ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽2023 ᠢ ᠡᠷᠭᠢᠨ ᠬᠠᠷᠠᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ ︵7 ᠳ᠋ᠤᠭᠠᠷ ᠲᠠᠯᠠᠪᠠᠶ — ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠰᠬᠠᠶ ᠲᠠᠯᠠᠪᠠᠶ︶
ᠨᠡᠶᠢᠲᠡᠯᠡᠭᠰᠡᠨ ᠴᠠᠭ᠄
2024/1/5
1.5新闻发布会.jpg
  2024 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽2023 ᠢ ᠡᠷᠭᠢᠨ ᠬᠠᠷᠠᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ︵7 ᠳ᠋ᠤᠭᠠᠷ ᠲᠠᠯᠠᠪᠠᠶ — ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠰᠬᠠᠶ ᠲᠠᠯᠠᠪᠠᠶ︶ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠭᠦᠸᠧ ᠵᠧᠤ ᠮᠢᠩ ᠭᠤᠤᠯ ᠰᠡᠳᠦᠪ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠭᠠᠵᠠᠷ᠂ ᠭᠠᠳᠠᠭᠠᠳᠤ ᠠᠷᠠᠯᠵᠢᠶᠠᠨ ᠤ ᠭᠠᠵᠠᠷ᠂ ᠪᠣᠭᠤᠮᠲᠠ ᠶᠢᠨ ᠠᠯᠪᠠᠨ ᠬᠡᠷ᠂ ᠭᠠᠳᠠᠭᠠᠳᠤ ᠶᠢᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃  ︽2023 ᠢ ᠡᠷᠭᠢᠨ ᠬᠠᠷᠠᠬᠤ︾ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ  ᠤᠨ ᠨᠡᠶᠢᠲᠡᠯᠡᠯ ᠤᠨ ᠦᠭᠡ  ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ  ᠭᠦᠸᠧ ᠵᠧᠤ ᠮᠢᠩ  ᠰᠤᠷᠪᠤᠯᠵᠢᠯᠠᠭᠴᠢ ᠨᠠᠶᠢᠵᠠ ᠨᠠᠷ ᠡ᠂ ᠰᠠᠶᠢᠨ ᠪᠠᠶᠢᠵᠠᠭᠠᠨ᠎ᠠ ᠦᠦ᠄  ᠥᠨᠥᠳᠦᠷ ᠦᠳᠡ ᠶᠢᠨ ᠡᠮᠦᠨᠡᠬᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠳᠠᠭᠠᠨ ᠶᠡᠭᠡ ᠪᠠᠶᠠᠷᠯᠠᠵᠤ ᠪᠠᠶᠢᠨ᠎ᠠ᠃ ᠪᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠲᠥᠯᠥᠭᠡᠯᠡᠨ ᠣᠯᠠᠨ ᠤ ᠣᠷᠳᠣ ᠬᠤᠭᠤᠴᠠᠭᠠᠨ ᠤ ᠲᠤᠷᠰᠢ ᠬᠤᠳᠠᠯᠳᠤᠭᠠᠨ ᠤ ᠶᠠᠪᠤᠳᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕  ᠥᠩᠭᠡᠷᠡᠭᠰᠡᠨ ᠨᠢᠭᠡ ᠵᠢᠯ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠦᠨ᠂ ︽ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ᠂ ᠡᠷᠡᠰ ᠰᠢᠭᠤᠷᠬᠠᠶ ᠪᠠᠷ ᠤᠷᠤᠭᠰᠢᠯᠠᠬᠤ᠂ ᠵᠡᠮ ᠨᠡᠭᠡᠭᠡᠨ ᠰᠢᠨ᠎ᠡ ᠶᠢ ᠡᠭᠦᠳᠬᠦ᠂ ᠬᠤᠳᠠᠯᠳᠤᠭᠠᠨ ᠤ ᠶᠠᠪᠤᠳᠠᠯ ᠤᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠡᠶᠡᠯᠡᠭᠦᠯᠵᠦ᠂ ᠯᠠᠪᠳᠠᠭᠤᠨ ᠮᠥᠷᠲᠡᠭᠡᠨ ᠲᠦᠷᠭᠡᠨ ᠤᠷᠤᠭᠰᠢᠯᠠᠬᠤ᠂ ᠲᠣᠭᠲᠠᠭᠤᠨ ᠢᠶᠠᠷ ᠴᠢᠨᠠᠷ ᠢ ᠳᠡᠭᠡᠭᠰᠢᠯᠡᠭᠦᠯᠬᠦ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠶᠡᠷᠦᠩᠬᠡᠢ ᠳᠤᠨᠢ ᠠᠪᠴᠤ ᠬᠡᠯᠡᠪᠡᠯ᠂ ᠪᠢᠳᠡ ᠭᠤᠣᠯᠳᠠᠭᠤ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠬᠢᠭᠰᠡᠨ ᠪᠠᠶᠢᠨ᠎ᠠ᠃  ᠨᠢᠭᠡ᠂ ᠤᠮᠠᠷᠠᠰᠢ ᠨᠡᠭᠡᠭᠡᠯᠲᠡ ᠬᠢᠬᠦ ᠶᠢ ᠯᠠᠪᠳᠠᠭᠤᠨ ᠢᠶᠠᠷ ᠠᠬᠢᠭᠤᠯᠤᠨ᠎ᠠ᠃ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ 2023 ᠣᠨ ᠤ ᠭᠤᠣᠯᠳᠠᠯᠭ᠎ᠠ ᠲᠠᠢ ᠡᠭᠦᠷᠭᠡ︾ ᠶᠢ ᠲᠣᠭᠲᠠᠭᠠᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠲᠤᠰᠬᠠᠶ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠯ᠎ᠡ ᠬᠠᠷᠢᠭᠤᠴᠠᠯᠭᠠᠲᠤ ᠨᠢᠭᠡᠴᠢ ︵ᠰᠠᠯᠠᠭ᠎ᠠ ᠮᠥᠴᠢᠷ︶ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠤᠯᠠᠷᠢᠯ ᠢᠶᠠᠷ ᠮᠡᠳᠡᠭᠡᠯᠡᠨ᠎ᠡ᠃ ᠰᠢᠮᠳᠠᠭᠤᠯᠤᠨ ᠭᠦᠢᠴᠡᠳᠭᠡᠯᠭᠡᠬᠦ ᠵᠠᠬᠢᠳᠠᠯ ᠪᠠᠭᠤᠯᠭᠠᠬᠤ᠂ ᠬᠤᠷᠠᠯ ᠢᠶᠠᠷ ᠵᠥᠪᠳᠡᠯᠴᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠬᠠᠷᠢᠭᠤᠴᠠᠯᠭᠠᠲᠤ ᠨᠢᠭᠡᠴᠢ ︵ᠰᠠᠯᠠᠭ᠎ᠠ ᠮᠥᠴᠢᠷ︶ ᠶᠢ ᠰᠢᠮᠳᠠᠭᠤᠯᠵᠤ ᠪᠠᠶᠢᠭᠠᠳ ᠠᠬᠢᠴᠠ ᠪᠠᠷ ᠤᠳᠠᠭᠠᠨ ᠵᠦᠢᠯᠡᠰ ᠢ ᠲᠦᠷᠭᠡᠳᠬᠡᠨ ᠠᠬᠢᠭᠤᠯᠬᠤ ᠬᠡᠷᠡᠭᠲᠡᠶ᠃  ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠣᠯᠬᠤ ᠠᠶᠢᠮᠠᠭ ᠬᠤᠲᠠ ᠶᠢ ᠰᠢᠯᠭᠠᠨ ᠬᠢᠨᠠᠬᠤ ᠠᠷᠭ᠎ᠠ ᠵᠢᠴᠢ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠰᠢᠯᠭᠠᠨ ᠬᠢᠨᠠᠬᠤ ᠨᠠᠷᠢᠨ ᠲᠦᠷᠢᠮ ᠢ ᠲᠣᠭᠲᠠᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ︽ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠡᠷᠭᠢᠯᠳᠦᠭᠦᠯᠦᠨ ᠬᠡᠷᠡᠭᠵᠢᠭᠦᠯᠬᠦ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃  ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠠᠢ ᠬᠠᠮᠲᠤ ᠪᠠᠷ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠣᠨᠣᠯ ᠤᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ᠂ ᠤᠯᠤᠰ ᠤᠨ ᠳᠣᠲᠣᠭᠠᠳᠤ ᠶᠢᠨ ᠳᠡᠭᠡᠳᠦ ᠲᠠᠰ ᠤᠨ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠣᠷᠣᠨ ᠤ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠳᠤ ᠰᠤᠳᠠᠯ ᠪᠠᠷᠢᠵᠤ ᠣᠨᠣᠰᠢᠯᠠᠨ᠂ ᠠᠷᠭ᠎ᠠ ᠤᠬᠠᠭᠠᠨ ᠭᠠᠷᠭᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠤᠯᠪᠣᠭᠳᠠᠯ ᠪᠥᠬᠦᠶ ᠰᠤᠳᠤᠯᠭᠠᠨ ᠤ ᠪᠠᠶᠢᠭᠤᠯᠤᠮᠵᠢ ᠳᠤ ᠨᠠᠶᠢᠳᠠᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠰᠤᠳᠤᠯᠭᠠᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ︾ ᠰᠡᠳᠦᠪ ᠢ ᠬᠠᠮᠲᠤ ᠪᠠᠷ ᠨᠠᠶᠢᠷᠠᠭᠤᠯᠤᠨ ᠵᠣᠬᠢᠶᠠᠨ᠎ᠠ᠃  ᠬᠤᠶᠠᠷ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠢᠷᠢ ᠴᠢᠳᠠᠮᠵᠢ ᠶᠢ ᠢᠯᠡᠳᠲᠡ    ᠳᠡᠭᠡᠭᠰᠢᠯᠡᠭᠦᠯᠦᠨ᠎ᠡ᠃ ᠵᠢᠯ ᠤᠨ ᠡᠬᠢᠨ ᠳᠤ᠂ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 — 2025 ᠣᠨ︶︾᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠱᠠᠩᠨᠠᠬᠤ ᠠᠷᠭ᠎ᠠ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠣᠨ ᠤ ᠠᠵᠢᠯ ᠤᠨ ᠭᠤᠤᠯ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠪᠠ᠃ ︽ᠭᠠᠷᠴᠤ ᠶᠠᠪᠤᠬᠤ︾ ᠬᠤᠳᠠᠯᠳᠤᠭᠠᠴᠢᠨ ᠤᠷᠢᠬᠤ ᠪᠠ ︽ᠤᠷᠢᠵᠤ ᠢᠷᠡᠬᠦ︾ ᠬᠤᠳᠠᠯᠳᠤᠭᠠᠴᠢᠨ ᠤᠷᠢᠬᠤ ᠶᠢ ᠢᠳᠡᠪᠬᠢᠲᠡᠶ ᠥᠷᠨᠢᠭᠦᠯᠵᠦ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ︔ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ ᠢ ᠡᠭᠦᠳᠦᠨ ᠪᠠᠶᠢᠭᠤᠯᠵᠤ᠂ ᠳᠡᠯᠡᠬᠡᠶ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠳᠡᠯᠡᠬᠡᠶ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠵᠡᠷᠭᠡ ᠴᠢᠬᠤᠯᠠ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠣᠷᠣᠯᠴᠠᠨ᠎ᠠ᠃ ᠭᠠᠳᠠᠨ᠎ᠠ ᠣᠷᠣᠨ ᠤ ᠠᠵᠤ ᠠᠬᠤᠶᠢᠯᠠᠯ ᠤᠨ ᠭᠡᠷ ᠪᠦᠯᠢ ᠶᠢ ᠡᠭᠦᠳᠦᠨ ᠪᠠᠶᠢᠭᠤᠯᠵᠤ᠂ ᠥᠪᠥᠷ ᠮᠣᠩᠭᠤᠯ ᠤᠨ ᠪᠡᠭᠡᠵᠢᠩ ᠤᠨ ᠬᠤᠳᠠᠯᠳᠤᠭᠠᠴᠢᠳ ᠤᠨ ᠡᠪᠯᠡᠯ᠂ ᠱᠠᠩᠬᠠᠶ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠡᠷᠭᠡ 33 ᠬᠤᠳᠠᠯᠳᠤᠭᠠᠴᠢᠳ ᠤᠨ ᠡᠪᠯᠡᠯ ᠢ ᠥᠪᠡᠷᠲᠡᠭᠡᠨ ᠵᠠᠰᠠᠬᠤ ᠣᠷᠣᠨ ᠤ ︽ᠬᠤᠳᠠᠯᠳᠤᠭᠠᠴᠢᠨ ᠤᠷᠢᠬᠤ ᠡᠯᠴᠢᠨ ᠰᠠᠶᠢᠳ︾ ᠢᠶᠠᠷ ᠤᠷᠢᠪᠠ᠃ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠡᠯᠬᠢᠶ᠎ᠡ ᠶᠢ ᠪᠥᠭᠡᠮᠨᠡᠷᠡᠭᠦᠯᠬᠦ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠨ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠳᠤ ᠡᠨᠧᠷᠭᠢ ᠨᠡᠮᠡᠷᠢᠯᠡᠨ᠎ᠡ᠃ 1—11 ᠳ᠋ᠦ᠋ᠭᠡᠷ ᠰᠠᠷ᠎ᠠ ᠳᠤ᠂ ᠪᠥᠬᠦ ᠣᠷᠣᠨ ᠤᠯᠤᠰ ᠤᠨ ᠳᠣᠲᠣᠭᠠᠳᠤ ᠶᠢᠨ ᠪᠣᠳᠠᠲᠠᠶ ᠪᠠᠯᠠ ᠮᠥᠩᠭᠦ ᠶᠢ 4296.1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 33.7 % ᠪᠠᠷ ᠨᠡᠮᠡᠭᠳᠡᠵᠦ᠂ ᠪᠥᠬᠦ ᠵᠢᠯ ᠤᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠵᠢᠱᠢᠯᠲᠡ ᠪᠠᠷ ᠪᠥᠬᠦ ᠵᠢᠯ ᠳᠤ ᠤᠯᠤᠰ ᠤᠨ ᠳᠣᠲᠣᠭᠠᠳᠤ ᠶᠢᠨ ᠪᠣᠳᠠᠲᠠᠶ ᠪᠠᠯᠠ ᠮᠥᠩᠭᠦ ᠶᠢ 4500 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 32 % ᠢᠶᠠᠷ ᠨᠡᠮᠡᠭᠳᠡᠨ᠂ ᠤᠯᠤᠰ ᠤᠨ ᠳᠣᠲᠣᠭᠠᠳᠤ ᠶᠢᠨ ᠪᠣᠳᠠᠲᠠᠶ ᠪᠠᠯᠠ ᠮᠥᠩᠭᠦ ᠶᠢᠨ ᠮᠢᠩᠭᠠᠨ ᠳ᠋ᠦᠩᠰᠢᠭᠤᠷ ᠨᠡᠮᠡᠭᠳᠡᠯ ᠤᠨ ᠬᠡᠮᠵᠢᠶ᠎ᠡ ᠶᠢ ᠪᠡᠶᠡᠯᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠳᠤ ᠦᠵᠡᠭᠦᠯᠬᠦ ᠦᠢᠯᠡᠳᠦᠯ ᠦᠷᠭᠦᠯᠵᠢᠯᠡᠨ ᠴᠢᠩᠭᠠᠷᠠᠪᠠ᠃   ᠭᠤᠷᠪᠠ᠂ ᠬᠡᠷᠡᠭᠯᠡᠭᠡ ᠶᠢ ᠠᠬᠢᠭᠤᠯᠬᠤ ᠡᠷᠴᠢᠮ ᠲᠠᠰᠤᠷᠠᠯᠲᠠ ᠦᠭᠡᠢ ᠴᠢᠩᠭᠠᠷᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠬᠡᠷᠡᠭᠯᠡᠭᠡ ᠶᠢᠨ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ︽ᠢᠳᠡᠭᠡᠨ ᠤᠮᠳᠠᠭᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠬᠡᠷᠡᠭᠯᠡᠭᠡ ᠶᠢ ᠬᠥᠭᠵᠢᠭᠡᠬᠦ ᠣᠨ︾ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠵᠢᠵᠢᠭᠯᠡᠨ     ᠬᠤᠳᠠᠯᠳᠤᠬᠤ᠂ ᠢᠳᠡᠭᠡᠨ ᠤᠮᠳᠠᠭᠠᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 5226 ᠲᠠᠯᠠᠪᠠᠶ ᠥᠷᠨᠢᠭᠦᠯᠵᠦ᠂ ᠪᠣᠷᠣᠯᠠᠭᠤᠯᠭ᠎ᠠ ᠶᠢᠨ ᠲᠤᠭ᠎ᠠ ᠶᠢ 381 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠡᠯ᠎ᠡ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠬᠡᠷᠡᠭᠯᠡᠭᠡ ᠶᠢᠨ ᠲᠡᠮᠳᠡᠭᠲᠦ ᠶᠢ 4.7 ᠳ᠋ᠦᠩᠰᠢᠭᠤᠷ ᠲᠥᠭᠦᠷᠢᠭ ᠲᠠᠷᠬᠠᠭᠠᠵᠤ᠂ ᠬᠡᠷᠡᠭᠯᠡᠭᠡ ᠶᠢ 65.6 ᠳ᠋ᠦᠩᠰᠢᠭᠤᠷ ᠲᠦᠭᠦᠷᠢᠭ ᠳᠠᠶᠢᠴᠢᠯᠠᠪᠠ᠃  ︽ᠥᠪᠥᠷ ᠮᠣᠩᠭᠤᠯ ᠢ ᠰᠣᠨᠢᠷᠬᠠᠬᠤ︾ ᠠᠮᠲᠠᠲᠤ ᠢᠳᠡᠭᠡᠨ ᠤ ᠪᠠᠶᠠᠷ ᠤᠨ ᠡᠳᠦᠷ ᠤᠨ ᠰᠢᠷᠢᠰ ᠠᠵᠢᠯᠯᠠᠭ᠎ᠠ ᠶᠢ 120 ᠭᠠᠷᠤᠶ ᠲᠠᠯᠠᠪᠤᠷ ᠥᠷᠨᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠪᠡ᠃ ᠰᠦᠯᠵᠢᠶᠡᠨ ᠤ ᠬᠡᠷᠡᠭᠯᠡᠭᠡ ᠶᠢᠨ ᠳᠡᠰ ᠳᠡᠪᠰᠢᠬᠦ ᠶᠢ ᠢᠳᠡᠪᠬᠢᠲᠡᠢ ᠠᠬᠢᠭᠤᠯᠵᠤ᠂ ︽ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ︾᠂ ︽ᠬᠤᠣᠰ ᠪᠦᠲᠦᠭᠡᠭᠳᠡᠬᠦᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠪᠠᠶᠠᠷ︾᠂ ᠪᠦᠬᠦ ᠤᠯᠤᠰ ᠠᠴᠠ ᠵᠠᠭᠤᠨ ᠭᠤᠣᠯ ᠨᠡᠪᠲᠡᠷᠡᠭᠦᠯᠦᠭᠴᠢ ᠲᠠᠢ ᠥᠪᠥᠷ ᠮᠣᠩᠭᠤᠯ᠂ ︽ᠵᠠᠭᠤᠨ ᠰᠢᠶᠠᠨ ᠵᠠᠭᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠳᠡᠮᠵᠢᠬᠦ ᠠᠵᠢᠯᠯᠠᠭᠠᠨ ᠤ ᠥᠪᠥᠷ ᠮᠣᠩᠭᠤᠯ ᠤᠨ ᠲᠤᠰᠬᠠᠢ ᠲᠠᠯᠠᠪᠠᠢ︾ ᠵᠡᠷᠭᠡ ᠣᠨᠴᠠᠯᠢᠭᠲᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠢᠱᠢᠯᠲᠡ ᠪᠠᠷ ᠪᠦᠬᠦ ᠵᠢᠯ ᠳᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 630 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14 % ᠪᠠᠷ ᠨᠡᠮᠡᠭᠳᠡᠪᠡ᠃  ᠬᠦᠰᠡᠯᠡᠩᠲᠦ ᠮᠠᠰᠢᠨ ᠲᠡᠷᠭᠡ᠂ ᠭᠤᠪᠢ ᠶᠢᠨ ᠢᠮᠠᠭᠠᠨ ᠨᠣᠯᠤᠤᠷ ᠤᠨ ᠬᠠᠨᠲᠠᠭᠠᠰᠤ᠂ ᠪᠠᠶᠠᠷᠲᠤ ᠴᠠᠶ ᠵᠡᠷᠭᠡ 147 ᠲᠦᠷᠦᠭᠦᠦ ᠳᠡᠯᠭᠡᠭᠦᠷ᠂ ᠲᠤᠭᠴᠢ ᠳᠡᠯᠭᠡᠭᠦᠷ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠪᠠ᠃   ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠠᠮᠲᠤᠪᠠᠷ ᠭᠥᠷᠳᠡᠬᠦ ᠡᠭᠦᠯᠡᠨ ᠬᠥᠮᠥᠷᠭᠡ ᠶᠢᠨ ᠲᠤᠷᠰᠢᠯᠲᠠ ᠶᠢᠨ ᠴᠡᠭ 1᠂ ᠳᠠᠪᠠᠭᠤᠯᠢᠭ ᠠᠵᠤ ᠦᠢᠯᠡᠰ᠂ ᠣᠨᠴᠠᠯᠢᠠᠠᠳᠣ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠥᠭᠡᠷᠡᠴᠢᠯᠡᠯᠲᠡ ᠶᠢᠨ ᠲᠥᠷᠥᠯ ᠵᠦᠢᠯ 5᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠤᠨ᠎ᠠ᠃ 1—11 ᠳ᠋ᠦ᠋ᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4853.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.2 % ᠢᠶᠠᠷ ᠨᠡᠮᠡᠭᠳᠡᠵᠦ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 1 ᠵᠠᠭᠤᠨ ᠤ ᠴᠡᠭ ᠥᠨᠳᠥᠷ ᠪᠣᠯᠵᠣ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠬᠦ ᠪᠠᠶᠢᠳᠠᠯ ᠲᠠᠢ ᠪᠣᠯᠪᠠ᠃  ᠲᠦᠷᠪᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠲᠥᠪᠯᠡᠷᠡᠯ ᠤᠨ ᠣᠷᠣᠨ ᠢ ᠪᠤᠶᠢᠵᠢᠭᠤᠯᠤᠨ ᠪᠦᠲᠦᠭᠡᠨ ᠪᠠᠶᠢᠭᠤᠯᠬᠤ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠭᠠᠳᠠᠨ᠎ᠠ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠲᠣᠭᠲᠠᠭᠠᠨ ᠳᠠᠷᠤᠮᠠᠯᠯᠠᠨ ᠶᠠᠪᠤᠭᠤᠯᠵᠤ᠂ ᠬᠡᠷᠡᠭᠯᠡᠭᠡᠨ ᠤ ᠲᠥᠪᠯᠡᠷᠡᠯ ᠤᠨ ᠣᠷᠣᠨ ᠢ ᠶᠡᠬᠡᠪᠡᠷ ᠪᠤᠶᠢᠵᠢᠭᠤᠯᠤᠨ᠂ ᠰᠢᠨ᠎ᠡ ᠮᠠᠶ᠋ᠢᠭ ᠤᠨ ᠬᠡᠷᠡᠭᠯᠡᠭᠡᠨ ᠤ ᠪᠠᠶᠢᠳᠠᠯ ᠢ ᠬᠥᠭᠵᠢᠭᠦᠯᠦᠨ᠎ᠡ᠃  ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠬᠤᠲᠠ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠢᠭ ᠢᠶᠠᠷ ᠵᠥᠪᠰᠢᠶᠡᠷᠡᠭᠳᠡᠵᠦ᠂ ᠤᠯᠠᠭᠠᠨᠴᠠᠪ ᠵᠡᠷᠭᠡ 3 ᠠᠶᠢᠮᠠᠭ ᠬᠤᠲᠠ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠷᠰᠢᠯᠲᠠ ᠶᠢᠨ ᠴᠢᠭ ᠲᠤ ᠣᠷᠣᠪᠠ᠃ ᠮᠣᠩᠭᠤᠯ ᠸᠠᠩ᠂ ᠵᠧᠩ ᠪᠸᠢ᠂ ᠶᠢᠨ ᠯᠦ ᠵᠡᠷᠭᠡ 9 ᠨᠠᠷᠠᠲᠤ ᠲᠡᠮᠳᠡᠭ ᠰᠢᠨ᠎ᠡ ᠨᠢᠭᠡ ᠪᠦᠯᠦᠭ ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭ ᠲᠤ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠶᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠲᠤᠷᠰᠢᠯᠲᠠ ᠶᠢᠨ ᠴᠢᠭ 2᠂ ᠥᠪᠥᠷ ᠮᠣᠩᠭᠤᠯ ᠤᠨ ᠬᠠᠭᠤᠴᠢᠨ ᠨᠠᠷᠠᠲᠤ ᠲᠡᠮᠳᠡᠭᠲᠦ 8᠂ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠤᠭᠰᠠᠨ ᠨᠢᠭᠡᠴᠢ 18 ᠶᠢ ᠰᠢᠨ᠎ᠡ ᠪᠠᠷ ᠬᠢᠨᠠᠨ ᠲᠣᠭᠲᠠᠭᠠᠪᠠ᠃  ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠬᠤᠷᠢᠨᠭᠡᠷ᠂ ᠭᠦᠶᠡᠩ ᠵᠡᠷᠭᠡ 16 ᠬᠤᠰᠢᠭᠤ ᠰᠢᠶᠠᠨ ᠢ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢᠶᠠᠷ ᠲᠣᠭᠲᠠᠭᠠᠵᠤ᠂ 78 ᠲᠥᠷᠥᠯ ᠵᠦᠢᠯ ᠢ ᠳᠡᠮᠵᠢᠬᠦ ᠬᠡᠪᠴᠢᠶᠡᠨ ᠳᠤ ᠣᠷᠣᠭᠤᠯᠤᠨ᠂ 20.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠳᠠᠶᠢᠴᠢᠯᠠᠨ᠎ᠠ᠃ ᠬᠥᠬᠡᠬᠤᠲᠠ᠂ ᠥᠪᠥᠷ ᠮᠣᠩᠭᠤᠯ ᠤᠨ ᠮᠧᠩ ᠨᠢᠤ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠣᠰ ᠲᠣᠰ 2023 ᠣᠨ ᠤ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠰᠣᠩᠭᠤᠭᠳᠠᠪᠠ᠃ ᠥᠪᠥᠷ ᠮᠣᠩᠭᠤᠯ ᠤᠨ ᠱᠢ ᠴᠢᠤᠸᠠᠨ ᠱᠢ ᠮᠧᠶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠪᠠᠷ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ︾ ᠬᠡᠷᠡᠭ ᠤᠨ ᠵᠢᠱᠢᠶ᠎ᠡ ᠪᠥᠬᠦ ᠤᠯᠤᠰ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠳᠤ ᠰᠣᠩᠭᠤᠭᠳᠠᠪᠠ᠃  ᠲᠠᠪᠤ᠂ ᠭᠠᠳᠠᠭᠠᠳᠤ ᠠᠷᠠᠯᠵᠢᠶᠠᠨ ᠤ ᠬᠡᠮᠵᠢᠶ᠎ᠡ ᠶᠢ ᠨᠡᠮᠡᠭᠳᠡᠭᠦᠯᠵᠦ ᠴᠢᠨᠠᠷ ᠢ ᠳᠡᠭᠡᠭᠰᠢᠯᠡᠭᠦᠯᠦᠨ᠎ᠡ᠃ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠬᠤ 32 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠮᠠᠨ ᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ︽ᠲᠦᠷᠭᠡᠨ ᠭᠦᠶᠦᠬᠦ︾ ᠶᠢ ᠠᠬᠢᠭᠤᠯᠬᠤ 7 ᠵᠦᠢᠯ ᠤᠨ ᠠᠷᠭ᠎ᠠ ᠬᠡᠮᠵᠢᠶ᠎ᠡ ᠶᠢ ᠠᠬᠢᠭᠤᠯᠤᠨ᠂ ᠪᠤᠭᠤᠲᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶ᠎ᠠ ᠶᠢᠨ ᠲᠠᠪᠴᠠᠩ ᠤᠨ ᠠᠴᠢᠶᠠᠯᠠᠪᠤᠷᠢ ᠶᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠦᠢᠯᠡᠴᠢᠯᠡᠭᠡᠨ ᠤ ᠠᠷᠠᠯᠵᠢᠶ᠎ᠠ ᠶᠢᠨ ᠲᠠᠪᠴᠠᠩ ᠤᠨ ᠠᠴᠢᠶᠠᠯᠠᠪᠤᠷᠢ ᠶᠢ ᠮᠠᠭᠠᠳᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨᠴᠠᠯᠢᠭᠲᠤ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠪᠣᠯᠤᠨ ᠦᠢᠯᠡᠴᠢᠯᠡᠭᠡᠨ ᠤ ᠠᠷᠠᠯᠵᠢᠶ᠎ᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ︵    ᠪᠠᠶᠢᠭᠤᠯᠤᠮᠵᠢ︶ ᠢ ᠭᠤᠤᠯᠳᠠᠯᠭ᠎ᠠ ᠲᠠᠢ ᠪᠤᠶᠢᠵᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠵᠥᠪᠰᠢᠶᠡᠷᠡᠭᠳᠡᠪᠡ᠃ ᠤᠯᠠᠭᠠᠨᠴᠠᠪ ᠬᠤᠲᠠ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠱᠠᠲᠤᠯᠠᠨ ᠰᠢᠯᠵᠢᠬᠦ ᠭᠤᠤᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢᠶᠠᠷ ᠵᠥᠪᠰᠢᠶᠡᠷᠡᠭᠳᠡᠪᠡ᠃  693 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠷᠠᠪ ᠤᠨ ᠬᠤᠯᠪᠣᠭᠠᠲᠤ ᠠᠬᠠᠮᠠᠳᠳᠦ ᠤᠯᠤᠰ᠂ ᠰᠠᠦ᠋ᠳᠢ ᠠᠷᠠᠪ᠂ ᠮᠣᠩᠭᠤᠯ ᠤᠯᠤᠰ᠂ ᠣᠷᠣᠰ ᠵᠡᠷᠭᠡ 20 ᠤᠯᠤᠰ ᠪᠠ ᠭᠠᠵᠠᠷ ᠣᠷᠣᠨ ᠳᠤ ᠬᠦᠷᠴᠦ ︽ᠥᠪᠥᠷ ᠮᠣᠩᠭᠤᠯ ᠤᠨ ᠠᠷᠠᠯᠵᠢᠶᠠᠴᠢᠳ ᠤᠨ ᠲᠣᠷᠭᠠᠨ ᠵᠠᠮ ᠤᠨ ᠠᠶᠠᠯᠠᠯ︾ ᠤᠨ ᠭᠠᠳᠠᠭᠠᠳᠤ ᠳᠠᠬᠢ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢ ᠥᠷᠨᠢᠭᠦᠯᠵᠦ᠂ ᠠᠷᠠᠯᠵᠢᠶ᠎ᠠ ᠬᠢᠭᠡᠳ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠶᠡᠷᠦᠩᠬᠡᠶ ᠵᠣᠭᠤᠰ ᠤᠨ ᠲᠤᠭ᠎ᠠ 332 ᠳ᠋ᠦᠩᠰᠢᠭᠤᠷ ᠲᠥᠭᠦᠷᠢᠭ ᠢ ᠳᠠᠪᠠᠪᠠ᠃ ᠠᠷᠤ ᠬᠠᠰᠢᠶᠠᠲᠤ᠂ ᠷᠠᠰᠢᠶᠠᠨ ᠤ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠰᠢᠨ᠎ᠡ ᠪᠠᠷ ᠴᠣᠬᠤᠯᠠᠪᠤᠷᠢᠯᠠᠨ ᠪᠠᠶᠢᠭᠤᠯᠵᠤ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠰᠠᠭᠤᠷᠢᠰᠢᠭᠤᠯᠤᠨ ᠡᠳ᠋ᠰᠢᠭᠦᠯᠬᠦ ᠲᠤᠷᠰᠢᠯᠲᠠ ᠶᠢ ᠡᠬᠢᠯᠡᠭᠦᠯᠪᠡ᠃  ᠰᠢᠶᠠᠨ ᠤ ᠬᠡᠪᠴᠢᠶᠡᠨ ᠳᠠᠬᠢ ᠠᠵᠤ ᠠᠬᠤᠶ ᠠᠷᠠᠯᠵᠢᠶᠠᠨ ᠤ ᠨᠡᠮᠡᠭᠳᠡᠯ ᠥᠬᠡᠶ ᠵᠢᠱᠢᠶ᠎ᠡ ᠦᠵᠡᠭᠦᠯᠬᠦ 5 ᠭᠠᠵᠠᠷ ᠣᠷᠣᠨ ᠢ ᠪᠤᠶᠢᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠤᠷᠳᠤᠴᠠ ᠪᠥᠬᠦ ᠣᠷᠣᠨ ᠤ 56 ᠵᠠᠭᠤᠨ ᠤ ᠴᠡᠭ ᠠᠴᠠ ᠥᠨᠳᠥᠷ ᠪᠣᠯᠪᠠ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢ 7 ᠡᠷᠦᠬᠡ ᠪᠤᠶᠢᠵᠢᠭᠤᠯᠪᠠ᠃  500 ᠭᠠᠷᠤᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠤᠷᠪᠠᠳᠤᠭᠠᠷ ᠬᠤᠭᠤᠴᠠᠭᠠᠨ ᠤ ᠬᠡᠷᠡᠭᠯᠡᠭᠴᠢᠳ ᠤᠨ ᠦᠵᠡᠭᠦᠯᠭᠡ᠂ 133 ᠳ᠋ᠤᠭᠠᠷ ᠬᠤᠭᠤᠴᠠᠭᠠᠨ ᠤ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ 2023 ᠣᠨ ᠤ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠵᠡᠷᠭᠡ ᠨᠡᠷᠡᠳᠤ ᠦᠵᠡᠭᠦᠯᠭᠡ ᠳᠤ ᠣᠷᠣᠯᠴᠠᠭᠤᠯᠪᠠ᠃ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ 1850 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.5 % ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠪᠥᠬᠦ ᠤᠯᠤᠰ ᠲᠤ ᠲᠡᠷᠢᠭᠦᠯᠡᠪᠡ᠃  ᠵᠢᠷᠭᠤᠭ᠎ᠠ᠂ ᠭᠠᠳᠠᠭᠠᠳᠤ ᠪᠡᠯᠡ ᠶᠢᠨ ᠠᠰᠢᠭᠯᠠᠯᠲᠠ ᠶᠡᠭᠡ ᠬᠡᠮᠵᠢᠶ᠎ᠡ ᠪᠠᠷ ᠨᠡᠮᠡᠭᠳᠡᠪᠡ᠃ ︽ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 15 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠢᠯᠢ ᠳᠠᠭᠠᠤ ᠨᠡᠭᠡᠭᠡᠯᠲᠡ ᠶᠢᠨ ᠲᠠᠪᠴᠠᠩ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠪᠠ᠃  ᠮᠤᠵᠢ ᠶᠠᠮᠤᠨ ᠤ ᠲᠠᠰ ᠤᠨ ᠭᠠᠳᠠᠭᠠᠳᠤ ᠶᠢᠨ ᠬᠤᠳᠠᠯᠳᠤᠭᠠᠴᠢᠨ ᠤᠷᠢᠬᠤ ᠲᠠᠪᠴᠠᠩ ᠢ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠲᠠᠢ ᠬᠠᠮᠲᠤᠷᠠᠨ ︽ᠳᠤᠮᠳᠠᠳᠤ ᠤᠯᠤᠰ ᠲᠤ ᠪᠠᠯᠠ ᠣᠷᠣᠭᠤᠯᠬᠤ ᠣᠨ︾ ᠤ ᠨᠠᠷᠠᠲᠤ ᠲᠡᠮᠳᠡᠭ ᠤᠨ ᠠᠵᠢᠯᠯᠠᠭ᠎ᠠ ᠶᠢᠨ ︽ᠤᠯᠤᠰ ᠠᠯᠤᠰᠯᠠᠭᠰᠠᠨ ᠺᠣᠮᠫᠠᠨᠢ ᠶᠢᠨ ᠥᠪᠥᠷ ᠮᠣᠩᠭᠤᠯ ᠤᠨ ᠠᠶᠠᠯᠠᠯ︾ ᠤᠨ ᠠᠵᠢᠯᠯᠠᠭ᠎ᠠ ᠶᠢ ᠡᠷᠭᠢᠯᠡᠵᠦ᠂ ᠨᠡᠶᠢᠲᠡ 15 ᠤᠯᠤᠰ ︵ᠭᠠᠵᠠᠷ ᠣᠷᠣᠨ︶ ᠠᠴᠠ ᠢᠷᠡᠭᠰᠡᠨ 45 ᠤᠯᠤᠰ ᠠᠯᠤᠰᠯᠠᠭᠰᠠᠨ ᠺᠣᠮᠫᠠᠨᠢ ᠠᠵᠢᠯᠯᠠᠭ᠎ᠠ ᠳᠤ ᠣᠷᠣᠯᠴᠠᠪᠠ᠃ ᠭᠠᠳᠠᠭᠠᠳᠤ ᠠᠴᠠ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠶᠠᠫᠣᠨ᠂ ᠺᠣᠷᠢᠶᠠ᠂ ᠭᠧᠷᠮᠠᠨ ᠳᠤ ᠣᠴᠢᠭᠤᠯᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠷᠠᠯᠵᠢᠶ᠎ᠠ ᠶᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠡᠯᠡ ᠣᠷᠣᠭᠤᠯᠤᠯᠲᠠ ᠶᠢᠨ ᠠᠷᠠᠯᠵᠢᠶᠠᠨ ᠤ ᠭᠡᠷ᠎ᠡ ᠶᠢ 40 ᠭᠠᠷᠤᠢ ᠬᠤᠪᠢ ᠲᠣᠭᠲᠠᠭᠠᠵᠤ᠂ ᠭᠡᠷ᠎ᠡ ᠲᠣᠭᠲᠠᠭᠰᠠᠨ ᠪᠦᠬᠦ ᠵᠣᠭᠤᠰ ᠤᠨ ᠲᠤᠭ᠎ᠠ ︵ᠰᠠᠨᠠᠮᠵᠢ ᠶᠢᠨ ᠲᠤᠭ᠎ᠠ ᠪᠠᠭᠲᠠᠨ᠎ᠠ︶ 6.1 ᠳ᠋ᠦᠩᠰᠢᠭᠤᠷ ᠲᠥᠭᠦᠷᠢᠭ ᠲᠤ ᠬᠦᠷᠪᠡ᠃   ᠬᠥᠬᠡᠬᠤᠲᠠ᠂ ᠪᠤᠭᠤᠲᠤ ︽ᠳᠤᠮᠳᠠᠳᠤ ᠤᠯᠤᠰ ᠤᠨ ᠪᠠᠯᠠ ᠣᠷᠣᠭᠤᠯᠤᠯᠲᠠ ᠶᠢᠨ ᠬᠠᠯᠠᠮᠰᠢᠯ ᠬᠤᠲᠠ︾ ᠶᠢᠨ ᠢᠷᠠᠭᠤ ᠠᠯᠳᠠᠷ ᠢ ᠭᠥᠷᠳᠡᠪᠡ᠃ ᠳᠤᠮᠳᠠᠳᠤ᠂ ᠠᠩᠭ᠍ᠯᠢ᠂ ᠶᠠᠫᠣᠨ᠂ ᠺᠣᠷᠢᠶᠠ ᠵᠡᠷᠭᠡ ᠳᠦᠷᠪᠡᠨ ᠬᠡᠯᠡᠨ ᠤ ︽ᠳᠤᠮᠳᠠᠳᠤ ᠤᠯᠤᠰ ︵ᠥᠪᠥᠷ ᠮᠣᠩᠭᠤᠯ︶ ᠤᠨ ᠪᠡᠯᠡ ᠣᠷᠣᠭᠤᠯᠤᠯᠲᠠ ᠶᠢᠨ ᠳᠠᠯᠳᠠ ᠬᠦᠴᠦᠨ ᠤ ᠬᠥᠭᠵᠢᠯᠲᠡ ᠶᠢᠨ ᠮᠡᠳᠡᠭᠦᠯᠦᠯᠲᠡ︾ ᠶᠢ ᠨᠠᠶᠢᠷᠠᠭᠤᠯᠤᠨ ᠲᠠᠷᠬᠠᠭᠠᠪᠠ᠃ ᠵᠢᠱᠢᠯᠲᠡ ᠪᠠᠷ ᠪᠥᠬᠦ ᠵᠢᠯ ᠳᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ 145 ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 2.6 ᠳᠠᠬᠢᠨ ᠨᠡᠮᠡᠭᠳᠡᠪᠡ︔ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ 52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.7 % ᠪᠠᠷ ᠨᠡᠮᠡᠭᠳᠡᠪᠡ᠃  ᠲᠤᠯᠤᠭ᠎ᠠ᠂ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠪᠠ᠃ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠥᠪᠥᠷ ᠮᠣᠩᠭᠤᠯ — ᠮᠣᠩᠭᠤᠯ ᠤᠯᠤᠰ ᠤᠨ ᠪᠠᠯᠠ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠬᠤ ᠬᠤᠷᠠᠯ ᠡᠷᠭᠢᠯᠡᠵᠦ᠂ ᠨᠡᠶᠢᠲᠡ 20 ᠲᠥᠷᠥᠯ ᠵᠦᠢᠯ ᠵᠢᠴᠢ ᠵᠥᠪᠯᠡᠯᠴᠡᠭᠡᠷ ᠲᠣᠭᠲᠠᠵᠤ᠂ ᠭᠡᠷ᠎ᠡ ᠲᠣᠭᠲᠠᠭᠰᠠᠨ ᠪᠥᠬᠦ ᠲᠤᠭ᠎ᠠ ᠨᠢ 202.6 ᠳ᠋ᠦᠩᠰᠢᠭᠤᠷ ᠲᠥᠭᠦᠷᠢᠭ ᠲᠤ ᠬᠦᠷᠴᠡᠶ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠷᠤᠰ ᠤᠨ ᠦᠵᠡᠭᠦᠯᠭᠡ ᠶᠢᠨ ᠴᠤᠭᠯᠠᠭᠠᠨ ᠳᠤ ᠣᠷᠣᠯᠴᠠᠭᠤᠯᠵᠤ᠂ ᠤᠷᠤᠰ ᠤᠨ ᠲᠠᠯ᠎ᠠ ᠲᠠᠢ 30 ᠳ᠋ᠦᠩᠰᠢᠭᠤᠷ ᠲᠥᠭᠦᠷᠢᠭ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠠᠢ᠃ ᠣᠷᠣᠰ ᠤᠨ ᠺᠷᠠᠰᠨᠤᠶᠠᠷᠰᠺ ᠤᠨ ᠬᠢᠯᠢ ᠬᠢᠵᠠᠭᠠᠷ ᠣᠷᠣᠨ ᠳᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠥᠪᠥᠷ ᠮᠣᠩᠭᠤᠯ ᠣᠷᠣᠰ ᠤᠨ ᠺᠷᠠᠰᠨᠤᠶᠠᠷᠰᠺ ᠤᠨ ᠪᠠᠯᠠ ᠣᠷᠣᠭᠤᠯᠤᠯᠲᠠ ᠶᠢᠨ ᠠᠷᠠᠯᠵᠢᠶᠠᠨ ᠤ ᠲᠠᠨᠢᠯᠴᠠᠭᠤᠯᠭ᠎ᠠ ᠶᠢᠨ ᠬᠤᠷᠠᠯ ᠵᠢᠴᠢ 2023 ᠣᠨ ᠤ ᠳᠤᠮᠳᠠᠳᠤ ᠤᠯᠤᠰ ᠤᠨ ᠥᠪᠥᠷ ᠮᠣᠩᠭᠤᠯ ᠤᠨ ᠲᠠᠸᠠᠷ ᠤᠨ ᠦᠵᠡᠭᠦᠯᠭᠡ ᠶᠢ ᠡᠷᠭᠢᠯᠡᠵᠦ᠂ ᠮᠠᠨ ᠤ ᠣᠷᠣᠨ ᠤ 13 ᠠᠵᠤ ᠠᠬᠤᠶᠢᠯᠠᠯ ᠣᠷᠣᠰ ᠤᠨ ᠲᠠᠯ᠎ᠠ ᠲᠠᠢ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠬᠠᠮᠲᠤᠷᠠᠯᠴᠠᠭᠠᠨ ᠤ ᠵᠥᠪᠯᠡᠯᠴᠡᠭᠡᠷ ᠤᠨ ᠶᠡᠷᠦᠩᠬᠡᠶ ᠵᠣᠭᠤᠰ ᠤᠨ ᠲᠤᠭ᠎ᠠ ᠪᠠᠷᠤᠭ 9000 ᠲᠦᠮᠡᠨ ᠲᠥᠭᠦᠷᠢᠭ ᠲᠤ ᠬᠦᠷᠴᠡᠶ᠃ ᠵᠢᠱᠢᠯᠲᠡ ᠪᠠᠷ ᠪᠥᠬᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠤ ᠪᠠᠯᠠ ᠣᠷᠣᠭᠤᠯᠤᠭᠰᠠᠨ ᠲᠥᠷᠥᠯ ᠵᠦᠢᠯ ᠤᠨ ᠲᠤᠭ᠎ᠠ 68    ᠪᠣᠯᠵᠣ᠂ ᠠᠳᠠᠯᠢ ᠬᠤᠭᠤᠴᠠᠭᠠᠨ ᠤ ᠬᠢ ᠠᠴᠠ 44 ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 183.3 % ᠨᠡᠮᠡᠭᠳᠡᠪᠡ᠂ ᠡᠭᠦᠨ ᠳᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠤ ᠪᠠᠯᠠ ᠣᠷᠣᠭᠤᠯᠤᠭᠰᠠᠨ ᠲᠥᠷᠥᠯ ᠵᠦᠢᠯ ᠵᠢᠱᠢᠯᠲᠡ ᠪᠠᠷ ᠪᠥᠬᠦ ᠵᠢᠯ ᠳᠤ 57 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 40 ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 235.3 % ᠨᠡᠮᠡᠭᠳᠡᠪᠡ᠃  ᠨᠠᠢᠮᠠ᠂ ᠪᠣᠭᠤᠮᠲᠠ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠲᠡᠦᠬᠡᠲᠦ ᠴᠢᠨᠠᠷᠲᠠᠶ ᠰᠢᠨ᠎ᠡ ᠰᠢᠪᠲᠤᠯᠤᠯᠲᠠ ᠲᠠᠢ ᠪᠣᠯᠪᠠ᠃ 11 ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠠᠶᠠᠨᠴᠢᠳ ᠪᠠ ᠪᠠᠷᠠᠭ᠎ᠠ ᠶᠢᠨ ᠬᠤᠤᠰ ᠨᠡᠪᠲᠡᠷᠡᠯ ᠢ ᠰᠡᠷᠭᠦᠭᠡᠬᠦ ᠶᠢ ᠠᠬᠢᠭᠤᠯᠵᠤ᠂ ᠲᠡᠭᠡᠭᠡᠪᠦᠷᠢ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠪᠣᠭᠤᠮᠲᠠ ᠪᠠᠷ ᠰᠠᠭᠠᠳ ᠥᠬᠡᠶ ᠥᠩᠭᠡᠷᠡᠬᠦ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢ ᠵᠢᠯᠣᠭᠤᠳᠤᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠪᠡᠶᠡᠯᠡᠭᠦᠯᠦᠨ᠎ᠡ᠃ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 2 ᠳ᠋ᠦᠩᠰᠢᠭᠤᠷ ᠲᠥᠭᠦᠷᠢᠭ ᠪᠠᠭᠤᠯᠭᠠᠵᠤ᠂ 44 ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠵᠦ᠂ 7.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠳᠠᠶᠢᠴᠢᠯᠠᠪᠠ᠃ ᠪᠤᠭᠤᠲᠤ ᠶᠢᠨ ᠠᠭᠠᠷ ᠠᠶᠠᠯᠠᠯ ᠤᠨ ᠬᠢᠯᠢ ᠶᠢᠨ ᠪᠣᠭᠤᠮᠲᠠ ᠨᠢ ᠤᠯᠤᠰ ᠤᠨ ᠬᠢᠨᠠᠨ ᠰᠢᠯᠭᠠᠯᠲᠠ ᠶᠢ ᠥᠩᠭᠡᠷᠡᠭᠡᠵᠦ᠂ ᠣᠷᠳᠣᠰ ᠤᠨ ᠠᠭᠠᠷ ᠠᠶᠠᠯᠠᠯ ᠤᠨ ᠬᠢᠯᠢ ᠶᠢᠨ ᠪᠣᠭᠤᠮᠲᠠ ᠪᠠᠷ ᠣᠷᠣᠵᠤ ᠢᠷᠡᠬᠦ ᠬᠢᠨᠠᠨ ᠬᠠᠮᠢᠶᠠᠷᠤᠯᠲᠠ ᠶᠢᠨ ᠲᠠᠯᠠᠪᠤᠷ ᠨᠢ ᠬᠢᠯᠢ ᠶᠢᠨ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠢᠨᠠᠨ ᠰᠢᠯᠭᠠᠯᠲᠠ ᠶᠢ ᠥᠩᠭᠡᠷᠡᠭᠡᠪᠡ᠃ ︽ᠥᠪᠥᠷ ᠮᠣᠩᠭᠤᠯ ᠤᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠲᠦᠷᠦᠭᠦᠯᠡᠨ ᠲᠤᠭᠤᠷᠪᠢᠵᠤ᠂ ᠬᠥᠭᠵᠢᠯᠲᠡ ᠶᠢᠨ ᠠᠰᠠᠭᠤᠳᠠᠯ ᠤᠨ ᠨᠠᠷᠢᠨ ᠬᠠᠭᠤᠳᠠᠰᠤ᠂ ᠬᠠᠷᠠᠯᠲᠠ ᠶᠢᠨ ᠨᠠᠷᠢᠨ ᠬᠠᠭᠤᠳᠠᠰᠤ᠂ ᠲᠥᠷᠥᠯ ᠵᠦᠢᠯ ᠤᠨ ᠨᠠᠷᠢᠨ ᠬᠠᠭᠤᠳᠠᠰᠤ ᠵᠢᠴᠢ ᠪᠣᠭᠤᠮᠲᠠ ᠶᠢᠨ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠵᠢᠷᠤᠭ᠂ ᠪᠣᠭᠤᠮᠲᠠ ᠶᠢᠨ ᠴᠢᠳᠠᠮᠵᠢ ︵ᠠᠵᠤ ᠦᠢᠯᠡᠰ︶ ᠶᠢᠨ ᠵᠢᠷᠤᠭ ᠵᠡᠷᠭᠡ ︽ᠭᠤᠷᠪᠠᠨ ᠨᠠᠷᠢᠨ ᠬᠠᠭᠤᠳᠠᠰᠤ᠂ ᠬᠤᠶᠠᠷ ᠵᠢᠷᠤᠭ︾ ᠢ ᠲᠣᠭᠲᠠᠭᠠᠪᠠ᠃ ᠮᠠᠨᠵᠤᠤᠷ᠂ ᠡᠷᠢᠶᠡᠨ ᠬᠤᠲᠠ ᠶᠢᠨ ᠪᠣᠭᠤᠮᠲᠠ ᠶᠢ ᠤᠯᠤᠰ ᠤᠨ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠲᠤ ᠣᠷᠣᠭᠤᠯᠪᠠ᠃  ᠮᠠᠨᠵᠤᠤᠷ᠂ ᠡᠷᠢᠶᠡᠨ ᠬᠤᠲᠠ ᠶᠢᠨ 8 ᠠᠴᠠ ᠳᠣᠷᠣᠭᠰᠢ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠶᠢ ᠵᠣᠬᠢᠴᠠᠭᠤᠯᠤᠨ ᠠᠬᠢᠭᠤᠯᠤᠨ᠎ᠠ᠃ ᠣᠷᠣᠰ ᠤᠨ ᠬᠤᠯᠪᠣᠭᠠᠨ ᠤ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠢ ᠲᠥᠯᠥᠪᠵᠢᠭᠦᠯᠦᠨ ᠬᠥᠭᠵᠢᠭᠦᠯᠬᠦ ᠶᠠᠮᠤᠨ ᠲᠠᠢ ᠬᠠᠮᠲᠤᠷᠠᠨ ᠠᠵᠢᠯᠯᠠᠬᠤ ᠲᠣᠭᠲᠠᠴᠠ ᠪᠠᠶᠢᠭᠤᠯᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠵᠠᠬᠢᠷᠭ᠎ᠠ ᠶᠢᠨ ᠵᠡᠭᠦᠨ ᠬᠤᠶᠢᠲᠤ ᠠᠽᠢᠶ᠎ᠠ ᠶᠢᠨ ᠣᠷᠣᠨ ᠨᠤᠲᠤᠭ ᠤᠨ ᠬᠠᠮᠲᠤᠷᠠᠯᠴᠠᠭᠠᠨ ᠤ ᠵᠥᠪᠯᠡᠯ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃  12 ᠳ᠋ᠤᠭᠠᠷ ᠰᠠᠷ᠎ᠠ ᠶᠢᠨ 8 ᠤ ᠡᠳᠦᠷ᠂ ᠮᠠᠨ ᠤ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳ᠋ᠦᠩᠰᠢᠭᠤᠷ ᠲᠣᠨ ᠢ ᠳᠠᠪᠠᠵᠤ᠂ ᠮᠠᠨ ᠤ ᠤᠯᠤᠰ ᠤᠨ ᠬᠢᠯᠢ ᠳᠠᠭᠠᠤ ᠬᠠᠭᠤᠷᠠᠶ ᠵᠠᠮ ᠤᠨ ᠪᠣᠭᠤᠮᠲᠠ ᠶᠢᠨ ᠠᠩᠬᠠᠳᠠᠭᠴᠢ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳ᠋ᠦᠩᠰᠢᠭᠤᠷ ᠲᠣᠨ ᠢ ᠳᠠᠪᠠᠭᠰᠠᠨ ᠮᠤᠵᠢ ᠣᠷᠣᠨ ᠪᠣᠯᠪᠠ᠃ ᠵᠢᠱᠢᠯᠲᠡ ᠪᠠᠷ ᠪᠥᠬᠦ ᠵᠢᠯ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.07 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83 % ᠪᠠᠷ ᠨᠡᠮᠡᠭᠳᠡᠪᠡ︔ ᠬᠢᠯᠢ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 8000 ᠠᠴᠠ ᠳᠡᠭᠡᠭᠰᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9 % ᠪᠠᠷ ᠨᠡᠮᠡᠭᠳᠡᠪᠡ᠃ ᠣᠯᠠᠨ ᠳᠤ ᠪᠠᠶᠠᠷᠯᠠᠯ᠎ᠠ︕    ᠳᠠᠭᠠᠯᠳᠤᠭᠤᠯᠤᠯ᠄ ︽2023 ᠢ ᠡᠷᠭᠢᠨ ᠬᠠᠷᠠᠬᠤ︾ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map