠᠳᠠᠯᠢ ᠪᠠᠶᠢᠵᠤ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠠᠪᠠᠭᠰᠠᠨ ᠪᠠᠶᠢᠨ᠎ᠠ᠃ ᠬᠥᠬᠡᠬᠤᠲᠠ ᠶᠢᠨ ᠪᠠᠭᠤᠷᠠᠯᠲᠠ ᠶᠢᠨ ᠬᠡᠮᠵᠢᠶ᠎ᠡ ᠳᠡᠭᠡᠷ᠎ᠡ ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠪᠠᠭᠠᠰᠴᠤ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ᠂ ᠪᠤᠭᠤᠲᠤ ᠬᠤᠲᠠ ᠶᠢᠨ ᠪᠠᠭᠤᠷᠠᠯᠲᠠ ᠶᠢᠨ ᠬᠡᠮᠵᠢᠶ᠎ᠡ 1.3᠂ 0.9᠂ 0.8 ᠵᠠᠭᠤᠨ ᠤ ᠨᠢᠭᠡᠴᠢ ᠨᠡᠮᠡᠭᠳᠡᠪᠡ᠃     ᠬᠤᠶᠠᠷ᠂ ᠭᠠᠳᠠᠭᠠᠳᠤ ᠠᠷᠠᠯᠵᠢᠶ᠎ᠠ     ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 5 ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 546.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 305.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 240.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.2% ᠨᠡᠮᠡᠭᠳᠡᠵᠡᠶ᠃     ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 85.6 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠡᠶᠢᠲᠡ 48.0 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 37.6 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.7% ᠪᠠᠷ ᠨᠡᠮᠡᠭᠳᠡᠵᠡᠶ᠃   ᠠᠵᠢᠯᠯᠠᠭᠠᠨ ᠤ ᠭᠤᠣᠯ ᠣᠨᠴᠠᠯᠢᠭ ᠪᠣᠯ᠄ 5 ᠰᠠᠷ᠎ᠠ ᠶᠢᠨ ᠲᠤᠰ ᠰᠠᠷ᠎ᠠ ᠳᠤ᠂ 4 ᠰᠠᠷ᠎ᠠ ᠶᠢᠨ ᠨᠡᠮᠡᠭᠳᠡᠯ ᠤᠨ ᠬᠠᠨᠳᠤᠰᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠥᠨᠳᠥᠷ ᠨᠡᠮᠡᠭᠳᠡᠯ ᠢ ᠦᠷᠭᠦᠯᠵᠢᠯᠡᠨ ᠪᠡᠶᠡᠯᠡᠬᠦᠯᠵᠠᠢ᠃ 5 ᠰᠠᠷ᠎ᠠ ᠳᠤ ᠲᠣᠰ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 129.3 ᠳ᠋ᠦᠩᠰᠢᠭᠤᠷ ᠲᠥᠭᠦᠷᠢᠭ᠂ ᠭᠠᠳᠠᠭᠠᠳᠤ ᠳᠤ ᠭᠠᠷᠭᠠᠭᠰᠠᠨ ᠲᠤᠭ᠎ᠠ 55.2 ᠳ᠋ᠦᠩᠰᠢᠭᠤᠷ ᠲᠥᠭᠦᠷᠢᠭ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ 74.1 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠣᠰ 31.1%᠂ 44.2%᠂ 22.7% ᠪᠠᠷ ᠨᠡᠮᠡᠭᠳᠡᠪᠡ᠃ ᠭᠠᠳᠠᠭᠠᠳᠤ ᠭᠠᠷᠭᠠᠯᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠨᠡᠶᠢᠲᠡ ᠲᠤᠭ᠎ᠠ 240.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 19.8 ᠵᠠᠭᠤᠨ ᠤ ᠨᠢᠭᠡᠴᠢ ᠥᠨᠳᠥᠷ ᠪᠣᠯᠵᠣ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠡᠯ᠎ᠡ ᠮᠤᠵᠢ ᠣᠷᠣᠨ ᠤ ᠶᠢᠰᠦᠳᠦᠭᠡᠷ ᠲᠤ ᠣᠷᠣᠵᠤ᠂ 1 — 4 ᠳ᠋ᠣᠭᠡᠷ ᠰᠠᠷ᠎ᠠ ᠶᠢᠨ ᠬᠢ ᠠᠴᠠ 1 ᠣᠷᠣᠨ ᠤᠳᠠᠭ᠎ᠠ ᠳᠡᠭᠡᠭᠰᠢᠯᠡᠵᠡᠶ᠃ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠨᠡᠮᠡᠭᠳᠡᠵᠦ᠂ ᠡᠵᠡᠯᠡᠬᠦ ᠬᠠᠷᠢᠴᠠᠯ ᠨᠢ ᠳᠡᠭᠡᠭᠰᠢᠯᠡᠪᠡ᠃ 1 — 5 ᠳ᠋ᠤᠭᠠᠷ ᠰᠠᠷ᠎ᠠ ᠳᠤ᠂ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 381.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠨ᠂ ᠪᠥᠬᠦ ᠣᠷᠣᠨ ᠤ ᠠᠷᠠᠯᠵᠢᠶᠠᠨ ᠤ ᠶᠡᠷᠦᠩᠬᠡᠶ ᠲᠣᠭᠠᠨ ᠤ 69.9% ᠶᠢ ᠡᠵᠡᠯᠡᠵᠦ᠂ ᠲᠦᠷᠦᠭᠦᠤ ᠵᠢᠯ ᠤᠨ ᠬᠢ ᠠᠴᠠ 2.3 ᠵᠠᠭᠤᠨ ᠤ ᠨᠢᠭᠡᠴᠢ ᠳᠡᠭᠡᠭᠰᠢᠯᠡᠵᠡᠶ᠃ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 39.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 102.4% ᠨᠡᠮᠡᠭᠳᠡᠪᠡ︔ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠡᠶᠢᠲᠡ 67.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠪᠠᠭᠤᠷᠠᠪᠠ᠃ ᠪᠤᠰᠤᠳ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 0.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.3% ᠪᠠᠭᠤᠷᠠᠵᠠᠶ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠣᠯ ᠬᠦᠴᠦᠨ 1 — 5 ᠳ᠋ᠤᠭᠠᠷ ᠰᠠᠷ᠎ᠠ ᠳᠤ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 366.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 67.1% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.9 ᠵᠠᠭᠤᠨ ᠤ ᠨᠢᠭᠡᠴᠢ ᠥᠷᠭᠡᠳᠴᠦ᠂ ᠮᠠᠨ ᠤ ᠣᠷᠣᠨ ᠤ ᠨᠢᠭᠡᠳᠦᠭᠡᠷ ᠲᠣᠮᠣ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢᠨ ᠳᠤ ᠦᠷᠭᠦᠯᠵᠢᠯᠡᠨ ᠣᠷᠣᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 134.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3% ᠪᠠᠷ ᠪᠠᠭᠤᠷᠠᠵᠤ᠂ ᠲᠦᠷᠦᠭᠦᠤ ᠰᠠᠷ᠎ᠠ ᠶᠢᠨ ᠬᠢ ᠠᠴᠠ 5.2 ᠵᠠᠭᠤᠨ ᠤ ᠨᠢᠭᠡᠴᠢ ᠪᠠᠭᠠᠰᠴᠠᠶ᠃ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 44.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.3% ᠨᠡᠮᠡᠭᠳᠡᠪᠡ᠃ ᠪᠥᠭᠡᠮ ᠲᠠᠸᠠᠷ ᠤᠨ ᠭᠠᠳᠠᠭᠠᠳᠤ ᠭᠠᠷᠭᠠᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ 1 — 5 ᠰᠠᠷ᠎ᠠ ᠳᠤ᠂ ᠲᠦᠷᠦᠭᠦᠦ ᠠᠷᠪᠠᠨ ᠶᠡᠭᠡ ᠭᠠᠳᠠᠭᠠᠳᠤ ᠳᠤ ᠭᠠᠷᠭᠠᠬᠤ ᠲᠠᠸᠠᠷ ᠤᠨ ᠳᠣᠲᠣᠷ᠎ᠠ᠂ ᠬᠦᠴᠢᠯᠲᠥ᠋ᠷᠥᠭᠴᠢ ᠠᠭᠤᠯᠤᠭᠰᠠᠨ ᠠᠮᠢᠨᠣ᠋ ᠪᠦᠯᠦᠭ ᠤᠨ ᠨᠢᠭᠡᠳᠪᠦᠷᠢ᠂ ᠨᠡᠷᠡᠨ ᠬᠤᠸᠠᠷ ᠤᠨ ᠦᠷ᠎ᠡ᠂ ᠾᠯᠣᠷᠲᠤ ᠡᠲ᠋ᠧᠨ ᠵᠡᠷᠭᠡ ᠨᠠᠢᠮᠠᠨ ᠶᠡᠭᠡ ᠲᠠᠸᠠᠷ ᠤᠨ ᠭᠠᠳᠠᠭᠠᠳᠤ ᠳᠤ ᠭᠠᠷᠭᠠᠬᠤ ᠬᠡᠮᠵᠢᠶ᠎ᠡ᠂ ᠭᠠᠳᠠᠭᠠᠳᠤ ᠳᠤ ᠭᠠᠷᠭᠠᠬᠤ ᠬᠡᠮᠵᠢᠶ᠎ᠡ ᠵᠡᠷᠭᠡ ᠪᠠᠷ ᠳᠡᠭᠡᠭᠰᠢᠯᠡᠪᠡ᠃ ᠭᠠᠳᠠᠭᠠᠳᠤ ᠠᠴᠠ ᠣᠷᠣᠭᠤᠯᠤᠭᠰᠠᠨ ᠲᠦᠷᠦᠭᠦᠦ ᠠᠷᠪᠠᠨ ᠶᠡᠭᠡ ᠲᠠᠸᠠᠷ ᠤᠨ ᠳᠣᠲᠣᠷ᠎ᠠ᠂ ᠴᠠᠶᠢᠷ ᠤᠨ ᠬᠦᠳᠡᠷ᠂ ᠬᠤᠷᠠᠮᠠᠯ ᠴᠠᠬᠢᠯᠭᠠᠨ ᠬᠡᠯᠬᠢᠶ᠎ᠡ᠂ ᠴᠢᠯᠠᠭᠤᠨ ᠲᠤᠰᠤ ᠲᠦᠭᠦᠬᠡᠶ ᠴᠢᠯᠠᠭᠤᠨ ᠲᠤᠰᠤ᠂ ᠶᠠᠮᠠ ᠣᠯᠣᠰᠣ ᠵᠡᠷᠭᠡ ᠲᠦᠷᠪᠡᠨ ᠶᠡᠭᠡ ᠲᠠᠸᠠᠷ ᠤᠨ ᠬᠡᠮᠵᠢᠶ᠎ᠡ ᠪᠠ ᠦᠨ᠎ᠡ ᠵᠡᠷᠭᠡ ᠪᠠᠷ ᠳᠡᠭᠡᠭᠰᠢᠯᠡᠪᠡ︔ ᠵᠡᠰ ᠤᠨ ᠬᠦᠳᠡᠷ ᠤᠨ ᠡᠯᠡᠰᠦ᠂ ᠲᠡᠮᠦᠷ ᠤᠨ ᠬᠦᠳᠡᠷ ᠤᠨ ᠡᠯᠡᠰᠦ᠂ ᠮᠣᠳᠣᠨ ᠮᠠᠲ᠋ᠧᠷᠢᠶᠠᠯ᠂ ᠬᠠᠷ᠎ᠠ ᠲᠤᠭᠤᠯᠭ᠎ᠠ ᠶᠢᠨ ᠬᠦᠳᠡᠷ ᠤᠨ ᠡᠯᠡᠰᠦ ᠵᠡᠷᠭᠡ ᠳᠥᠷᠪᠡᠨ ᠶᠡᠭᠡ ᠲᠠᠸᠠᠷ ᠤᠨ ᠬᠡᠮᠵᠢᠶ᠎ᠡ ᠪᠠ ᠦᠨ᠎ᠡ ᠬᠠᠩᠰᠢ ᠵᠡᠷᠭᠡᠪᠡᠷ ᠪᠠᠭᠤᠷᠠᠪᠠ᠃ ᠭᠤᠣᠯ ᠪᠣᠯᠬᠤ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠵᠦ᠂ 1 — 5 ᠰᠠᠷ᠎ᠠ ᠳᠤ᠂ ᠣᠷᠣᠰ ᠪᠣᠯᠤᠨ ᠠᠦ᠋ᠰᠲᠷᠠᠯᠢᠶ᠎ᠠ ᠠᠴᠠ ᠪᠤᠰᠤᠳ ᠨᠠᠢᠮᠠᠨ ᠲᠣᠮᠣ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠴᠥᠮ ᠡᠶᠡᠷᠭᠦ ᠨᠡᠮᠡᠭᠳᠡᠯ ᠢ ᠪᠡᠶᠡᠯᠡᠭᠦᠯᠵᠡᠶ᠃ ᠡᠭᠦᠨ ᠳᠤ᠂ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 126.7 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠠᠴᠠ ᠨᠠᠭᠠᠰᠢᠬᠢ ᠲᠦᠷᠦᠭᠦᠤ ᠰᠠᠷ᠎ᠠ ᠳᠤ ᠪᠠᠭᠤᠷᠠᠵᠤ ᠪᠠᠶᠢᠭᠰᠠᠨ ᠠᠴᠠ ᠪᠠᠨ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ ᠠᠶᠢᠮᠠᠭ ᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠥᠭᠵᠢᠯᠲᠡ ᠲᠡᠩᠴᠡᠭᠦᠷᠢ ᠥᠬᠡᠶ ᠪᠠᠶᠢᠨ᠎ᠠ᠃ 1 — 5 ᠳ᠋ᠤᠭᠠᠷ ᠰᠠᠷ᠎ᠠ ᠳᠤ᠂ ᠪᠠᠶᠠᠨᠨᠠᠭᠤᠷ ᠬᠤᠲᠠ᠂ ᠬᠥᠬᠡᠬᠤᠲᠠ᠂ ᠣᠷᠳᠣᠰ ᠬᠤᠲᠠ᠂ ᠦᠬᠠᠶ ᠬᠤᠲᠠ ᠵᠡᠷᠭᠡ 4 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠵᠢᠩᠬᠢᠨᠢ ᠨᠡᠮᠡᠭᠳᠡᠯ ᠢ ᠪᠡᠶᠡᠯᠡᠭᠦᠯᠵᠦ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠵᠤ᠂ ᠪᠤᠰᠤᠳ ᠨᠠᠢᠮᠠᠨ ᠠᠶᠢᠮᠠᠭ ᠬᠤᠲᠠ ᠴᠥᠮ ᠠᠳᠠᠯᠢ ᠪᠤᠰᠤ ᠬᠡᠮᠵᠢᠶ᠎ᠡ ᠪᠠᠷ ᠪᠠᠭᠤᠷᠠᠪᠠ᠃ ᠪᠠᠶᠠᠨᠨᠠᠭᠤᠷ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 120.6 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃     ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ      1 — 5 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 4.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 177.6% ︵ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 28.6 ᠳ᠋ᠦᠩᠰᠢᠭᠤᠷ ᠲᠥᠭᠦᠷᠢᠭ ᠪᠠᠶᠢᠵᠤ᠂ 150.5% ᠨᠡᠮᠡᠭᠳᠡᠪᠡ︶ ᠨᠡᠮᠡᠭᠳᠡᠵᠦ᠂ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ ᠪᠥᠬᠦ ᠤᠯᠤᠰ ᠲᠤ 18 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ 5 ᠳ᠋ᠤᠭᠠᠷ ᠲᠤ ᠵᠢᠭᠰᠠᠭᠠᠭᠳᠠᠵᠠᠶ᠃ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 16 ᠪᠣᠯᠵᠣ᠂ ᠠᠳᠠᠯᠢ ᠬᠤᠭᠤᠴᠠᠭᠠᠨ ᠤ ᠬᠢ ᠠᠴᠠ 1 ᠨᠡᠮᠡᠭᠳᠡᠵᠡᠶ︔ ᠪᠡᠯᠡ ᠣᠷᠣᠭᠤᠯᠤᠯᠲᠠ ᠶᠢᠨ ᠢᠷᠡᠯᠳᠡ ᠶᠢᠨ ᠲᠠᠯ᠎ᠠ ᠠᠴᠠ ᠦᠵᠡᠪᠡᠯ᠂ ᠭᠤᠣᠯᠳᠠᠭᠤ ᠰᠢᠶᠠᠩᠭᠠᠩ ᠣᠷᠣᠨ ᠠᠴᠠ ᠢᠷᠡᠵᠤ᠂ 98.2% ᠢ ᠡᠵᠡᠯᠡᠵᠦ ᠪᠠᠶᠢᠨ᠎ᠠ︔ ᠪᠠᠯᠠ ᠣᠷᠣᠭᠤᠯᠤᠯᠲᠠ ᠶᠢᠨ ᠠᠵᠢᠯ ᠲᠥᠷᠥᠯ ᠠᠴᠠ ᠦᠵᠡᠪᠡᠯ᠂ ᠭᠤᠤᠯᠳᠠᠭᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠳᠤ ᠲᠥᠪᠯᠡᠷᠡᠵᠦ᠂ ᠡᠵᠡᠯᠡᠬᠦ ᠬᠠᠷᠢᠴᠠᠯ ᠨᠢ 90.7%︔ ᠪᠠᠯᠠ ᠮᠥᠩᠭᠦᠨ ᠤ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ ᠳᠤ ᠲᠥᠪᠯᠡᠷᠡᠵᠦ᠂ 90.5% ᠶᠢ ᠡᠵᠡᠯᠡᠵᠦ ᠪᠠᠶᠢᠨ᠎ᠠ᠃  ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ      1—5 ᠳ᠋ᠤᠭᠠᠷ ᠰᠠᠷ᠎ᠠ ᠳᠤ᠂ ᠮᠠᠨ ᠤ ᠣᠷᠣᠨ ᠭᠠᠳᠠᠭᠠᠳᠤ ᠳᠤ ᠬᠠᠨᠳᠤᠭᠤᠯᠤᠭᠰᠠᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ 9 ᠰᠢᠨ᠎ᠡ ᠪᠠᠷ ᠨᠡᠮᠡᠭᠳᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15 ᠬᠠᠰᠤᠭᠳᠠᠪᠠ᠂ ᠳᠤᠮᠳᠠᠳᠤ ᠤᠯᠤᠰ ᠤᠨ ᠲᠠᠯ᠎ᠠ ᠶᠢᠨ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢᠨ ᠲᠤᠭ᠎ᠠ 21.7 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4 ᠳᠠᠬᠢᠨ ᠨᠡᠮᠡᠭᠳᠡᠪᠡ᠃ ᠭᠤᠣᠯ ᠪᠣᠯᠬᠤ ᠪᠡᠯᠡ ᠣᠷᠣᠭᠤᠯᠤᠯᠲᠠ ᠶᠢᠨ ᠠᠵᠢᠯ ᠲᠦᠷᠦᠯ ᠪᠣᠯ ᠲᠠᠷᠢᠶᠠᠯᠠᠩ᠂ ᠪᠥᠭᠡᠮ ᠢᠶᠠᠷ ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠰᠣᠨᠢᠨ ᠮᠡᠳᠡᠭᠡ ᠬᠡᠪᠯᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠤᠯᠠᠨ ᠤᠯᠤᠰ ᠤᠨ ᠠᠷᠠᠯᠵᠢᠶ᠎ᠠ ᠵᠡᠷᠭᠡ ᠪᠣᠯᠤᠨ᠎ᠠ᠃ 1 — 5 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 5.3 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5 ᠳᠠᠬᠢᠨ ᠨᠡᠮᠡᠭᠳᠡᠨ᠂ ᠪᠥᠬᠦ ᠤᠯᠤᠰ ᠤᠨ 14 ᠳ᠋ᠦᠭᠡᠷ ᠪᠠᠶᠢᠷᠢᠨ ᠳᠤ ᠣᠷᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10 ᠳ᠋ᠤᠭᠠᠷ ᠪᠠᠶᠢᠷᠢᠨ ᠳᠤ ᠣᠷᠣᠵᠠᠶ᠃    ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ      1 — 5 ᠳ᠋ᠤᠭᠠᠷ ᠰᠠᠷ᠎ᠠ ᠳᠤ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1486.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.5% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1226.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.1% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 259.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.6% ᠪᠠᠷ ᠪᠠᠭᠤᠷᠠᠪᠠ᠃  ᠥᠪᠥᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 903.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.0% ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 755.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.0% ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 148.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠪᠠᠭᠤᠷᠠᠪᠠ᠃ ᠣᠷᠣᠰ ᠤᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 582.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.1% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 471.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 111.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.7% ᠪᠠᠷ ᠪᠠᠭᠤᠷᠠᠪᠠ᠃   1 — 5 ᠳ᠋ᠤᠭᠠᠷ ᠰᠠᠷ᠎ᠠ ᠳᠤ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 13.0 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 45.7% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠬᠦ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 6.2 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 46.3% ᠪᠠᠷ ᠪᠠᠭᠤᠷᠠᠪᠠ︔ ᠬᠢᠯᠢ ᠠᠴᠠ ᠭᠠᠷᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 6.8 ᠲᠦᠮᠡᠨ ᠴᠤᠪᠤᠭ᠎ᠠ ᠲᠡᠷᠭᠡᠨ ᠤ ᠡᠭᠡᠯᠵᠢ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 45.1% ᠪᠠᠷ ᠪᠠᠭᠤᠷᠠᠪᠠ᠃   1 — 5 ᠳ᠋ᠤᠭᠠᠷ ᠰᠠᠷ᠎ᠠ ᠳᠤ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 14.6 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.7% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 7.3 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.4% ᠪᠠᠷ ᠪᠠᠭᠤᠷᠠᠪᠠ︔ ᠬᠢᠯᠢ ᠠᠴᠠ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 7.3 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.9% ᠪᠠᠷ ᠪᠠᠭᠤᠷᠠᠪᠠ᠃ 
 
ᠢᠷᠡᠯᠲᠡ᠄ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map