ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠥᠷᠢᠰᠥᠯᠳᠦᠭᠡᠨ ᠤ ᠴᠢᠨᠠᠷᠲᠠᠶ ᠵᠥᠪᠳᠡᠯᠴᠡᠬᠦ ᠠᠷᠭ᠎ᠠ ᠮᠠᠶ᠋ᠢᠭ ᠢᠶᠠᠷ ︽ᠶᠡᠭᠡ ᠲᠦ᠋ ᠮᠧᠨ ᠮᠦᠷᠡᠨ ᠰᠠᠪᠠ ᠣᠷᠣᠨ ᠤ ᠰᠠᠨᠠᠭᠠᠴᠢᠯᠠᠭ᠎ᠠ︾ ᠶᠢᠨ ᠵᠡᠭᠦᠨ ᠬᠤᠶᠢᠲᠤ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭᠠᠨ ᠤ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠤᠨ ᠬᠠᠮᠢᠶ᠎ᠠ ᠪᠥᠬᠦᠶ ᠬᠤᠷᠠᠯ ᠤᠨ ᠦᠢᠯᠡᠴᠢᠯᠡᠭᠡ ᠶᠢ ᠬᠤᠳᠠᠯᠳᠤᠨ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2023/7/19
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠥᠷᠢᠰᠥᠯᠳᠦᠭᠡᠨ ᠤ ᠴᠢᠨᠠᠷᠲᠠᠶ ᠵᠥᠪᠳᠡᠯᠴᠡᠬᠦ ᠠᠷᠭ᠎ᠠ ᠮᠠᠶ᠋ᠢᠭ ᠢᠶᠠᠷ ︽ᠶᠡᠭᠡ ᠲᠦ᠋ ᠮᠧᠨ ᠮᠦᠷᠡᠨ ᠰᠠᠪᠠ ᠣᠷᠣᠨ ᠤ ᠰᠠᠨᠠᠭᠠᠴᠢᠯᠠᠭ᠎ᠠ︾ ᠵᠡᠭᠦᠨ ᠬᠤᠶᠢᠲᠤ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭᠠᠨ ᠤ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠤᠨ ᠬᠠᠮᠢᠶ᠎ᠠ ᠪᠥᠬᠦᠶ ᠬᠤᠷᠠᠯ ᠤᠨ ᠦᠢᠯᠡᠴᠢᠯᠡᠭᠡ ᠶᠢ ᠬᠤᠳᠠᠯᠳᠤᠨ ᠠᠪᠴᠤ᠂ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠤ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃  ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ  ᠲᠥᠷᠦᠯ ᠵᠦᠢᠯ ᠤᠨ ᠨᠡᠷᠡᠶᠢᠳᠦᠯ  ︽ᠶᠡᠭᠡ ᠲᠦ᠋ ᠮᠧᠨ ᠮᠦᠷᠡᠨ ᠰᠠᠪᠠ ᠣᠷᠣᠨ ᠤ ᠰᠠᠨᠠᠭᠠᠴᠢᠯᠠᠭ᠎ᠠ︾ ᠵᠡᠭᠦᠨ ᠬᠤᠶᠢᠲᠤ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭᠠᠨ ᠤ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠤᠨ ᠬᠤᠯᠪᠣᠭᠳᠠᠯ ᠪᠦᠬᠦᠢ ᠬᠤᠷᠠᠯ ᠳᠤ ᠦᠢᠯᠡᠴᠢᠯᠡᠨ᠎ᠡ  ᠬᠡᠷᠡᠭᠴᠡᠭᠡ ᠱᠠᠭᠠᠷᠳᠠᠯᠭ᠎ᠠ  ᠨᠢᠭᠡ᠂ ᠬᠡᠷᠡᠭᠴᠡᠭᠡ ᠱᠠᠭᠠᠷᠳᠠᠯᠭ᠎ᠠ᠄  ᠭᠤᠷᠪᠠᠳᠠᠬᠢ ᠡᠲᠡᠭᠡᠳ ᠲᠤ ᠨᠠᠶᠢᠳᠠᠵᠤ ︽ᠶᠡᠭᠡ ᠲᠦ᠋ ᠮᠧᠨ ᠮᠦᠷᠡᠨ ᠰᠠᠪᠠ ᠣᠷᠣᠨ ᠤ ᠰᠠᠨᠠᠭᠠᠴᠢᠯᠠᠭ᠎ᠠ︾ ᠵᠡᠭᠦᠨ ᠬᠤᠶᠢᠲᠤ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭᠠᠨ ᠤ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠤᠨ ᠬᠠᠮᠢᠶ᠎ᠠ ᠪᠦᠬᠦᠢ ᠬᠤᠷᠠᠯ ᠤᠨ ᠦᠢᠯᠡᠴᠢᠯᠡᠭᠡ ᠶᠢ ᠰᠠᠶᠢᠲᠤᠷ ᠭᠦᠢᠴᠡᠳᠬᠡᠨ᠎ᠡ  ᠬᠤᠶᠠᠷ᠂ ᠴᠠᠭ᠄ 9 ᠳ᠋ᠦ᠋ᠭᠡᠷ ᠰᠠᠷ᠎ᠠ ᠶᠢᠨ 6 ᠤ ᠡᠳᠦᠷ ᠠᠴᠠ 9 ᠳ᠋ᠦ᠋ᠭᠡᠷ ᠰᠠᠷ᠎ᠠ ᠶᠢᠨ 9 ᠤ ᠡᠳᠦᠷ  ᠭᠤᠷᠪᠠ᠂ ᠬᠢᠷᠢ ᠬᠡᠮ ᠤᠨ ᠱᠠᠭᠠᠷᠳᠠᠯᠭ᠎ᠠ᠄  1. ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ︔  2. ᠬᠤᠳᠠᠯᠳᠤᠭᠠᠨ ᠤ ᠰᠠᠶᠢᠨ ᠢᠲᠡᠭᠡᠮᠵᠢ ᠲᠠᠢ ᠪᠦᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠳᠦᠷᠢᠮ ᠲᠠᠢ ᠪᠠᠶᠢᠬᠤ ᠬᠡᠷᠡᠭᠲᠡᠢ︔  3. ᠭᠡᠷ᠎ᠡ ᠶᠢ ᠭᠦᠢᠴᠡᠳᠬᠡᠬᠦ ᠳᠤ ᠴᠢᠬᠤᠯᠠ ᠪᠦᠬᠦᠢ ᠨᠥᠬᠦᠴᠡᠯ ᠪᠠ ᠲᠤᠰᠬᠠᠶ ᠮᠡᠷᠭᠡᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ︔  4. ᠬᠠᠤᠯᠢ ᠶᠣᠰᠣᠭᠠᠷ ᠭᠠᠶᠢᠯᠢ ᠲᠤᠰᠢᠶᠠᠬᠤ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠰᠠᠶᠢᠨ ᠲᠡᠮᠳᠡᠭᠯᠡᠯ ᠪᠠᠶᠢᠬᠤ ᠬᠡᠷᠡᠭᠲᠡᠢ︔      5. ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠦᠭᠡᠢ ᠪᠠᠶᠢᠬᠤ ᠬᠡᠷᠡᠭᠲᠡᠢ︔    6. ᠬᠠᠮᠢᠶ᠎ᠠ ᠪᠥᠬᠦᠶ ᠬᠤᠷᠠᠯ ᠢ ᠳᠠᠭᠠᠭᠠᠨ ᠭᠦᠢᠴᠡᠳᠬᠡᠭᠰᠡᠨ ᠲᠤᠷᠰᠢᠯᠭ᠎ᠠ ᠲᠠᠢ ᠪᠠᠶᠢᠬᠤ ᠬᠡᠷᠡᠭᠲᠡᠢ᠃  ᠲᠥᠰᠥᠪ ᠤᠨ ᠵᠣᠭᠤᠰ ᠤᠨ ᠲᠤᠭ᠎ᠠ  10 ᠲᠦᠮᠡᠨ ᠲᠦᠭᠦᠷᠢᠭ  ᠬᠤᠶᠠᠷ᠂ ᠵᠥᠪᠳᠡᠯᠴᠡᠬᠦ ᠵᠠᠷᠴᠢᠮ  ᠥᠷᠢᠰᠦᠯᠳᠦᠭᠡᠨ ᠤ ᠴᠢᠨᠠᠷᠲᠠᠢ ᠵᠥᠪᠳᠡᠯᠴᠡᠭᠡ ᠨᠢ ᠡᠷᠬᠡ ᠲᠡᠭᠰᠢ᠂ ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠣᠯᠤᠨ ᠰᠢᠯᠢᠳᠡᠭ ᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ᠃ ᠨᠡᠷ᠎ᠡ ᠮᠡᠳᠡᠭᠦᠯᠬᠦ ᠳᠡᠭᠡᠨ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠴᠢ ᠣᠯᠵᠤ ᠮᠡᠳᠡᠮᠡᠭᠴᠡ ᠬᠢᠷᠢ ᠬᠡᠮ ᠢ ᠨᠢ ᠬᠠᠰᠤᠭᠠᠳ ᠪᠠᠰᠠ ᠮᠠᠨ ᠤ ᠪᠤᠰᠤᠳ ᠠᠯᠢᠪᠠ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ ᠠᠵᠤ ᠠᠬᠤᠶᠢᠯᠠᠯ ᠤᠨ ᠲᠣᠭᠲᠠᠭᠠᠯ ᠢ ᠵᠥᠷᠢᠴᠡᠭᠰᠡᠨ ᠪᠠᠶᠢᠳᠠᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠵᠦ ᠪᠣᠯᠣᠨ᠎ᠠ᠃  ᠭᠤᠷᠪᠠ᠂ ᠵᠥᠪᠳᠡᠯᠴᠡᠬᠦ ᠠᠷᠭ᠎ᠠ  ᠮᠠᠨ ᠤ ᠨᠢᠭᠡᠴᠢ ᠬᠤᠳᠠᠯᠳᠤᠨ ᠠᠪᠬᠤ ᠳᠤᠭᠤᠶᠢᠯᠠᠩ ᠪᠠᠶᠢᠭᠤᠯᠵᠤ ᠲᠣᠰ ᠤᠳᠠᠭᠠᠨ ᠤ ᠬᠤᠳᠠᠯᠳᠤᠨ ᠠᠪᠬᠤ ᠠᠵᠢᠯ ᠢ ᠬᠠᠷᠢᠭᠤᠴᠠᠭᠤᠯᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠵᠥᠪᠳᠡᠯᠴᠡᠭᠡ ︵ᠳᠠᠭᠠᠬᠤ︶ ᠪᠢᠴᠢᠭ ᠮᠠᠲ᠋ᠧᠷᠢᠶᠠᠯ ᠢ ᠮᠠᠨ ᠤ ᠠᠯᠪᠠᠨ ᠬᠡᠷ ᠤᠨ ᠥᠷᠢᠰᠥᠯᠳᠦᠭᠡᠨ ᠤ ᠴᠢᠨᠠᠷᠲᠠᠶ ᠵᠥᠪᠳᠡᠯᠴᠡᠭᠡ ᠦᠨᠡᠯᠡᠯᠲᠡ ᠶᠢᠨ ᠨᠠᠷᠢᠨ ᠲᠦᠷᠢᠮ ᠤᠨ ᠶᠣᠰᠣᠭᠠᠷ ᠶᠡᠷᠦᠩᠬᠡᠶᠢᠯᠡᠨ ᠦᠨᠡᠯᠡᠨ ᠲᠣᠭᠲᠠᠭᠠᠵᠤ᠂ ᠡᠴᠦᠰ ᠲᠡᠭᠡᠨ ᠨᠢᠭᠡ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠨ ᠲᠣᠭᠲᠠᠭᠠᠨ᠎ᠠ᠃  ᠳᠥᠷᠪᠡ᠂ ᠵᠥᠪᠳᠡᠯᠴᠡᠭᠡ ︵ᠳᠠᠭᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠬᠤ ᠬᠢᠵᠠᠭᠠᠷᠯᠠᠬᠤ ᠴᠠᠭ  2023 ᠣᠨ ᠤ 7 ᠳ᠋ᠤᠭᠠᠷ ᠰᠠᠷ᠎ᠠ ᠶᠢᠨ 18 ᠤ ᠡᠳᠦᠷ ᠠᠴᠠ 2023 ᠣᠨ ᠤ 7 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ᠂ ᠠᠵᠢᠯ ᠤᠨ ᠡᠳᠦᠷ ᠪᠦᠷᠢ ᠶᠢᠨ ᠦᠳᠡ ᠶᠢᠨ ᠡᠮᠦᠨᠡᠬᠢ 9᠄ 30—11᠄ 30᠂ ᠦᠳᠡ ᠶᠢᠨ ᠬᠤᠶᠢᠨᠠᠬᠢ 2᠄ 30—4᠄ 30 ᠠᠴᠠ ᠮᠠᠨ ᠤ ᠨᠢᠭᠡᠴᠢ ᠶᠢᠨ 427 ᠠᠯᠪᠠᠨ ᠬᠡᠷ ᠲᠤ ᠨᠡᠷ᠎ᠡ ᠮᠡᠳᠡᠭᠦᠯᠦᠭᠰᠡᠨ ᠮᠠᠲ᠋ᠧᠷᠢᠶᠠᠯ ᠪᠣᠯᠣᠨ ᠵᠥᠪᠳᠡᠯᠴᠡᠭᠡ ︵ᠳᠠᠭᠠᠬᠤ︶ ᠪᠢᠴᠢᠭ ᠮᠠᠲ᠋ᠧᠷᠢᠶᠠᠯ ᠢᠶᠠᠨ ᠲᠤᠰᠢᠶᠠᠨ᠎ᠠ᠃ ᠵᠥᠪᠬᠡᠨ ᠬᠠᠮᠢᠶ᠎ᠠ ᠪᠦᠬᠦᠢ ᠬᠢᠷᠢ ᠭᠡᠮ ᠲᠠᠢ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠶᠢ ᠬᠦᠯᠢᠶᠡᠵᠦ᠂ ᠬᠤᠪᠢ ᠬᠥᠮᠦᠨ ᠤ ᠨᠡᠷ᠎ᠡ ᠮᠡᠳᠡᠭᠦᠯᠬᠦ ᠶᠢ ᠬᠦᠯᠢᠶᠡᠨ ᠠᠪᠬᠤ ᠦᠭᠡᠶ᠃  ᠵᠥᠪᠳᠡᠯᠴᠡᠭᠡ ︵ᠳᠠᠭᠠᠬᠤ︶ ᠪᠢᠴᠢᠭ ᠮᠠᠲ᠋ᠧᠷᠢᠶᠠᠯ ᠢ ᠲᠤᠰᠢᠶᠠᠬᠤ ᠴᠠᠭ᠄ 2023 ᠣᠨ ᠤ 7 ᠳ᠋ᠤᠭᠠᠷ ᠰᠠᠷ᠎ᠠ ᠶᠢᠨ 21 ᠤ ᠡᠳᠦᠷ ᠤᠨ 17᠄ 00᠃  ᠲᠠᠪᠤ᠂ ᠨᠡᠷ᠎ᠡ ᠮᠡᠳᠡᠭᠦᠯᠬᠦ ᠳᠤ ᠳᠣᠤᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄  1. ᠨᠡᠷ᠎ᠡ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ ᠢ ᠬᠠᠩᠭᠠᠬᠤ ᠬᠡᠷᠡᠭᠲᠡᠢ︔  2. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠭᠠᠷ ᠤᠨ ᠦᠰᠦᠭ ᠵᠢᠷᠤᠵᠤ᠂ ᠠᠵᠤ ᠠᠬᠤᠶᠢᠯᠠᠯ ᠤᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠬᠠᠭᠠᠬᠤ ᠬᠡᠷᠡᠭᠲᠡᠢ︔  3. ᠤᠯᠤᠰ ᠤᠨ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠤᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠪᠦᠭᠡᠳ ᠬᠦᠴᠦᠨ ᠲᠠᠢ᠂ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠢ ᠬᠠᠭᠠᠬᠤ ᠬᠡᠷᠡᠭᠲᠡᠢ︔  4. ᠲᠥᠷᠥᠯ ᠵᠦᠢᠯ ᠤᠨ ᠠᠭᠤᠯᠭ᠎ᠠ ᠵᠢᠴᠢ ᠱᠠᠭᠠᠷᠳᠠᠯᠭ᠎ᠠ ᠶᠢ ᠦᠨᠳᠦᠰᠦᠯᠡᠨ ᠨᠠᠶᠢᠷᠠᠭᠤᠯᠤᠨ ᠵᠣᠬᠢᠶᠠᠭᠰᠠᠨ ᠵᠥᠪᠳᠡᠯᠴᠡᠭᠡ ︵ᠳᠠᠭᠠᠬᠤ︶ ᠪᠢᠴᠢᠭ ᠮᠠᠲ᠋ᠧᠷᠢᠶᠠᠯ ᠢ ᠬᠠᠭᠠᠬᠤ ᠬᠡᠷᠡᠭᠲᠡᠢ᠃  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ  ᠬᠤᠳᠠᠯᠳᠤᠨ ᠠᠪᠬᠤ ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ  ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ 5ᠳ᠋ᠤᠭᠠᠷ ᠲᠣᠭᠠᠲᠤ ᠠᠰᠠᠷ ᠤᠨ 4 ᠳ᠋ᠦ᠋ᠭᠡᠷ ᠠᠰᠠᠷ  ᠬᠠᠷᠢᠯᠴᠠᠬᠤ ᠬᠥᠮᠦᠨ᠄ ᠯᠢᠦ ᠲᠢᠩ 13337104517  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ2023 ᠣᠨ ᠤ 7 ᠳ᠋ᠤᠭᠠᠷ ᠰᠠᠷ᠎ᠠ ᠶᠢᠨ 13 ᠤ ᠡᠳᠦᠷ 
 
ᠢᠷᠡᠯᠲᠡ᠄ ᠪᠣᠭᠤᠮᠲᠠ ᠶᠢᠨ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map