ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ︽ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ | ᠳᠠᠮᠵᠢᠭᠤᠯᠤᠨ ᠲᠠᠷᠬᠠᠭᠠᠪᠠ᠃ ᠡᠭᠦᠨ ᠳᠤ ᠳᠤᠷᠠᠳᠤᠭᠰᠠᠨ ᠨᠢ᠂ ᠮᠠᠨ ᠤ ᠤᠯᠤᠰ ᠬᠤᠲᠠ ᠶᠢᠨ ᠲᠣᠭᠤᠷᠢᠭ ᠤᠨ | ᠪᠠᠶᠢᠩᠭᠤ ᠰᠠᠭᠤᠭ᠎ᠠ ᠬᠥᠮᠦᠨ ᠠᠮᠠ ᠨᠢ 100 ᠲᠦᠮᠡ ᠶᠢ ᠳᠠᠪᠠᠭᠰᠠᠨ ᠲᠣᠮᠣ ᠬᠤᠲᠠ ᠶᠢᠨ ᠳᠣᠲᠣᠷ᠎ᠠ ᠠᠴᠠ 50 | ᠣᠷᠴᠢᠮ ᠲᠤᠷᠰᠢᠯᠲᠠ ᠶᠢᠨ ᠬᠤᠲᠠ ᠶᠢ ᠰᠣᠩᠭᠤᠨ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠲᠤᠷᠰᠢᠯᠲᠠ ᠶᠢᠨ ᠬᠤᠲᠠ | ᠨᠢᠭᠡᠪᠦᠷᠢ ᠨᠢ ᠪᠠᠷᠤᠭ 100 ᠨᠡᠶᠢᠭᠡᠮ ᠲᠣᠭᠤᠷᠢᠭ ᠢ ᠰᠣᠩᠭᠤᠨ᠎ᠠ᠃ 2027 ᠣᠨ ᠪᠣᠯᠬᠤ ᠳᠤ᠂ ᠲᠤᠷᠰᠢᠯᠲᠠ ᠶᠢᠨ | ᠴᠡᠭ ᠤᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠪᠠ ᠪᠦᠲᠦᠮᠵᠢᠲᠡᠶ ᠪᠥᠲᠥᠭᠡᠨ ᠪᠠᠶᠢᠭᠤᠯᠤᠯᠲᠠ ᠶᠢᠨ | ᠵᠠᠭᠪᠤᠷ ᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠤᠰᠤᠳ ᠡᠯ᠎ᠡ ᠲᠥᠷᠥᠯ ᠤᠨ ᠬᠤᠲᠠ ᠪᠠ ᠨᠠᠩ ᠣᠯᠠᠨ ᠨᠡᠶᠢᠭᠡᠮ | ᠲᠣᠭᠤᠷᠢᠭ ᠲᠤ ᠯᠠᠪᠳᠠᠭᠤᠨ ᠪᠥᠭᠡᠳ ᠡᠮᠬᠢ ᠵᠢᠷᠤᠮ ᠲᠠᠢ ᠳᠡᠯᠭᠡᠷᠡᠭᠦᠯᠵᠦ᠂ ᠰᠠᠭᠤᠭᠠᠯᠢ ᠠᠷᠠᠳ ᠤᠨ ᠣᠶᠢᠷ᠎ᠠ | ᠬᠠᠪᠢ ᠳᠤ ᠪᠠᠨ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠣᠯᠠᠨ ᠨᠡᠶᠢᠲᠡ ᠶᠢᠨ ᠦᠢᠯᠡᠴᠢᠯᠡᠭᠡ ᠭᠥᠷᠳᠡᠬᠦ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠭᠡᠳᠡᠭ ᠨᠢ | ᠨᠡᠶᠢᠭᠡᠮ ᠲᠣᠭᠤᠷᠢᠭ ︵ᠵᠢᠵᠢᠭ ᠲᠣᠭᠤᠷᠢᠭ︶ ᠢᠶᠠᠷ ᠨᠢᠭᠡᠴᠢ ᠪᠣᠯᠭᠠᠵᠤ᠂ ᠰᠢᠨ᠎ᠡ ᠪᠠᠷ ᠪᠠᠶᠢᠭᠤᠯᠬᠤ ᠪᠤᠶᠤ | ᠥᠭᠡᠷᠡᠴᠢᠯᠡᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠤᠨ | ᠣᠯᠠᠨ ᠨᠡᠶᠢᠲᠡ ᠶᠢᠨ ᠣᠷᠣᠨ ᠵᠠᠶ ᠳᠤ ᠴᠢᠳᠠᠮᠵᠢ ᠶᠢᠨ ᠴᠢᠨᠠᠷᠲᠠᠶ ᠪᠡᠯᠡᠳᠬᠡᠮᠵᠢ ᠪᠠ ᠳᠣᠭᠢᠷᠠᠬᠤ ᠴᠢᠨᠠᠷᠲᠠᠶ | ᠦᠢᠯᠡᠴᠢᠯᠡᠭᠡ ᠶᠢ ᠰᠢᠭᠢᠳᠬᠡᠨ ᠣᠷᠣᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠰᠤᠲᠠᠨ ᠢ | ᠠᠰᠠᠷᠠᠵᠤ ᠨᠠᠶᠢᠳᠠᠨ ᠬᠥᠮᠦᠵᠢᠭᠦᠯᠬᠦ᠂ ᠨᠡᠶᠢᠭᠡᠮ ᠲᠣᠭᠤᠷᠢᠭ ᠤᠨ ᠬᠤᠭᠤᠯᠠᠯᠠᠬᠤ ᠳᠤ ᠲᠤᠰᠠᠯᠠᠬᠤ᠂ ᠬᠡᠷ ᠠᠬᠤᠶ ᠶᠢᠨ | ᠲᠥᠬᠦᠮ ᠦᠵᠡᠭᠦᠯᠬᠦ᠂ ᠡᠷᠡᠭᠦᠯ ᠮᠡᠨᠳᠦ ᠶᠢᠨ ᠦᠢᠯᠡᠴᠢᠯᠡᠭᠡ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ᠂ | ᠰᠣᠶᠣᠯ ᠰᠡᠯᠡᠭᠦᠴᠡᠯ᠂ ᠬᠡᠦᠬᠡᠳ ᠤᠨ ᠵᠤᠭᠠᠴᠠᠨ ᠠᠮᠠᠷᠠᠬᠤ ᠵᠡᠷᠭᠡ ᠨᠢᠭᠡ ᠵᠦᠢᠯ ᠪᠤᠶᠤ ᠣᠯᠠᠨ ᠵᠦᠢᠯ ᠤᠨ | ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠃ ᠣᠨᠣᠪᠴᠢᠵᠢᠭᠤᠯᠬᠤ᠂ ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ | ᠵᠠᠷᠴᠢᠮ ᠤᠨ ᠶᠣᠰᠣᠭᠠᠷ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠦᠢᠯᠡᠴᠢᠯᠡᠭᠡᠨ ᠢ ᠡᠩ ᠲᠡᠷᠢᠭᠦᠨ ᠳᠤ ᠪᠠ | ᠭᠤᠤᠯᠳᠠᠯᠭ᠎ᠠ ᠲᠠᠢ ᠬᠠᠩᠭᠠᠵᠤ᠂ ᠳᠥᠭᠦᠮ ᠳᠥᠲᠡ ᠪᠥᠭᠡᠳ ᠪᠣᠯᠤᠮᠵᠢᠲᠠᠶ᠂ ᠦᠨ᠎ᠡ ᠬᠠᠩᠰᠢ ᠳᠠᠭᠠᠭᠠᠵᠤ ᠳᠡᠶᠢᠯᠬᠦ᠂ | ᠶᠠᠰᠤ ᠴᠢᠨᠠᠷ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠵᠤ᠂ ᠪᠤᠰᠤᠳ ᠦᠢᠯᠡᠴᠢᠯᠡᠭᠡᠨ ᠢ ᠠᠯᠬᠤᠮ ᠠᠯᠬᠤᠮ ᠢᠶᠠᠷ | ᠨᠥᠬᠦᠪᠥᠷᠢᠯᠡᠨ᠎ᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ ᠬᠥᠭᠵᠢᠭᠦᠯᠦᠯᠲᠡ ᠶᠢᠨ | ᠵᠤᠷᠭᠠᠨ ᠤ ᠳᠠᠷᠤᠭ᠎ᠠ ᠯᠢᠦ ᠮᠢᠩ ᠢᠯᠡᠷᠬᠡᠶᠢᠯᠡᠬᠦ ᠳᠡᠭᠡᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ | ᠨᠡᠶᠢᠭᠡᠮ ᠲᠣᠭᠤᠷᠢᠭ ᠲᠤ ᠣᠷᠭᠠᠨᠢᠭ ᠢᠶᠠᠷ ᠰᠢᠭᠢᠳᠬᠡᠨ ᠣᠷᠣᠭᠤᠯᠵᠤ᠂ ᠣᠯᠠᠨ ᠲᠦᠮᠡᠨ ᠳᠤ ᠡᠭᠦᠳᠡᠨ ᠡᠮᠦᠨ᠎ᠡ᠂ | ᠠᠰᠠᠷ ᠤᠨ ᠳᠤᠤᠷ᠎ᠠ ᠴᠢᠨᠠᠷ ᠰᠠᠶᠢᠲᠠᠶ ᠦᠢᠯᠡᠴᠢᠯᠡᠭᠡ ᠡᠳ᠋ᠯᠡᠭᠦᠯᠪᠡᠯ᠂ ᠣᠯᠠᠨ ᠲᠦᠮᠡᠨ ᠢ ᠲᠤᠰᠴᠤ ᠬᠦᠷᠭᠡᠬᠦ᠂ ᠨᠠᠭᠠᠰᠢ | ᠴᠠᠭᠠᠰᠢ ᠭᠦᠶᠦᠯᠭᠡᠬᠦ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠨᠠᠰᠤᠲᠠᠨ ᠢ ᠠᠰᠠᠷᠠᠵᠤ ᠨᠠᠶᠢᠳᠠᠨ | ᠬᠥᠮᠦᠵᠢᠭᠦᠯᠬᠦ ᠶᠢᠨ ︽ᠬᠡᠷ ᠠᠴᠠ ᠪᠠᠨ ᠰᠠᠯᠬᠤ ᠥᠬᠡᠶ ᠨᠡᠶᠢᠭᠡᠮ ᠲᠣᠭᠤᠷᠢᠭ︾ ᠢ ᠪᠡᠶᠡᠯᠡᠭᠦᠯᠵᠦ᠂ ᠣᠯᠠᠨ | ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠠᠵᠢᠯᠯᠠᠭᠠᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ | ᠪᠣᠯᠤᠨ᠎ᠠ ᠭᠡᠵᠡᠶ᠃ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠬᠡᠷᠡᠭᠴᠡᠭᠡ ᠶᠢ ᠣᠨᠣᠪᠴᠢᠲᠠᠢ | ᠬᠠᠩᠭᠠᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ᠂ ᠲᠦᠪᠡᠭᠳᠡᠵᠦ | ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃ | ᠪᠣᠳᠠᠲᠠᠶ ᠶᠠᠭᠠᠬᠢᠵᠤ ᠪᠠᠶᠢᠭᠤᠯᠬᠤ ᠪᠣᠶ︖ ᠲᠥᠰᠦᠯ ᠳᠤ᠂ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠬᠤ ᠶᠢ | ᠤᠶᠠᠯᠳᠤᠭᠤᠯᠬᠤ ᠪᠠᠷ ᠳᠠᠮᠵᠢᠭᠤᠯᠤᠨ᠂ ᠬᠡᠪᠴᠢᠶ᠎ᠡ ᠨᠢ ᠲᠣᠬᠢᠷᠠᠮᠵᠢᠲᠠᠶ᠂ ᠬᠢᠮᠳᠠ ᠪᠥᠭᠡᠳ ᠲᠣᠬᠢᠷᠠᠮᠵᠢᠲᠠᠶ᠂ | ᠦᠢᠯᠡᠴᠢᠯᠡᠭᠡ ᠨᠢ ᠥᠨᠳᠥᠷ ᠪᠦᠲᠦᠮᠵᠢᠲᠡᠶ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ︵ᠥᠭᠡᠷᠡᠴᠢᠯᠡᠬᠦ︶ ᠴᠢᠳᠠᠮᠵᠢ ᠶᠢᠨ | ᠨᠡᠶᠢᠯᠡᠮᠡᠯ ᠬᠤᠷᠠᠮᠠᠯ ᠤᠨ ᠨᠡᠶᠢᠭᠡᠮ ᠲᠣᠭᠤᠷᠢᠭ ᠤᠨ ᠰᠢᠭᠢᠳᠬᠡᠯ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ︵ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ︶ ᠶᠢ ᠭᠤᠣᠯᠳᠠᠯᠭ᠎ᠠ ᠲᠠᠢ ᠳᠡᠯᠭᠡᠷᠡᠭᠦᠯᠬᠦ ᠪᠠ ᠡᠩ ᠲᠡᠷᠢᠭᠦᠨ ᠳᠤ | ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠲᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠲᠦᠷ | ᠨᠥᠬᠦᠴᠡᠯ ᠪᠦᠷᠢᠯᠳᠦᠭᠦᠯᠦᠭᠡᠳᠦᠶ ᠨᠡᠶᠢᠭᠡᠮ ᠲᠣᠭᠤᠷᠢᠭ ᠤᠨ ︽ᠠᠯᠠᠭᠯᠠᠬᠤ︾ ᠮᠠᠶ᠋ᠢᠭ ᠤᠨ ᠲᠠᠷᠠᠬᠠᠶ ᠪᠤᠲᠠᠷᠬᠠᠶ ᠪᠠᠷ | ᠴᠢᠳᠠᠮᠵᠢ ᠨᠢ ᠬᠠᠷᠢᠴᠠᠩᠭᠤᠶ ᠳᠠᠩ ᠴᠤᠯᠭᠤᠶ ᠪᠡᠯᠡᠳᠬᠡᠮᠵᠢ ᠶᠢ ᠪᠦᠲᠦᠭᠡᠨ ᠪᠠᠶᠢᠭᠤᠯᠵᠤ ᠪᠣᠯᠤᠨ᠎ᠠ᠃ ᠡᠯ᠎ᠡ | ᠭᠠᠵᠠᠷ ᠤᠨ ᠬᠢᠨ ᠠᠳᠠᠯᠢ ᠪᠤᠰᠤ ᠬᠤᠲᠠ ᠶᠢᠨ ᠲᠥᠷᠥᠯ ᠬᠡᠯᠪᠡᠷᠢ ᠪᠠ ᠨᠡᠶᠢᠭᠡᠮ ᠲᠣᠭᠤᠷᠢᠭ ᠤᠨ ᠣᠨᠴᠠᠯᠢᠭ ᠢ | ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠪᠠᠶᠢᠭᠤᠯᠬᠤ ᠳᠤ ᠳᠣᠭᠢᠷᠠᠪᠠᠯ | ᠪᠠᠶᠢᠭᠤᠯᠵᠤ᠂ ᠥᠭᠡᠷᠡᠴᠢᠯᠡᠬᠦ ᠳᠤ ᠳᠣᠭᠢᠷᠠᠪᠠᠯ ᠥᠭᠡᠷᠡᠴᠢᠯᠡᠵᠦ᠂ ᠬᠤᠲᠠ ᠪᠠᠷ ᠨᠢᠭᠡᠴᠢ ᠪᠣᠯᠭᠠᠨ ᠪᠦᠬᠦᠯᠢ | ᠴᠣᠭᠴᠠ ᠪᠠᠷ ᠲᠥᠯᠥᠪᠵᠢᠭᠦᠯᠵᠦ᠂ ᠵᠡᠭᠡᠯᠢ ᠭᠤᠳᠤᠮᠵᠢ ᠪᠤᠶᠤ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ | ᠠᠬᠢᠭᠤᠯᠬᠤ ᠬᠡᠷᠡᠭᠲᠡᠶ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ | ᠡᠨᠧᠷᠭᠢ ᠠᠷᠪᠢᠯᠠᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠡᠳ᠋ ᠳᠠᠷᠤᠭ᠎ᠠ ᠵᠠᠩ ᠶᠠᠨ | ᠢᠯᠡᠷᠬᠡᠶᠢᠯᠡᠬᠦ ᠳᠡᠭᠡᠨ᠂ 2024 ᠣᠨ ᠠᠴᠠ ᠡᠬᠢᠯᠡᠨ ᠲᠤᠰᠬᠠᠶ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ | ᠬᠤᠲᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠶ | ᠵᠣᠬᠢᠰᠲᠠᠶ ᠪᠠᠶᠢᠷᠢᠯᠠᠭᠤᠯᠬᠤ᠂ ᠣᠨᠣᠪᠴᠢᠲᠠᠶ ᠰᠢᠭᠢᠳᠬᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠨᠢᠭᠡᠨᠲᠡ | ᠪᠠᠶᠢᠭᠤᠯᠤᠭᠰᠠᠨ ᠪᠠᠷᠢᠯᠭ᠎ᠠ ᠶᠢ ᠰᠢᠨᠡᠳᠬᠡᠨ ᠥᠭᠡᠷᠡᠴᠢᠯᠡᠬᠦ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ | ᠲᠣᠭᠤᠷᠢᠭ ᠢ ᠰᠢᠨᠡᠳᠬᠡᠨ ᠥᠭᠡᠷᠡᠴᠢᠯᠡᠬᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ | ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠬᠤ ᠵᠡᠷᠭᠡ ᠨᠢ ᠴᠥᠮ ᠨᠡᠶᠢᠭᠡᠮ | ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠠᠴᠢᠶᠠᠯᠠᠪᠤᠷᠢ ᠪᠣᠯᠤᠨ᠎ᠠ᠃ | ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠳᠡᠳ᠋ | ᠳᠠᠷᠤᠭ᠎ᠠ ᠯᠢ ᠶᠦᠩ ᠰᠢᠨ ᠢᠯᠡᠷᠬᠡᠶᠢᠯᠡᠬᠦ ᠳᠡᠭᠡᠨ᠂ ᠬᠡᠷ ᠲᠡᠭᠡᠨ ᠰᠠᠭᠤᠵᠤ ᠪᠠᠶᠢᠭ᠎ᠠ ᠬᠥᠮᠦᠰ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠨᠡᠶᠢᠭᠡᠮ ᠲᠣᠭᠤᠷᠢᠭ ᠤᠨ ᠰᠢᠭᠢᠳᠬᠡᠯ | ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠳᠤ | ᠣᠷᠭᠠᠨᠢᠭ ᠢᠶᠠᠷ ᠠᠭᠤᠰᠬᠠᠨ ᠣᠷᠣᠭᠤᠯᠬᠤ ᠪᠣᠯ ᠬᠡᠷ ᠲᠡᠭᠡᠨ ᠰᠠᠭᠤᠵᠤ ᠪᠠᠶᠢᠭ᠎ᠠ ᠬᠥᠮᠦᠰ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠬᠦᠴᠦᠲᠡᠶ ᠠᠷᠭ᠎ᠠ | ᠬᠡᠮᠵᠢᠶ᠎ᠡ ᠮᠥᠨ᠂ ᠡᠨᠡ ᠨᠢ ᠬᠡᠷ ᠲᠡᠭᠡᠨ ᠰᠠᠭᠤᠵᠤ ᠪᠠᠶᠢᠭ᠎ᠠ ᠬᠥᠮᠦᠰ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠨᠠᠰᠤᠲᠠᠶᠢᠴᠤᠳ ᠤᠨ ᠳᠡᠷᠭᠡᠳᠡ ᠲᠦᠷᠭᠡᠨ ᠬᠦᠷᠭᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠡᠶ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠦᠨ ᠠᠮᠠ ᠶᠢᠨ ᠬᠡᠷ ᠪᠦᠯᠢ ᠶᠢᠨ | ᠵᠤᠷᠭᠠᠨ ᠤ ᠳᠡᠳ᠋ ᠳᠠᠷᠤᠭ᠎ᠠ ᠰᠢᠤᠢ ᠶᠦᠩ ᠵᠢᠶᠦ᠋ᠨ ᠢᠯᠡᠷᠬᠡᠶᠢᠯᠡᠬᠦ ᠳᠡᠭᠡᠨ᠂ ᠨᠡᠶᠢᠭᠡᠮ ᠲᠣᠭᠤᠷᠢᠭ ᠲᠤ ᠲᠦᠰᠢᠭᠯᠡᠨ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠬᠦ ᠨᠢ ᠥᠪᠡᠷᠮᠢᠴᠡ | ᠳᠠᠪᠠᠭᠤᠯᠢᠭ ᠲᠠᠢ ᠶᠤᠮ᠄ ᠨᠢᠭᠡ ᠳᠤ᠂ ᠣᠶᠢᠷ᠎ᠠ ᠬᠠᠪᠢ ᠳᠤᠨᠢ ᠬᠦᠷᠭᠡᠵᠦ ᠥᠭᠬᠦ ᠬᠠᠷᠠᠯᠲᠠ ᠶᠢ ᠪᠡᠶᠡᠯᠡᠭᠦᠯᠵᠦ | ᠪᠣᠯᠤᠨ᠎ᠠ᠂ ᠢᠯᠠᠩᠭᠤᠶ᠎ᠠ ᠣᠷᠣᠰᠢᠨ ᠰᠠᠭᠤᠬᠤ ᠬᠡᠯᠪᠡᠷᠢ ᠶᠢᠨ ᠨᠡᠶᠢᠭᠡᠮ ᠲᠣᠭᠤᠷᠢᠭ ᠨᠢ ᠬᠡᠷ ᠪᠦᠯᠢ ᠶᠢᠨ ᠠᠮᠢᠳᠤᠷᠠᠯ ᠤᠨ | ᠣᠷᠴᠢᠨ ᠲᠣᠭᠤᠷᠢᠨ ᠲᠠᠢ ᠠᠳᠠᠯᠢ ᠪᠠᠶᠢᠵᠤ᠂ ᠨᠢᠯᠬ᠎ᠠ ᠬᠡᠦᠬᠡᠳ ᠤᠨ ᠦᠰᠦᠨ ᠪᠤᠶᠢᠵᠢᠯᠲᠠ ᠳᠤ ᠲᠥᠬᠦᠮ | ᠦᠵᠡᠭᠦᠯᠦᠨ᠎ᠡ︔ ᠬᠤᠶᠠᠷ ᠲᠤ᠂ ᠨᠡᠶᠢᠭᠡᠮ ᠲᠣᠭᠤᠷᠢᠭ ᠤᠨ ᠢᠵᠢ ᠪᠥᠷᠢᠳᠦᠭᠦᠯᠬᠦ ᠳᠤ ᠬᠡᠷᠡᠭᠯᠡᠬᠦ ᠬᠡᠷ ᠪᠠᠶᠢᠰᠢᠩ᠂ | ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠢ ᠠᠰᠢᠭᠯᠠᠨ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ | ᠪᠣᠯᠭᠠᠵᠤ ᠪᠠᠶᠢᠭᠠᠳ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠠᠩᠭᠠᠨ | ᠬᠡᠷᠡᠭᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠴᠢᠯᠡᠭᠡᠨ ᠤ ᠦᠨ᠎ᠡ ᠬᠠᠩᠰᠢ ᠶᠢ | ᠪᠠᠭᠤᠷᠠᠭᠤᠯᠵᠤ᠂ ᠨᠡᠶᠢᠳᠡᠮ ᠠᠰᠢᠭ ᠬᠦᠷᠲᠡᠭᠡᠬᠦ ᠬᠠᠷᠠᠯᠲᠠ ᠶᠢ ᠪᠡᠶᠡᠯᠡᠭᠦᠯᠵᠦ ᠪᠣᠯᠤᠨ᠎ᠠ︔ ᠭᠤᠷᠪᠠ ᠳᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠠᠳᠠᠯ ᠠᠬᠤᠶ᠂ ᠨᠡᠶᠢᠭᠡᠮ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠵᠡᠷᠭᠡ ᠨᠡᠶᠢᠭᠡᠮ ᠤᠨ ᠬᠦᠴᠦᠨ ᠤ ᠳᠠᠪᠠᠭᠤᠯᠢᠭ ᠢ ᠪᠠᠳᠠᠷᠠᠭᠤᠯᠵᠤ᠂ ᠦᠢᠯᠡᠴᠢᠯᠡᠭᠡᠨ ᠤ | ᠠᠭᠤᠯᠭ᠎ᠠ ᠶᠢ ᠪᠠᠶᠠᠯᠢᠭᠵᠢᠭᠤᠯᠵᠤ ᠪᠣᠯᠤᠨ᠎ᠠ᠃ | |