10 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠭᠦᠸᠧ ᠵᠧᠤ ᠮᠢᠩ ᠪᠦᠯᠬᠦᠮ ᠳᠠᠭᠠᠭᠤᠯᠤᠨ ᠮᠠᠨ ᠤ | ᠬᠤᠲᠠ ᠳᠤ ᠢᠷᠡᠵᠦ ᠢᠳᠡᠭᠡᠨ ᠤᠮᠳᠠᠭᠠᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ | ᠵᠠᠰᠠᠯᠲᠠ ᠶᠢ ᠬᠢᠨᠠᠨ ᠵᠢᠯᠣᠭᠤᠳᠴᠤ ᠪᠠᠶᠢᠴᠠᠭᠠᠵᠤ᠂ ᠲᠣᠪᠴᠢᠶᠠᠨ ᠳᠡᠳ᠋ ᠳᠠᠷᠤᠭ᠎ᠠ ᠵᠸᠦ ᠰᠢᠤᠸᠠᠨ ᠵᠢᠴᠢ ᠬᠠᠮᠢᠶ᠎ᠠ | ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠳ ᠪᠠᠷ᠎ᠠ ᠪᠣᠯᠵᠣ ᠪᠠᠶᠢᠴᠠᠭᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠧᠨ ᠬᠤᠸᠠ ᠲᠠᠯᠠᠪᠠᠢ᠂ ᠸᠠᠨ ᠳ᠋ᠠ ᠲᠠᠯᠠᠪᠠᠢ ︵ | ᠰᠠᠶᠢᠬᠠᠨ ᠲᠣᠭᠤᠷᠢᠭ︶ ᠪᠣᠯᠤᠨ ᠬᠠᠭᠤᠴᠢᠨ ᠰᠦᠢ ᠶᠤᠸᠠᠨ ᠢᠳᠡᠭᠡᠨ ᠤᠮᠳᠠᠭᠠᠨ ᠤ ᠷᠦ᠋ ᠢ ᠳᠡᠯᠭᠡᠭᠦᠷ ︵ | ᠬᠤᠲᠠ ᠶᠢᠨ ᠵᠠᠰᠠᠭ ᠤᠨ ᠣᠷᠳᠣᠨ ᠤ ᠪᠠᠷᠠᠭᠤᠨ ᠡᠭᠦᠳᠡᠨ ᠤ ᠡᠰᠡᠷᠭᠦ ᠲᠠᠯ᠎ᠠ︶ ᠲᠤ ᠬᠦᠷᠴᠦ᠂ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ ᠢ ᠪᠠᠶᠢᠭᠤᠯᠬᠤ᠂ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠪᠣᠯᠤᠨ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢᠨ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ | ᠬᠡᠷᠡᠭᠯᠡᠬᠦ ᠣᠷᠴᠢᠨ ᠲᠣᠭᠤᠷᠢᠨ᠂ ᠵᠥᠭᠡᠯᠡᠨ ᠬᠠᠲᠠᠭᠤ ᠬᠡᠷᠡᠭᠰᠡᠯ ᠤᠨ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ | ᠪᠠᠶᠢᠳᠠᠯ ᠢ ᠪᠠᠶᠢᠴᠠᠭᠠᠪᠠ᠃ | | | | | | | ᠲᠢᠩᠬᠢᠮ ᠤᠨ ᠭᠦᠸᠧ ᠳᠠᠷᠤᠭ᠎ᠠ ᠵᠢᠭᠠᠵᠤ ᠭᠠᠷᠭᠠᠭᠰᠠᠨ ᠨᠢ᠂ ᠢᠳᠡᠭᠡᠨ ᠤᠮᠳᠠᠭᠠᠨ ᠤ ᠠᠵᠢᠯ ᠲᠥᠷᠥᠯ ᠪᠣᠯ | ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ᠴᠢᠬᠤᠯᠠ | ᠨᠢᠭᠡ ᠭᠤᠭᠴᠤᠭ᠎ᠠ ᠮᠥᠨ᠂ ᠭᠡᠪᠡᠴᠦ ᠵᠠᠬ᠎ᠠ ᠳᠡᠯᠭᠡᠭᠦᠷ ᠤᠨ ᠭᠤᠤᠯ ᠴᠣᠭᠴᠠ ᠣᠯᠠᠨ᠂ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠳᠤ ᠨᠡᠯᠢᠶᠡᠳ ᠬᠦᠴᠢᠷᠲᠡᠶ ᠶᠤᠮ᠃ ᠲᠡᠷᠡ ᠴᠢᠬᠤᠯᠠᠴᠢᠯᠠᠭᠰᠠᠨ ᠨᠢ᠂ ᠨᠢᠭᠡ ᠳᠤ᠂ ᠡᠯ᠎ᠡ ᠱᠠᠲᠤᠨ ᠤ | ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ︽ᠭᠤᠷᠪᠠᠨ ᠬᠠᠮᠢᠶᠠᠷᠤᠯᠲᠠ | ᠭᠤᠷᠪᠠᠨ ᠡᠷᠭᠡᠪᠰᠢ︾ ᠶᠢᠨ ᠵᠠᠷᠴᠢᠮ ᠶᠣᠰᠣᠭᠠᠷ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ | ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ | ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ | ᠬᠤᠶᠠᠷ ᠲᠤ᠂ ᠡᠯ᠎ᠡ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠨᠦᠭᠦᠳ ᠠᠶᠤᠯᠭᠦᠢ ᠦᠢᠯᠡᠳᠪᠦᠷᠢᠯᠡᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠬᠡᠪᠰᠢ ᠦᠢᠯᠡᠳᠪᠦᠷᠢᠯᠡᠯ ᠡᠵᠡᠩᠨᠡᠯᠲᠡ ᠪᠠ ᠠᠶᠤᠯᠭᠦᠢ ᠦᠢᠯᠡᠳᠪᠦᠷᠢᠯᠡᠯ ᠢ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠢᠳᠡᠪᠬᠢᠲᠡᠶ | ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠵᠢᠯ ᠪᠣᠯᠪᠠᠰᠤᠷᠠᠯ ᠢ ᠪᠣᠳᠠᠲᠠᠶᠢᠵᠢᠭᠤᠯᠬᠤ ᠬᠡᠷᠡᠭᠲᠡᠶ᠃ ᠡᠭᠦᠨ ᠤ | ᠬᠠᠮᠲᠤ᠂ ᠠᠶᠤᠯᠭᠦᠢ ᠦᠢᠯᠡᠳᠪᠦᠷᠢᠯᠡᠯ ᠪᠣᠯᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠡᠷᠬᠡᠪᠰᠢ ᠮᠡᠳᠡᠬᠦ ᠵᠢᠴᠢ | ᠠᠵᠢᠯᠯᠠᠬᠤ ᠶᠠᠪᠤᠴᠠ ᠶᠢ ᠢᠯᠡᠳᠲᠡ ᠪᠠᠶᠢᠷᠢᠨ ᠳᠤ ᠲᠠᠯᠪᠢᠵᠤ᠂ ᠴᠠᠭ ᠢᠮᠠᠭᠲᠠ ᠰᠠᠨᠠᠭᠤᠯᠵᠤ᠂ ᠴᠠᠭ ᠢᠮᠠᠭᠲᠠ | ᠰᠡᠷᠡᠮᠵᠢᠯᠡᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠸᠠᠨ ᠳ᠋ᠠ ᠲᠠᠯᠠᠪᠠᠢ ᠶᠢᠨ ᠢᠳᠡᠭᠡᠨ ᠤᠮᠳᠠᠭᠠᠨ ᠤ | ᠡᠵᠡᠩᠨᠡᠯᠲᠡ ᠶᠢᠨ ᠭᠤᠣᠯ ᠴᠣᠭᠴᠠ ᠶᠢᠨ ︽ᠭᠤᠷᠪᠠᠨ ᠬᠠᠮᠢᠶᠠᠷᠤᠯᠲᠠ ᠨᠢᠭᠡ ᠡᠷᠬᠡᠪᠰᠢ︾ ᠵᠡᠷᠭᠡ ᠰᠠᠶᠢᠨ | ᠲᠤᠷᠰᠢᠯᠭ᠎ᠠ᠂ ᠰᠢᠯᠢᠳᠡᠭ ᠠᠷᠭ᠎ᠠ ᠶᠢ ᠴᠠᠭ ᠲᠤᠬᠠᠢ ᠳᠤ ᠨᠢ ᠳᠡᠯᠭᠡᠷᠡᠭᠦᠯᠦᠨ ᠤᠬᠠᠭᠤᠯᠬᠤ ᠬᠡᠷᠡᠭᠲᠡᠢ ᠭᠡᠵᠡᠢ᠃ | ᠲᠣᠰ ᠤᠳᠠᠭᠠᠨ ᠤ ᠪᠠᠶᠢᠴᠠᠭᠠᠯᠲᠠ ᠳᠤ᠂ ᠮᠠᠨ ᠤ ᠲᠣᠪᠴᠢᠶ᠎ᠠ ᠭᠠᠯ ᠤᠨᠲᠠᠷᠠᠭᠠᠯᠲᠠ ᠪᠠ ᠰᠢᠲᠠᠮᠠᠬᠠᠶ ᠬᠡᠶ ᠶᠢᠨ | ᠺᠣᠮᠫᠠᠨᠢ ᠶᠢᠨ ᠮᠡᠷᠭᠡᠵᠢᠯ ᠤᠨ ᠠᠵᠢᠯᠲᠠᠨ ᠢ ᠤᠷᠢᠵᠤ᠂ ᠲᠠᠳᠠ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢᠨ | ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠮᠡᠷᠭᠡᠵᠢᠯ ᠤᠨ | ᠵᠢᠯᠣᠭᠤᠳᠣᠯᠭ᠎ᠠ ᠥᠭᠴᠦ᠂ ᠢᠳᠡᠭᠡᠨ ᠤᠮᠳᠠᠭᠠᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ | ᠵᠠᠰᠠᠯᠲᠠ ᠶᠢ ᠨᠠᠶᠢᠳᠠᠪᠤᠷᠢᠵᠢᠭᠤᠯᠬᠤ ᠪᠣᠯ ᠦᠢᠯᠡᠳᠪᠦᠷᠢᠯᠡᠯ ᠡᠵᠡᠩᠨᠡᠯᠲᠡ ᠶᠢᠨ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠮᠥᠨ᠂ ᠢᠳᠡᠭᠡᠨ ᠤᠮᠳᠠᠭᠠᠨ ᠤ ᠠᠵᠢᠯᠲᠠᠨ ᠤ ᠲᠣᠰ ᠪᠡᠶ᠎ᠡ ᠪᠠ ᠪᠤᠰᠤᠳ ᠤᠨ ᠠᠮᠢ ᠨᠠᠰᠤᠨ ᠤ ᠠᠮᠤᠷ | ᠲᠦᠪᠰᠢᠨ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠪᠠᠷᠢᠯ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠶ ᠭᠡᠵᠡᠢ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠢᠲᠠᠮᠠᠬᠠᠶ ᠬᠡᠶ ᠶᠢᠨ ᠠᠮᠤᠷ | ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ | ᠮᠠᠨ ᠤ ᠬᠤᠲᠠ ᠶᠢᠨ ᠰᠢᠲᠠᠮᠠᠬᠠᠶ ᠬᠡᠶ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠤᠨ | ᠱᠠᠭᠠᠷᠳᠠᠯᠭ᠎ᠠ ᠶᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠨ᠎ᠠ᠃ | |