ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/4/28
  ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠥᠯ︾᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 14 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭᠠᠨ ᠤ ᠲᠥᠰᠥᠯ︾ ᠪᠠ ᠬᠤᠳᠠᠯᠳᠤᠭᠠᠨ ᠤ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 7 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢᠯᠡᠬᠦ ᠬᠡᠷᠡᠭᠵᠢᠭᠦᠯᠬᠦ ᠨᠠᠷᠢᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠬᠡᠷᠡᠭᠯᠡᠭᠡ ᠶᠢ ᠬᠦᠴᠦᠯᠡᠨ ᠠᠬᠢᠭᠤᠯᠬᠤ ᠶᠢᠨ ᠲᠤᠰᠠᠳᠠ᠂ 4 ᠳ᠋ᠤᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ 5 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃  ︽ᠬᠡᠷᠡᠭᠵᠢᠭᠦᠯᠬᠦ ᠲᠥᠰᠦᠯ︾ ᠳᠤ ᠨᠥᠬᠦᠪᠥᠷᠢ ᠥᠭᠬᠦ ᠬᠡᠪᠴᠢᠶ᠎ᠡ ᠪᠠ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠤᠪᠢ ᠬᠥᠮᠦᠨ ᠤ ᠬᠡᠷᠡᠭᠯᠡᠭᠴᠢ ᠬᠤᠪᠢ ᠬᠦᠮᠦᠨ ᠤ ᠨᠡᠷ᠎ᠡ ᠳᠤᠤᠷᠠᠬᠢ ᠤᠯᠤᠰ ᠤᠨ ᠭᠤᠷᠪᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣ ᠬᠡᠷᠡᠭᠯᠡᠬᠦ ᠲᠡᠷᠭᠡ ᠪᠤᠶᠤ 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ︵ᠲᠣᠰ ᠡᠳᠦᠷ ᠢ ᠪᠠᠭᠲᠠᠭᠠᠨ᠎ᠠ︶ ᠳᠡᠩᠰᠡᠯᠡᠨ ᠲᠡᠮᠳᠡᠭᠯᠡᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠠᠶᠠᠭᠳᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠡᠩᠰᠡᠯᠡᠨ ᠲᠡᠮᠳᠡᠭᠯᠡᠭᠦᠯᠦᠭᠰᠡᠨ ᠮᠠᠰᠢᠨ ᠲᠡᠷᠭᠡ ᠪᠣᠷᠣᠯᠠᠭᠤᠯᠬᠤ ᠪᠠᠶᠢᠭᠤᠯᠤᠮᠵᠢ ᠠᠴᠠ ᠡᠨᠧᠷᠭᠢ ᠠᠷᠪᠢᠯᠠᠬᠤ ᠱᠠᠭᠠᠷᠳᠠᠯᠭ᠎ᠠ ᠳᠤ ᠨᠡᠶᠢᠴᠡᠬᠦ ᠮᠠᠰᠢᠨ ᠲᠡᠷᠭᠡ ᠶᠢ ᠬᠤᠳᠠᠯᠳᠤᠨ ᠠᠪᠴᠤ᠂ ᠲᠤᠬᠠᠶ ᠶᠢᠨ ᠭᠠᠵᠠᠷ ᠤᠨ ᠮᠠᠰᠢᠨ ᠲᠡᠷᠭᠡ ᠶᠢ ᠨᠢᠭᠡᠳᠦᠯᠲᠡᠶ ᠪᠣᠷᠣᠯᠠᠭᠤᠯᠤᠭᠰᠠᠨ ᠪᠠᠷᠢᠮᠲᠠ ᠶᠢ ᠬᠢᠵᠦ᠂ ᠲᠤᠬᠠᠶ ᠶᠢᠨ ᠭᠠᠵᠠᠷ ᠤᠨ ᠳᠡᠩᠰᠡᠯᠡᠨ ᠲᠡᠮᠳᠡᠭᠯᠡᠭᠰᠡᠨ ᠫᠠᠶᠢᠰᠠ ᠭᠠᠷᠭᠠᠵᠤ᠂ ᠨᠢᠭᠡ ᠯᠡ ᠤᠳᠠᠭ᠎ᠠ ᠳᠤ ᠲᠣᠭᠲᠠᠭᠰᠠᠨ ᠲᠤᠭ᠎ᠠ ᠪᠠᠷ ᠲᠡᠷᠭᠡ ᠬᠤᠳᠠᠯᠳᠤᠨ ᠠᠪᠬᠤ ᠨᠥᠬᠦᠪᠥᠷᠢ ᠭᠤᠶᠤᠴᠢᠯᠠᠵᠤ ᠪᠣᠯᠤᠨ᠎ᠠ᠃ ᠡᠭᠦᠨ ᠳᠤ᠄ ᠬᠤᠪᠢ ᠬᠥᠮᠦᠨ ᠤ ᠬᠡᠷᠡᠭᠯᠡᠭᠴᠢᠳ ᠬᠠᠶᠠᠭᠳᠠᠮᠠᠯ ᠬᠤᠶᠠᠷ ᠲᠥᠷᠥᠯ ᠤᠨ ᠬᠠᠭᠤᠴᠢᠨ ᠲᠡᠷᠭᠡ ᠶᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ ᠭᠠᠷᠴᠠᠭ︾ ᠲᠤ ᠣᠷᠣᠭᠤᠯᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ 12000 ᠲᠥᠭᠦᠷᠢᠭ / ᠨᠥᠬᠦᠪᠥᠷᠢ ᠭᠤᠶᠤᠴᠢᠯᠠᠵᠤ ᠪᠣᠯᠤᠨ᠎ᠠ︔ ᠬᠠᠶᠠᠭᠳᠠᠮᠠᠯ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠳᠤ 2.0L ︵ᠪᠠᠭᠲᠠᠨ᠎ᠠ︶ ᠶᠢᠨ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠬᠤᠳᠠᠯᠳᠤᠨ ᠠᠪᠬᠤ ᠳᠤ 9000 ᠲᠥᠭᠦᠷᠢᠭ / ᠨᠥᠬᠦᠪᠥᠷᠢ ᠭᠤᠶᠤᠴᠢᠯᠠᠵᠤ ᠪᠣᠯᠤᠨ᠎ᠠ᠃  ︽ᠬᠡᠷᠡᠭᠵᠢᠭᠦᠯᠬᠦ ᠲᠥᠰᠦᠯ︾ ᠳᠤ ᠨᠥᠬᠦᠪᠥᠷᠢ ᠭᠤᠶᠤᠴᠢᠯᠠᠨ ᠠᠪᠬᠤ ᠶᠠᠪᠤᠴᠠ ᠶᠢ ᠲᠣᠳᠣᠷᠬᠠᠶᠢᠯᠠᠪᠠ᠃ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ ᠪᠠᠷ ᠪᠠᠶᠢᠭ᠎ᠠ ᠬᠤᠪᠢ ᠬᠥᠮᠥᠨ ᠤ ᠬᠡᠷᠡᠭᠯᠡᠭᠴᠢ 2025 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠥᠷᠲᠡᠭᠡ ᠪᠤᠶᠤ ︽ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ︾ ᠵᠢᠵᠢᠭ ᠫᠷᠤᠭ᠍ᠷᠠᠮ ᠳᠤ ᠳᠠᠩᠰᠠᠯᠠᠬᠤ ᠪᠠᠷ ᠳᠠᠮᠵᠢᠭᠤᠯᠤᠨ᠂ ᠭᠤᠶᠤᠴᠢᠯᠠᠯ ᠤᠨ ᠮᠠᠲ᠋ᠧᠷᠢᠶᠠᠯ ᠢ ᠲᠠᠭᠯᠠᠨ ᠮᠡᠳᠡᠭᠦᠯᠵᠦ᠂ ᠬᠠᠮᠢᠶ᠎ᠠ ᠪᠦᠬᠦᠢ ᠮᠠᠲ᠋ᠧᠷᠢᠶᠠᠯ ᠢ 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠴᠠᠭᠠᠨ ᠳᠤ ᠣᠯᠪᠠᠯ ᠵᠣᠬᠢᠨ᠎ᠠ᠃ ᠬᠢᠨᠠᠨ ᠬᠠᠷᠭᠤᠭᠤᠯᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠠᠶ ᠪᠦᠷᠢᠨ ᠪᠦᠲᠦᠨ ᠪᠠᠶᠢᠵᠤ᠂ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠶᠢ ᠬᠢᠨᠠᠨ ᠬᠠᠷᠭᠤᠭᠤᠯᠵᠤ ᠪᠠᠲᠤᠯᠠᠬᠤ ᠬᠡᠷᠡᠭᠲᠡᠶ᠃  ︽ᠬᠡᠷᠡᠭᠵᠢᠭᠦᠯᠬᠦ ᠲᠥᠰᠦᠯ︾ ᠳᠤ ᠬᠢᠨᠠᠯᠲᠠ ᠲᠠᠯᠪᠢᠵᠤ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠨᠥᠬᠦᠪᠥᠷᠢ ᠪᠡᠯᠡ ᠮᠥᠩᠭᠦ ᠶᠢ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠶᠢ ᠬᠠᠷᠢᠭᠤᠴᠠᠵᠤ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠥᠬᠦᠪᠥᠷᠢ ᠪᠡᠯᠡ ᠮᠥᠩᠭᠦ ᠶᠢ ᠰᠠᠯᠭᠠᠨ ᠥᠭᠬᠦ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠬᠠᠭᠤᠴᠢᠨ ᠲᠡᠷᠭᠡ ᠶᠢ ᠬᠠᠶᠠᠭᠳᠠᠬᠤ ᠪᠠ ᠰᠢᠨ᠎ᠡ ᠲᠡᠷᠭᠡ ᠬᠤᠳᠠᠯᠳᠤᠨ ᠠᠪᠬᠤ᠂ ᠨᠥᠬᠦᠪᠥᠷᠢ ᠣᠯᠭᠤᠬᠤ᠂ ᠮᠡᠳᠡᠭᠡ ᠵᠠᠩᠭᠢ ᠶᠢ ᠪᠦᠷᠢᠳᠬᠡᠨ ᠳᠡᠭᠡᠭᠰᠢ ᠮᠡᠳᠡᠭᠦᠯᠬᠦ ᠵᠡᠷᠭᠡ ᠠᠵᠢᠯ ᠳᠤ ᠬᠠᠮᠵᠢᠯᠴᠠᠵᠤ᠂ ᠪᠡᠯᠡ ᠮᠥᠩᠭᠦ ᠶᠢ ᠠᠮᠤᠷ ᠲᠦᠪᠰᠢᠨ᠂ ᠴᠠᠭ ᠲᠤᠬᠠᠶ ᠳᠤᠨᠢ ᠣᠯᠭᠤᠬᠤ ᠶᠢ ᠦᠨᠡᠨᠬᠦ ᠪᠠᠲᠤᠯᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠬᠡᠷᠡᠭᠲᠡᠶ᠃ ᠡᠯ᠎ᠡ ᠠᠶᠢᠮᠠᠭ ᠬᠤᠲᠠ ᠨᠢ ᠬᠠᠶᠠᠭᠳᠠᠮᠠᠯ ᠮᠠᠰᠢᠨ ᠲᠡᠷᠭᠡ ᠶᠢ ᠵᠢᠭᠠᠨ ᠲᠣᠭᠲᠠᠭᠠᠭᠰᠠᠨ ᠠᠵᠤ ᠠᠬᠤᠶᠢᠯᠠᠯ ᠳᠤ ᠲᠤᠰᠢᠶᠠᠨ ᠬᠤᠳᠠᠯᠳᠤᠬᠤ ᠪᠠᠷ ᠱᠠᠭᠠᠷᠳᠠᠵᠤ ᠪᠣᠯᠬᠤ    ᠦᠭᠡᠶ᠂ ᠣᠷᠣᠨ ᠨᠤᠲᠤᠭ ᠤᠨ ᠴᠢᠨᠠᠷᠲᠠᠶ᠂ ᠮᠡᠷᠭᠡᠵᠢᠯ ᠤᠨ ᠦᠢᠯᠡᠳᠬᠦᠨ ᠤ ᠬᠠᠨᠳᠤᠯᠭᠠᠲᠤ ᠴᠢᠨᠠᠷᠲᠠᠶ ᠨᠥᠬᠦᠪᠥᠷᠢ ᠶᠢᠨ ᠭᠠᠷᠴᠠᠭ ᠪᠤᠶᠤ ᠠᠵᠤ ᠠᠬᠤᠶᠢᠯᠠᠯ ᠤᠨ ᠨᠡᠷᠡᠰ ᠢ ᠠᠰ ᠲᠤᠨᠢ ᠲᠣᠭᠲᠠᠭᠠᠵᠤ ᠪᠣᠯᠬᠤ ᠦᠭᠡᠶ᠃ ᠡᠯ᠎ᠡ ᠠᠶᠢᠮᠠᠭ ᠬᠤᠲᠠ ᠨᠤᠭᠤᠳ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠳ᠋ᠢᠶᠠᠩᠬᠤᠸᠠ ᠶᠢᠨ ᠯᠠᠪᠯᠠᠯᠭ᠎ᠠ ᠶᠢᠨ ᠬᠠᠯᠠᠮᠰᠢᠯ ᠤᠲᠠᠰᠤ ᠭᠠᠷᠭᠠᠵᠤ᠂ ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠠᠶᠢᠮᠠᠭ ᠬᠤᠲᠠ ᠶᠢ ᠵᠢᠯᠣᠭᠤᠳᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠴᠢᠳ ᠤᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠬᠤ ᠳᠤ ᠲᠥᠬᠦᠮ ᠦᠵᠡᠭᠦᠯᠵᠦ᠂ ᠨᠠᠩ ᠣᠯᠠᠨ ᠴᠢᠨᠠᠷ ᠰᠠᠶᠢᠲᠠᠶ ᠦᠢᠯᠡᠳᠬᠦᠨ ᠢ ᠠᠷᠠᠳ ᠣᠯᠠᠨ ᠤ ᠠᠮᠢᠳᠤᠷᠠᠯ ᠳᠤ ᠣᠷᠣᠭᠤᠯᠬᠤ ᠶᠢ ᠠᠬᠢᠭᠤᠯᠤᠨ᠂ ᠬᠠᠭᠤᠴᠢᠨ ᠢᠶᠠᠷ ᠰᠢᠨ᠎ᠡ ᠶᠢ ᠰᠣᠯᠢᠵᠤ ᠰᠢᠨ᠎ᠡ ᠬᠡᠷᠡᠭᠯᠡᠭᠴᠢᠳ ᠲᠤ ᠠᠰᠢᠭ ᠬᠦᠷᠲᠡᠭᠡᠨ᠎ᠡ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map