ᠦᠰᠦᠭ ᠪᠢᠴᠢᠭ ᠢᠶᠠᠷ ᠦᠭᠦᠯᠡᠬᠦᠢ᠄ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠳᠤ ᠬᠦᠴᠦᠨ ᠨᠡᠮᠡᠷᠢᠯᠡᠵᠦ ᠡᠳᠡᠭᠡᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠮᠲᠤ ᠪᠠᠷ ᠬᠦᠴᠦᠯᠡᠶ᠎ᠡ
ᠨᠡᠶᠢᠲᠡᠯᠡᠭᠰᠡᠨ ᠴᠠᠭ᠄
2023/11/6
  ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠲᠤᠬᠠᠶ ᠰᠠᠨᠠᠯ ᠤᠳ︾ ᠢ ᠳᠠᠷᠤᠮᠠᠯᠯᠠᠨ ᠲᠠᠷᠬᠠᠭᠠᠪᠠ᠃ ᠡᠳᠡᠭᠡᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠬᠡᠷᠬᠢᠨ ᠬᠦᠴᠦᠨ ᠨᠡᠮᠡᠷᠢᠯᠡᠬᠦ ᠪᠣᠶ︖ ᠡᠵᠡᠩᠨᠡᠯᠲᠡ ᠶᠢᠨ ᠨᠦᠬᠦᠪᠦᠷᠢ ᠥᠭᠬᠦ ᠶᠢ ᠨᠡᠮᠡᠭᠳᠡᠭᠦᠯᠬᠦ  ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠪᠣᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠷᠠᠳ ᠣᠯᠠᠨ ᠤ ᠡᠳᠦᠷ ᠲᠤᠲᠤᠮ ᠤᠨ ᠶᠠᠪᠤᠵᠤ ᠰᠠᠭᠤᠬᠤ ᠶᠢ ᠪᠠᠲᠤᠯᠠᠬᠤ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃  ᠲᠣᠰ ᠤᠳᠠᠭ᠎ᠠ ᠨᠡᠶᠢᠲᠡᠯᠡᠭᠰᠡᠨ ᠰᠠᠨᠠᠯ ᠤᠨ ᠠᠩᠬᠠᠨ ᠤ ᠠᠷᠭ᠎ᠠ ᠬᠡᠮᠵᠢᠶ᠎ᠡ ᠨᠢ ᠡᠵᠡᠩᠨᠡᠯᠲᠡ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡᠨ ᠤ ᠰᠢᠨ᠎ᠡ ᠪᠠᠷ ᠨᠡᠮᠡᠭᠳᠡᠭᠦᠯᠬᠦ ᠥᠬᠡᠶ ᠤᠷᠢᠲᠠᠯ ᠳᠣᠤᠷ᠎ᠠ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠪᠠ ᠨᠥᠬᠦᠪᠥᠷᠢ ᠥᠭᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠠᠳᠠᠯᠢ ᠪᠤᠰᠤ ᠥᠮᠴᠢᠯᠡᠯ ᠤᠨ ᠡᠵᠡᠩᠨᠡᠯᠲᠡ ᠶᠢᠨ ᠭᠤᠤᠯ ᠴᠣᠭᠴᠠ ᠳᠤ ᠡᠷᠬᠡ ᠲᠡᠭᠰᠢ ᠪᠠᠷ ᠬᠠᠨᠳᠤᠵᠤ᠂ ᠬᠤᠯᠪᠣᠭᠳᠠᠯ ᠪᠥᠬᠦᠶ ᠪᠠᠯᠠ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠴᠦ᠂ ᠬᠡᠰᠡᠭ ᠪᠠᠯᠠ ᠮᠥᠩᠭᠦ ᠶᠢ ᠤᠷᠢᠳᠠᠪᠠᠷ ᠤᠷᠢᠳᠴᠢᠯᠠᠨ ᠰᠠᠯᠭᠠᠨ ᠥᠭᠴᠦ ᠵᠣᠷᠢᠭᠵᠢᠭᠤᠯᠬᠤ︾ ᠶᠢ ᠳᠤᠷᠠᠳᠤᠨ ᠭᠠᠷᠭᠠᠪᠠ᠃  ᠡᠭᠦᠨ ᠠᠴᠠ ᠭᠠᠳᠠᠨ᠎ᠠ᠂ ᠰᠠᠨᠠᠯ ᠳᠤ ᠪᠠᠨ᠂ ᠬᠢᠮᠳᠠ ᠪᠢᠯᠧᠲ ᠶᠢ ᠬᠡᠷᠡᠭᠵᠢᠭᠦᠯᠬᠦ᠂ ᠪᠢᠯᠧᠲ ᠢ ᠬᠠᠰᠤᠵᠤ ᠬᠡᠯᠲᠦᠷᠢᠭᠦᠯᠬᠦ᠂ ᠪᠤᠶᠢᠳᠠ ᠪᠥᠭᠯᠡᠭᠦᠦ ᠵᠠᠮ ᠱᠤᠭᠤᠮ ᠡᠵᠡᠩᠨᠡᠬᠦ᠂ ᠴᠢᠬᠤᠯᠠ ᠶᠡᠭᠡ ᠠᠵᠢᠯᠯᠠᠭ᠎ᠠ ᠶᠢ ᠪᠠᠲᠤᠯᠠᠬᠤ᠂ ᠠᠶᠤᠯ ᠭᠠᠮᠰᠢᠭ ᠠᠴᠠ ᠠᠪᠤᠷᠠᠬᠤ ᠵᠢᠴᠢ ᠪᠤᠰᠤᠳ ᠵᠢᠭᠠᠪᠤᠷᠢ ᠶᠢᠨ ᠴᠢᠨᠠᠷᠲᠠᠢ ᠡᠭᠦᠷᠭᠡ ᠵᠡᠷᠭᠡ ᠠᠴᠠ ᠪᠣᠯᠣᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠬᠢᠷᠠᠯ ᠳᠤ ᠣᠷᠣᠨ ᠨᠤᠲᠤᠭ ᠤᠨ ᠡᠳ᠋ ᠤᠨ ᠵᠠᠰᠠᠭ ᠠᠴᠠ ᠴᠠᠭ ᠲᠤᠬᠠᠢ ᠳᠤ ᠨᠢ ᠵᠣᠬᠢᠬᠤ ᠨᠥᠬᠦᠪᠦᠷᠢ ᠥᠭᠴᠦ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃  ︽ᠨᠢᠭᠡ ᠲᠠᠯ᠎ᠠ ᠪᠠᠷ᠂ ᠰᠢᠨᠵᠢᠯᠡᠬᠦ ᠤᠬᠠᠭᠠᠨᠴᠢ ᠨᠥᠬᠦᠪᠥᠷᠢ ᠥᠭᠬᠦ ᠳᠦᠷᠢᠮ ᠢ ᠪᠠᠶᠢᠭᠤᠯᠬᠤ ᠬᠡᠷᠡᠭᠲᠡᠶ︔ ᠨᠥᠭᠦᠭᠡ ᠲᠠᠯ᠎ᠠ ᠪᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠬᠥᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ ᠭᠦᠨᠵᠡᠭᠡᠶ ᠠᠬᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠣᠯᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃︾ ᠭᠡᠵᠦ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠵᠤᠷᠭᠠᠨ ᠤ ᠳᠡᠳ᠋ ᠳᠠᠷᠤᠭ᠎ᠠ ᠭᠤᠤ ᠪᠥᠸᠧ ᠬᠡᠯᠡᠪᠡ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠨᠡᠩ ᠣᠯᠠᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ  ᠲᠣᠰ ᠤᠳᠠᠭᠠᠨ ᠤ ᠰᠠᠨᠠᠯ ᠳᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠲᠣᠤᠷ ᠢ ᠰᠢᠯᠢᠳᠡᠭᠵᠢᠭᠦᠯᠦᠨ᠂ ᠬᠤᠲᠠ ᠶᠢᠨ ᠣᠯᠠᠨ ᠨᠡᠶᠢᠲᠡ ᠶᠢᠨ ᠮᠠᠰᠢᠨ ᠴᠠᠬᠢᠯᠭᠠᠨ ᠲᠡᠷᠭᠡ ᠪᠠ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭ᠎ᠠ ᠶᠢ ᠵᠣᠯᠭᠠᠭᠤᠯᠤᠨ ᠠᠭᠤᠰᠤᠯᠴᠠᠭᠤᠯᠬᠤ ᠶᠢ ᠠᠬᠢᠭᠤᠯᠵᠤ᠂ ᠪᠢᠴᠢᠯ ᠣᠷᠴᠢᠯ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ ᠵᠣᠷᠢᠭᠵᠢᠭᠤᠯᠤᠨ ᠬᠥᠭᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠲᠣᠭᠲᠠᠭᠠᠬᠤ ᠶᠢ ᠳᠡᠮᠵᠢᠵᠦ᠂ ᠨᠡᠶᠢᠲᠡ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠴᠣᠪᠣᠷᠠᠯ ᠢ ᠰᠢᠯᠢᠳᠡᠭᠵᠢᠭᠦᠯᠦᠨ᠂ ︽ᠨᠡᠶᠢᠲᠡ ᠶᠢᠨ ᠵᠠᠮ ᠬᠠᠷᠢᠯᠴᠠᠭ᠎ᠠ + ᠵᠢᠭᠤᠯᠴᠢᠯᠠᠯ︾ ᠤᠨ ᠦᠢᠯᠡᠴᠢᠯᠡᠭᠡᠨ ᠤ ᠵᠠᠭᠪᠤᠷ ᠢ ᠳᠡᠮᠵᠢᠨ ᠬᠥᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠥᠷᠢᠰᠥᠯᠳᠦᠬᠦ ᠬᠦᠴᠦᠨ ᠪᠠ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃  ᠡᠭᠦᠨ ᠤ ᠬᠠᠮᠲᠤ᠂ ᠰᠠᠨᠠᠯ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠳᠤ ᠨᠡᠶᠢᠴᠡᠬᠦ᠂ ᠭᠠᠵᠠᠷ ᠰᠢᠷᠣᠶ ᠶᠢᠨ ᠰᠢᠨᠵᠢ ᠴᠢᠨᠠᠷ ᠢ ᠬᠤᠪᠢᠷᠠᠭᠤᠯᠬᠤ ᠥᠬᠡᠶ᠂ ᠲᠠᠯᠠᠪᠠᠢ ᠥᠷᠲᠡᠭᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠦᠨᠳᠦᠰᠦᠨ ᠴᠢᠳᠠᠮᠵᠢ ᠶᠢ ᠤᠷᠢᠳᠠᠪᠠᠷ ᠪᠠᠲᠤᠯᠠᠭᠰᠠᠨ ᠤᠷᠢᠲᠠᠯ ᠳᠣᠤᠷ᠎ᠠ᠂ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡᠨ ᠤ ᠵᠠᠩᠭᠢᠯᠠᠭ᠎ᠠ ᠶᠢᠨ ᠲᠠᠯᠠᠪᠠᠢ ᠥᠷᠲᠡᠭᠡ ᠳᠤ ᠵᠣᠬᠢᠬᠤ ᠬᠠᠷᠢᠴᠠᠯ ᠤᠨ ᠬᠠᠷᠢᠶ᠎ᠠ ᠬᠤᠳᠠᠯᠳᠤᠭ᠎ᠠ ᠵᠡᠷᠭᠡ ᠲᠠᠯᠠᠪᠠᠢ ᠶᠢ ᠢᠵᠢ ᠪᠦᠷᠢᠳᠦᠭᠦᠯᠬᠦ ᠶᠢ ᠵᠥᠪᠰᠢᠶᠡᠷᠡᠨ᠎ᠡ︔ ᠣᠳᠣ ᠪᠠᠶᠢᠭ᠎ᠠ ᠬᠤᠲᠠ ᠶᠢᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡᠨ ᠭᠤᠣᠯ    ᠥᠷᠲᠡᠭᠡ᠂ ᠡᠬᠢᠨ ᠤ ᠥᠷᠲᠡᠭᠡ ᠠᠳᠠᠭ ᠤᠨ ᠥᠷᠲᠡᠭᠡ᠂ ᠵᠣᠭᠰᠣᠭᠠᠯ ᠤᠨ ᠲᠠᠯᠠᠪᠠᠢ ᠪᠠ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠲᠡᠷᠭᠡᠨ ᠥᠷᠲᠡᠭᠡ᠂ ᠲᠡᠷᠭᠡ ᠮᠠᠰᠢᠨ ᠤ ᠰᠠᠭᠤᠷᠢᠨ ᠭᠠᠵᠠᠷ ᠵᠡᠷᠭᠡ ᠶᠢ ᠳᠠᠮᠵᠢᠵᠤ᠂ ᠲᠠᠯᠠᠪᠠᠢ ᠥᠷᠲᠡᠭᠡ ᠶᠢᠨ ᠳᠣᠲᠣᠷᠠᠬᠢ ᠬᠡᠰᠡᠭ ᠰᠤᠯᠠ ᠪᠠᠶᠢᠭ᠎ᠠ ᠪᠡᠯᠡᠳᠬᠡᠮᠵᠢ ᠶᠢ ᠠᠰᠢᠭᠯᠠᠨ ᠨᠡᠶᠢᠭᠡᠮᠴᠢᠯᠡᠭᠰᠡᠨ ᠬᠤᠳᠠᠯᠳᠤᠭᠠᠨ ᠤ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ︔ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠥᠷᠭᠡᠳᠬᠡᠬᠦ ᠥᠷᠲᠡᠭᠡᠨ ᠲᠠᠪᠴᠠᠩ᠂ ᠲᠡᠷᠭᠡᠨ ᠪᠡᠶ᠎ᠡ᠂ ᠸᠠᠭᠤᠨ ᠤ ᠳᠣᠲᠣᠷ᠎ᠠ ᠵᠡᠷᠭᠡ ᠵᠠᠷ ᠮᠡᠳᠡᠭᠡ ᠶᠢᠨ ᠲᠤᠬᠠᠶᠢᠯᠠᠭᠰᠠᠨ ᠠᠵᠢᠯ ᠢ ᠳᠡᠮᠵᠢᠵᠦ᠂ ᠠᠮᠤᠷ ᠲᠦᠪᠰᠢᠨ ᠢᠶᠠᠷ ᠡᠵᠡᠩᠨᠡᠬᠦ ᠶᠢ ᠪᠠᠲᠤᠯᠠᠭᠰᠠᠨ ᠤᠷᠢᠲᠠᠯ ᠳᠣᠣᠷ᠎ᠠ᠂ ᠨᠡᠶᠢᠭᠡᠮ ᠳᠤ ᠬᠠᠨᠳᠤᠭᠤᠯᠤᠨ ᠬᠡᠢ ᠨᠡᠮᠡᠬᠦ᠂ ᠲᠣᠰᠣ ᠨᠡᠮᠡᠬᠦ᠂ ᠴᠠᠬᠢᠯᠭᠠᠨ ᠴᠡᠨᠡᠭᠯᠡᠬᠦ᠂ ᠰᠡᠯᠪᠢᠨ ᠵᠠᠰᠠᠬᠤ ᠵᠡᠷᠭᠡ ᠦᠢᠯᠡᠴᠢᠯᠡᠭᠡ ᠶᠢ ᠨᠡᠭᠡᠭᠡᠯᠲᠡ ᠲᠠᠢ ᠪᠣᠯᠭᠠᠨ᠎ᠠ᠃  ︽ᠭᠠᠵᠠᠷ ᠳᠣᠣᠷᠠᠬᠢ ᠲᠡᠮᠦᠷ ᠵᠠᠮ ᠤᠨ ᠥᠷᠲᠡᠭᠡᠨ ᠤ ᠳᠡᠯᠭᠡᠭᠦᠷ ᠠᠷᠠᠳ ᠤᠨ ᠠᠮᠢᠳᠤᠷᠠᠯ ᠳᠤ ᠦᠢᠯᠡᠴᠢᠯᠡᠬᠦ ᠶᠢᠨ ᠬᠠᠮᠲᠤ ᠭᠠᠵᠠᠷ ᠳᠣᠣᠷᠠᠬᠢ ᠲᠡᠮᠦᠷ ᠵᠠᠮ ᠤᠨ ᠠᠵᠢᠯ ᠲᠥᠷᠥᠯ ᠳᠤ ᠣᠷᠣᠯᠭ᠎ᠠ ᠬᠠᠩᠭᠠᠵᠠᠶ᠃ ᠡᠶᠢᠮᠦᠷᠬᠦ 400 ᠠᠴᠠ 800 ᠮᠧᠲᠷ ᠢᠶᠠᠷ ᠷᠠᠳᠢᠦ᠋ᠰ ᠪᠣᠯᠭᠠᠵᠤ᠂ ᠠᠵᠢᠯ᠂ ᠬᠤᠳᠠᠯᠳᠤᠭ᠎ᠠ᠂ ᠰᠣᠶᠣᠯ᠂ ᠰᠤᠷᠭᠠᠨ ᠬᠥᠮᠦᠵᠢᠯ᠂ ᠣᠷᠣᠨ ᠰᠠᠭᠤᠴᠠ ᠵᠡᠷᠭᠡ ᠶᠢ ᠨᠢᠭᠡ ᠴᠤᠬᠴᠠᠵᠢᠭᠤᠯᠤᠬᠰᠠᠨ ᠬᠤᠯᠢᠮᠠᠭ ᠴᠢᠳᠠᠮᠵᠢᠳᠤ ᠣᠷᠣᠨ ᠤ ᠵᠠᠭᠪᠤᠷ ᠢ ᠪᠤᠢ ᠪᠣᠯᠭᠠᠵᠤ᠂ ᠨᠡᠶᠢᠲᠡ ᠶᠢᠨ ᠮᠠᠰᠢᠨ ᠲᠡᠷᠭᠡᠨ ᠤ ᠠᠵᠢᠯ ᠲᠦᠷᠦᠯ ᠳᠤ ᠰᠤᠷᠤᠯᠴᠠᠭᠤᠰᠢᠲᠠᠢ ᠶᠤᠮ︾ ᠭᠡᠵᠦ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠲᠤᠰᠬᠠᠢ ᠮᠡᠷᠭᠡᠵᠢᠯᠲᠡᠨ ᠤ ᠪᠠᠭ᠎ᠠ ᠶᠢᠨ ᠳᠠᠷᠤᠭ᠎ᠠ ᠴᠢᠨ ᠰᠢᠶᠤᠤ ᠭᠠᠩ ᠬᠡᠯᠡᠪᠡ᠃ᠨᠡᠶᠢᠲᠡ ᠶᠢᠨ ᠮᠠᠰᠢᠨ ᠲᠡᠷᠭᠡᠨ ᠤ ᠠᠵᠢᠯ ᠲᠥᠷᠥᠯ ᠳᠤ ᠨᠠᠩ ᠣᠯᠠᠨ ᠠᠰᠠᠷᠠᠮᠵᠢ ᠶᠢᠨ ᠪᠠᠲᠤᠯᠠᠭ᠎ᠠ ᠣᠯᠭᠤᠬᠤ  ᠬᠠᠮᠤᠭ ᠤᠨ ᠡᠷᠲᠡ ᠰᠢᠨ᠎ᠡ ᠡᠨᠧᠷᠭᠢ ᠶᠢᠨ ᠲᠡᠷᠭᠡ ᠶᠢ ᠬᠡᠷᠡᠭᠯᠡᠭᠰᠡᠨ ᠨᠡᠶᠢᠲᠡ ᠶᠢᠨ ᠮᠠᠰᠢᠨ ᠲᠡᠷᠭᠡᠨ ᠤ ᠠᠵᠢᠯ ᠲᠥᠷᠥᠯ ᠪᠣᠯᠤᠭᠰᠠᠨ ᠤ ᠬᠤᠪᠢ ᠳᠤ᠂ ᠣᠳᠣᠬᠠᠨ ᠤ ᠴᠠᠬᠢᠯᠭᠠᠨᠵᠢᠭᠰᠠᠨ ᠬᠠᠷᠢᠴᠠᠯ ᠨᠢ ᠨᠢᠭᠡᠨᠲᠡ 77% ᠳᠤ    ᠬᠦᠷᠴᠡᠶ᠃ ᠲᠣᠰ ᠤᠳᠠᠭᠠᠨ ᠤ ᠰᠠᠨᠠᠯ ᠳᠤ᠂ ᠡᠯ᠎ᠡ ᠭᠠᠵᠠᠷ ᠤᠨ ᠬᠢᠨ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠰᠥᠨᠢ ᠪᠠᠷ ᠴᠠᠬᠢᠯᠭᠠᠨ ᠴᠡᠨᠡᠭᠯᠡᠬᠦ ᠳᠤ ᠳᠣᠤᠷ᠎ᠠ ᠴᠠᠬᠢᠯᠭᠠᠨ ᠤ ᠦᠨ᠎ᠡ ᠶᠢ ᠬᠡᠷᠡᠭᠵᠢᠭᠦᠯᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠡᠳᠦᠷ ᠪᠦᠷᠢ ᠶᠢᠨ ᠴᠠᠬᠢᠯᠭᠠᠨ ᠨᠥᠬᠦᠪᠥᠷᠢᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠳᠦᠷ ᠪᠦᠷᠢ ᠶᠢᠨ ᠬᠡᠰᠡᠭ ᠴᠠᠭ ᠲᠤ ᠳᠣᠤᠷ᠎ᠠ ᠴᠠᠬᠢᠯᠭᠠᠨ ᠤ ᠦᠨ᠎ᠡ ᠶᠢ ᠬᠡᠷᠡᠭᠵᠢᠭᠦᠯᠵᠦ ᠪᠣᠯᠤᠨ᠎ᠠ᠃  ︽ᠣᠯᠠᠩᠬᠢ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠰᠥᠨᠢ ᠪᠠᠷ ᠴᠠᠬᠢᠯᠭᠠᠨ ᠴᠡᠨᠡᠭᠯᠡᠬᠦ ᠴᠢᠬᠤᠯᠠᠲᠠᠶ᠂ ᠭᠡᠪᠡᠴᠦ ᠬᠡᠰᠡᠭ ᠬᠤᠲᠠ ᠶᠢᠨ ᠨᠡᠶᠢᠲᠡ ᠶᠢᠨ ᠮᠠᠰᠢᠨ ᠲᠡᠷᠭᠡ ᠴᠤ ᠲᠡᠷᠭᠡᠨ ᠤ ᠳ᠋ᠢᠶᠠᠨ ᡂᠢ ᠶᠢᠨ ᠵᠠᠷᠤᠴᠠᠭᠤᠯᠭ᠎ᠠ ᠵᠡᠷᠭᠡ ᠰᠢᠯᠲᠠᠭᠠᠨ ᠠᠴᠠ ᠪᠣᠯᠵᠣ ᠡᠳᠦᠷ ᠢᠶᠠᠷ ᠴᠠᠬᠢᠯᠭᠠᠨ ᠴᠡᠨᠡᠭᠯᠡᠬᠦ ᠶᠢ ᠰᠣᠩᠭᠤᠨ᠎ᠠ᠃ ᠡᠳᠦᠷ ᠲᠤᠲᠤᠮ ᠤᠨ ᠳᠣᠤᠷ᠎ᠠ ᠴᠠᠬᠢᠯᠭᠠᠨ ᠤ ᠦᠨ᠎ᠡ ᠶᠢ ᠬᠡᠷᠡᠭᠵᠢᠭᠦᠯᠬᠦ ᠨᠢ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢ ᠪᠠᠲᠤᠯᠠᠬᠤ ᠳᠤ ᠨᠠᠩ ᠠᠰᠢᠭᠲᠠᠶ ᠪᠣᠯᠤᠨ᠎ᠠ︾ ᠭᠡᠵᠦ ᠴᠧᠨ ᠰᠢᠶᠤᠤ ᠭᠠᠩ ᠬᠡᠯᠡᠪᠡ᠃  ᠠᠵᠢᠯᠯᠠᠵᠤ ᠪᠠᠶᠢᠭ᠎ᠠ ᠬᠥᠮᠦᠰ ᠤᠨ ᠴᠠᠯᠢᠩ ᠣᠯᠭᠤᠮᠵᠢ ᠶᠢ ᠪᠠᠲᠤᠯᠠᠬᠤ ᠲᠠᠯ᠎ᠠ ᠪᠠᠷ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠴᠠᠯᠢᠩ ᠢ ᠴᠠᠭ ᠲᠤᠨᠢ ᠭᠦᠢᠴᠡᠳ ᠲᠤᠭ᠎ᠠ ᠪᠠᠷ ᠲᠠᠯᠪᠢᠬᠤ᠂ ᠨᠡᠶᠢᠭᠡᠮ ᠤᠨ ᠳᠠᠭᠠᠳᠬᠠᠯ ᠢ ᠲᠤᠰᠢᠶᠠᠬᠤ ᠶᠢ ᠰᠢᠮᠳᠠᠭᠤᠯᠵᠤ᠂ ᠲᠤᠬᠠᠶ ᠶᠢᠨ ᠭᠠᠵᠠᠷ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ ᠳᠣᠤᠷ᠎ᠠ ᠪᠠᠶᠢᠯᠭᠠᠬᠤ ᠦᠭᠡᠶ ᠪᠠᠷ ᠵᠢᠯᠣᠭᠤᠴᠢ ᠶᠢᠨ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠣᠭᠲᠠᠭᠠᠬᠤ ᠬᠡᠷᠡᠭᠲᠡᠶ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠤ ᠨᠥᠬᠦᠴᠡᠯ ᠳᠤ ᠨᠡᠶᠢᠴᠡᠬᠦ ᠳᠡᠭᠡᠳᠦ ᠮᠡᠷᠭᠡᠰᠢᠯᠳᠦ ᠴᠢᠳᠠᠪᠤᠷᠢᠲᠠᠨ ᠳᠤ ᠠᠵᠢᠯ ᠤᠨ ᠪᠠᠶᠢᠷᠢ ᠶᠢᠨ ᠨᠥᠬᠦᠪᠥᠷᠢ ᠣᠯᠭᠤᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠰᠠᠨᠠᠯ ᠵᠢᠭᠠᠵᠤ ᠭᠠᠷᠭᠠᠵᠠᠢ᠃  ︽ᠵᠢᠯᠣᠭᠤᠴᠢ ᠵᠡᠷᠭᠡ ᠨᠡᠶᠢᠲᠡ ᠶᠢᠨ ᠮᠠᠰᠢᠨ ᠲᠡᠷᠭᠡᠨ ᠤ ᠠᠵᠢᠯ ᠲᠥᠷᠥᠯ ᠤᠨ ᠠᠵᠢᠯᠲᠠᠳ ᠪᠣᠯ ᠠᠶᠠᠨᠴᠢᠳ ᠤᠨ ᠡᠮᠦᠨ᠎ᠡ ᠹᠷᠣᠨᠲ ᠤᠨ ᠬᠥᠮᠦᠰ ᠲᠤ ᠬᠠᠮᠤᠭ ᠤᠨ ᠰᠢᠭᠤᠳ ᠬᠠᠨᠳᠤᠵᠤ᠂ ᠲᠡᠳᠡᠨ ᠤ ᠬᠠᠷᠠᠭᠠᠯᠵᠠᠯ ᠢ ᠳᠡᠭᠡᠭᠰᠢᠯᠡᠭᠦᠯᠦᠨ᠂ ᠲᠡᠳᠡᠨ ᠳᠤ ᠨᠠᠩ ᠣᠯᠠᠨ ᠠᠰᠠᠷᠠᠮᠵᠢ ᠶᠢᠨ ᠪᠠᠲᠤᠯᠠᠭ᠎ᠠ ᠣᠯᠭᠤᠵᠤ᠂ ᠲᠡᠳᠡᠨ ᠤ ᠢᠳᠡᠪᠬᠢᠵᠢᠯ ᠢ ᠨᠠᠩ ᠰᠠᠶᠢᠨ ᠳᠡᠭᠡᠭᠰᠢᠯᠡᠭᠦᠯᠵᠦ ᠴᠢᠳᠠᠨ᠎ᠠ︾ ᠭᠡᠵᠦ ᠵᠠᠮ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠤᠶᠠᠳᠤᠭᠠᠷ ᠳᠡᠰ ᠤᠨ ᠰᠤᠳᠤᠯᠤᠭᠴᠢ ᠾᠧ ᠶᠦᠩ ᠬᠡᠯᠡᠪᠡ᠃  ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ ᠯᠦᠩ ᠬᠠᠶ ᠪᠥᠸᠧ᠂ ᠲᠣᠰ ᠤᠳᠠᠭᠠᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯ ᠬᠠᠨᠳᠤᠯᠭᠠᠲᠤ ᠴᠢᠨᠠᠷᠲᠠᠶ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠨᠡᠶᠢᠲᠡ ᠶᠢᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠳᠤ ᠠᠰᠢᠭᠲᠠᠶ ᠪᠠᠶᠢᠵᠤ᠂ ᠨᠡᠶᠢᠭᠡᠮ ᠨᠡᠶᠢᠲᠡ ᠳᠤ ᠨᠠᠩ ᠰᠠᠶᠢᠨ ᠦᠢᠯᠡᠴᠢᠯᠡᠬᠦ ᠳᠤ ᠠᠰᠢᠭᠲᠠᠶ ᠶᠤᠮ ᠭᠡᠵᠦ ᠢᠯᠡᠷᠬᠡᠶᠢᠯᠡᠪᠡ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map