2024 ᠣᠨ ᠳᠤ ᠢᠨᠳᠣᠨᠧᠰᠢᠶ᠎ᠠ ᠶᠢᠨ ᠬᠤᠯᠪᠣᠭᠳᠠᠯ ᠪᠦᠬᠦᠢ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢᠨ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/4/17
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠳᠠᠯᠢᠳᠬᠠᠨ ᠰᠣᠩᠭᠤᠵᠤ ᠬᠤᠪᠢ ᠥᠭᠬᠦ ᠠᠷᠭ᠎ᠠ ᠪᠠᠷ 2024 ᠣᠨ ᠤ ᠢᠨᠳᠣᠨᠧᠰᠢᠶ᠎ᠠ ᠶᠢᠨ ᠬᠠᠮᠢᠶ᠎ᠠ ᠪᠥᠬᠦᠶ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠥᠪᠡᠰᠦᠪᠡᠨ ᠵᠣᠬᠢᠶᠠᠨ ᠪᠠᠶᠢᠭᠤᠯᠵᠤ ᠬᠤᠳᠠᠯᠳᠤᠨ ᠠᠪᠤᠨ᠎ᠠ᠃ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠢᠷᠡᠵᠦ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃  ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ  ︵ᠨᠢᠭᠡ︶ ᠲᠥᠷᠥᠯ ᠵᠦᠢᠯ ᠤᠨ ᠨᠡᠷᠡᠶᠢᠳᠦᠯ᠄ 2024 ᠣᠨ ᠳᠤ ᠢᠨᠳᠣᠨᠧᠰᠢᠶ᠎ᠠ ᠶᠢᠨ ᠬᠤᠯᠪᠣᠭᠳᠠᠯ ᠪᠦᠬᠦᠢ ᠠᠵᠤ ᠠᠬᠤᠶ ᠠᠷᠠᠯᠵᠢᠶᠠᠨ ᠤ ᠠᠵᠢᠯᠯᠠᠭ᠎ᠠ  ︵ᠬᠤᠶᠠᠷ︶ ᠲᠥᠰᠥᠪ ᠤᠨ ᠮᠥᠩᠭᠦ᠄ 6.6 ᠲᠦᠮᠡᠨ ᠲᠥᠭᠦᠷᠢᠭ  ︵ᠭᠤᠷᠪᠠ︶ ᠪᠡᠯᠡ ᠮᠥᠩᠭᠦ ᠶᠢᠨ ᠢᠷᠡᠯᠲᠡ᠄ ᠡᠳ᠋ ᠤᠨ ᠵᠠᠰᠠᠭ ᠤᠨ ᠪᠡᠯᠡ ᠮᠥᠩᠭᠦ  ᠬᠤᠶᠠᠷ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ  ︵ᠨᠢᠭᠡ︶ ᠬᠠᠩᠭᠠᠯᠭ᠎ᠠ ᠶᠢᠨ ᠬᠤᠳᠠᠯᠳᠤᠭᠠᠴᠢᠨ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ︔  ︵ᠬᠤᠶᠠᠷ︶ ᠬᠠᠩᠭᠠᠯᠭ᠎ᠠ ᠶᠢᠨ ᠬᠤᠳᠠᠯᠳᠤᠭᠠᠴᠢᠨ ᠡᠷᠬᠡᠪᠰᠢ ᠬᠦᠴᠦᠨ ᠪᠦᠬᠦᠢ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠢ ᠪᠦᠷᠢᠯᠳᠦᠭᠦᠯᠬᠦ ᠬᠡᠷᠡᠭᠲᠡᠢ︔  ︵ᠭᠤᠷᠪᠠ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠢᠲᠡᠭᠡᠮᠵᠢ ᠶᠢᠨ ᠲᠡᠮᠳᠡᠭᠯᠡᠯ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠤᠨ ᠬᠥᠮᠥᠷᠭᠡ ︵2016︶ 125 ᠳ᠋ᠤᠭᠠᠷ ᠲᠣᠭᠠᠲᠤ︶ ᠶᠢ ᠦᠨᠳᠦᠰᠦᠯᠡᠨ᠂ ᠳᠠᠭᠠᠭᠠᠴᠢᠯᠠᠯᠲᠠ ᠬᠦᠯᠢᠶᠡᠭᠴᠢ ︵ᠪᠤᠶᠤ ᠬᠠᠩᠭᠠᠯᠭ᠎ᠠ ᠶᠢᠨ ᠬᠤᠳᠠᠯᠳᠤᠭᠠᠴᠢᠨ︶ ᠨᠡᠷ᠎ᠡ ᠮᠡᠳᠡᠭᠦᠯᠬᠦ ᠦᠶ᠎ᠡ ᠳᠤ᠂ ᠪᠠᠶᠢᠴᠠᠭᠠᠨ ᠯᠠᠪᠯᠠᠬᠤ ᠴᠠᠭ ᠨᠢ ᠲᠣᠰ ᠠᠯᠪᠠᠨ ᠵᠠᠷ ᠤᠨ ᠬᠤᠭᠤᠴᠠᠭᠠᠨ ᠳᠤ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠶᠢ ᠪᠠᠶᠢᠴᠠᠭᠠᠨ ᠯᠠᠪᠯᠠᠵᠤ᠂ ︽ᠢᠲᠡᠭᠡᠯ ᠠᠯᠳᠠᠭᠰᠠᠨ ᠭᠦᠢᠴᠡᠳᠬᠡᠭᠳᠡᠭᠴᠢ︾᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠵᠢᠴᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn ︶ ᠶᠢ ᠪᠠᠶᠢᠴᠠᠭᠠᠨ ᠯᠠᠪᠯᠠᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠲᠤ ᠣᠷᠣᠭᠤᠯᠤᠭᠰᠠᠨ ᠳᠠᠭᠠᠭᠠᠴᠢᠯᠠᠯᠲᠠ ᠬᠦᠯᠢᠶᠡᠭᠴᠢ ︵ᠪᠤᠶᠤ ᠬᠠᠩᠭᠠᠯᠭ᠎ᠠ ᠶᠢᠨ ᠬᠤᠳᠠᠯᠳᠤᠭᠠᠴᠢᠨ︶ ᠡᠨᠡ ᠤᠳᠠᠭᠠᠨ ᠤ ᠳᠠᠭᠠᠭᠠᠴᠢᠯᠠᠯᠲᠠ ᠳᠤ ᠣᠷᠣᠯᠴᠠᠵᠤ ᠪᠣᠯᠬᠤ ᠦᠭᠡᠢ᠃  ︵ᠲᠦᠷᠪᠡ︶ ᠲᠣᠰ ᠤᠳᠠᠭᠠᠨ ᠤ ᠬᠤᠳᠠᠯᠳᠤᠨ ᠠᠪᠬᠤ ᠳᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ ᠦᠭᠡᠢ᠃  ᠭᠤᠷᠪᠠ᠂ ᠨᠡᠷ᠎ᠡ ᠮᠡᠳᠡᠭᠦᠯᠬᠦ ᠳᠤ ᠡᠷᠬᠡᠪᠰᠢ ᠮᠡᠳᠡᠬᠦ ᠬᠡᠷᠡᠭᠲᠡᠶ  ︵ᠨᠢᠭᠡ︶ ᠨᠡᠷ᠎ᠡ ᠮᠡᠳᠡᠭᠦᠯᠬᠦ ᠭᠠᠵᠠᠷ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ 706 ᠳ᠋ᠤᠭᠠᠷ ᠥᠷᠥᠭᠡ᠃  ︵ᠬᠤᠶᠠᠷ︶ ᠠᠪᠴᠤ ᠶᠠᠪᠤᠭ᠎ᠠ ᠮᠠᠲ᠋ᠧᠷᠢᠶᠠᠯ᠄  1. ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ︔  2. ᠠᠵᠤ ᠠᠬᠤᠶᠢᠯᠠᠯ ᠤᠨ ᠣᠶᠢᠷ᠎ᠠ ᠶᠢᠨ ᠬᠠᠭᠠᠰ ᠵᠢᠯ ᠳᠤ 2023 ᠣᠨ ᠤ 10 ᠳ᠋ᠤᠭᠠᠷ ᠰᠠᠷ᠎ᠠ ᠠᠴᠠ 2024 ᠣᠨ ᠤ 3 ᠳ᠋ᠤᠭᠠᠷ ᠰᠠᠷ᠎ᠠ ᠪᠣᠯᠲᠠᠯ᠎ᠠ ᠳᠤᠷ᠎ᠠ ᠶᠢᠨ ᠨᠢᠭᠡ ᠰᠠᠷ᠎ᠠ ᠶᠢᠨ ᠭᠠᠶᠢᠯᠢ ᠲᠤᠰᠢᠶᠠᠭᠰᠠᠨ ᠭᠡᠷᠡᠴᠢ ︵ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠭᠰᠠᠨ ᠪᠤᠶᠤ ᠭᠠᠷᠲᠠᠨ ᠡᠷᠬᠢᠯᠡᠬᠦ ᠪᠠᠩᠬᠢ ᠶᠢᠨ ᠲᠠᠮᠠᠭ᠎ᠠ ᠳᠠᠷᠤᠭᠰᠠᠨ ᠵᠡᠷᠭᠡ ᠭᠠᠶᠢᠯᠢ ᠲᠤᠰᠢᠶᠠᠭᠰᠠᠨ ᠭᠡᠷᠡᠴᠢ᠂ ᠭᠠᠶᠢᠯᠢ ᠲᠤᠰᠢᠶᠠᠬᠤ ᠰᠠᠷ᠎ᠠ ᠳᠤ ᠨᠢᠭᠡ ᠴᠦ ᠭᠠᠶᠢᠯᠢ ᠲᠤᠰᠢᠶᠠᠬᠤ ᠦᠭᠡᠢ ᠪᠠᠷ ᠮᠡᠳᠡᠭᠦᠯᠬᠦ ᠪᠠᠷᠢᠮᠲᠠ ᠬᠠᠩᠭᠠᠬᠤ ᠶᠠᠪᠤᠳᠠᠯ ᠭᠠᠷᠤᠭ᠎ᠠ ᠦᠭᠡᠢ︶᠃  3᠂ ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ         ︵www.creditchina.gov.cn ︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn ︶ ᠶᠢᠨ ᠢᠲᠡᠭᠡᠮᠵᠢ ᠶᠢᠨ ᠪᠠᠶᠢᠴᠠᠭᠠᠨ ᠯᠠᠪᠯᠠᠬᠤ ᠲᠡᠮᠳᠡᠭᠯᠡᠯ ᠤᠨ ᠣᠭᠲᠣᠯᠣᠭᠰᠠᠨ ᠵᠢᠷᠤᠭ︔  4. ᠬᠠᠩᠭᠠᠯᠭ᠎ᠠ ᠶᠢᠨ ᠬᠤᠳᠠᠯᠳᠤᠭᠠᠴᠢᠨ ᠣᠶᠢᠷ᠎ᠠ ᠶᠢᠨ ᠭᠤᠷᠪᠠᠨ ᠵᠢᠯ ᠤᠨ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠤᠨ ᠲᠣᠳᠣᠷᠬᠠᠶᠢᠯᠠᠯᠲᠠ ᠶᠢᠨ ᠪᠢᠴᠢᠭ ᠪᠠᠶᠢᠬᠤ ᠦᠭᠡᠢ︔  5. ᠬᠠᠩᠭᠠᠯᠭ᠎ᠠ ᠶᠢᠨ ᠬᠤᠳᠠᠯᠳᠤᠭᠠᠴᠢᠨ ᠣᠶᠢᠷ᠎ᠠ ᠶᠢᠨ ᠭᠤᠷᠪᠠᠨ ᠵᠢᠯ ᠤᠨ ᠲᠥᠰᠥᠭᠡᠲᠡᠢ ᠠᠵᠢᠯ ᠲᠦᠷᠦᠯ ᠤᠨ ᠪᠦᠲᠦᠮᠵᠢ ᠶᠢ ᠬᠠᠩᠭᠠᠨ᠎ᠠ︔  6. ᠦᠨ᠎ᠡ ᠮᠡᠳᠡᠭᠦᠯᠬᠦ ᠬᠠᠭᠤᠳᠠᠰᠤ︔  7. ᠦᠢᠯᠡᠴᠢᠯᠡᠭᠡᠨ ᠤ ᠲᠥᠰᠦᠯ᠂ ᠦᠢᠯᠡᠴᠢᠯᠡᠭᠡᠨ ᠤ ᠠᠮᠠᠯᠠᠯᠲᠠ ᠵᠢᠴᠢ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ︔  ᠳᠡᠭᠡᠷᠡᠬᠢ ᠮᠠᠲ᠋ᠧᠷᠢᠶᠠᠯ ᠨᠢ ᠳᠡᠪᠲᠡᠷ ᠪᠣᠯᠭᠠᠨ ᠪᠢᠳᠡᠭᠦᠮᠵᠢᠯᠡᠬᠦ ᠶᠢᠨ ᠬᠠᠮᠲᠤ ᠤᠭᠤᠲᠠᠨ ᠳᠤ ᠬᠢᠵᠤ ᠪᠢᠲᠡᠭᠦᠮᠵᠢᠯᠡᠵᠦ᠂ ᠠᠮᠠᠰᠠᠷ ᠳᠡᠭᠡᠷ᠎ᠡ ᠨᠢ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ᠂ ᠮᠠᠲ᠋ᠧᠷᠢᠶᠠᠯ ᠤᠨ ᠳᠣᠲᠣᠷ᠎ᠠ ᠬᠠᠭᠤᠯᠪᠤᠷᠢ ᠨᠢ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃  ︵ᠲᠦᠷᠪᠡ︶ ᠮᠠᠲ᠋ᠧᠷᠢᠶᠠᠯ ᠢᠶᠠᠨ ᠲᠤᠰᠢᠶᠠᠬᠤ ᠴᠠᠭ᠄ 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ ᠤᠨ 17᠄ 00 ᠠᠴᠠ ᠡᠮᠦᠨ᠎ᠡ᠃  ᠳᠥᠷᠪᠡ᠂ ᠬᠠᠷᠢᠯᠴᠠᠬᠤ ᠠᠷᠭ᠎ᠠ ᠮᠠᠶ᠋ᠢᠭ  ᠬᠤᠳᠠᠯᠳᠤᠨ ᠠᠪᠬᠤ ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ  ᠬᠠᠷᠢᠯᠴᠠᠬᠤ ᠬᠥᠮᠥᠨ᠄ ᠫᠧᠩ ᠬᠠᠢ ᠰᠢᠶᠠ  ᠤᠲᠠᠰᠤ᠄ 0471 – 6946140    2024 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ 
 
ᠢᠷᠡᠯᠲᠡ᠄ ᠭᠠᠳᠠᠭᠠᠳᠤ ᠳᠤ ᠪᠡᠯᠡ ᠣᠷᠣᠭᠤᠯᠬᠤ ᠪᠠ ᠠᠵᠤ ᠠᠬᠤᠢ ᠶᠢᠨ ᠬᠠᠮᠲᠤᠷᠠᠯᠴᠠᠭ᠎ᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map