ᠬᠥᠬᠡᠬᠤᠲᠠ | ★4 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠧᠨ ᠶᠤᠸᠠᠨ ᠺᠸᠠᠨᠽᠢ | ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠾᠧᠹᠧᠢ︶ ᠢ ᠪᠤᠳᠤᠬᠤ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠬᠤᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠳᠣᠯᠭ᠎ᠠ ᠶᠢᠨ | ᠬᠦᠴᠦᠨ ᠤ ᠠᠵᠤ ᠦᠢᠯᠡᠰ ᠤᠨ ᠬᠠᠮᠲᠤᠷᠠᠯᠴᠠᠭᠠᠨ ᠤ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠳᠠ ᠶᠢᠨ | ᠤᠳᠤᠷᠢᠳᠤᠯᠭ᠎ᠠ ᠯᠢᠦ ᠵᠢᠢ ᠶᠢᠩ ᠠᠭᠤᠯᠵᠠᠯᠲᠠ ᠳᠤ ᠣᠷᠣᠯᠴᠠᠪᠠ᠃ ︵ᠢᠷᠡᠯᠲᠡ᠄ ᠬᠥᠬᠡᠬᠤᠲᠠ ᠶᠢᠨ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ︶ | ★4 ᠳ᠋ᠤᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠫᠷᠤᠹᠧᠰᠰᠤᠷ ᠬᠤᠸᠠᠩ ᠸᠧᠶ ᠨᠡᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠤᠶᠠᠨ ᠬᠠᠳᠠᠨ | ᠡᠯᠧᠺᠲᠷᠣᠨ ᠬᠠᠮᠢᠶ᠎ᠠ ᠪᠦᠬᠦᠢ ᠠᠵᠤ ᠦᠢᠯᠡᠰ ᠤᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ | ᠵᠤᠤ ᠶᠦᠩ᠂ ᠬᠤᠳᠠ ᠶᠢᠨ ᠤᠳᠤᠷᠢᠳᠤᠯᠭ᠎ᠠ ᠵᠢᠶᠤᠤ ᠬᠤᠩ᠂ ᠵᠦ ᠵᠢᠶᠠᠨ ᠭᠦᠸᠧ ᠠᠭᠤᠯᠵᠠᠯᠲᠠ ᠳᠤ ᠣᠷᠣᠯᠴᠠᠪᠠ᠃ | ︵ᠢᠷᠡᠯᠲᠡ᠄ ᠬᠥᠬᠡᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ︶ | ★4 ᠳ᠋ᠦ᠋ᠭᠡᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠰᠢ ᠠᠨ ᠬᠤᠲᠠ ᠳᠤ ᠬᠦᠷᠴᠦ ᠯᠦᠩ ᠵᠢᠢ ᠯᠢᠦᠢ ᠨᠧᠩ ᠰᠢᠨᠵᠢᠯᠡᠬᠦ | ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠵᠤ᠂ ᠯᠦᠩ ᠵᠢᠢ ᠯᠢᠦᠢ | ᠨᠧᠩ ᠣᠶᠤᠨᠴᠢ ᠦᠵᠡᠰᠬᠦᠯᠡᠩ ᠤᠨ ᠣᠷᠳᠣᠨ᠂ BIPV ᠪᠡᠶᠡᠴᠢᠯᠡᠨ ᠣᠶᠢᠯᠠᠭᠠᠬᠤ ᠣᠷᠳᠣᠨ ᠢ ᠲᠣᠭᠤᠷᠢᠨ | ᠦᠵᠡᠭᠰᠡᠨ ᠪᠥᠭᠡᠳ ᠯᠦᠩ ᠵᠢᠢ ᠯᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠯᠢ ᠵᠧᠨ ᠭᠦᠸᠧ ᠲᠠᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ | ᠶᠠᠪᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃ ︵ᠢᠷᠡᠯᠲᠡ᠄ ᠬᠥᠬᠡᠬᠤᠲᠠ ᠶᠢᠨ ᠪᠡᠯᠡ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ︶ | ★4 ᠳ᠋ᠦ᠋ᠭᠡᠷ ᠰᠠᠷ᠎ᠠ ᠶᠢᠨ 9 ᠤ ᠡᠳᠦᠷ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠬᠢᠭᠡᠳ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠵᠢᠴᠢ ᠠᠳ᠋ᠰ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠪᠠᠩᠬᠢ ᠶᠢᠨ ᠪᠦᠯᠬᠦᠮ ᠤᠨ ᠵᠥᠪᠯᠡᠯᠴᠡᠭᠡᠷ | ᠲᠣᠭᠲᠠᠬᠤ ᠶᠣᠰᠣᠯᠠᠯ ᠢ ᠡᠷᠭᠢᠯᠡᠪᠡ᠃ ᠵᠠᠰᠠᠭ ᠪᠠᠩᠬᠢ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ | ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ᠂ ᠬᠥᠬᠡᠬᠤᠲᠠ ᠶᠢᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ ᠡᠭᠦᠰᠭᠡᠨ ᠪᠠᠶᠢᠭᠤᠯᠵᠤ᠂ ᠰᠢᠩ ᠶᠧ ᠪᠠᠩᠬᠢ ᠶᠢᠨ | ᠬᠥᠬᠡᠬᠤᠲᠠ ᠳᠠᠬᠢ ᠬᠤᠪᠢᠶᠠᠷᠢ ᠪᠠᠩᠬᠢ ᠨᠢ ᠳᠠᠭᠠᠭᠤᠯᠤᠭᠴᠢ ᠪᠠᠩᠬᠢ ᠪᠣᠯᠤᠭᠰᠠᠨ ᠤ ᠬᠤᠪᠢ ᠳᠤ᠂ ᠳᠤᠮᠳᠠᠳᠤ | ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠳᠤᠮᠳᠠᠳᠤ | ᠤᠯᠤᠰ ᠤᠨ ᠪᠠᠩᠬᠢ᠂ ᠥᠪᠥᠷ ᠮᠣᠩᠭᠤᠯ ᠤᠨ ᠪᠠᠩᠬᠢ᠂ ᠮᠧᠩ ᠱᠠᠩ ᠪᠠᠩᠬᠢ ᠵᠡᠷᠭᠡ ᠲᠠᠪᠤᠨ ᠪᠦᠯᠬᠦᠮ ᠢ ᠤᠷᠢᠵᠤ | ᠬᠠᠮᠲᠤᠪᠠᠷ ᠠᠳ᠋ᠰ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠳᠤ 38 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠪᠦᠯᠦᠭᠯᠡᠯ ᠢ | ᠵᠣᠬᠢᠶᠠᠨ ᠪᠠᠶᠢᠭᠤᠯᠪᠠ᠃ ︵ᠢᠷᠡᠯᠲᠡ᠄ ᠬᠥᠬᠡᠬᠤᠲᠠ ᠠᠴᠠ ᠨᠡᠶᠢᠲᠡᠯᠡᠪᠡ︶ | | ᠪᠤᠭᠤᠲᠤ ᠬᠤᠲᠠ | ★4 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠲᠦᠷᠦᠭᠦᠴᠦᠳ ᠤᠨ | ᠬᠤᠷᠠᠯ ᠬᠥᠬᠡᠨᠠᠭᠤᠷ ᠤᠨ ᠯᠢ ᠬᠤᠤ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠳ᠋ᠤᠸᠠᠨ ᠶᠦᠩ᠂ ᠶᠢᠩ ᠹᠠ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ ᠵᠠᠩ ᠵᠢᠶᠧ᠂ ᠲᠢᠶᠠᠨᠵᠢᠨ ᠤ ᠯᠢᠶᠠᠨ ᠱᠧᠩ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠰᠢᠨ ᠨᠡᠷ ᠲᠠᠢ ᠠᠭᠤᠯᠵᠠᠪᠠ᠃ | ᠬᠤᠶᠠᠷ ᠲᠠᠯ᠎ᠠ ᠪᠠᠷ ᠢᠶᠠᠨ ᠲᠠᠯᠠᠰᠲᠤ ᠴᠠᠬᠢᠭᠤᠷ ᠭᠡᠷᠡᠯ ᠴᠡᠨᠡᠭ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠵᠤ᠂ ᠬᠤᠳᠠ ᠶᠢᠨ ᠤᠳᠤᠷᠢᠳᠤᠯᠭ᠎ᠠ ᠯᠢᠦ ᠬᠠᠢ ᠴᠢᠤᠸᠠᠨ᠂ ᠯᠢᠶᠠᠨ | ᠳ᠋ᠦᠩ᠂ ᠸᠠᠩ ᠰᠢᠤ ᠯᠢᠶᠠᠨ ᠵᠢᠴᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠣᠷᠣᠯᠴᠠᠪᠠ᠃ ︵ᠢᠷᠡᠯᠲᠡ᠄ ᠪᠤᠭᠤᠲᠤ ᠶᠢᠨ ᠡᠳᠦᠷ ᠤᠨ ᠰᠣᠨᠢᠨ︶ | ★4 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠪᠦᠬᠦ | ᠬᠤᠳᠠ ᠶᠢᠨ ᠡᠨᠧᠷᠭᠢ ᠨᠥᠭᠡᠴᠡᠯᠡᠬᠦ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ | ᠰᠡᠳᠦᠪᠲᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠡᠨᠧᠷᠭᠢ ᠬᠠᠳᠠᠭᠠᠯᠠᠬᠤ | ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠤᠳᠤᠯᠵᠤ᠂ ᠠᠵᠤ ᠦᠢᠯᠡᠰ ᠤᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠪᠡ᠃ ᠪᠤᠭᠤᠲᠤ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠷᠦᠢ ᠣᠷᠣᠯᠴᠠᠵᠠᠶ᠃ ᠬᠤᠷᠠᠯ ᠳᠡᠭᠡᠷ᠎ᠡ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ | ᠲᠣᠪᠴᠢᠶ᠎ᠠ ᠪᠥᠬᠦ ᠬᠤᠲᠠ ᠶᠢᠨ ᠡᠨᠧᠷᠭᠢ ᠬᠠᠳᠠᠭᠠᠯᠠᠬᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠬᠤᠲᠠ ᠶᠢᠨ | ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠥᠪᠥᠷ ᠮᠣᠩᠭᠤᠯ ᠤᠨ ᠬᠤᠸᠠ ᠳ᠋ᠢᠶᠠᠨ | ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ᠂ | ᠰᠠᠨᠰᠠᠷ ᠤᠨ ᠯᠢᠲ᠋ᠢ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ᠂ ᠵᠥᠩ ᠬᠠᠩ ᠯᠢᠲ᠋ᠢ ᠴᠠᠬᠢᠯᠭᠠᠨ ᠵᠡᠷᠭᠡ ᠠᠵᠤ | ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠪᠡ᠃ ᠬᠤᠲᠠ ᠶᠢᠨ ᠤᠳᠤᠷᠢᠳᠤᠯᠭ᠎ᠠ ᠯᠢᠦ ᠬᠠᠶ ᠴᠢᠤᠸᠠᠨ᠂ | ᠯᠢᠶᠠᠨ ᠳ᠋ᠦᠩ᠂ ᠴᠧᠨ ᠲᠢᠶᠧ ᠶᠢᠩ ᠬᠤᠷᠠᠯ ᠳᠤ ᠣᠷᠣᠯᠴᠠᠪᠠ᠃ ︵ᠢᠷᠡᠯᠲᠡ᠄ ᠪᠤᠭᠤᠲᠤ ᠶᠢᠨ ᠡᠳᠦᠷ ᠤᠨ ᠰᠣᠨᠢᠨ︶ | | ★3 ᠳ᠋ᠤᠭᠠᠷ ᠰᠠᠷ᠎ᠠ ᠶᠢᠨ 28 ᠤ ᠡᠳᠦᠷ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ ᠴᠢᠩᠬᠤᠸᠠ ᠶᠡᠭᠡ ᠰᠤᠷᠭᠠᠭᠤᠯᠢ ᠶᠢᠨ ᠢᠷᠡᠭᠡᠳᠦᠢ ᠶᠢᠨ ᠲᠤᠷᠰᠢᠯᠲᠠ ᠶᠢᠨ ᠲᠠᠰᠤᠭ ᠤᠨ ᠳᠡᠳ᠋ | ᠡᠷᠬᠢᠯᠡᠭᠴᠢ ᠶᠤᠸᠠᠢ ᠬᠤᠢ ᠷᠦᠩ ᠨᠠᠷ ᠢ ᠤᠷᠢᠵᠤ ᠪᠤᠭᠤᠲᠤ ᠬᠤᠲᠠ ᠳᠤ ᠰᠣᠯᠢᠯᠴᠠᠨ ᠰᠢᠨᠵᠢᠯᠡᠨ ᠪᠠᠶᠢᠴᠠᠭᠠᠵᠤ᠂ | ᠣᠯᠠᠨ ᠲᠠᠯ᠎ᠠ ᠶᠢᠨ ᠬᠢᠨ ᠬᠠᠮᠲᠤᠷᠠᠨ ︽ᠠᠵᠤ ᠦᠢᠯᠡᠰ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠲᠤᠰᠬᠠᠢ ᠵᠦᠢᠯ︾ | ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠬᠦ᠂ ᠴᠢᠩᠬᠤᠸᠠ ᠶᠡᠭᠡ ᠰᠤᠷᠭᠠᠭᠤᠯᠢ ᠶᠢᠨ | ᠢᠷᠡᠭᠡᠳᠦᠢ ᠶᠢᠨ ᠲᠤᠷᠰᠢᠯᠲᠠ ᠶᠢᠨ ᠲᠠᠰᠤᠭ ᠤᠨ ᠣᠯᠠᠨ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠣᠷᠣᠭᠤᠯᠤᠨ ᠠᠪᠴᠢᠷᠠᠬᠤ ᠵᠢᠴᠢ ᠲᠥᠷᠥᠯ ᠵᠦᠢᠯ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠬᠢᠪᠡ᠃ | ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ︵ᠬᠤᠪᠣᠷ ᠰᠢᠷᠣᠶ ᠶᠢᠨ ᠠᠯᠪᠠᠨ ᠬᠡᠷ︶ ᠲᠣᠰ | ᠲᠣᠰ ᠪᠥᠬᠦ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ᠂ ᠬᠤᠪᠣᠷ ᠰᠢᠷᠣᠶ ᠶᠢᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠵᠡᠷᠭᠡ ᠶᠢᠨ ᠲᠤᠬᠠᠶ ᠨᠠᠷᠢᠨ ᠲᠠᠨᠢᠯᠴᠠᠭᠤᠯᠬᠤ ᠶᠢᠨ ᠬᠠᠮᠲᠤ | ᠴᠢᠩᠬᠤᠸᠠ ᠶᠡᠭᠡ ᠰᠤᠷᠭᠠᠭᠤᠯᠢ ᠶᠢᠨ ᠢᠷᠡᠭᠡᠳᠦᠶ ᠶᠢᠨ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨᠲᠠᠨ ᠪᠠ | ᠲᠥᠷᠥᠯ ᠵᠦᠢᠯ ᠤᠨ ᠠᠵᠢᠯᠲᠠᠨ᠂ ᠤᠯᠤᠰ ᠤᠨ ᠴᠠᠬᠢᠯᠭᠠᠨ ᠬᠦᠴᠦᠨ ᠤ ᠶᠡᠷᠦᠩᠬᠡᠶᠢᠯᠡᠭᠰᠡᠨ ᠡᠨᠧᠷᠭᠢ ᠶᠢᠨ ᠥᠪᠥᠷ | ᠮᠣᠩᠭᠤᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠳᠠᠲᠠᠶ ᠬᠠᠮᠲᠤᠷᠠᠯᠴᠠᠬᠤ | ᠵᠦᠢᠯᠡᠰ ᠤᠨ ᠲᠤᠬᠠᠶ ᠭᠦᠨᠵᠡᠭᠡᠶ ᠨᠡᠪᠲᠡᠷᠡᠯᠴᠡᠵᠦ᠂ ᠰᠠᠨᠠᠯ ᠢᠶᠠᠨ ᠭᠦᠢᠴᠡᠳ ᠰᠣᠯᠢᠯᠴᠠᠪᠠ᠃ ᠵᠣᠯᠭᠠᠯᠴᠠᠭ᠎ᠠ | ᠰᠣᠯᠢᠯᠴᠠᠭ᠎ᠠ ᠳᠤᠮᠳᠠ᠂ ᠶᠤᠸᠠᠢ ᠬᠤᠢ ᠷᠦᠩ ᠨᠠᠷ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ | ᠬᠦᠷᠢᠶᠡᠯᠡᠩ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠵᠡᠢ᠃ ︵ᠢᠷᠡᠯᠲᠡ᠄ ᠪᠤᠭᠤᠲᠤ | ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ︶ | ★3 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠷᠦᠢ ᠸᠧ ᠯᠦᠩ | ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠴᠧᠨ ᠵᠢᠶᠠᠨ ᠴᠧᠩ ᠨᠡᠷ ᠲᠠᠢ ᠠᠭᠤᠯᠵᠠᠪᠠ᠃ | ᠬᠤᠶᠠᠷ ᠲᠠᠯ᠎ᠠ ᠪᠠᠷ ᠢᠶᠠᠨ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠴᠢᠩᠭᠠᠳᠬᠠᠬᠤ ᠲᠤᠬᠠᠢ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ | ᠭᠦᠨᠵᠡᠭᠡᠢ ᠰᠣᠯᠢᠯᠴᠠᠪᠠ᠃ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ | ᠬᠡᠷᠡᠭ ᠮᠡᠳᠡᠭᠴᠢᠳ ᠤᠨ ᠳᠠᠷᠤᠭ᠎ᠠ ᠮᠧᠩ ᠹᠠᠨ ᠶᠢᠩ᠂ ᠬᠤᠳᠠ ᠶᠢᠨ ᠤᠳᠤᠷᠢᠳᠤᠯᠭ᠎ᠠ ᠯᠢᠦ ᠬᠠᠢ ᠴᠢᠤᠸᠠᠨ᠂ ᠯᠢᠶᠠᠨ | ᠳ᠋ᠦᠩ᠂ ᠸᠠᠩ ᠰᠢᠤ ᠯᠢᠶᠠᠨ ᠵᠢᠴᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠤᠨ | ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ | ᠣᠷᠣᠯᠴᠠᠪᠠ᠃ ︵ᠢᠷᠡᠯᠲᠡ᠄ ᠪᠤᠭᠤᠲᠤ ᠶᠢᠨ ᠡᠳᠦᠷ ᠤᠨ ᠰᠣᠨᠢᠨ︶ | | ᠬᠥᠯᠥᠨ ᠪᠤᠶᠢᠷ ᠬᠤᠲᠠ | ★3 ᠳ᠋ᠤᠭᠠᠷ ᠰᠠᠷ᠎ᠠ ᠶᠢᠨ 25 ᠤ ᠡᠳᠦᠷ ᠠᠴᠠ 28 ᠤ ᠡᠳᠦᠷ ᠪᠣᠯᠲᠠᠯ᠎ᠠ᠂ ᠪᠡᠭᠡᠵᠢᠩ ᠳᠤ ᠳᠤᠮᠳᠠᠳᠤ | ᠤᠯᠤᠰ ᠤᠨ ᠣᠯᠠᠨ ᠤᠯᠤᠰ ᠤᠨ ᠴᠡᠪᠡᠷ ᠡᠨᠧᠷᠭᠢ ᠶᠢᠨ ᠦᠵᠡᠰᠬᠦᠯᠡᠩ ᠳᠤ ᠣᠷᠣᠯᠴᠠᠬᠤ ᠬᠤᠭᠤᠴᠠᠭᠠᠨ ᠳᠤ᠂ | ᠬᠥᠯᠥᠨ ᠪᠤᠶᠢᠷ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠠᠴᠠ ᠲᠣᠰ ᠲᠣᠰ ᠪᠡᠭᠡᠵᠢᠩ | ᠬᠤᠲᠠ ᠶᠢᠨ ᠴᠢᠩᠬᠤᠸᠠ ᠲᠦᠩ ᠾᠧᠩ ᠴᠧᠩ ᠱᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ | ᠳ᠋ᠦᠩ ᠹᠠᠩ ᠴᠠᠬᠢᠯᠭᠠᠨ ︵ᠪᠡᠭᠡᠵᠢᠩ︶ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠾᠧᠪᠸᠢ ᠮᠤᠵᠢ ᠶᠢᠨ ᠲᠦᠩ ᠹᠦ᠋ ᠪᠦᠯᠦᠭᠯᠡᠯ᠂ ᠱᠢ ᠵᠢᠶᠠ ᠵᠤᠸᠠᠩ ᠬᠤᠲᠠ ᠶᠢᠨ ᠾᠦᠢ ᠺᠠᠩ | ᠢᠳᠡᠭᠡᠨ ᠤ ᠬᠢᠵᠠᠭᠠᠷᠲᠤ ᠺᠣᠮᠫᠠᠨᠢ᠂ ᠱᠠᠨᠳᠦ᠋ᠩ ᠤᠨ ᠳᠤᠮᠳᠠᠳᠤ ᠤᠯᠤᠰ ᠤᠨ ᠵᠢᠨᠠᠨ ᠤ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠂ ᠴᠢᠩᠳᠣᠤ ᠬᠤᠲᠠ ᠶᠢᠨ ᠲᠧ ᠯᠠᠢ ᠳ᠋ᠢᠶᠠᠨ ᠰᠢᠨ᠎ᠡ | ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠢᠩᠲᠤᠤ ᠬᠤᠲᠠ ᠶᠢᠨ ᠯᠢᠦᠢ ᠲᠢᠶᠠᠨ ᠱᠢ ᠪᠡᠯᠡ | ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠥᠮᠦᠨ ᠤ ᠬᠦᠴᠦ ᠪᠠᠷ ᠲᠡᠵᠢᠭᠡᠯ ᠡᠪᠡᠰᠦ ᠲᠠᠷᠢᠬᠤ | ᠲᠥᠷᠥᠯ ᠵᠦᠢᠯ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠤᠰᠤᠲᠥ᠋ᠷᠥᠭᠴᠢ | ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ᠂ ᠣᠳᠣ ᠦᠶ᠎ᠡ ᠶᠢᠨ ᠲᠠᠷᠢᠶᠠᠯᠠᠩ᠂ ᠲᠣᠮᠣ ᠡᠷᠡᠭᠦᠯ | ᠢᠳᠡᠭᠡᠨ᠂ ᠬᠤᠯᠪᠣᠭᠠᠲᠤ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠤᠨ ᠡᠷᠡᠭᠦᠯ ᠰᠤᠪᠢᠯᠠᠯᠲᠠ᠂ ᠲᠠᠷᠢᠶᠠᠯᠠᠩ ᠤᠨ | ᠪᠦᠲᠦᠭᠡᠭᠳᠡᠬᠦᠨ ᠪᠣᠯᠪᠠᠰᠤᠷᠠᠭᠤᠯᠬᠤ᠂ ᠦᠢᠯᠡᠳᠪᠦᠷᠢᠯᠡᠯ ᠤᠨ ᠤᠷ᠎ᠠ ᠮᠡᠷᠭᠡᠵᠢᠯ᠂ ᠰᠢᠨ᠎ᠡ ᠡᠨᠧᠷᠭᠢ ᠶᠢᠨ ᠴᠠᠬᠢᠯᠭᠠᠨ | ᠴᠡᠨᠡᠭᠯᠡᠬᠦ ᠪᠠᠭᠠᠨ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ | ᠠᠵᠤ ᠦᠢᠯᠡᠰ ᠤᠨ ᠨᠡᠪᠴᠢᠭᠦᠯᠬᠦ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠠᠮᠲᠤᠷᠠᠯᠴᠠᠭ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠬᠥᠭᠵᠢᠯᠲᠡ ᠵᠡᠷᠭᠡ ᠲᠠᠯ᠎ᠠ ᠪᠠᠷ ᠨᠠᠷᠢᠯᠢᠭ ᠣᠨᠣᠪᠴᠢᠲᠠᠢ | ᠵᠣᠯᠭᠠᠵᠤ ᠪᠠᠶᠢᠨ᠎ᠠ᠃ ᠲᠣᠰ ᠤᠳᠠᠭ᠎ᠠ ᠭᠠᠳᠠᠭᠠᠳᠤ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠤᠭᠰᠠᠨ ᠨᠢ | ᠬᠤᠳᠠᠯᠳᠤᠭᠠᠴᠢᠨ ᠤᠷᠢᠬᠤ ᠡᠬᠢ ᠪᠠᠶᠠᠯᠢᠭ ᠢ ᠪᠠᠶᠠᠯᠢᠭᠵᠢᠭᠤᠯᠵᠤ᠂ ᠬᠥᠯᠥᠨ ᠪᠤᠶᠢᠷ ᠬᠤᠲᠠ ᠶᠢᠨ ᠪᠡᠭᠡᠵᠢᠩ᠂ | ᠾᠧᠪᠸᠢ᠂ ᠱᠠᠨᠳᠦ᠋ᠩ ᠵᠡᠷᠭᠡ ᠭᠠᠵᠠᠷ ᠣᠷᠣᠨ ᠳᠤ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠳᠤ ᠰᠠᠭᠤᠷᠢ ᠲᠠᠯᠪᠢᠵᠤ ᠥᠭᠴᠡᠶ᠃ ︵ᠢᠷᠡᠯᠲᠡ᠄ ᠬᠥᠯᠥᠨ ᠪᠤᠶᠢᠷ ᠬᠤᠲᠠ ᠶᠢᠨ ᠪᠠᠯᠠ | ᠣᠷᠣᠭᠤᠯᠤᠯᠲᠠ ᠶᠢ ᠠᠬᠢᠭᠤᠯᠬᠤ ᠲᠥᠪ︶ | ★4 ᠳ᠋ᠦ᠋ᠭᠡᠷ ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠱᠠᠨᠳᠦ᠋ᠩ ᠮᠤᠵᠢ ᠶᠢᠨ ᠥᠪᠥᠷ | ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠠᠵᠤ ᠠᠬᠤᠶᠢᠯᠠᠯ ︵ᠪᠡᠭᠡᠵᠢᠩ︶ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠱᠠᠨᠳᠦ᠋ᠩ ᠤᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ | ᠰᠢᠩ ᠵᠢᠶᠠᠨ ᠡᠤ᠂ ᠱᠠᠨᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠡᠳ᠋ | ᠳᠠᠷᠤᠭ᠎ᠠ᠂ ᠲᠢᠶᠠᠨᠵᠢᠨ ᠤ ᠵᠢᠶᠠ ᠯᠢ ᠲᠡᠯᠡᠶ ᠲᠠᠩᠭᠢᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ | ᠳᠠᠭᠠᠭᠠᠮᠠᠯ ᠯᠢᠦ ᠵᠢᠶᠠ ᠱᠧᠩ ᠨᠡᠷ ᠮᠠᠨᠵᠤᠤᠷ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ᠃ ᠱᠠᠨᠳᠦ᠋ᠩ | ᠮᠣᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠷᠢᠳ ᠬᠤᠵᠢᠳ ᠮᠠᠨᠵᠤᠤᠷ ᠬᠤᠲᠠ ᠶᠢᠨ ᠬᠠ | ᠺᠧ ᠰᠧ ᠣᠷᠣᠰ ᠤᠨ ᠢᠳᠡᠭᠡᠨ ᠮᠢᠬᠠᠨ ᠤ ᠪᠦᠲᠦᠭᠡᠭᠳᠡᠬᠦᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ᠂ ᠳ᠋ᠦᠸᠧ | ᠶᠤᠸᠠᠨ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠣᠮᠫᠠᠨᠢ᠂ ᠪᠣᠭᠤᠮᠲᠠ ᠶᠢᠨ ᠬᠤᠲᠠ ᠶᠢᠨ ᠪᠦᠲᠦᠭᠡᠨ | ᠪᠠᠢᠭᠤᠯᠤᠯᠲᠠ ᠶᠢᠨ ᠪᠦᠯᠦᠭᠯᠡᠯ ᠵᠡᠷᠭᠡ ᠭᠠᠵᠠᠷ ᠲᠤ ᠭᠦᠨᠵᠡᠭᠡᠢᠷᠡᠨ᠂ ᠮᠠᠨᠵᠤᠤᠷ ᠬᠤᠲᠠ ᠶᠢᠨ ᠣᠷᠣᠨ ᠪᠠᠶᠢᠷᠢ ᠶᠢᠨ | ᠳᠠᠪᠠᠭᠤᠯᠢᠭ᠂ ᠠᠵᠤ ᠦᠢᠯᠡᠰ ᠤᠨ ᠪᠠᠶᠢᠷᠢᠯᠠᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ ᠵᠡᠷᠭᠡ ᠪᠠᠶᠢᠳᠠᠯ ᠢ | ᠨᠠᠷᠢᠨ ᠤᠶᠢᠯᠠᠭᠠᠵᠤ᠂ ᠬᠠᠮᠲᠤᠷᠠᠯᠴᠠᠭᠠᠨ ᠤ ᠠᠯᠤᠰ ᠢᠷᠡᠭᠡᠳᠦᠢ ᠶᠢ ᠬᠠᠮᠲᠤᠪᠠᠷ ᠶᠠᠷᠢᠯᠴᠠᠵᠤ᠂ ᠬᠤᠶᠠᠷ ᠭᠠᠵᠠᠷ ᠤᠨ | ᠠᠵᠤ ᠠᠬᠤᠶᠢᠯᠠᠯ ᠤᠨ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠬᠠᠮᠲᠤᠷᠠᠯᠴᠠᠭ᠎ᠠ ᠳᠤ ᠪᠠᠲᠤ ᠪᠠᠬᠢ | ᠰᠠᠭᠤᠷᠢ ᠲᠠᠯᠪᠢᠪᠠ᠃ ︵ᠢᠷᠡᠯᠲᠡ᠄ ᠮᠠᠨᠵᠤᠤᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | ★ 4 ᠳ᠋ᠦ᠋ᠭᠡᠷ ᠰᠠᠷ᠎ᠠ ᠶᠢᠨ 2 ᠤ ᠡᠳᠦᠷ᠂ ᠮᠠᠨᠵᠤᠤᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ | ᠲᠥᠪ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠨ ᠤ ᠬᠤᠯᠪᠣᠭᠠᠲᠤ ᠬᠤᠷᠠᠯ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠲᠥᠷᠥᠯ ᠵᠦᠢᠯ ᠢ ᠲᠠᠨᠢᠯᠴᠠᠭᠤᠯᠬᠤ ᠬᠤᠷᠠᠯ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠵᠢᠶᠦ᠋ᠨ ᠬᠤᠷᠠᠯ ᠡᠷᠭᠢᠯᠡᠵᠦ᠂ | ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠵᠠᠩ ᠮᠧᠩ᠂ ᠬᠤᠲᠠ ᠶᠢᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠦ ᠮᠢᠩ ᡁᠢ ᠵᠢᠴᠢ ᠬᠡᠰᠡᠭ ᠬᠠᠷᠢᠶ᠎ᠠ | ᠬᠤᠳᠠᠯᠳᠤᠭᠠᠴᠢᠳ ᠤᠨ ᠨᠡᠶᠢᠭᠡᠮᠯᠢᠭ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠳᠤ ᠪᠦᠬᠦ ᠤᠯᠤᠰ ᠤᠨ ︽ᠲᠦᠷᠪᠡᠨ ᠰᠠᠶᠢᠨ︾ ᠬᠤᠳᠠᠯᠳᠤᠭᠠᠴᠢᠳ ᠤᠨ ᠡᠪᠯᠡᠯ — ᠮᠠᠨᠵᠤᠤᠷ | ᠬᠤᠳᠠ ᠶᠢᠨ ᠱᠠᠨ ᠰᠢ ᠶᠢᠨ ᠬᠤᠳᠠᠯᠳᠤᠭᠠᠴᠢᠳ ᠤᠨ ᠡᠪᠯᠡᠯ ᠢ ᠲᠣᠭᠤᠷᠢᠨ ᠦᠵᠡᠵᠦ᠂ ᠳ᠋ᠤᠸᠠᠨ ᠶᠤᠸᠠᠢ ᠳ᠋ᠦᠩ | ᠨᠡᠶᠢᠭᠡᠮᠯᠢᠭ ᠤᠨ ᠳᠠᠷᠤᠭ᠎ᠠ ᠶᠢᠨ ᠬᠤᠳᠠᠯᠳᠤᠭᠠᠴᠢᠳ ᠤᠨ ᠡᠪᠯᠡᠯ ᠤᠨ ᠬᠥᠭᠵᠢᠯᠲᠡ ᠳᠤ ᠴᠢᠭᠯᠡᠭᠦᠯᠦᠭᠰᠡᠨ | ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠪᠠ᠃ ᠬᠤᠳᠠ ᠶᠢᠨ ᠴᠠᠩ ᠵᠢᠶᠠᠩ ᠠᠵᠤ ᠠᠬᠤᠶᠢᠯᠠᠯᠲᠠᠨ ᠤ | ᠬᠤᠳᠠᠯᠳᠤᠭᠠᠴᠢᠳ ᠤᠨ ᠡᠪᠯᠡᠯ᠂ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ᠂ ᠤᠯᠤᠰ ᠢᠶᠠᠨ ᠬᠠᠶᠢᠷᠠᠯᠠᠵᠤ | ᠴᠡᠷᠢᠭ ᠢᠶᠠᠨ ᠬᠦᠷᠢᠶᠡᠯᠡᠬᠦ ᠨᠡᠶᠢᠭᠡᠮᠯᠢᠭ᠂ ᠪᠣᠷᠣᠲᠣᠬᠤᠢ ᠶᠢᠨ ᠬᠤᠳᠠᠯᠳᠤᠭᠠᠴᠢᠳ ᠤᠨ ᠡᠪᠯᠡᠯ᠂ ᠭᠡᠷ ᠤᠨ ᠬᠡᠷᠡᠭᠰᠡᠯ | ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠵᠡᠷᠭᠡ 5 ᠬᠤᠳᠠᠯᠳᠤᠭᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠲᠤᠰ | ᠲᠤᠰ ᠬᠤᠳᠠᠯᠳᠤᠭᠠᠴᠢᠳ ᠤᠨ ᠡᠪᠯᠡᠯ ᠤᠨ ᠪᠠᠶᠢᠭᠤᠯᠤᠯᠲᠠ᠂ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ | ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ | ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠮᠠᠨᠵᠤᠤᠷ ᠬᠤᠲᠠ ᠶᠢᠨ ᠪᠠᠯᠠ | ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠵᠠᠩ ᠮᠧᠩ ᠪᠥᠬᠦ ᠬᠤᠲᠠ ᠶᠢᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠢ ᠲᠠᠨᠢᠯᠴᠠᠭᠤᠯᠵᠤ᠂ ᠡᠯ᠎ᠡ ᠬᠤᠳᠠᠯᠳᠤᠭᠠᠴᠢᠳ ᠤᠨ | ᠨᠡᠶᠢᠭᠡᠮᠯᠢᠭ ᠲᠠᠢ ᠰᠠᠨᠠᠯ ᠢᠶᠠᠨ ᠭᠦᠨᠵᠡᠭᠡᠶ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠪᠠ᠃ | ︵ᠢᠷᠡᠯᠲᠡ᠄ ᠮᠠᠨᠵᠤᠤᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | ★4 ᠳ᠋ᠦ᠋ᠭᠡᠷ ᠰᠠᠷ᠎ᠠ ᠶᠢᠨ 2 ᠤᠨ ᠡᠳᠦᠷ᠂ ᠮᠠᠨᠵᠤᠤᠷ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ | ᠲᠥᠪ ᠤᠨ ᠵᠣᠯᠭᠠᠯᠴᠠᠭ᠎ᠠ ᠵᠣᠬᠢᠴᠠᠭᠤᠯᠭ᠎ᠠ ᠳᠣᠤᠷ᠎ᠠ᠂ ᠹᠦᠵᠢᠶᠠᠨ ᠮᠤᠵᠢ ᠶᠢᠨ ᠴᠢᠶᠤᠤ ᠹᠠ ᠬᠤᠪᠴᠠᠰᠤ ᠵᠠᠰᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠾᠧ ᠬᠤᠶ | ᠨᠠᠷ ᠮᠠᠨᠵᠤᠤᠷ ᠬᠤᠲᠠ ᠳᠤ ᠬᠦᠷᠴᠦ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠣᠭᠲᠠᠭᠰᠠᠨ ᠪᠥᠭᠡᠳ ᠥᠪᠥᠷ | ᠮᠣᠩᠭᠤᠯ ᠤᠨ ᠰᠠᠨ ᠬᠤᠤ ᠬᠤᠪᠴᠠᠰᠤ ᠵᠠᠰᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠳᠡᠩᠰᠡᠯᠡᠵᠦ | ᠪᠠᠶᠢᠭᠤᠯᠪᠠ᠃ ︵ᠢᠷᠡᠯᠲᠡ᠄ ᠮᠠᠨᠵᠤᠤᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | | ᠬᠢᠩᠭᠠᠨ ᠠᠶᠢᠮᠠᠭ | ★4 ᠳ᠋ᠦ᠋ᠭᠡᠷ ᠰᠠᠷ᠎ᠠ ᠶᠢᠨ 7 ᠤ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭ᠎ᠠ ᠦᠬᠠᠨ ᠶᠡᠭᠡ ᠰᠤᠷᠭᠠᠭᠤᠯᠢ ᠳᠤ ᠬᠢᠩᠭᠠᠨ ᠠᠶᠢᠮᠠᠭ ᠤᠨ ᠡᠷᠡᠭᠦᠯ ᠮᠡᠨᠳᠦ ᠶᠢᠨ ᠠᠵᠤ | ᠦᠢᠯᠡᠰ ᠤᠨ ᠯᠦᠸᠧ ᠵᠢᠶᠠ ᠱᠠᠨ ᠵᠠᠰᠠᠭ ᠤᠨ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭᠠᠨ ᠤ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠢᠮᠠᠭ ᠤᠨ ᠤᠳᠤᠷᠢᠳᠤᠯᠭ᠎ᠠ ᠵᠠᠩ ᠰᠢᠶᠤᠤ ᠪᠢᠩ᠂ ᠰᠦᠬᠡ᠂ ᠯᠢᠦ ᠱᠦ | ᠴᠧᠩ᠂ ᠰᠦᠨ ᠱᠦ ᠲᠤᠤ ᠪᠣᠯᠤᠨ ᠦᠬᠠᠨ ᠶᠡᠭᠡ ᠰᠤᠷᠭᠠᠭᠤᠯᠢ ᠶᠢᠨ ᠬᠠᠮᠢᠶ᠎ᠠ ᠪᠥᠬᠦᠶ ᠬᠦᠷᠢᠶᠡᠯᠡᠩ ᠰᠠᠯᠪᠤᠷᠢ ᠶᠢᠨ | ᠬᠠᠷᠢᠭᠤᠴᠠᠯᠭᠠᠲᠠᠨ ᠵᠢᠴᠢ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠬᠡᠳᠦᠨ ᠠᠷᠪᠠᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠵᠣᠯᠭᠠᠭᠤᠯᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ | ᠬᠢᠩᠭᠠᠨ ᠠᠶᠢᠮᠠᠭ ᠤᠨ ᠶᠡᠭᠡ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠣᠭᠤᠷᠢᠨ ᠳᠤ | ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠥᠭᠵᠢᠶᠡᠨᠲᠡᠶ ᠶᠠᠷᠢᠯᠴᠠᠪᠠ᠃ ᠬᠢᠩᠭᠠᠨ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠰᠠᠶᠢᠨ᠂ ᠡᠷᠡᠭᠦᠯ ᠮᠡᠨᠳᠦ ᠶᠢᠨ ᠡᠯᠧᠮᠧᠨ᠋ᠲ ᠡᠯᠪᠡᠭ ᠳᠡᠯᠪᠡᠭ᠂ ᠲᠣᠮᠣ ᠡᠷᠡᠭᠦᠯ ᠮᠡᠨᠳᠦ ᠶᠢᠨ ᠠᠵᠤ | ᠦᠢᠯᠡᠰ ᠢ ᠬᠥᠭᠵᠢᠭᠦᠯᠬᠦ ᠥᠪᠡᠷᠮᠢᠴᠡ ᠣᠷᠴᠢᠨ ᠲᠣᠭᠤᠷᠢᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ | ᠪᠣᠯᠤᠨ ᠠᠵᠤ ᠦᠢᠯᠡᠰ ᠤᠨ ᠰᠠᠭᠤᠷᠢ ᠶᠢ ᠪᠦᠷᠢᠯᠳᠦᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ | ᠬᠥᠭᠵᠢᠭᠦᠯᠬᠦ᠂ ᠬᠢᠲᠠᠳ ᠮᠣᠩᠭᠤᠯ ᠡᠮ ᠤᠨ ᠨᠡᠭᠡᠭᠡᠨ ᠬᠥᠭᠵᠢᠭᠦᠯᠦᠯᠲᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠵᠤᠭᠠᠴᠠᠯ ᠡᠷᠡᠭᠦᠯᠵᠢᠯ ᠰᠤᠪᠢᠯᠠᠯᠲᠠ ᠵᠡᠷᠭᠡ ᠲᠠᠯ᠎ᠠ ᠪᠠᠷ ᠬᠢᠩᠭᠠᠨ | ᠠᠶᠢᠮᠠᠭ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠪᠠᠷ ᠬᠥᠭᠵᠢᠵᠦ᠂ ᠬᠠᠮᠲᠤᠪᠠᠷ ᠠᠰᠢᠭ ᠭᠥᠷᠳᠡᠨ᠎ᠠ ᠭᠡᠵᠦ | ᠰᠠᠨᠠᠯ ᠨᠢᠭᠡᠲᠡᠢ ᠢᠯᠡᠷᠬᠡᠶᠢᠯᠡᠪᠡ᠃ ᠵᠠᠩ ᠰᠢᠶᠤᠤ ᠪᠢᠩ ᠤᠷᠢᠭᠳᠠᠭᠰᠠᠨ ᠶᠡᠭᠡ ᠡᠷᠡᠭᠦᠯ ᠮᠡᠨᠳᠦ ᠶᠢᠨ ᠠᠵᠤ ᠦᠢᠯᠡᠰ ᠤᠨ | ᠵᠥᠪᠯᠡᠭᠴᠢ ᠶᠢᠨ ᠠᠵᠤ ᠠᠬᠤᠶᠢᠯᠠᠯ᠂ ᠲᠠᠨᠢᠯᠴᠠᠭᠤᠯᠤᠭᠴᠢ ᠶᠢᠨ ᠦᠨᠡᠮᠯᠡᠯ ᠣᠯᠭᠤᠪᠠ᠃ ᠰᠦᠬᠡ ᠵᠣᠯᠭᠠᠭᠤᠯᠬᠤ | ᠬᠤᠷᠠᠯ ᠢ ᠡᠷᠬᠢᠯᠡᠪᠡ᠃ ︵ᠢᠷᠡᠯᠲᠡ᠄ ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ︶ | ★4 ᠳ᠋ᠦ᠋ᠭᠡᠷ ᠰᠠᠷ᠎ᠠ ᠶᠢᠨ 7 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ | ᠰᠢᠶᠤᠤ ᠪᠢᠩ᠂ ᠠᠶᠢᠮᠠᠭ ᠤᠨ ᠳᠠᠷᠤᠭ᠎ᠠ ᠰᠦᠬᠡ ᠪᠦᠯᠬᠦᠮ ᠳᠠᠭᠠᠭᠤᠯᠤᠨ ᠦᠬᠠᠨ ᠶᠡᠭᠡ ᠰᠤᠷᠭᠠᠭᠤᠯᠢ ᠳᠤ ᠰᠢᠨᠵᠢᠯᠡᠨ | ᠪᠠᠶᠢᠴᠠᠭᠠᠭᠰᠠᠨ ᠪᠥᠭᠡᠳ ᠦᠬᠠᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠬᠤᠸᠠᠩ ᠲᠠᠢ ᠶᠠᠨ ᠵᠡᠷᠭᠡ | ᠰᠤᠷᠭᠠᠭᠤᠯᠢ ᠶᠢᠨ ᠤᠳᠤᠷᠢᠳᠤᠯᠭ᠎ᠠ ᠲᠠᠢ ᠶᠠᠷᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ | ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠶ | ᠬᠠᠮᠲᠤ ᠶᠢᠨ ᠲᠠᠨᠢᠯᠲᠠ ᠲᠠᠢ ᠪᠣᠯᠪᠠ᠃ ᠦᠬᠠᠨ ᠶᠡᠭᠡ ᠰᠤᠷᠭᠠᠭᠤᠯᠢ ᠶᠢᠨ ᠴᠢᠳᠠᠪᠤᠷᠢᠲᠠᠨ ᠤ ᠬᠥᠮᠥᠷᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠬᠥᠮᠥᠷᠭᠡ᠂ ᠣᠶᠤᠨᠴᠢ ᠬᠥᠮᠥᠷᠭᠡ ᠶᠢᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ | ᠬᠢᠩᠭᠠᠨ ᠠᠶᠢᠮᠠᠭ ᠯᠤᠭ᠎ᠠ ᠤᠳᠤ ᠦᠶ᠎ᠡ ᠶᠢᠨ ᠲᠠᠷᠢᠶᠠᠯᠠᠩ᠂ ᠡᠷᠡᠭᠦᠯ ᠮᠡᠨᠳᠦ ᠶᠢᠨ ᠠᠵᠤ ᠦᠢᠯᠡᠰ᠂ ᠠᠮᠢ ᠠᠬᠤᠢ ᠶᠢᠨ | ᠪᠦᠳᠦᠭᠡᠨ ᠪᠠᠶᠢᠭᠤᠯᠤᠯᠲᠠ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠡᠷᠲᠡ ᠦᠷ᠎ᠡ ᠪᠦᠲᠦᠭᠡᠯ ᠭᠠᠷᠭᠠᠵᠤ᠂ ᠢᠯᠡᠭᠦᠬᠡᠨ ᠦᠷ᠎ᠡ ᠪᠦᠲᠦᠭᠡᠯ ᠭᠠᠷᠭᠠᠵᠤ᠂ | ᠰᠤᠷᠭᠠᠭᠤᠯᠢ ᠶᠢᠨ ᠬᠠᠨᠢᠲᠠᠨ ᠤ ᠠᠵᠤ ᠠᠬᠤᠢ ᠶᠢᠨ ᠡᠨᠧᠷᠭᠢ ᠣᠯᠭᠤᠬᠤ ᠣᠷᠣᠨ ᠨᠤᠲᠤᠭ ᠤᠨ ᠬᠥᠭᠵᠢᠯᠲᠡ ᠶᠢᠨ | ᠠᠮᠵᠢᠯᠲᠠ ᠲᠠᠢ ᠵᠠᠭᠪᠤᠷ ᠢ ᠴᠢᠷᠮᠠᠶᠢᠨ ᠪᠤᠢ ᠪᠣᠯᠭᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ ᠠᠶᠢᠮᠠᠭ ᠤᠨ | ᠤᠳᠤᠷᠢᠳᠤᠯᠭ᠎ᠠ ᠯᠢᠦ ᠱᠦ ᠴᠧᠩ᠂ ᠰᠦᠨ ᠱᠦ ᠲᠤᠤ ᠶᠠᠷᠢᠯᠴᠠᠬᠤ ᠬᠤᠷᠠᠯ ᠳᠤ ᠣᠷᠣᠯᠴᠠᠪᠠ᠃ ︵ᠢᠷᠡᠯᠲᠡ᠄ | ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | ★4 ᠳ᠋ᠦ᠋ᠭᠡᠷ ᠰᠠᠷ᠎ᠠ ᠶᠢᠨ 7 ᠤ ᠡᠳᠦᠷ ᠠᠴᠠ 10 ᠤ ᠡᠳᠦᠷ ᠪᠣᠯᠲᠠᠯ᠎ᠠ᠂ 2024 ᠣᠨ ︵ᠵᠢᠷᠭᠤᠳᠤᠭᠠᠷ | ᠬᠤᠭᠤᠴᠠᠭ᠎ᠠ︶ ᠤ ᠳᠡᠯᠡᠬᠡᠢ ᠶᠢᠨ ᠡᠷᠡᠭᠦᠯ ᠮᠡᠨᠳᠦ ᠶᠢᠨ ᠲᠣᠮᠣ ᠦᠵᠡᠰᠬᠦᠯᠡᠩ ᠤᠨ ᠴᠤᠭᠯᠠᠭᠠᠨ ᠢ ᠬᠤᠪᠸᠢ ᠮᠤᠵᠢ ᠶᠢᠨ | ᠦᠬᠠᠨ ᠬᠤᠲᠠ ᠳᠤ ᠡᠷᠬᠢᠯᠡᠵᠦ᠂ ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠣᠪᠴᠢᠶ᠎ᠠ ᠠᠴᠠ ᠷᠠᠰᠢᠶᠠᠨ ᠤ ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠶᠠᠷᠢᠶᠠᠨ ᠤ | ᠲᠠᠪᠴᠠᠩ ᠤᠨ ᠭᠡᠷᠡᠯ ᠵᠢᠷᠤᠭ ᠤᠨ ᠦᠵᠡᠰᠬᠦᠯᠡᠩ ᠢ ᠡᠷᠬᠢᠯᠡᠬᠦ ᠪᠠᠷ ᠪᠡᠯᠡᠳᠬᠡᠵᠦ᠂ ᠬᠢᠩᠭᠠᠨ ᠠᠶᠢᠮᠠᠭ ᠤᠨ | ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠦᠷ᠎ᠡ ᠪᠦᠲᠦᠭᠡᠯ ᠢ ᠢᠯᠡᠷᠡᠭᠦᠯᠪᠡ᠃ | ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠦ ᠲᠤᠤ᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶᠠᠨ ᠤ ᠳᠠᠷᠤᠭ᠎ᠠ ᠨᠢᠤ ᠶᠤᠸᠠᠨ᠂ ᠳᠡᠳ᠋ ᠲᠣᠪᠴᠢᠶᠠᠨ ᠳᠠᠷᠤᠭ᠎ᠠ ᠸᠠᠩ ᠶᠠᠨ ᠱᠤ᠋ ᠠᠵᠢᠯᠯᠠᠭ᠎ᠠ ᠳᠤ | ᠣᠷᠣᠯᠴᠠᠵᠠᠶ᠃ ︵ᠢᠷᠡᠯᠲᠡ᠄ ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶ᠎ᠠ︶ | ★4 ᠳ᠋ᠦ᠋ᠭᠡᠷ ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠰᠦᠬᠡ ᠬᠤᠪᠸᠢ ᠮᠤᠵᠢ ᠶᠢᠨ ᠦᠬᠠᠨ ᠬᠤᠳᠠ ᠪᠣᠯᠤᠨ ᠯᠢᠶᠠᠩ ᠫᠢᠨ ᠫᠦᠰᠡ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠬᠢᠩᠭᠠᠨ ᠠᠶᠢᠮᠠᠭ ᠤᠨ ᠲᠠᠷᠢᠶᠠᠯᠠᠩ ᠤᠨ ᠣᠨᠴᠠ ᠭᠠᠷᠤᠯᠲᠠ ᠶᠢ ᠨᠡᠭᠡᠭᠡᠨ | ᠬᠥᠭᠵᠢᠭᠦᠯᠬᠦ ᠪᠠ ᠬᠢᠩᠭᠠᠨ ᠠᠶᠢᠮᠠᠭ ᠤᠨ ᠪᠦᠳᠦᠭᠡᠨ ᠪᠠᠶᠢᠭᠤᠯᠤᠯᠲᠠ ᠶᠢᠨ ᠳᠡᠯᠭᠡᠭᠦᠷ ᠲᠤ ᠤᠴᠢᠷ ᠶᠠᠪᠤᠳᠠᠯ ᠤᠨ | ᠲᠣᠭᠤᠷᠢᠨ ᠳᠤ ᠵᠥᠪᠳᠡᠯᠴᠡᠨ ᠶᠠᠷᠢᠯᠴᠠᠵᠤ᠂ ᠬᠢᠩᠭᠠᠨ ᠠᠶᠢᠮᠠᠭ ᠤᠨ ᠶᠢᠨ ᠰᠢᠶᠠᠩ ᠰᠦ ᠶᠢᠨ ᠦᠢᠯᠡᠰ ᠪᠣᠯᠤᠨ ᠯᠢᠶᠠᠩ | ᠫᠢᠨ ᠫᠦᠰᠡ ᠶᠢ ᠪᠦᠷᠢᠯᠳᠦᠭᠦᠯᠦᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠤᠯᠵᠤ᠂ ᠴᠠᠭᠠᠨ ᠢᠳᠡᠭᠡᠨ | ᠪᠣᠷᠣᠯᠠᠭᠤᠯᠬᠤ ᠰᠠᠨᠠᠮᠵᠢ ᠶᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠠᠶᠢᠮᠠᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠯᠢᠦ ᠱᠦ ᠴᠧᠩ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠠᠵᠢᠯᠯᠠᠭ᠎ᠠ ᠳᠤ ᠣᠷᠣᠯᠴᠠᠵᠠᠶ᠃ | ︵ᠢᠷᠡᠯᠲᠡ᠄ ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | ★4 ᠳ᠋ᠦ᠋ᠭᠡᠷ ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠰᠦᠬᠡ ᠪᠡᠭᠡᠵᠢᠩ ᠬᠤᠲᠠ ᠳᠤ ᠾᠧᠩ ᠵᠢᠶ ᠸᠧᠶ ᠶᠧ ᠪᠦᠯᠦᠭᠯᠡᠯ ᠲᠠᠢ ᠾᠧᠩ ᠵᠢᠶ ᠨᠧᠩ ᠮᠠᠢ | ᠬᠢᠩᠭᠠᠨ ᠠᠶᠢᠮᠠᠭ ᠤᠨ 20 ᠲᠦᠮᠡᠨ ᠺᠢᠯᠣᠸᠠᠲ ᠤᠨ ᠬᠡᠷᠡᠯ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠠᠬᠢᠭᠤᠯᠬᠤ ᠶᠠᠪᠤᠳᠠᠯ ᠢ ᠵᠣᠯᠭᠠᠭᠤᠯᠤᠨ ᠵᠥᠪᠳᠡᠯᠴᠡᠪᠡ᠃ ︵ᠢᠷᠡᠯᠲᠡ᠄ ᠬᠢᠩᠭᠠᠨ ᠠᠶᠢᠮᠠᠭ ᠤᠨ ᠣᠷᠣᠨ ᠪᠦᠰᠡ ᠶᠢᠨ | ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | | ᠲᠦᠩᠯᠢᠶᠣᠣ ᠬᠤᠲᠠ | ★4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ᠂ | ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠸᠧᠶ ᠭᠤᠸᠠᠩ ᠨᠠᠷ ᠲᠠᠢ ᠠᠭᠤᠯᠵᠠᠵᠤ᠂ ᠬᠤᠶᠠᠷ | ᠲᠠᠯ᠎ᠠ ᠪᠠᠷ ᠢᠶᠠᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠭᠦᠨᠵᠡᠭᠡᠶ | ᠶᠠᠷᠢᠯᠴᠠᠨ ᠰᠣᠯᠢᠯᠴᠠᠪᠠ᠃ ︵ᠢᠷᠡᠯᠲᠡ᠄ ᠲᠦᠩᠯᠢᠶᠣᠤ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ︶ | ★4 ᠳ᠋ᠦ᠋ᠭᠡᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠲᠦᠩᠯᠢᠶᠣᠤ ᠬᠤᠲᠠ ᠶᠢᠨ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠺᠠᠩ ᠵᠢᠶᠦ᠋ᠨ ᠤᠷᠢᠳ | ᠬᠤᠵᠢᠳ ᠱᠧᠨᠵᠧᠨ ᠤ ᠥᠪᠥᠷ ᠮᠣᠩᠭᠤᠯ ᠤᠨ ᠲᠦᠩᠯᠢᠶᠣᠤ ᠶᠢᠨ ᠬᠤᠳᠠᠯᠳᠤᠭᠠᠴᠢᠳ ᠤᠨ ᠡᠪᠯᠡᠯ᠂ ᠱᠠᠩᠬᠠᠶ ᠶᠢᠨ | ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠪᠤᠯᠵᠢᠯᠠᠵᠤ᠂ | ᠱᠧᠨᠵᠧᠨ ᠤ ᠥᠪᠥᠷ ᠮᠣᠩᠭᠤᠯ ᠤᠨ ᠲᠦᠩᠯᠢᠶᠣᠤ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠪᠦᠦ ᠬᠠᠶ | ᠯᠦᠩ᠂ ᠱᠧᠨᠵᠧᠨ ᠬᠤᠲᠠ ᠶᠢᠨ ᠭᠦᠸᠧ ᠰᠢᠩ ᠬᠤᠸᠠ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠤᠸᠠᠨ ᠯᠢ ᠹᠧᠩ ᠵᠡᠷᠭᠡ ᠭᠤᠤᠯ ᠪᠣᠯᠬᠤ ᠭᠡᠰᠢᠭᠦᠨ ᠠᠵᠤ ᠠᠬᠤᠶᠢᠯᠠᠯ ᠲᠠᠢ | ᠲᠣᠰ ᠲᠣᠰ ᠲᠠᠷᠠᠭᠠᠴᠢ ᠶᠢᠨ ᠠᠯᠬᠤᠮ ᠳᠤ ᠬᠤᠳᠠᠯᠳᠤᠭᠠᠴᠢᠨ ᠤᠷᠢᠬᠤ ᠬᠠᠮᠲᠤᠷᠠᠯᠴᠠᠭᠠᠨ ᠤ ᠲᠤᠬᠠᠶ ᠰᠠᠨᠠᠯ ᠢᠶᠠᠨ | ᠭᠦᠨᠵᠡᠭᠡᠶ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ︔ ᠱᠠᠩᠬᠠᠶ ᠶᠢᠨ ᠥᠪᠥᠷ ᠮᠣᠩᠭᠤᠯ ᠤᠨ | ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ ᠰᠥᠩ ᠬᠠᠶ ᠵᠢᠶᠦ᠋ᠨ ᠨᠠᠷ ᠲᠠᠢ ᠬᠤᠶᠢᠰᠢᠳᠠ ᠶᠢᠨ ᠠᠵᠤ | ᠠᠬᠤᠶᠢᠯᠠᠯ ᠢ ᠵᠣᠯᠭᠠᠭᠤᠯᠬᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠴᠡᠭ ᠲᠤ ᠰᠠᠭᠤᠵᠤ | ᠬᠤᠳᠠᠯᠳᠤᠭᠠᠴᠢᠨ ᠤᠷᠢᠬᠤ ᠵᠡᠷᠭᠡ ᠲᠠᠯ᠎ᠠ ᠶᠢᠨ ᠨᠢᠭᠲᠠ ᠬᠠᠮᠲᠤᠷᠠᠯᠴᠠᠭᠠᠨ ᠤ ᠲᠤᠬᠠᠶ ᠬᠠᠮᠲᠤ ᠶᠢᠨ ᠲᠠᠨᠢᠯᠲᠠ ᠲᠠᠢ | ᠪᠣᠯᠪᠠ᠃ ︵ᠢᠷᠡᠯᠲᠡ᠄ ᠲᠦᠩᠯᠢᠶᠣᠤ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶ᠎ᠠ︶ | ★3 ᠳ᠋ᠤᠭᠠᠷ ᠰᠠᠷ᠎ᠠ ᠶᠢᠨ 29 ᠤ ᠡᠳᠦᠷ᠂ ᠲᠦᠩᠯᠢᠶᠣᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠶ ᠰᠡᠴᠡᠨ | ᠬᠤᠯᠪᠣᠭᠳᠠᠯ ᠪᠥᠬᠦᠶ ᠠᠵᠤ ᠠᠬᠤᠶᠢᠯᠠᠯ ᠢ ᠳᠠᠭᠠᠭᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠶᠡᠭᠡ ᠰᠤᠷᠭᠠᠭᠤᠯᠢ ᠳᠤ ᠬᠦᠷᠴᠦ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯ ᠢ ᠵᠣᠯᠭᠠᠭᠤᠯᠪᠠ᠃ | ᠵᠣᠯᠭᠠᠭᠤᠯᠬᠤ ᠳᠤᠮᠳᠠ᠂ ᠬᠤᠸᠠ ᠵᠦᠩ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠳᠡᠭᠡᠳᠦ ᠰᠤᠷᠭᠠᠭᠤᠯᠢ ︵ᠬᠥᠳᠡᠯᠭᠡᠬᠦ ᠬᠦᠴᠦᠨ | ᠬᠢᠭᠡᠳ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠰᠤᠳᠤᠯᠭᠠᠨ ᠤ ᠪᠦᠯᠬᠦᠮ︶ ᠶᠢᠨ ᠡᠨᠧᠷᠭᠢ ᠬᠠᠳᠠᠭᠠᠯᠠᠬᠤ ᠳ᠋ᠢᠶᠠᠨ | ᡂᠢ ᠶᠢᠨ ᠮᠡᠷᠭᠡᠵᠢᠯ ᠤᠨ ᠲᠠᠯ᠎ᠠ ᠪᠠᠷ ᠣᠯᠤᠭᠰᠠᠨ ᠲᠡᠷᠢᠭᠦᠨ ᠤ ᠦᠷ᠎ᠡ ᠪᠦᠲᠦᠭᠡᠯ ᠢ ᠰᠣᠨᠣᠰᠴᠤ᠂ ᠬᠤᠶᠠᠷ | ᠲᠠᠯ᠎ᠠ ᠪᠠᠷ ᠢᠶᠠᠨ ᠤᠯᠠᠮ ᠨᠢᠭᠡ ᠠᠯᠬᠤᠮ ᠨᠡᠭᠡᠭᠡᠨ ᠠᠰᠢᠭᠯᠠᠬᠤ ᠵᠢᠴᠢ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠤᠯᠠᠮ ᠨᠢᠭᠡ ᠠᠯᠬᠤᠮ ᠭᠦᠨᠵᠡᠭᠡᠶ ᠰᠣᠯᠢᠯᠴᠠᠬᠤ ᠶᠢᠨ ᠬᠠᠮᠲᠤ ᠲᠦᠩᠯᠢᠶᠣᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠳᠤᠮᠳᠠ ᠲᠤᠷᠰᠢᠨ ᠦᠢᠯᠡᠳᠪᠦᠷᠢᠯᠡᠬᠦ ᠱᠤᠭᠤᠮ ᠢ ᠳᠥᠯᠭᠢᠨ ᠠᠬᠢᠭᠤᠯᠬᠤ | ᠲᠤᠬᠠᠶ ᠠᠩᠬ᠎ᠠ ᠠᠯᠬᠤᠮ ᠤᠨ ᠰᠠᠨᠠᠯ ᠳᠤᠷᠠᠳᠪᠠ᠃ ︵ᠢᠷᠡᠯᠲᠡ᠄ ᠲᠦᠩᠯᠢᠶᠣᠤ ᠬᠤᠲᠠ ᠶᠢᠨ ᠣᠷᠣᠨ ᠪᠦᠰᠡ ᠶᠢᠨ | ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | | ᠤᠯᠠᠭᠠᠨᠬᠠᠳᠠ ᠬᠤᠲᠠ | ★4 ᠳ᠋ᠦ᠋ᠭᠡᠷ ᠰᠠᠷ᠎ᠠ ᠶᠢᠨ 8 ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ | ᠴᠤᠤ ᠴᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ | ᠤᠯᠠᠭᠠᠨᠬᠠᠳᠠ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ | ᠰᠤᠷᠭᠠᠭᠤᠯᠢ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠳ᠋ᠤᠸᠠᠨ ᠬᠤᠢ ᠯᠢᠩ ᠵᠢᠴᠢ | ᠲᠡᠭᠦᠨ ᠤ ᠪᠦᠯᠬᠦᠮ ᠨᠡᠶᠢᠲᠡ ᠲᠠᠢ ᠠᠭᠤᠯᠵᠠᠵᠤ᠂ ᠠᠵᠤ ᠦᠢᠯᠡᠰ ᠤᠨ ᠬᠥᠭᠵᠢᠯᠲᠡ᠂ ᠰᠣᠶᠣᠯ ᠤᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ | ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠪᠠ᠃ ᠪᠡᠭᠡᠵᠢᠩ ᠶᠡᠭᠡ ᠰᠤᠷᠭᠠᠭᠤᠯᠢ ᠶᠢᠨ | ᠬᠠᠭᠤᠴᠢ ᠰᠤᠳᠤᠯᠤᠯ ᠤᠨ ᠸᠧᠨ ᠪᠦᠸᠧ ᠳᠡᠭᠡᠳᠦ ᠰᠤᠷᠭᠠᠭᠤᠯᠢ ᠶᠢᠨ ᠵᠠᠬᠢᠷᠤᠯ ᠱᠧᠨ ᠷᠦᠢ ᠸᠧᠨ᠂ ᠪᠡᠭᠡᠵᠢᠩ ᠶᠡᠭᠡ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠪᠤᠳᠠᠯ ᠤᠨ ᠳᠠᠷᠤᠭ᠎ᠠ ᠶᠢᠨ ᠠᠯᠪᠠᠨ ᠭᠡᠷ ᠤᠨ ᠡᠷᠬᠢᠯᠡᠭᠴᠢ᠂ | ᠪᠠᠭᠰᠢ ᠶᠢᠨ ᠵᠢᠭᠠᠨ ᠰᠤᠷᠭᠠᠯᠲᠠ ᠶᠢᠨ ᠬᠥᠭᠵᠢᠯᠲᠡ ᠶᠢᠨ ᠲᠥᠪ ᠤᠨ ᠡᠷᠬᠢᠯᠡᠭᠴᠢ ᠰᠦᠨ ᠬᠤᠸᠠ᠂ ᠬᠤᠳᠠ ᠶᠢᠨ | ᠤᠳᠤᠷᠢᠳᠤᠯᠭ᠎ᠠ ᠸᠠᠩ ᠶᠠ ᠵᠦᠩ᠂ ᠯᠢ ᠵᠢᠩ ᠵᠢᠩ᠂ ᠵᠤᠤ ᡁᠢ ᠭᠠᠩ᠂ ᠵᠠᠩ ᠭᠦᠸᠧ ᠬᠤᠸᠠ᠂ ᠸᠠᠩ ᠵᠢᠶᠠᠨ᠂ | ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠸᠠᠩ | ᠬᠤᠸᠠᠢ ᠳ᠋ᠦᠩ ᠠᠭᠤᠯᠵᠠᠯᠲᠠ ᠳᠤ ᠣᠷᠣᠯᠴᠠᠪᠠ᠃ ︵ᠢᠷᠡᠯᠲᠡ᠄ ᠤᠯᠠᠭᠠᠨᠬᠠᠳᠠ ᠶᠢᠨ ᠡᠳᠦᠷ ᠤᠨ ᠰᠣᠨᠢᠨ︶ | ★4 ᠳ᠋ᠦ᠋ᠭᠡᠷ ᠰᠠᠷ᠎ᠠ ᠶᠢᠨ 11 ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ | ᠴᠤᠤ ᠴᠢ ᠤᠯᠠᠭᠠᠨᠬᠠᠳᠠ ᠳᠤ ᠫᠧᠩ ᠹᠸᠢ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ | ᠪᠥᠭᠡᠳ ᠶᠡᠷᠦᠩᠬᠡᠶ ᠵᠠᠬᠢᠷᠤᠭᠴᠢ ᠵᠧᠩ ᠫᠧᠩ ᠨᠠᠷ ᠲᠠᠢ ᠠᠭᠤᠯᠵᠠᠵᠤ᠂ ᠬᠠᠮᠲᠤᠷᠠᠯᠴᠠᠭ᠎ᠠ ᠥᠷᠨᠢᠭᠦᠯᠵᠦ᠂ | ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠫᠧᠩ ᠹᠸᠢ | ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠵᠧᠩ ᠽᠢ ᠬᠤᠤ᠂ ᠶᠡᠷᠦᠩᠬᠡᠢ ᠵᠠᠬᠢᠷᠤᠯ ᠤᠨ ᠲᠤᠰᠠᠯᠠᠭᠴᠢ ᠮᠠ ᠰᠢᠶᠤᠤ | ᠯᠦᠩ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠵᠠᠩ ᠵᠢᠢ | ᠺᠠᠩ᠂ ᠬᠤᠳᠠ ᠶᠢᠨ ᠳᠡᠳ᠋ ᠳᠠᠷᠤᠭ᠎ᠠ ᠹᠦ᠋ ᠱᠸᠤ ᠯᠢ ᠠᠭᠤᠯᠵᠠᠯᠲᠠ ᠳᠤ ᠣᠷᠣᠯᠴᠠᠪᠠ᠃ ᠫᠧᠩ ᠹᠸᠢ ᠪᠦᠯᠦᠭᠯᠡᠯ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠩᠴᠧᠩ ᠰᠢᠶᠠᠨ ᠤ ᠭᠤᠣᠯ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃ ︵ | ᠢᠷᠡᠯᠲᠡ᠄ V ᠤᠯᠠᠭᠠᠨᠬᠠᠳᠠ︶ | | ᠰᠢᠯᠢ ᠶᠢᠨ ᠭᠤᠣᠯ ᠠᠶᠢᠮᠠᠭ | 4 ᠳ᠋ᠦ᠋ᠭᠡᠷ ᠰᠠᠷ᠎ᠠ ᠶᠢᠨ 9 ᠤ ᠡᠳᠦᠷ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠠᠶᠢᠮᠠᠭ ᠤᠨ ᠳᠠᠷᠤᠭ᠎ᠠ ᠯᠦᠸᠧ ᠴᠢᠩ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠯᠢᠶᠠᠨ | ᠳ᠋ᠦᠩ ᠲᠢᠶᠠᠨ ᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠨ ᠽᠢ ᠴᠠᠬᠢᠯᠭᠠᠨ ᠵᠢᠴᠢ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠭᠦᠨᠵᠡᠭᠡᠢ | ᠵᠥᠪᠳᠡᠯᠴᠡᠪᠡ᠃ ᠰᠢᠯᠢ ᠶᠢᠨ ᠭᠤᠣᠯ ᠠᠶᠢᠮᠠᠭ ᠤᠨ ᠳᠡᠳ᠋ ᠳᠠᠷᠤᠭ᠎ᠠ ᠶᠠᠩ ᠯᠢ ᠶᠠᠷᠢᠯᠴᠠᠬᠤ ᠬᠤᠷᠠᠯ ᠳᠤ ᠣᠷᠣᠯᠴᠠᠵᠤ᠂ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠯᠢ ᠶᠢᠨ ᠬᠤᠳᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠷ᠎ᠠ ᠪᠣᠯᠪᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠢᠯᠢ ᠶᠢᠨ | ᠬᠤᠲᠠ ᠶᠢᠨ 3 ᠪᠦᠷᠢᠨ ᠠᠦ᠋ᠲ᠋ᠣᠴᠢᠯᠠᠭᠰᠠᠨ pack ᠦᠢᠯᠡᠳᠪᠦᠷᠢᠯᠡᠯ ᠤᠨ ᠱᠤᠭᠤᠮ ᠢ ᠲᠦᠷᠭᠡᠳᠬᠡᠨ ᠠᠬᠢᠭᠤᠯᠬᠤ᠂ | 2GWh ᠴᠠᠬᠢᠯᠭᠠᠨ ᠭᠤᠣᠯ ᠤᠨ ᠲᠦᠷᠦᠯ ᠵᠦᠢᠯ ᠤᠨ ᠬᠠᠮᠲᠤᠷᠠᠯᠴᠠᠭ᠎ᠠ ᠥᠷᠨᠢᠭᠦᠯᠬᠦ ᠵᠢᠴᠢ ᠵᠡᠭᠦᠨ ᠦᠵᠦᠮᠦᠴᠢᠨ | ᠬᠤᠰᠢᠭᠤᠨ ᠤ ᠵᠡᠭᠦᠨ ᠬᠠᠲᠠᠪᠴᠢ ᠪᠣᠭᠤᠮᠲᠠ ᠳᠤ ᠰᠢᠨ᠎ᠡ ᠡᠨᠧᠷᠭᠢ ᠶᠢᠨ ᠬᠦᠨᠳᠦ ᠺᠠᠷᠲ ᠢ ᠰᠣᠯᠢᠬᠤ ᠶᠢ ᠠᠬᠢᠭᠤᠯᠬᠤ | ᠵᠡᠷᠭᠡ ᠶᠠᠪᠤᠳᠠᠯ ᠤᠨ ᠲᠤᠬᠠᠢ ᠵᠥᠪᠳᠡᠯᠴᠡᠪᠡ᠃ ᠬᠤᠶᠠᠷ ᠲᠠᠯ᠎ᠠ ᠪᠠᠷ ᠢᠶᠠᠨ ᠨᠢᠭᠡᠨᠲᠡ ᠪᠠᠶᠢᠭ᠎ᠠ ᠭᠦᠨ ᠵᠤᠵᠠᠭᠠᠨ | ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠲᠤᠰ ᠤᠳᠠᠭ᠎ᠠ ᠶᠢᠨ ᠵᠥᠪᠳᠡᠯᠴᠡᠭᠡ ᠪᠠᠷ ᠠᠵᠠ ᠲᠣᠬᠢᠶᠠᠯ ᠪᠣᠯᠭᠠᠵᠤ᠂ | ᠬᠠᠮᠲᠤᠷᠠᠯᠴᠠᠭᠠᠨ ᠤ ᠬᠦᠷᠢᠶ᠎ᠡ ᠪᠠᠨ ᠳᠠᠬᠢᠨᠲᠠ ᠥᠷᠭᠡᠳᠬᠡᠵᠦ᠂ ᠨᠡᠩ ᠤᠯᠠᠨ ᠴᠢᠨᠠᠷ ᠰᠠᠶᠢᠲᠠᠢ᠂ ᠥᠨᠳᠥᠷ | ᠲᠦᠪᠰᠢᠨ ᠲᠠᠢ ᠬᠤᠯᠪᠣᠭᠳᠠᠬᠤ ᠠᠵᠤ ᠦᠢᠯᠡᠰ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠭᠦᠨᠵᠡᠭᠡᠢ | ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ ᠰᠢᠯᠢ ᠶᠢᠨ ᠭᠤᠣᠯ | ᠠᠶᠢᠮᠠᠭ ᠤᠨ ᠵᠠᠬᠢᠷᠭ᠎ᠠ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠯᠢᠶᠠᠨ ᠳ᠋ᠦᠩ ᠲᠢᠶᠠᠨ | ᠢ ᠭᠤᠷᠪᠠᠨ ᠲᠠᠯ᠎ᠠ ᠪᠠᠷ ᠢᠶᠠᠨ 2022 ᠣᠨ ᠤ 8 ᠳ᠋ᠤᠭᠠᠷ ᠰᠠᠷ᠎ᠠ ᠳᠤ ︽ᠰᠢᠨ᠎ᠡ ᠡᠨᠧᠷᠭᠢ ᠶᠢᠨ ᠡᠨᠧᠷᠭᠢ | ᠬᠠᠳᠠᠭᠠᠯᠠᠬᠤ ᠪᠠ ᠬᠦᠨᠳᠦ ᠠᠴᠢᠶᠠᠨ ᠤ ᠮᠠᠰᠢᠨ ᠯᠢᠲ᠋ᠢ ᠴᠠᠬᠢᠯᠭᠠᠨ ᠴᠡᠨᠡᠭ ᠤᠨ ᠦᠢᠯᠡᠳᠪᠦᠷᠢᠯᠡᠯ ᠵᠢᠴᠢ ᠬᠦᠨᠳᠦ | ᠠᠴᠢᠶᠠᠨ ᠤ ᠮᠠᠰᠢᠨ ᠲᠡᠷᠭᠡᠨ ᠤ ᠪᠦᠬᠦᠯᠢ ᠲᠡᠷᠭᠡ ᠦᠢᠯᠡᠳᠬᠦ ᠲᠥᠷᠥᠯ ᠵᠦᠢᠯ ᠤᠨ ᠬᠠᠮᠲᠤᠷᠠᠯᠴᠠᠭᠠᠨ ᠤ | ᠵᠥᠪᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠵᠤ᠂ ᠨᠢᠭᠡᠳᠦᠭᠡᠷ ᠬᠤᠭᠤᠴᠠᠭᠠᠨ ᠤ ᠦᠢᠯᠡᠳᠪᠦᠷᠢ ᠶᠢᠨ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ 2023 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ | ᠠᠵᠢᠯ ᠢᠶᠠᠨ ᠡᠬᠢᠯᠡᠭᠦᠯᠵᠦ᠂ ᠪᠠᠷᠢᠯᠭ᠎ᠠ ᠶᠢᠨ ᠲᠠᠯᠠᠪᠠᠢ 1.7 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠭᠤᠣᠯᠳᠠᠭᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ᠂ ᠬᠤᠯᠪᠣᠭᠠᠲᠤ ᠥᠷᠲᠡᠭᠡᠨ ᠤ ᠭᠡᠷ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠬᠥᠮᠥᠷᠭᠡ ᠵᠡᠷᠭᠡ ᠶᠢ ᠪᠠᠶᠢᠭᠤᠯᠤᠨ᠎ᠠ᠃ ᠣᠳᠣᠬᠠᠨ ᠳᠤ᠂ ᠲᠥᠷᠥᠯ ᠵᠦᠢᠯ | ᠦᠨᠳᠦᠰᠦᠨ ᠳᠡᠭᠡᠨ ᠪᠠᠷᠢᠯᠭ᠎ᠠ ᠳᠠᠭᠤᠰᠴᠤ᠂ ᠶᠠᠭ ᠳᠣᠲᠣᠭᠠᠳᠤ ᠳᠠᠭᠠᠨ ᠵᠠᠰᠠᠵᠤ ᠴᠢᠮᠡᠭᠯᠡᠵᠦ᠂ 5 ᠳ᠋ᠤᠭᠠᠷ ᠰᠠᠷ᠎ᠠ ᠳᠤ | ᠲᠥᠬᠦᠭᠡᠷᠦᠮᠵᠢ ᠶᠢ ᠲᠠᠯᠠᠪᠠᠶ ᠳᠤ ᠣᠷᠣᠭᠤᠯᠤᠭᠰᠠᠨ ᠤ ᠳᠠᠷᠠᠭ᠎ᠠ᠂ 3 ᠵᠤᠷᠪᠤᠰ ᠪᠦᠷᠢᠨ ᠠᠦ᠋ᠲ᠋ᠣ᠋ pack | ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠨᠡᠮᠡᠵᠦ᠂ ᠪᠠᠯᠠ ᠣᠷᠣᠭᠤᠯᠤᠯᠲᠠ ᠶᠢᠨ ᠬᠡᠪᠴᠢᠶ᠎ᠡ 1.5 ᠳ᠋ᠦᠩᠰᠢᠭᠤᠷ | ᠲᠥᠭᠦᠷᠢᠭ ᠲᠤ ᠬᠦᠷᠴᠡᠶ᠃ ︵ᠢᠷᠡᠯᠲᠡ᠄ ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | 4 ᠳ᠋ᠦ᠋ᠭᠡᠷ ᠰᠠᠷ᠎ᠠ ᠶᠢᠨ 11 ᠤ ᠡᠳᠦᠷ᠂ ᠵᠦᠩ ᠵᠢᠶᠠᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠱᠠᠩᠬᠠᠢ ᠶᠢᠨ ᠳ᠋ᠢᠶᠠᠨ ᠲᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠪᠦᠯᠬᠦᠮ ᠵᠣᠬᠢᠶᠠᠨ ᠪᠠᠶᠢᠭᠤᠯᠵᠤ ᠰᠢᠯᠤᠭᠤᠨ ᠬᠦᠬᠡ ᠬᠤᠰᠢᠭᠤᠨ ᠳᠤ ᠬᠦᠷᠴᠦ᠂ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠵᠢᠴᠢ ᠡᠨᠧᠷᠭᠢ ᠴᠠᠬᠢᠯᠭᠠᠨ ᠭᠤᠣᠯ ᠦᠢᠯᠡᠳᠬᠦ᠂ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠶᠢᠨ | ᠦᠢᠯᠡᠳᠪᠦᠷᠢᠯᠡᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃ ᠬᠤᠰᠢᠭᠤᠨ ᠤ ᠵᠠᠰᠠᠭ ᠤᠨ | ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᡁᠢ ᠱᠦᠢ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ︵ᠢᠷᠡᠯᠲᠡ᠄ | ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ᠤᠯᠠᠭᠠᠨᠴᠠᠪ ᠬᠤᠲᠠ | 4 ᠳ᠋ᠦ᠋ᠭᠡᠷ ᠰᠠᠷ᠎ᠠ ᠶᠢᠨ 3 ᠤ ᠡᠳᠦᠷ᠂ ᠳ᠋ᠠᠲ᠋ᠦ᠋ᠩ ᠬᠤᠲᠠ ᠶᠢᠨ ᠰᠢᠨ ᠷᠦᠩ ᠲᠣᠭᠤᠷᠢᠭ ᠤᠨ ᠵᠥᠩ ᡁᠢ ᠠᠮᠢ | ᠠᠬᠤᠶ ᠶᠢᠨ ᠵᠠᠰᠠᠯᠲᠠ ᠶᠢᠨ ᠬᠢᠵᠠᠭᠠᠷᠲᠤ ᠺᠣᠮᠫᠠᠨᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ | ᠦᠯᠡᠳᠡᠭᠳᠡᠯ ᠬᠦᠳᠡᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠰᠢᠨᠵᠢᠯᠡᠨ ᠪᠠᠶᠢᠴᠠᠭᠠᠵᠤ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠳᠡᠳ᠋ ᠳᠠᠷᠤᠭ᠎ᠠ ᠮᠧᠩ ᠯᠢ ᠫᠢᠩ ᠲᠣᠰ ᠠᠵᠤ ᠠᠬᠤᠶᠢᠯᠠᠯ ᠲᠠᠢ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ︵ᠢᠷᠡᠯᠲᠡ᠄ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ︶ | 4 ᠳ᠋ᠦ᠋ᠭᠡᠷ ᠰᠠᠷ᠎ᠠ ᠶᠢᠨ 7 ᠤ ᠡᠳᠦᠷ᠂ ᠪᠡᠭᠡᠵᠢᠩ ᠤᠨ ᠱᠠᠩ ᠲᠠᠩ ᠰᠢᠨᠵᠢᠯᠡᠬᠦ ᠤᠬᠠᠭᠠᠨ ᠮᠡᠷᠭᠡᠵᠢᠯ ᠤᠨ | ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠯᠢᠨ ᠭᠠᠩ ᡁᠢ ᠪᠤᠳᠤᠯᠭ᠎ᠠ ᠶᠢᠨ ᠶᠡᠷᠦᠩᠬᠡᠢ ᠳᠠᠭᠠᠭᠠᠮᠠᠯ | ᠯᠢᠨ ᠬᠠᠢ ᠵᠡᠷᠭᠡ ᠬᠥᠮᠦᠰ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ | ᠬᠦᠷᠴᠦ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠣᠶᠤᠨᠴᠢ ᠪᠣᠳᠣᠯᠭ᠎ᠠ ᠶᠢᠨ ᠲᠥᠪ ᠤᠨ ᠲᠦᠷᠦᠯ | ᠵᠦᠢᠯ ᠤᠨ ᠲᠤᠬᠠᠢ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃ ᠴᠠᠬᠠᠷ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠸᠠᠩ ᠪᠢᠩ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠦᠸᠧ ᠰᠢᠶᠣᠤ ᠯᠢᠩ᠂ ᠬᠤᠲᠠ ᠶᠢᠨ | ᠲᠣᠮᠣ ᠳ᠋ᠠᠶᠢᠲ᠋ᠠ ᠶᠢᠨ ᠳᠡᠳ᠋ ᠳᠠᠷᠤᠭ᠎ᠠ ᠯᠢᠦ ᠬᠤᠸᠠᠨ ᠰᠦᠸᠧ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠮᠧᠩ ᠽᠧ ᠴᠢᠶᠦ᠋ᠩ᠂ ᠴᠠᠬᠠᠷ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶᠠᠨ ᠤ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ︵ᠢᠷᠡᠯᠲᠡ᠄ ᠤᠯᠠᠭᠠᠨᠴᠠᠪ | ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | 4 ᠳ᠋ᠦ᠋ᠭᠡᠷ ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠬᠢᠭᠡᠳ ᠬᠤᠨᠠᠨ ᠤ ᠰᠠᠨᠰᠠᠷ ᠤᠨ ᠠᠶᠠᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ | ᠦᠢᠯᠡᠰ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠠᠬᠢᠯᠲᠠ ᠤᠰᠤᠨ ᠤ ᠲᠥᠷᠥᠯ | ᠵᠦᠢᠯ ᠤᠨ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠯᠢ ᠮᠧᠶ ᠶᠠᠷᠢᠯᠴᠠᠬᠤ ᠬᠤᠷᠠᠯ ᠳᠤ ᠣᠷᠣᠯᠴᠠᠪᠠ᠃ ᠬᠤᠶᠠᠷ | ᠲᠠᠯ᠎ᠠ ᠪᠠᠷ ᠢᠶᠠᠨ ᠺᠣᠮᠫᠠᠨᠢ ᠶᠢᠨ ᠬᠥᠭᠵᠢᠯᠲᠡ ᠶᠢᠨ ᠴᠢᠭᠯᠡᠯ᠂ ᠡᠵᠡᠩᠨᠡᠯᠲᠡ ᠶᠢᠨ ᠣᠶᠢᠯᠠᠭᠠᠭᠳᠠᠬᠤᠨ ᠵᠢᠴᠢ ᠰᠠᠭᠤᠷᠢ | ᠮᠥᠩᠭᠦᠨ ᠤ ᠪᠠᠶᠢᠭᠤᠯᠤᠯᠲᠠ ᠶᠢᠨ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ᠬᠠᠮᠲᠤᠷᠠᠯᠴᠠᠭᠠᠨ ᠤ | ᠣᠷᠣᠨ ᠵᠠᠢ ᠶᠢ ᠤᠯᠠᠮ ᠴᠢᠨᠠᠭᠰᠢᠳᠠ ᠥᠷᠭᠡᠳᠬᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠰᠦᠪᠡᠭᠴᠢᠯᠡᠨ ᠠᠬᠢᠭᠤᠯᠤᠨ᠎ᠠ ᠭᠡᠵᠦ ᠢᠯᠡᠳᠬᠡᠪᠡ᠃ ︵ | ᠢᠷᠡᠯᠲᠡ᠄ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | 4 ᠳ᠋ᠦ᠋ᠭᠡᠷ ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠪᠣᠯᠤᠨ ᠱᠦᠶ ᠹᠠ ᠬᠤᠤ ᠬᠠᠶ ︵ᠱᠠᠨᠰᠢ︶ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠣᠲᠣ ᠦᠶ᠎ᠡ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ | ᠲᠥᠷᠥᠯ ᠵᠦᠢᠯ ᠤᠨ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠭᠤᠤ ᠰᠧᠨ ᠶᠠᠷᠢᠯᠴᠠᠬᠤ ᠬᠤᠷᠠᠯ ᠳᠤ ᠣᠷᠣᠯᠴᠠᠪᠠ᠃ ︵ᠢᠷᠡᠯᠲᠡ᠄ ᠤᠯᠠᠭᠠᠨᠴᠠᠪ ᠬᠤᠲᠠ ᠶᠢᠨ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | 4 ᠳ᠋ᠦ᠋ᠭᠡᠷ ᠰᠠᠷ᠎ᠠ ᠶᠢᠨ 7 ᠤ ᠡᠳᠦᠷ᠂ ᠰᠢᠩ ᠾᠧ ᠰᠢᠶᠠᠨ ᠤ ᠬᠢᠨ ᠪᠡᠭᠡᠵᠢᠩ ᠬᠤᠲᠠ ᠶᠢᠨ ᠰᠢᠲᠠᠮᠠᠬᠠᠶ | ᠬᠡᠶ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ | ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠺᠦᠨᠮᠢᠩ ᠬᠠᠶᠢᠨ ᠬᠡᠮᠵᠢᠯᠲᠡ ᠵᠢᠷᠤᠭ ᠲᠥᠯᠥᠪᠯᠡᠭᠡ ᠶᠢᠨ | ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ | ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ | ᠳ᠋ᠦᠩ ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ | ᠤᠯᠠᠭᠠᠨᠴᠠᠪ ᠤᠨ ᠰᠢᠩ ᠾᠧ ᠰᠢᠶᠠᠨ ᠤ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ | ᠲᠥᠰᠦᠯ ᠵᠢᠴᠢ ᠬᠡᠷᠡᠭᠯᠡᠭᠡᠨ ᠤ ᠠᠬᠤᠶ ᠪᠠᠶᠢᠳᠠᠯ ᠵᠡᠷᠭᠡ ᠪᠠᠶᠢᠳᠠᠯ ᠢ ᠲᠠᠨᠢᠯᠴᠠᠭᠤᠯᠵᠤ᠂ ᠰᠢᠩ ᠾᠧ ᠰᠢᠶᠠᠨ ᠤ | ᠤᠳᠤᠷᠢᠳᠤᠯᠭ᠎ᠠ ᠠᠵᠤ ᠠᠬᠤᠶᠢᠯᠠᠯ ᠳᠤ ᠲᠣᠰ ᠰᠢᠶᠠᠨ ᠤ ᠬᠥᠷᠥᠰᠥ ᠰᠢᠷᠣᠶ᠂ ᠭᠠᠵᠠᠷ ᠣᠷᠣᠨ᠂ ᠵᠠᠮ ᠬᠠᠷᠢᠯᠴᠠᠭ᠎ᠠ | ᠵᠡᠷᠭᠡ ᠡᠬᠢ ᠪᠠᠶᠠᠯᠢᠭ ᠤᠨ ᠳᠠᠪᠠᠭᠤᠯᠢᠭ ᠵᠢᠴᠢ ᠰᠢᠩ ᠾᠧ ᠰᠢᠶᠠᠨ ᠳᠤ ᠰᠠᠯᠬᠢ ᠭᠡᠷᠡᠯ ᠢᠶᠠᠷ ᠤᠰᠤᠲᠥ᠋ᠷᠥᠭᠴᠢ | ᠦᠢᠯᠡᠳᠬᠦ ᠲᠥᠷᠥᠯ ᠵᠦᠢᠯ ᠢ ᠬᠥᠭᠵᠢᠭᠦᠯᠬᠦ ᠳᠤ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ᠂ ᠪᠠᠯᠠ | ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ ᠳᠠᠪᠠᠭᠤᠯᠢᠭ ᠢᠶᠠᠨ ᠲᠠᠨᠢᠯᠴᠠᠭᠤᠯᠤᠭᠰᠠᠨ ᠪᠥᠭᠡᠳ ᠬᠤᠶᠠᠷ | ᠲᠠᠯ᠎ᠠ ᠪᠠᠷ ᠢᠶᠠᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ︵ | ᠢᠷᠡᠯᠲᠡ᠄ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶ | | ᠣᠷᠳᠣᠰ ᠬᠤᠳᠡ | 3 ᠳ᠋ᠤᠭᠠᠷ ᠰᠠᠷ᠎ᠠ ᠶᠢᠨ 22 ᠤ ᠡᠳᠦᠷ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠤᠯᠤᠰ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠢ ᠳᠠᠭᠠᠭᠠᠮᠠᠯ ᠹᠧᠩ ᠱᠤ᠋ ᠴᠧᠨ ᠨᠡᠷ ᠲᠠᠢ ᠣᠲᠤᠭ ᠤᠨ ᠡᠮᠦᠨᠡᠲᠦ | ᠬᠤᠰᠢᠭᠤᠨ ᠳᠤ ᠰᠠᠭᠤᠳᠠᠯ ᠤᠨ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠬᠤᠲᠠ ᠶᠢᠨ ᠳᠡᠳ᠋ ᠳᠠᠷᠤᠭ᠎ᠠ ᠦ᠋ ᠵᠢᠶᠠᠨ | ᠰᠢᠶᠦ᠋ᠨ ᠣᠷᠣᠯᠴᠠᠪᠠ᠃ 3 ᠳ᠋ᠤᠭᠠᠷ ᠰᠠᠷ᠎ᠠ ᠶᠢᠨ 26 ᠤ ᠡᠳᠤᠷ᠂ ᠤᠷᠳᠤᠰ ᠬᠤᠳᠠ ᠶᠢᠨ ᠨᠠᠮ ᠤᠨ ᠬᠤᠷᠢᠶᠡᠨ ᠤ | ᠲᠡᠳ᠋ ᠱᠦᠵᠢ᠂ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ ᠯᠠᠩ ᠰᠢᠨ ᠰᠢᠨᠵᠢᠯᠡᠭᠦ ᠤᠬᠠᠭᠠᠨ ᠮᠡᠷᠭᠡᠵᠢᠯ ᠤᠨ | ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠰᠢᠤᠢ ᠴᠠᠩ ᠵᠢᠶᠦ᠋ᠨ ᠨᠡᠷ ᠲᠠᠢ ᠶᠠᠷᠢᠯᠴᠠᠵᠤ ᠰᠠᠨᠠᠯ ᠢᠶᠠᠨ | ᠰᠤᠯᠢᠯᠴᠠᠪᠠ᠃ ︵ᠢᠷᠡᠯᠲᠡ᠄ ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 3 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠣᠷᠳᠣᠰ ᠤᠨ ᠪᠣᠬᠢᠷᠲᠤᠯ ᠥᠬᠡᠶ | ᠤᠰᠤᠲᠥ᠋ᠷᠥᠭᠴᠢ ᠶᠢᠨ ᠠᠮᠢ ᠠᠬᠤᠶ ᠶᠢᠨ ᠰᠢᠨ᠎ᠡ ᠶᠢ ᠡᠭᠦᠳᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ | ᠪᠥᠬᠦ ᠲᠠᠯ᠎ᠠ ᠪᠠᠷ ᠡᠬᠢᠯᠡᠭᠦᠯᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠪᠣᠬᠢᠷᠲᠤᠯ ᠥᠬᠡᠶ ᠤᠰᠤᠲᠥ᠋ᠷᠥᠭᠴᠢ ᠶᠢᠨ | ᠡᠨᠧᠷᠭᠢ ᠶᠢᠨ ᠠᠮᠢ ᠠᠬᠤᠶ ᠶᠢᠨ ᠣᠷᠣᠨ ᠤ ︽ᠤᠰᠤᠲᠥ᠋ᠷᠥᠭᠴᠢ ᠶᠢᠨ ᠲᠢᠪ︾ ᠤᠨ ᠲᠥᠷᠥᠯ ᠵᠦᠢᠯ ᠤᠨ | ᠬᠤᠰᠢᠭᠤᠴᠢ ᠢᠨᠵᠧᠨᠧᠷᠢᠩ — ᠪᠣᠬᠢᠷᠲᠤᠯ ᠥᠬᠡᠶ ᠤᠰᠤᠲᠥ᠋ᠷᠥᠭᠴᠢ ᠶᠢᠨ ᠡᠨᠧᠷᠭᠢ ᠶᠢᠨ ᠵᠠᠩᠭᠢᠯᠠᠭ᠎ᠠ ᠶᠢᠨ | ᠲᠣᠨᠣᠭᠯᠠᠯ ᠢ ᠪᠠᠶᠢᠴᠠᠭᠠᠨ ᠬᠡᠮᠵᠢᠵᠦ ᠰᠤᠳᠤᠯᠤᠨ ᠨᠡᠭᠡᠭᠡᠬᠦ ᠲᠥᠪ᠂ ᠣᠷᠳᠣᠰ ᠤᠨ ᠰᠢᠨ᠎ᠡ ᠡᠨᠧᠷᠭᠢ ᠶᠢᠨ | ᠰᠤᠳᠤᠯᠭᠠᠨ ᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠤᠷᠰᠢᠯᠲᠠ ᠶᠢᠨ ᠲᠠᠰᠤᠭ ᠵᠡᠷᠭᠡ ᠣᠯᠠᠨ ᠲᠥᠷᠥᠯ | ᠵᠦᠢᠯ ᠢ ᠣᠷᠳᠣᠰ ᠬᠤᠲᠠ ᠳᠤ ᠨᠠᠶᠢᠳᠠᠪᠤᠷᠢᠵᠢᠭᠤᠯᠵᠤ᠂ ᠣᠷᠳᠣᠰ ᠬᠤᠲᠠ ᠶᠢᠨ ᠤᠰᠤᠲᠥ᠋ᠷᠥᠭᠴᠢ ᠶᠢᠨ ᠡᠨᠧᠷᠭᠢ ᠶᠢᠨ | ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠨᠢᠭᠡ ᠠᠯᠬᠤᠮ ᠢ ᠠᠯᠬᠤᠬᠤ ᠶᠢ ᠬᠠᠮᠲᠤ ᠪᠠᠷ ᠠᠬᠢᠭᠤᠯᠪᠠ᠃ ︵ | ᠢᠷᠡᠯᠲᠡ᠄ ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 4 ᠳ᠋ᠦ᠋ᠭᠡᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠣᠷᠳᠣᠰ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠠᠨᠾᠦ᠋ᠢ ᠮᠤᠵᠢ ᠶᠢᠨ ᠡᠤ ᠬᠤ᠋ ᠬᠤᠲᠠ᠂ | ᠾᠧᠹᠸᠢ ᠬᠤᠲᠠ᠂ ᠵᠧᠵᠢᠶᠠᠩ ᠮᠤᠵᠢ ᠶᠢᠨ ᠵᠧᠤᠱᠠᠨ ᠬᠤᠲᠠ᠂ ᠬᠠᠩᠵᠧᠦ ᠬᠤᠲᠠ ᠬᠤᠯᠪᠣᠭᠳᠠᠯ ᠪᠥᠬᠦᠶ ᠠᠵᠤ | ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠦᠷᠴᠦ᠂ ᠲᠥᠷᠥᠯ ᠵᠦᠢᠯ ᠤᠨ | ᠬᠠᠮᠲᠤᠷᠠᠯᠴᠠᠭ᠎ᠠ ᠪᠠᠨ ᠵᠣᠯᠭᠠᠭᠤᠯᠤᠨ ᠶᠠᠷᠢᠯᠴᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠨᠵᠢᠯᠡᠨ | ᠪᠠᠶᠢᠴᠠᠭᠠᠪᠠ᠃ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ ᠣᠷᠣᠯᠴᠠᠪᠠ᠃ ᠡᠤ ᠬᠤ᠋ ᠬᠤᠳᠠ᠂ ᠵᠸᠤᠱᠠᠨ | ᠬᠤᠳᠠ᠂ ᠬᠠᠩᠵᠸᠤ ᠬᠤᠳᠠ ᠂ ᠳ᠋ᠦ᠋ ᠬᠤᠢ ᠯᠢᠶᠠᠩ ᠤᠷᠢᠳ ᠬᠤᠵᠢᠳ ᠰᠢᠨ ᠢ ᠪᠦᠯᠦᠭᠯᠡᠯ᠂ ᠴᠢ ᠷᠦᠢ ᠰᠲ᠋ᠤᠺ | ᠡᠵᠡᠮᠳᠡᠬᠦ ᠪᠦᠯᠦᠭᠯᠡᠯ᠂ ᠷᠦᠩ ᠱᠧᠩ ᠴᠢᠯᠠᠭᠤᠨ ᠲᠤᠰᠤ ᠬᠢᠮᠢ ᠶᠢᠨ ᠵᠸᠤᠱᠠᠨ ᠤ ᠰᠠᠭᠤᠷᠢᠨ ᠭᠠᠵᠠᠷ᠂ ᠬᠤᠩ ᠱᠢ | ᠰᠲ᠋ᠤᠺ ᠡᠵᠡᠮᠳᠡᠬᠦ ᠪᠦᠯᠦᠭᠯᠡᠯ ᠢᠶᠠᠷ ᠭᠦᠨᠵᠡᠭᠡᠶᠢᠷᠡᠵᠤ᠂ ᠠᠵᠤ ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠳᠡ᠂ | ᠦᠢᠯᠡᠳᠬᠦᠨ ᠤ ᠮᠡᠷᠭᠡᠵᠢᠯ ᠤᠨ ᠰᠢᠨ᠎ᠠ ᠶᠢ ᠡᠭᠦᠳᠭᠦ᠂ ᠠᠵᠤ ᠦᠢᠯᠡᠰ ᠤᠨ ᠪᠠᠶᠢᠷᠢᠰᠢᠭᠤᠯᠤᠯᠳᠠ ᠵᠡᠷᠭᠡ ᠪᠠᠶᠢᠳᠠᠯ ᠢ | ᠨᠠᠷᠢᠨ ᠤᠢᠢᠯᠠᠭᠠᠵᠤ᠂ ᠲᠦᠷᠦᠯ ᠵᠦᠢᠯ ᠤᠨ ᠬᠠᠮᠳᠤᠷᠠᠯᠴᠠᠭ᠎ᠠ ᠶᠢ ᠠᠬᠢᠭᠤᠯᠬᠤ ᠪᠠ ᠰᠢᠨ ᠢ ᠭᠤᠸᠠᠩ ᠨᠧᠩ ᠵᠠᠰᠠᠭ | ᠵᠠᠬᠢᠷᠭᠠᠨ ᠤ ᠶᠡᠷᠦᠩᠬᠡᠢ ᠵᠠᠬᠢᠷᠤᠭᠴᠢ ᠳ᠋ᠦᠩ ᠴᠢᠩ ᠱᠢ᠂ ᠰᠢᠨ ᠢ ᠭᠤᠸᠠᠩ ᠨᠧᠩ ᠵᠠᠰᠠᠭ ᠵᠠᠬᠢᠷᠭᠠᠨ ᠤ ᠶᠡᠷᠦᠩᠭᠡᠢ | ᠵᠠᠬᠢᠷᠤᠭᠴᠢ ᠯᠢ ᠱᠧᠩ ᠫᠦᠸᠧ᠂ ᠴᠢ ᠷᠦᠢ ᠰᠲ᠋ᠤᠺ ᠡᠵᠡᠮᠳᠡᠬᠦ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ | ᠶᠢᠨ ᠲᠦᠡᠭ ᠶᠤᠸᠠᠢ᠂ ᠵᠧᠵᠢᠶᠠᠩ ᠤᠨ ᠷᠦᠩ ᠱᠧᠩ ᠰᠲ᠋ᠤᠺ ᠡᠵᠡᠮᠳᠡᠬᠦ ᠪᠦᠯᠦᠭᠯᠡᠯ ᠤᠨ ᠭᠡᠷᠡᠭ ᠮᠡᠳᠡᠭᠴᠢᠳ ᠤᠨ | ᠲᠠᠷᠤᠭ᠎ᠠ ᠯᠢ ᠱᠦᠢ ᠷᠦᠩ᠂ ᠬᠤᠩ ᠱᠢ ᠰᠲ᠋ᠤᠺ ᠡᠵᠡᠮᠳᠡᠭᠰᠡᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ | ᠵᠠᠩ ᠰᠢᠶᠤᠤ ᠬᠤᠸᠠ ᠭᠦᠨᠵᠡᠭᠡᠢ ᠰᠤᠯᠢᠯᠴᠠᠪᠠ᠃ ᠾᠧᠹᠸᠢ ᠬᠤᠳᠠ ᠳᠤ᠂ ᠳ᠋ᠦ᠋ ᠬᠤᠢ ᠯᠢᠶᠠᠩ ᠠᠨᠾᠦ᠋ᠢ ᠮᠤᠵᠢ ᠶᠢᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ | ᠴᠢᠩᠬᠤᠸᠠ ᠶᠡᠭᠡ ᠰᠤᠷᠭᠠᠭᠤᠯᠢ ᠶᠢᠨ ᠾᠧ ᠹᠧᠢ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ | ᠬᠦᠷᠢᠶᠡᠯᠡᠩ ᠳᠤ ᠣᠷᠣᠵᠤ᠂ ᠰᠤᠳᠤᠯᠭᠠᠨ ᠤ ᠬᠦᠷᠢᠶᠡᠯᠡᠩ ᠤᠨ ᠠᠵᠢᠯᠯᠠᠭᠠᠨ ᠤ ᠵᠠᠭᠪᠤᠷ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ᠂ ᠲᠠᠪᠴᠠᠩ ᠤᠨ ᠪᠠᠶᠢᠭᠤᠯᠤᠯᠲᠠ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠬᠤᠳᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ | ᠲᠤᠷᠰᠢᠯᠲᠠ ᠶᠢᠨ ᠲᠠᠪᠴᠠᠩ᠂ ᠤᠯᠠᠨ ᠭᠠᠮᠰᠢᠭ ᠤᠨ ᠡᠯᠧᠮᠧᠨ᠋ᠲ ᠤᠨ ᠬᠤᠯᠪᠣᠯᠳᠤᠯ ᠦᠢᠯᠡᠳᠦᠯᠳᠦ ᠰᠠᠯᠬᠢᠨ | ᠨᠦᠬᠡ ᠶᠢᠨ ᠲᠤᠷᠰᠢᠯᠲᠠ ᠶᠢᠨ ᠲᠠᠪᠴᠠᠩ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠲᠠᠪᠴᠠᠩ ᠢ ᠲᠣᠭᠤᠷᠢᠨ ᠦᠵᠡᠭᠰᠡᠨ ᠪᠥᠭᠡᠳ ᠬᠤᠯᠪᠣᠭᠳᠠᠯ ᠪᠦᠬᠦᠢ ᠰᠢᠰᠲ᠋ᠧᠮ ᠤᠨ ᠠᠵᠢᠯᠯᠠᠭᠠᠨ ᠤ ᠦᠵᠡᠭᠦᠯᠭᠡ ᠶᠢ | ᠲᠣᠭᠤᠷᠢᠨ ᠦᠵᠡᠪᠡ᠃ ︵ᠡᠬᠢ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ︶ | 4 ᠳ᠋ᠦ᠋ᠭᠡᠷ ᠰᠠᠷ᠎ᠠ ᠶᠢᠨ 8 ᠤ ᠡᠳᠦᠷ᠂ ᠤᠷᠳᠤᠰ ᠬᠤᠳᠠ ᠶᠢᠨ ᠵᠠᠰᠠᠭ ᠤᠨ ᠣᠷᠳᠣᠨ ᠰᠢᠶᠠᠩᠭᠠᠩ ᠤᠨ | ᠳᠤᠮᠳᠠᠳᠤ ᠶᠢᠨ ᠨᠡᠭᠦᠷᠡᠰᠦᠨ ᠬᠡᠢ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠤᠷᠳᠤᠰ ᠬᠤᠳᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠰᠢᠶᠠᠩᠭᠠᠩ ᠤᠨ ᠵᠦᠩ ᠬᠤᠸᠠ ᠨᠡᠭᠦᠷᠡᠰᠦᠨ ᠬᠡᠢ ᠶᠢᠨ | ᠳᠣᠲᠣᠷ ᠭᠠᠵᠠᠷ ᠤᠨ ᠨᠡᠶᠢᠲᠡ ᠶᠢᠨ ᠬᠡᠷᠡᠭᠯᠡᠭᠡᠨ ᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠶᠡᠷᠦᠩᠬᠡᠢ | ᠵᠠᠬᠢᠷᠤᠭᠴᠢ ᠵᠢᠢ ᠸᠧᠢ ᠢ ᠰᠦᠯᠵᠢᠶᠡᠨ ᠳᠡᠭᠡᠷᠡᠬᠢ ᠸᠢᠳᠢᠣ᠋ ᠬᠡᠯᠪᠡᠷᠢ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ | ᠪᠥᠭᠡᠳ ᠭᠠᠷ ᠤᠨ ᠦᠰᠦᠭ ᠵᠢᠷᠤᠭᠰᠠᠨ ᠢ ᠭᠡᠷᠡᠴᠢᠯᠡᠪᠡ᠃ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ᠂ | ᠭᠠᠩ ᠬᠤᠸᠠ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠶ ᠵᠠᠬᠢᠷᠤᠯ ᠫᠠᠨ ᠵᠢᠶᠠᠨ ᠴᠢᠶᠠᠩ ᠲᠣᠰ ᠲᠣᠰ | ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ | ᠭᠠᠷ ᠤᠨ ᠥᠰᠥᠭ ᠵᠢᠷᠤᠪᠠ᠃ ︵ᠢᠷᠡᠯᠲᠡ᠄ ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 4 ᠳ᠋ᠦ᠋ᠭᠡᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠺᠢᠨᠣ᠋ ᠲᠧᠯᠸᠢᠰ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ᠂ ᠥᠪᠥᠷ | ᠮᠣᠩᠭᠤᠯ ᠤᠨ ᠺᠢᠨᠣ᠋ ᠦᠢᠯᠡᠳᠬᠦ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠡᠭᠦᠳᠡᠷᠯᠡᠭᠰᠡᠨ | ᠰᠠᠭᠤᠷᠢᠨ ᠭᠠᠵᠠᠷ ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠫᠠᠶᠢᠰᠠ ᠰᠡᠬᠦᠪᠡ᠃ ᠥᠪᠥᠷ | ᠮᠣᠩᠭᠤᠯ ᠤᠨ ᠺᠢᠨᠣ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ | ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠩ ᠬᠠᠨ᠂ ᠥᠪᠥᠷ ᠮᠣᠩᠭᠤᠯ ᠤᠨ ᠺᠢᠨᠣ᠋ ᠦᠢᠯᠡᠳᠬᠦ | ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠧᠶ ᠵᠢᠶᠠᠩ | ᠴᠤᠸᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠶᠢᠨ ᠭᠤᠸᠠᠩ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠦ᠋ ᠶᠦᠨ | ᠶᠣᠰᠣᠯᠠᠯ ᠳᠤ ᠣᠷᠣᠯᠴᠠᠵᠤ ᠫᠠᠶᠢᠰᠠ ᠰᠡᠬᠦᠪᠡ᠃ ᠬᠤᠰᠢᠭᠤᠨ ᠤ ᠤᠳᠤᠷᠢᠳᠤᠯᠭ᠎ᠠ ᠱᠢ ᠸᠧᠨ ᠶᠢᠩ᠂ ᠴᠢ ᠬᠤᠩ | ᠮᠧᠶ᠂ ᠭᠤᠤ ᠶᠦᠩ ᠯᠢᠶᠠᠩ ᠬᠤᠷᠠᠯ ᠳᠤ ᠣᠷᠣᠯᠴᠠᠵᠠᠶ᠃ ᠡᠨᠡ ᠬᠤᠭᠤᠴᠠᠭᠠᠨ ᠳᠤ᠂ ᠥᠪᠥᠷ ᠮᠣᠩᠭᠤᠯ ᠤᠨ | ᠺᠢᠨᠣ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠺᠢᠨᠣ᠋ ᠶᠢᠨ | ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠣᠰ ᠲᠣᠰ ᠣᠷᠳᠣᠰ ᠤᠨ ᠰᠣᠶᠣᠯ ᠤᠨ ᠠᠵᠤ | ᠦᠢᠯᠡᠰ ᠤᠨ ᠬᠥᠭᠵᠢᠯᠲᠡ ᠶᠢᠨ ᠲᠥᠪ ᠲᠠᠢ ᠺᠢᠨᠣ᠋ ᠲᠧᠯᠸᠢᠰ ᠦᠢᠯᠡᠳᠬᠦ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠪᠠ ᠺᠢᠨᠣ᠋ ᠲᠧᠯᠸᠢᠰ ᠰᠡᠭᠦᠳᠡᠷᠯᠡᠬᠦ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠳᠠᠷᠠᠭ᠎ᠠ ᠠᠯᠬᠤᠮ ᠳᠤ᠂ ᠡᠵᠡᠨ ᠬᠤᠷᠤᠭ᠎ᠠ ᠬᠤᠰᠢᠭᠤ ᠠᠵᠤ | ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠶᠢ | ᠢᠵᠢ ᠪᠦᠷᠢᠳᠦᠭᠦᠯᠬᠦ ᠶᠢ ᠴᠢᠩᠭᠠᠳᠬᠠᠵᠤ᠂ ᠰᠡᠭᠦᠳᠡᠷᠯᠡᠬᠦ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠣᠯᠠᠨ ᠺᠢᠨᠣ᠋ ᠰᠡᠭᠦᠳᠡᠷᠯᠡᠬᠦ | ᠪᠠᠭ᠋ᠠᠲᠠᠳ ᠤᠨ ᠦᠵᠡᠮᠵᠢ ᠰᠣᠨᠢᠷᠬᠠᠨ ᠰᠡᠭᠦᠳᠡᠷᠯᠡᠬᠦ᠂ ᠵᠣᠬᠢᠶᠠᠨ ᠪᠦᠲᠦᠭᠡᠵᠦ ᠰᠣᠯᠢᠯᠴᠠᠬᠤ ᠪᠠ ᠪᠡᠯᠡ ᠣᠷᠣᠭᠤᠯᠵᠤ | ᠠᠳᠠᠯ ᠦᠢᠯᠡᠰ ᠴᠣᠭᠴᠠᠯᠠᠬᠤ ᠳᠤ ᠰᠢᠯᠢᠳᠡᠭ ᠰᠠᠶᠢᠨ ᠣᠷᠴᠢᠨ ᠲᠣᠭᠤᠷᠢᠨ ᠬᠠᠩᠭᠠᠵᠤ᠂ ᠤᠮᠠᠷᠠᠲᠤ ᠬᠢᠯᠢ ᠶᠢᠨ | ᠰᠣᠶᠣᠯ ᠢ ᠨᠠᠩ ᠰᠠᠶᠢᠲᠤᠷ ᠪᠠᠳᠠᠷᠠᠭᠤᠯᠤᠨ᠎ᠠ᠃ ︵ᠢᠷᠡᠯᠲᠡ᠄ ᠣᠷᠳᠣᠰ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | | ᠪᠠᠶᠠᠨᠨᠠᠭᠤᠷ ᠬᠤᠲᠠ | 4 ᠳ᠋ᠦ᠋ᠭᠡᠷ ᠰᠠᠷ᠎ᠠ ᠶᠢᠨ 8 ᠤ ᠡᠳᠦᠷ᠂ ᠪᠠᠶᠠᠨᠨᠠᠭᠤᠷ ᠬᠤᠲᠠ ᠥᠪᠥᠷ ᠮᠣᠩᠭᠤᠯ ᠤᠨ ᠵᠢᠩ ᠤᠣ ᠵᠦᠸᠧ | ᠡᠯ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 5GW ᠶᠢᠨ ᠬᠡᠷᠡᠯ ᠴᠡᠨᠡᠭ ᠤᠨ ᠲᠣᠨᠣᠭᠯᠠᠯ ᠤᠨ ᠲᠥᠷᠥᠯ | ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠵᠤᠤ ᠸᠧᠢ ᠹᠧᠩ᠂ ᠬᠤᠳᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠯᠢ ᠹᠧᠩ | ᠪᠥᠸᠧ᠂ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠠᠵᠤ | ᠠᠬᠤᠶᠢᠴᠢ ᠪᠠᠰᠢ᠂ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠬᠠᠮᠲᠤᠷᠠᠭᠰᠠᠨ ᠭᠦᠢᠴᠡᠳᠬᠡᠬᠦ ᠶᠡᠷᠦᠩᠬᠡᠢ ᠵᠠᠬᠢᠷᠤᠭᠴᠢ ᠯᠢ ᠱᠸᠤ ᠸᠧᠢ ᠭᠠᠷ ᠤᠨ ᠦᠰᠦᠭ | ᠵᠢᠷᠤᠬᠤ ᠶᠣᠰᠣᠯᠠᠯ ᠳᠤ ᠣᠷᠣᠯᠴᠠᠪᠠ᠃ ︵ᠢᠷᠡᠯᠲᠡ᠄ ᠬᠡᠷᠡᠭᠯᠡᠭᠡᠨ ᠤ ᠡᠳᠦᠷ ᠤᠨ ᠰᠣᠨᠢᠨ ᠤ ᠰᠦᠯᠵᠢᠶ᠎ᠡ︶ | 3 ᠳ᠋ᠤᠭᠠᠷ ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠪᠠᠶᠠᠨᠨᠠᠭᠤᠷ ᠬᠤᠲᠠ ᠶᠢᠨ ᠪᠠᠯᠠ | ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠯᠢ ᠯᠸᠢ᠂ ᠯᠢᠨ ᠾᠧ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠰᠢᠶᠤᠤ ᠳ᠋ᠦᠩ ᠨᠠᠷ ᠦᠬᠠᠨ᠂ ᠴᠠᠩᠱᠠ ᠵᠡᠷᠭᠡ ᠭᠠᠵᠠᠷ ᠲᠤ | ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ᠃ 3 ᠳ᠋ᠤᠭᠠᠷ ᠰᠠᠷ᠎ᠠ ᠶᠢᠨ | 30 ᠤ ᠡᠳᠦᠷ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠦᠬᠠᠨ ᠬᠤᠲᠠ ᠳᠤ | ᠬᠦᠷᠴᠦ᠂ ᠴᠦ᠋ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠲᠤᠬᠠᠶ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠢᠯ ᠲᠥᠷᠥᠯ ᠤᠨ ᠮᠡᠷᠭᠡᠵᠢᠯ ᠤᠨ ᠬᠥᠭᠵᠢᠯᠲᠡ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠪᠠ ᠢᠷᠡᠭᠡᠳᠦᠶ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠵᠡᠷᠭᠡ ᠪᠠᠶᠢᠳᠠᠯ ᠢ | ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠦᠢᠯᠡᠳᠬᠦᠨ ᠤ ᠪᠣᠷᠣᠯᠠᠭᠤᠯᠭ᠎ᠠ ᠶᠢᠨ ᠵᠠᠮ᠂ | ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠢᠵᠢ ᠪᠥᠷᠢᠳᠦᠭᠦᠯᠬᠦ ᠵᠡᠷᠭᠡ ᠠᠭᠤᠯᠭ᠎ᠠ ᠶᠢᠨ ᠲᠤᠬᠠᠶ | ᠰᠠᠨᠠᠯ ᠢᠶᠠᠨ ᠰᠣᠯᠢᠯᠴᠠᠪᠠ᠃ 3 ᠳ᠋ᠤᠭᠠᠷ ᠰᠠᠷ᠎ᠠ ᠶᠢᠨ 31 ᠤ ᠡᠳᠦᠷ᠂ ᠰᠢᠨᠵᠢᠯᠡᠨ ᠪᠠᠶᠢᠴᠠᠭᠠᠬᠤ ᠳᠤᠭᠤᠶᠢᠯᠠᠩ | ᠴᠠᠩᠱᠠ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ᠂ ᠬᠤᠨᠠᠨ ᠤ ᠶᠢᠩ ᠺᠧ ᠡᠨᠧᠷᠭᠢ ᠨᠥᠭᠡᠴᠡᠯᠡᠬᠦ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠵᠦ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠦᠢᠯᠡᠳᠬᠦᠨ ᠤ ᠤᠷ᠎ᠠ ᠮᠡᠷᠭᠡᠵᠢᠯ ᠤᠨ ᠶᠠᠪᠤᠴᠠ᠂ ᠦᠢᠯᠡᠳᠪᠦᠷᠢᠯᠡᠯ ᠤᠨ ᠴᠢᠳᠠᠪᠤᠷᠢ ᠶᠢᠨ | ᠦᠢᠯᠡᠳᠬᠦᠨ ᠤ ᠦᠷᠳᠡᠭ᠂ ᠡᠯ᠎ᠡ ᠲᠦᠷᠦᠯ ᠤᠨ ᠡᠯᠧᠮᠧᠨ᠋ᠲ ᠤᠨ ᠬᠡᠷᠡᠭᠴᠡᠭᠡ ᠵᠡᠷᠭᠡ ᠲᠠᠯ᠎ᠠ ᠶᠢᠨ ᠠᠭᠤᠯᠭ᠎ᠠ ᠶᠢᠨ | ᠲᠤᠬᠠᠢ ᠰᠠᠨᠠᠯ ᠢᠶᠠᠨ ᠰᠣᠯᠢᠯᠴᠠᠪᠠ᠃ ︵ᠢᠷᠡᠯᠲᠡ᠄ ᠪᠠᠶᠠᠨᠨᠠᠭᠤᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ | ᠲᠥᠪ︶ | 3 ᠳ᠋ᠤᠭᠠᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ | ᠪᠠᠶᠢᠭᠤᠯᠤᠯᠲᠠ ᠶᠢᠨ ᠡᠨᠧᠷᠭᠢ ᠶᠢᠨ ᠪᠦᠯᠦᠭᠯᠡᠯ ᠤᠨ ᠤᠮᠠᠷᠠᠲᠤ ᠣᠷᠣᠨ ᠤ ᠬᠤᠪᠢᠶᠠᠷᠢ ᠺᠣᠮᠫᠠᠨᠢ ᠶᠢᠨ ᠱᠦᠵᠢ ᠸᠠᠩ | ᠯᠸᠢ ᠨᠠᠷ ᠪᠠᠶᠠᠨᠨᠠᠭᠤᠷ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠲᠤ ᠬᠦᠷᠴᠦ᠂ ᠬᠤᠶᠠᠷ | ᠲᠠᠯ᠎ᠠ ᠪᠠᠷ ᠢᠶᠠᠨ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠥᠷᠥᠯ | ᠵᠦᠢᠯ ᠤᠨ ᠬᠠᠮᠲᠤᠷᠠᠯᠴᠠᠭᠠᠨ ᠤ ᠲᠤᠬᠠᠶ ᠶᠠᠷᠢᠯᠴᠠᠪᠠ᠃ ︵ᠢᠷᠡᠯᠲᠡ᠄ ᠪᠠᠶᠠᠨᠨᠠᠭᠤᠷ ᠬᠤᠲᠠ ᠶᠢᠨ ᠪᠡᠯᠡ | ᠣᠷᠣᠭᠤᠯᠤᠯᠲᠠ ᠶᠢ ᠠᠬᠢᠭᠤᠯᠬᠤ ᠲᠥᠪ︶ | 3 ᠳ᠋ᠤᠭᠠᠷ ᠰᠠᠷ᠎ᠠ ᠶᠢᠨ 29 ᠤ ᠡᠳᠦᠷ᠂ ᠪᠠᠶᠠᠨᠨᠠᠭᠤᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠥᠪᠥᠷ ᠮᠣᠩᠭᠤᠯ ᠤᠨ ᠰᠢᠨ ᠰᠢᠤᠸᠠᠨ ᠪᠦᠯᠦᠭᠯᠡᠯ ᠢ ᠤᠷᠢᠵᠤ᠂ ᠲᠣᠰ ᠬᠤᠲᠠ ᠳᠤ ᠢᠷᠡᠵᠦ ᠠᠵᠤ | ᠦᠢᠯᠡᠰ ᠤᠨ ᠬᠠᠮᠲᠤᠷᠠᠯᠴᠠᠭ᠎ᠠ᠂ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠦᠢᠯᠡᠳᠬᠦᠨ ᠤ ᠪᠣᠷᠣᠯᠠᠭᠤᠯᠭ᠎ᠠ | ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠪᠡ᠃ ︵ᠢᠷᠡᠯᠲᠡ᠄ ᠪᠠᠶᠠᠨᠨᠠᠭᠤᠷ ᠬᠤᠲᠠ ᠶᠢᠨ ᠪᠡᠯᠡ | ᠣᠷᠣᠭᠤᠯᠤᠯᠲᠠ ᠶᠢ ᠠᠬᠢᠭᠤᠯᠬᠤ ᠲᠥᠪ︶ | 3 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ | ᠬᠤᠲᠠ ᠶᠢᠨ 800 ᠲᠦᠮᠡᠨ ᠲᠥᠭᠦᠷᠢᠭ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠨᠢ ᠤᠯᠤᠰ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ | ᠲᠣᠭᠠᠴᠢᠯᠠᠭᠰᠠᠨ ᠲᠠᠪᠴᠠᠩ ᠳᠤ ᠳᠠᠬᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢᠶᠠᠨ ᠠᠮᠵᠢᠯᠲᠠ ᠲᠠᠢ | ᠳᠠᠩᠰᠠᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠤᠯᠤᠰ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠰᠠᠭᠤᠷᠢ ᠮᠥᠩᠭᠦ — ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠬᠢᠨ ᠳᠠᠭᠠᠭᠠᠯᠲᠠ ᠶᠢᠨ ᠪᠠᠶᠢᠭᠤᠯᠤᠮᠵᠢ — | ᠬᠠᠷᠢᠶ᠎ᠠ ᠳᠣᠲᠣᠷᠠᠬᠢ ᠳᠠᠭᠠᠭᠠᠯᠲᠠ ᠶᠢᠨ ᠪᠠᠶᠢᠭᠤᠯᠤᠮᠵᠢ — ᠬᠠᠮᠲᠤᠷᠠᠯᠴᠠᠭᠠᠨ ᠤ ᠪᠠᠩᠬᠢ︾ ᠶᠢᠨ ᠳᠥᠷᠪᠡᠨ | ᠲᠠᠯ᠎ᠠ ᠶᠢᠨ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠵᠤ᠂ ︽ᠤᠯᠤᠰ — ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ︾ ᠭᠤᠷᠪᠠᠨ ᠱᠠᠲᠤᠨ ᠤ ᠵᠠᠰᠠᠭ ᠤᠨ | ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠬᠤ ᠯᠠᠪᠳᠠᠭᠤᠨ ᠪᠠᠲᠤᠲᠠᠶ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ︵ᠢᠷᠡᠯᠲᠡ᠄ ᠥᠪᠥᠷ | ᠮᠣᠩᠭᠤᠯ ᠤᠨ ᠡᠳ᠋ ᠤᠨ ᠵᠠᠰᠠᠭ︶ | 3 ᠳ᠋ᠤᠭᠠᠷ ᠰᠠᠷ᠎ᠠ ᠶᠢᠨ 29 ᠤ ᠡᠳᠦᠷ᠂ ᠯᠢᠨ ᠾᠧ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠠᠨ ᠸᠧᠨ ᠵᠧ ᠯᠢᠨ ᠾᠧ ᠲᠣᠭᠤᠷᠢᠭ ᠤᠨ ᠰᠠᠯᠬᠢᠨ ᠬᠦᠴᠦᠨ ᠤ ᠮᠠᠰᠢᠨ ᠤ ᠠᠵᠤ | ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠤᠷ ᠲᠤ ᠠᠵᠢᠯᠯᠠᠵᠤ ᠠᠵᠤ ᠠᠬᠤᠶᠢᠯᠠᠯ ᠢ | ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ︵ᠢᠷᠡᠯᠲᠡ᠄ ᠪᠠᠶᠠᠨᠨᠠᠭᠤᠷ ᠬᠤᠲᠠ ᠶᠢᠨ ᠪᠡᠯᠡ | ᠣᠷᠣᠭᠤᠯᠤᠯᠲᠠ ᠶᠢ ᠠᠬᠢᠭᠤᠯᠬᠤ ᠲᠥᠪ︶ | 3 ᠳ᠋ᠤᠭᠠᠷ ᠰᠠᠷ᠎ᠠ ᠶᠢᠨ 29 ᠤ ᠡᠳᠦᠷ᠂ ᠳ᠋ᠧᠩᠺᠸᠤ ᠰᠢᠶᠠᠨ ᠤ ᠳᠡᠳ᠋ ᠳᠠᠷᠤᠭ᠎ᠠ ᠰᠢᠤᠸᠠᠢ ᠶᠤᠸᠠᠨ ᠪᠦᠯᠬᠦᠮ | ᠳᠠᠭᠠᠭᠤᠯᠤᠨ ᠰᠢᠤᠢ ᠹᠧᠩ ᠰᠢᠨ ᠴᠤᠸᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ | ᠬᠦᠷᠴᠦ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠤᠷ᠎ᠠ ᠮᠡᠷᠭᠡᠰᠢᠯ ᠵᠢᠴᠢ ᠬᠠᠮᠢᠶ᠎ᠠ ᠪᠦᠬᠦᠢ | ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ | ᠠᠬᠢᠭᠤᠯᠬᠤ ᠲᠥᠪ ᠤᠨ ᠬᠠᠷᠢᠭᠤᠴᠠᠯᠭᠠᠲᠠᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ ︵ᠢᠷᠡᠯᠲᠡ᠄ ᠪᠠᠶᠠᠨᠨᠠᠭᠤᠷ | ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | 3 ᠳ᠋ᠤᠭᠠᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠤᠷᠠᠳ ᠤᠨ ᠳᠤᠮᠳᠠᠳᠤ | ᠬᠤᠰᠢᠭᠤᠨ ᠤ 150 ᠲᠦᠮᠡᠨ ᠺᠢᠯᠣᠸᠠᠲ ᠤᠨ ᠰᠠᠯᠬᠢ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ᠂ | ᠤᠷᠠᠳ ᠤᠨ ᠳᠤᠮᠳᠠᠳᠤ ᠬᠤᠰᠢᠭᠤᠨ ᠤ ᠭᠠᠭᠴᠠᠮᠣᠳᠣ ᠪᠣᠭᠤᠮᠲᠠ ᠶᠢᠨ 50 ᠲᠦᠮᠡᠨ ᠺᠢᠯᠣᠸᠠᠲ ᠤᠨ ᠠᠮᠢᠳᠤᠯᠢᠭ | ᠪᠣᠬᠢᠷᠲᠤᠯ ᠥᠬᠡᠶ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠭᠠᠭᠴᠠᠮᠣᠳᠣ ᠪᠠᠯᠭᠠᠰᠤᠨ ᠳᠤ ᠠᠵᠢᠯ | ᠡᠬᠢᠯᠡᠪᠡ᠃ 4 ᠳ᠋ᠦ᠋ᠭᠡᠷ ᠰᠠᠷ᠎ᠠ ᠶᠢᠨ 1 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ | ᠱᠦᠵᠢ ᠼᠦᠢ ᠵᠢᠩ ᠰᠢᠶᠠᠩ ᠬᠢᠭᠡᠳ ᠯᠦᠩ ᠵᠢᠶ ᠨᠤᠭᠤᠭᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠡᠭᠡᠭᠡᠨ ᠬᠥᠭᠵᠢᠭᠦᠯᠬᠦ ᠶᠡᠷᠦᠩᠬᠡᠶ ᠬᠢᠨᠠᠭᠴᠢ ᠵᠦ ᠫᠢᠩ᠂ | ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠲᠥᠷᠥᠯ ᠵᠦᠢᠯ ᠤᠨ ᠶᠡᠷᠦᠩᠬᠡᠶ ᠬᠢᠨᠠᠭᠴᠢ ᠯᠢᠦ ᠬᠤᠩ ᠰᠢᠤᠸᠠᠢ ᠨᠠᠷ ᠲᠠᠢ ᠶᠠᠷᠢᠯᠴᠠᠪᠠ᠃ ᠬᠤᠶᠠᠷ | ᠲᠠᠯ᠎ᠠ ᠪᠠᠷ ᠢᠶᠠᠨ ᠰᠠᠯᠬᠢᠨ ᠬᠦᠴᠦᠨ ᠢᠶᠠᠷ ᠤᠰᠤᠲᠥ᠋ᠷᠥᠭᠴᠢ ᠦᠢᠯᠡᠳᠬᠦ ᠮᠧᠲ᠋ᠢᠯ ᠠᠯᠺᠣᠤᠯ ᠦᠢᠯᠡᠳᠬᠦ ᠲᠦᠷᠦᠯ | ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠵᠥᠪᠳᠡᠯᠴᠡᠨ ᠶᠠᠷᠢᠯᠴᠠᠪᠠ᠃ 4 ᠳ᠋ᠦ᠋ᠭᠡᠷ | ᠰᠠᠷ᠎ᠠ ᠶᠢᠨ 2 ᠤᠨ ᠡᠳᠦᠷ᠂ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠮᠢᠨ ᠰᠢᠶᠤᠤ ᠰᠢᠶᠠᠨ ᠳ᠋ᠦᠨ ᠪᠠ ᠵᠸᠤ ᠢᠳᠡᠭᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠨᠢᠤ ᠣᠪᠣᠭᠲᠤ ᠶᠢᠨ ᠶᠦᠨ ᠴᠠᠩ ︵ᠪᠠ | ᠵᠸᠤ︶ ᠢᠳᠡᠭᠡᠨ ᠤ ᠬᠢᠵᠠᠭᠠᠷᠲᠤ ᠺᠣᠮᠫᠠᠨᠢ᠂ ᠵᠣᠯ ᠵᠢᠷᠭᠠᠯᠲᠤ ᠠᠵᠤ ᠦᠢᠯᠡᠰ ᠤᠨ ᠬᠤᠲᠠ ᠶᠢᠨ ᠠᠵᠤ ᠦᠢᠯᠡᠰ ᠤᠨ | ᠰᠠᠭᠤᠷᠢᠨ ᠭᠠᠵᠠᠷ ᠵᠢᠴᠢ ᠭᠦ᠋ ᠠᠨ ᠦᠵᠡᠰᠬᠦᠯᠡᠩ ᠤᠨ ᠣᠷᠳᠣᠨ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ | ᠤᠷᠢᠵᠤ ᠪᠠᠯᠠ ᠣᠷᠣᠭᠤᠯᠤᠨ ᠰᠢᠨᠵᠢᠯᠡᠨ ᠪᠠᠶᠢᠴᠠᠭᠠᠪᠠ᠃ ︵ᠢᠷᠡᠯᠲᠡ᠄ ᠪᠠᠶᠠᠨᠨᠠᠭᠤᠷ ᠬᠤᠲᠠ ᠶᠢᠨ ᠪᠡᠯᠡ | ᠣᠷᠣᠭᠤᠯᠤᠯᠲᠠ ᠶᠢ ᠠᠬᠢᠭᠤᠯᠬᠤ ᠲᠥᠪ︶ | 4 ᠳ᠋ᠦ᠋ᠭᠡᠷ ᠰᠠᠷ᠎ᠠ ᠶᠢᠨ 1 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ | ᠸᠠᠩ ᠶᠢᠨ ᠪᠦᠦ ᠱᠠᠨᠳᠦ᠋ᠩ ᠤᠨ ᠬᠤᠸᠠᠩ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠭᠤᠷᠬᠠᠶ ᠶᠢᠨ | ᠬᠠᠮᠢᠶᠠᠷᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ᠂ ᠴᠠᠩ ᠲᠠᠢ ᠠᠭᠤᠷᠬᠠᠶ ᠶᠢᠨ ᠦᠢᠯᠡᠰ ᠤᠨ ᠬᠡᠷᠡᠭ | ᠮᠡᠳᠡᠭᠴᠢᠳ ᠤᠨ ᠳᠠᠷᠤᠭ᠎ᠠ ᠯᠢᠦ ᠽᠠᠢ ᠲᠤᠤ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠤᠨ | ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ | ᠰᠣᠯᠢᠯᠴᠠᠪᠠ᠃ 3 ᠳ᠋ᠤᠭᠠᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ᠂ | ᠤᠷᠠᠳ ᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠯᠢ ᠴᠢᠶᠠᠩ ᠪᠦᠯᠬᠦᠮ ᠳᠠᠭᠠᠭᠤᠯᠤᠨ ᠠᠨᠾᠦ᠋ᠢ ᠮᠤᠵᠢ ᠳᠤ ᠬᠦᠷᠴᠦ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠢᠨ ᠬᠠᠮᠲᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠬᠠᠶ ᠹᠧᠩ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠣᠷᠴᠢᠨ ᠲᠣᠭᠤᠷᠢᠨ ᠤ ᠡᠬᠢ ᠪᠠᠶᠠᠯᠢᠭ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠤᠷᠠᠳ ᠤᠨ ᠬᠤᠶᠢᠲᠤ ᠬᠤᠰᠢᠭᠤᠨ ᠤ ᠹᠦ᠋ ᠴᠢᠤᠸᠠᠨ ᠠᠵᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠬᠤᠳᠠᠯᠳᠤᠭᠠᠴᠢᠨ ᠤᠷᠢᠵᠤ | ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ ︵ᠢᠷᠡᠯᠲᠡ᠄ ᠪᠠᠶᠠᠨᠨᠠᠭᠤᠷ ᠬᠤᠲᠠ ᠶᠢᠨ ᠪᠡᠯᠡ ᠣᠷᠣᠭᠤᠯᠤᠯᠲᠠ ᠶᠢ | ᠠᠬᠢᠭᠤᠯᠬᠤ ᠲᠥᠪ︶ | 4 ᠳ᠋ᠦ᠋ᠭᠡᠷ ᠰᠠᠷ᠎ᠠ ᠶᠢᠨ 1 ᠤ ᠡᠳᠦᠷ᠂ ᠦᠶᠤᠸᠠᠨ ᠰᠢᠶᠠᠨ ᠤ ᠳᠡᠳ᠋ ᠳᠠᠷᠤᠭ᠎ᠠ ᠯᠢ ᠵᠧᠨ ᠵᠦᠩ ᠵᠢᠢ ᠱᠢ | ᠯᠢᠶᠠᠨ ᠳ᠋ᠠ ᠪᠠᠷᠠᠭᠠᠨ ᠤ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠪᠦᠯᠦᠭᠯᠡᠯ︶ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠫᠦ᠋ ᠴᠢᠶᠦ᠋ᠨ ᠬᠤᠸᠠ ᠨᠠᠷ ᠲᠠᠢ ᠠᠭᠤᠯᠵᠠᠵᠤ᠂ ᠤᠳᠤ ᠦᠶ᠎ᠡ ᠶᠢᠨ | ᠪᠠᠷᠠᠭᠠᠨ ᠤ ᠭᠦᠢᠯᠭᠡᠭᠡᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠲᠤᠬᠠᠢ ᠶᠠᠷᠢᠯᠴᠠᠨ | ᠰᠣᠯᠢᠯᠴᠠᠪᠠ᠃ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ | ᠲᠥᠪ᠂ ᠪᠠᠶᠠᠨᠲᠤᠬᠤᠢ ᠪᠠᠯᠭᠠᠰᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ ︵ᠢᠷᠡᠯᠲᠡ᠄ | ᠪᠠᠶᠠᠨᠨᠠᠭᠤᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | | ᠦᠬᠠᠢ ᠬᠤᠲᠠ | 4 ᠳ᠋ᠦ᠋ᠭᠡᠷ ᠰᠠᠷ᠎ᠠ ᠶᠢᠨ 11 ᠤ ᠡᠳᠦᠷ᠂ ᠦᠬᠠᠢ ᠬᠤᠳᠠ ᠶᠢᠨ ᠵᠠᠰᠠᠭ ᠤᠨ ᠣᠷᠳᠣᠨ ᠪᠣᠯᠤᠨ ᠥᠪᠥᠷ | ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠶᠤᠸᠠᠨ ᠵᠢᠩ | ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ᠂ ᠮᠧᠩ ᠰᠢᠨ ᠪᠦᠯᠦᠭᠯᠡᠯ ᠤᠨ ᠶᠡᠷᠦᠩᠬᠡᠶ | ᠳᠠᠭᠠᠭᠠᠮᠠᠯ ᠯᠢ ᠸᠧᠶ ᠣᠷᠣᠯᠴᠠᠵᠠᠶ᠃ ᠬᠤᠳᠠ ᠶᠢᠨ ᠳᠡᠳ᠋ ᠳᠠᠷᠤᠭ᠎ᠠ ᠭᠤᠤ ᠪᠥᠸᠧ ᠶᠠᠷᠢᠯᠴᠠᠬᠤ ᠬᠤᠷᠠᠯ ᠳᠤ | ᠣᠷᠣᠯᠴᠠᠪᠠ᠃ ︵ᠢᠷᠡᠯᠲᠡ᠄ ᠦᠬᠠᠢ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠲᠣᠪᠴᠢᠶ᠎ᠠ︶ | 3 ᠳ᠋ᠤᠭᠠᠷ ᠰᠠᠷ᠎ᠠ ᠶᠢᠨ 31 ᠤ ᠡᠳᠦᠷ ᠠᠴᠠ 4 ᠳ᠋ᠦ᠋ᠭᠡᠷ ᠰᠠᠷ᠎ᠠ ᠶᠢᠨ 2 ᠤᠨ ᠡᠳᠦᠷ ᠪᠣᠯᠲᠠᠯ᠎ᠠ᠂ ᠬᠠᠶᠢᠨᠠᠨ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠪᠦᠯᠬᠦᠮ ᠳᠠᠭᠠᠭᠤᠯᠤᠨ ᠪᠡᠭᠡᠵᠢᠩ ᠬᠤᠲᠠ᠂ | ᠾᠧᠨᠠᠨ ᠮᠤᠵᠢ ᠶᠢᠨ ᠠᠨ ᠶᠠᠩ ᠬᠤᠲᠠ ᠳᠤ ᠬᠦᠷᠴᠦ ᠠᠵᠤ ᠠᠬᠤᠶᠢᠯᠠᠯ ᠢᠶᠠᠷ ᠰᠢᠨᠵᠢᠯᠡᠨ ᠪᠠᠶᠢᠴᠠᠭᠠᠵᠤ᠂ | ᠬᠠᠮᠲᠤᠷᠠᠯᠴᠠᠭᠠᠨ ᠤ ᠲᠥᠷᠥᠯ ᠵᠦᠢᠯ ᠤᠨ ᠤᠴᠢᠷ ᠶᠠᠪᠤᠳᠠᠯ ᠢ ᠵᠥᠪᠳᠡᠯᠴᠡᠪᠡ᠃ ᠰᠢᠨᠵᠢᠯᠡᠨ ᠪᠠᠶᠢᠴᠠᠭᠠᠬᠤ | ᠪᠦᠯᠬᠦᠮ ᠤᠨ ᠬᠢᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠡᠳ᠋ ᠪᠣᠳᠠᠰ ᠤᠨ ᠬᠢᠵᠠᠭᠠᠷᠲᠤ ᠺᠣᠮᠫᠠᠨᠢ᠂ | ᠪᠡᠭᠡᠵᠢᠩ ᠤᠨ ᠳ᠋ᠠ ᠶᠢᠦ ᠭᠦᠸᠧ ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠦᠬᠠᠢ ᠶᠢᠨ | ᠠᠮᠢ ᠠᠬᠤᠢ ᠶᠢ ᠰᠡᠷᠭᠦᠭᠡᠬᠦ ᠪᠠ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠳᠠᠷᠠᠭᠠᠴᠢ ᠶᠢᠨ ᠠᠯᠬᠤᠮ ᠤᠨ ᠪᠦᠳᠦᠭᠡᠨ ᠪᠠᠶᠢᠭᠤᠯᠤᠯᠲᠠ ᠶᠢᠨ ᠶᠠᠪᠤᠳᠠᠯ ᠢ ᠵᠣᠯᠭᠠᠭᠤᠯᠪᠠ᠃ ᠾᠧᠨᠠᠨ ᠮᠤᠵᠢ ᠶᠢᠨ | ᠠᠨ ᠶᠠᠩ ᠬᠤᠳᠠ ᠶᠢᠨ ᠽᠠᠢ ᠢᠤᠢ ᠬᠠᠶᠢᠯᠤᠰᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠾᠧᠨᠠᠨ ᠤ︶ ᠤᠨ | ᠬᠢᠵᠠᠭᠠᠷᠲᠤ ᠺᠣᠮᠫᠠᠨᠢ ᠲᠠᠢ ᠴᠡᠪᠡᠷ ᠴᠠᠬᠢᠭᠤᠷ ᠤᠨ ᠰᠠᠭᠤᠷᠢ ᠪᠣᠯᠤᠨ ᠮᠠᠩᠭᠠᠨ ᠰᠠᠭᠤᠷᠢ ᠶᠢᠨ ᠣᠨᠴᠠ ᠲᠦᠷᠦᠯ ᠤᠨ | ᠬᠠᠶᠢᠯᠤᠰᠢ ᠶᠢ ᠪᠣᠯᠪᠠᠰᠤᠷᠠᠭᠤᠯᠬᠤ ᠰᠢᠨ᠎ᠡ ᠭᠠᠷ ᠤᠷᠠᠯᠠᠯ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠶᠠᠪᠤᠳᠠᠯ ᠤᠨ ᠲᠣᠭᠤᠷᠢᠨ ᠳᠤ ᠪᠣᠳᠠᠲᠠᠢ ᠰᠣᠯᠢᠯᠴᠠᠭ᠎ᠠ | ᠬᠢᠵᠦ᠂ ᠲᠦᠷᠦᠯ ᠵᠦᠢᠯ ᠢ ᠬᠡᠷᠡᠭᠵᠢᠭᠦᠯᠬᠦ ᠨᠠᠷᠢᠨ ᠵᠦᠢᠯᠡᠰ ᠪᠣᠯᠤᠨ ᠡᠯᠧᠮᠧᠨ᠋ᠲ ᠤᠨ ᠬᠡᠷᠡᠭᠴᠡᠭᠡ ᠱᠠᠭᠠᠷᠳᠠᠯᠭ᠎ᠠ ᠵᠡᠷᠭᠡ | ᠪᠠᠶᠢᠳᠠᠯ ᠢ ᠤᠯᠠᠮ ᠴᠢᠨᠠᠭᠰᠢᠳᠠ ᠵᠣᠯᠭᠠᠭᠤᠯᠪᠠ᠃ ︵ᠢᠷᠡᠯᠲᠡ᠄ ᠦᠬᠠᠢ ᠬᠤᠳᠠ ᠶᠢᠨ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ︶ | ᠥᠪᠥᠷ ᠮᠣᠩᠭᠤᠯ ᠤᠨ ᠵᠢᠶᠧ ᠲᠧ ᠨᠣᠭᠤᠭᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ 10 ᠲᠦᠮᠡᠨ ᠲᠣᠨ / ᠵᠢᠯ ᠳᠤ BDO ᠬᠠᠶᠠᠭᠳᠠᠮᠠᠯ ᠰᠢᠩᠭᠡᠨ ᠤ ᠡᠬᠢ ᠪᠠᠶᠠᠯᠢᠭ ᠤᠨ | ᠠᠰᠢᠭᠯᠠᠯᠲᠠ ᠶᠢᠨ ᠦᠢᠯᠡᠳᠪᠦᠷᠢᠯᠡᠯ 3.5 ᠲᠦᠮᠡᠨ ᠲᠣᠨ THF ᠪᠠ ᠵᠢᠯ ᠳᠤ 10 ᠲᠦᠮᠡᠨ ᠲᠣᠨ NMP | ᠲᠦᠷᠦᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ | 7.48 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 10 ᠲᠦᠮᠡᠨ ᠲᠣᠨ BDO ᠬᠠᠶᠠᠭᠳᠠᠮᠠᠯ ᠰᠢᠩᠭᠡᠨ ᠢ | ᠰᠢᠢᠳᠪᠦᠷᠢᠯᠡᠬᠦ ᠶᠢᠨ ᠬᠠᠮᠲᠤ 3.5 ᠲᠦᠮᠡᠨ ᠲᠣᠨ ᠳᠥᠷᠪᠡᠨ ᠤᠰᠤᠲᠥ᠋ᠷᠥᠭᠴᠢᠲᠤ ᠹᠦᠷᠠᠨ ︵THF︶ | ᠬᠠᠮᠲᠤᠷᠠᠭᠰᠠᠨ ᠲᠣᠨᠣᠭᠯᠠᠯ ᠢ ᠪᠠᠶᠢᠭᠤᠯᠬᠤ ᠪᠠᠷ ᠲᠥᠯᠥᠪᠯᠡᠵᠦ᠂ 10 ᠲᠦᠮᠡᠨ ᠲᠣᠨ ᠴᠡᠪᠡᠷ NMP ᠲᠣᠨᠣᠭᠯᠠᠯ ᠢ | ᠪᠠᠶᠢᠭᠤᠯᠤᠨ᠎ᠠ᠃ ᠣᠳᠣᠬᠠᠨ ᠳᠤ ᠲᠣᠰ ᠲᠥᠷᠥᠯ ᠵᠦᠢᠯ ᠤᠨ ᠠᠵᠢᠯ ᠢ ᠨᠢᠭᠡᠨᠲᠡ ᠰᠡᠷᠭᠦᠭᠡᠵᠦ᠂ ᠪᠠᠷᠢᠯᠭ᠎ᠠ ᠶᠢᠨ | ᠶᠡᠷᠦᠩᠬᠡᠶ ᠬᠡᠮᠵᠢᠶ᠎ᠡ ᠶᠢ 45% ᠪᠠᠷ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ 6 ᠰᠠᠷ᠎ᠠ ᠳᠤ ᠪᠠᠶᠢᠭᠤᠯᠤᠨ | ᠪᠦᠲᠦᠭᠡᠵᠦ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 7 ᠳ᠋ᠦᠩᠰᠢᠭᠤᠷ ᠲᠥᠭᠦᠷᠢᠭ᠂ ᠠᠰᠢᠭ | ᠭᠠᠶᠢᠯᠢ 0.7 ᠳ᠋ᠦᠩᠰᠢᠭᠤᠷ ᠲᠥᠭᠦᠷᠢᠭ᠂ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ ᠶᠢ 100 ᠬᠥᠮᠦᠨ | ᠨᠡᠮᠡᠭᠳᠡᠭᠦᠯᠬᠦ ᠪᠣᠯᠤᠨ᠎ᠠ᠃ ︵ᠢᠷᠡᠯᠲᠡ᠄ ᠦᠬᠠᠢ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠣᠪᠴᠢᠶ᠎ᠠ︶ | | ᠠᠯᠠᠱᠠ ᠠᠶᠢᠮᠠᠭ | 4 ᠳ᠋ᠦ᠋ᠭᠡᠷ ᠰᠠᠷ᠎ᠠ ᠶᠢᠨ 2 ᠤᠨ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ | ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠶᠡᠭᠡ | ᠬᠡᠮᠵᠢᠶᠡᠨ ᠤ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠲᠣᠪᠴᠢᠶᠠᠨ ᠤ | ᠲᠡᠷᠢᠭᠦᠯᠡᠭᠴᠢ᠂ ᠶᠡᠷᠦᠩᠬᠡᠶ ᠵᠠᠬᠢᠷᠤᠭᠴᠢ ᠼᠤᠤ ᠰᠢᠨ ᠢ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ | ᠪᠣᠭᠤᠮᠲᠠ ᠶᠢᠨ ᠨᠡᠭᠡᠭᠡᠨ ᠬᠥᠭᠵᠢᠭᠦᠯᠦᠯᠲᠡ ᠪᠠ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ | ᠭᠦᠨᠵᠡᠭᠡᠶ ᠰᠣᠯᠢᠯᠴᠠᠪᠠ᠃ ︵ᠢᠷᠡᠯᠲᠡ᠄ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 4 ᠳ᠋ᠦ᠋ᠭᠡᠷ ᠰᠠᠷ᠎ᠠ ᠶᠢᠨ 3 ᠤ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠪᠠᠶ ᠬᠠᠶ ᠯᠢᠨ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠶᠢᠩ ᠯᠢ ᠲᠠᠢ ᠠᠭᠤᠯᠵᠠᠵᠤ᠂ | ᠬᠤᠶᠠᠷ ᠲᠠᠯ᠎ᠠ ᠪᠠᠷ ᠢᠶᠠᠨ ᠨᠡᠭᠦᠷᠡᠰᠦ ᠬᠡᠤᠷᠰᠢᠭᠦᠯᠬᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ | ᠬᠤᠯᠪᠣᠯᠳᠤᠨ ᠬᠥᠭᠵᠢᠬᠦ ᠵᠡᠷᠭᠡ ᠶᠠᠪᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃ ︵ᠢᠷᠡᠯᠲᠡ᠄ ᠠᠯᠠᠱᠠ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 4 ᠳ᠋ᠦ᠋ᠭᠡᠷ ᠰᠠᠷ᠎ᠠ ᠶᠢᠨ 7 ᠤ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠪᠠᠶ ᠬᠠᠶ ᠯᠢᠨ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ | ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠣᠣ ᠬᠠᠶ ᠵᠢᠶᠦ᠋ᠨ ᠲᠠᠢ ᠠᠭᠤᠯᠵᠠᠵᠤ᠂ | ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ | ᠶᠠᠷᠢᠯᠴᠠᠵᠤ ᠰᠠᠨᠠᠯ ᠢᠶᠠᠨ ᠰᠣᠯᠢᠯᠴᠠᠪᠠ᠃ ︵ᠢᠷᠡᠯᠲᠡ᠄ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | 4 ᠳ᠋ᠦ᠋ᠭᠡᠷ ᠰᠠᠷ᠎ᠠ ᠶᠢᠨ 8 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠪᠦᠦ ᠶᠧ | ᠪᠦᠯᠬᠦᠮ ᠳᠠᠭᠠᠭᠤᠯᠤᠨ ᠠᠯᠠᠱᠠ ᠵᠡᠭᠦᠨ ᠬᠤᠰᠢᠭᠤᠨ ᠳᠤ ᠬᠦᠷᠴᠦ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠤᠷᠢᠳ ᠬᠤᠵᠢᠳ ᠠᠯᠠᠱᠠ ᠠᠶᠢᠮᠠᠭ ᠤᠨ | ᠬᠥᠮᠦᠨ ᠪᠠ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ᠂ ᠶᠦᠨ ᠳ᠋ᠡ ︵ᠠᠯᠠᠱᠠ | ᠠᠶᠢᠮᠠᠭ︶ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ 2 ᠭᠤᠤᠯᠳᠠᠯᠭ᠎ᠠ ᠲᠠᠢ ᠲᠥᠷᠥᠯ ᠵᠦᠢᠯ ᠳᠤ ᠬᠦᠷᠴᠦ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠪᠠ᠃ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ︵ᠢᠷᠡᠯᠲᠡ᠄ ᠠᠯᠠᠱᠠ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | |